ᠪᠥᠬᠦ ᠣᠷᠤᠨ ᠤ ᠠᠩᠬᠠᠳᠠᠭᠴᠢ  ᠵᠢᠭᠤᠯᠴᠢᠯᠠᠯ ᠤᠨ ᠰᠢᠭᠦᠬᠦ ᠲᠢᠩᠬᠢᠮ ᠡᠵᠡᠨ ᠬᠣᠷᠤᠭ᠎ᠠ ᠬᠣᠰᠢᠭᠤᠨ ᠳᠤ ᠫᠠᠢᠰᠠ ᠡᠯᠭᠦᠨ ᠪᠠᠢᠭᠤᠯᠤᠭᠳᠠᠪᠠ
2016.04.26 ᠲᠣᠰ ᠥᠷᠲᠡᠭᠡᠨ ᠦ ᠨᠠᠢᠷᠠᠭᠤᠯᠤᠭᠴᠢ

 

 

 

 

 

 2016  ᠤᠨ ᠤ 4 ᠰᠠᠷ᠎ᠠ ᠶᠢᠨ21 ᠤ ᠡᠳᠦᠷ᠂ ᠪᠦᠬᠦ ᠣᠷᠣᠨ ᠤ ᠠᠩᠬᠠᠳᠠᠭᠴᠢ ᠵᠢᠭᠤᠯᠴᠢᠯᠠᠯ ᠤᠨ ᠰᠢᠭᠦᠬᠦ ᠲᠢᠩᠬᠢᠮ — — ᠡᠵᠡᠨ ᠬᠣᠷᠣᠭ᠎ᠠ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠵᠢᠭᠤᠯᠴᠢᠯᠠᠯ ᠤᠨ ᠰᠢᠭᠦᠬᠦ ᠲᠢᠩᠬᠢᠮ ᠨᠢ ᠬᠣᠰᠢᠭᠤᠨ ᠤ ᠴᠢᠩᠭᠢᠰ ᠦᠨ ᠣᠩᠭᠣᠨ ᠤ ᠵᠢᠭᠤᠯᠴᠢᠯᠠᠯ ᠤᠨ ᠣᠷᠣᠨ ᠳᠤ ᠫᠠᠶᠢᠰᠠ ᠡᠯᠭᠦᠨ ᠪᠠᠶᠢᠭᠤᠯᠤᠭᠳᠠᠵᠤ ᠂ ᠬᠣᠰᠢᠭᠤ ᠨᠠᠮ ᠤᠨ ᠬᠣᠷᠢᠶᠠᠨ ᠤ ᠪᠠᠶᠢᠩᠭᠤ  ᠶᠢᠨ ᠭᠡᠰᠢᠭᠦᠨ ᠂ ᠤᠬᠠᠭᠤᠯᠬᠤ ᠬᠡᠯᠲᠡᠰ ᠦᠨ ᠳᠠᠷᠤᠭ᠎ᠠ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠯᠢᠦ ᠬᠤᠸᠠᠢ ᠢᠦᠢ᠂ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ ᠸᠠᠩ ᠯᠢᠶᠠᠩ ᠂  ᠬᠣᠰᠢᠭᠤᠨ ᠤ ᠠᠷᠠᠳ ᠤᠨ ᠪᠠᠶᠢᠴᠠᠭᠠᠬᠤ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠪᠠᠶᠢᠴᠠᠭᠠᠬᠤ ᠳᠠᠷᠤᠭ᠎ᠠ ᠡᠷᠳᠡᠨᠢᠳᠠᠯᠠᠢ ᠂ ᠴᠢᠩᠭᠢᠰ ᠦᠨ ᠣᠩᠭᠣᠨ ᠤ ᠵᠤᠭᠠᠴᠠᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠦᠨ ᠳᠡᠳ᠋ ᠡᠷᠬᠢᠯᠡᠭᠴᠢ ᠂ ᠳᠠᠬᠢᠯᠭ᠎ᠠ ᠶᠢᠨ ᠠᠯᠪᠠᠨ ᠭᠡᠷ ᠦᠨ ᠡᠷᠬᠢᠯᠡᠭᠴᠢ ᠬᠠᠰᠴᠢᠯᠠᠭᠤ᠂ ᠡᠵᠡᠨ ᠬᠣᠷᠣᠭ᠎ᠠ ᠪᠠᠯᠭᠠᠰᠤᠨ ᠤ ᠨᠠᠮ ᠵᠠᠰᠠᠭ ᠤᠨ ᠭᠣᠣᠯ ᠤᠳᠤᠷᠢᠳᠤᠯᠭ᠎ᠠ ᠂ ᠬᠣᠰᠢᠭᠤ ᠰᠢᠶᠠᠨ   ᠤ ᠵᠢᠭᠤᠯᠴᠢᠯᠠᠯ  ᠤᠨ ᠲᠣᠪᠴᠢᠶ᠎ᠠ ᠂ ᠬᠠᠤᠯᠢ ᠴᠠᠭᠠᠵᠠ ᠶᠢᠨ ᠲᠣᠪᠴᠢᠶ᠎ᠠ ᠂ ᠳᠣᠲᠣᠭᠠᠳᠤ  ᠶᠢ ᠬᠠᠮᠠᠭᠠᠯᠠᠬᠤ ᠲᠣᠪᠴᠢᠶᠠᠨ ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠵᠢᠴᠢ ᠬᠣᠰᠢᠭᠤᠨ ᠤ ᠠᠷᠠᠳ ᠤᠨ ᠰᠢᠭᠦᠬᠦ ᠬᠤᠷᠢᠶᠠᠨ ᠤ ᠬᠡᠰᠡᠭ ᠺᠠᠳ᠋ᠷ ᠴᠠᠭᠳᠠᠭ᠎ᠠ ᠬᠥᠰᠢᠭᠡ ᠰᠡᠬᠦᠬᠦ ᠶᠣᠰᠣᠯᠠᠯ ᠳᠤ ᠣᠷᠣᠯᠴᠠᠪᠠ ᠃  ᠣᠢᠷ᠎ᠠ  ᠶᠢᠨ ᠵᠢᠯ ᠦᠳ ᠲᠦ ᠂ ᠣᠷᠳᠣᠰ ᠬᠣᠲᠠ ᠶᠢᠨ ᠵᠤᠭᠠᠴᠠᠯ ᠤᠨ ᠦᠢᠯᠡᠰ ᠦᠨ ᠥᠷᠨᠢᠨ ᠬᠥᠭᠵᠢᠬᠦ ᠶᠢ ᠳᠠᠭᠠᠯᠳᠤᠨ ᠂ ᠵᠢᠭᠤᠯᠴᠢᠯᠠᠯ ᠤᠨ ᠵᠢᠭᠤᠷᠠᠯᠳᠤᠭᠠᠨ ᠳᠠᠰᠤᠷᠠᠯᠳᠠ ᠦᠬᠡᠢ ᠨᠡᠮᠡᠭᠳᠡᠪᠡ᠃ ᠪᠦᠬᠦ ᠬᠣᠲᠠ  ᠶᠢᠨ ᠵᠢᠭᠤᠯᠴᠢᠯᠠᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ  ᠨᠠᠢᠳᠠᠪᠤᠷᠢᠵᠢᠭᠤᠯᠵᠤ᠂  ᠮᠠᠨ ᠤ ᠬᠣᠲᠠ ᠶᠢ  ᠪᠦᠬᠦ ᠤᠯᠤᠰ ᠤᠨ ᠬᠡᠪᠴᠢᠶᠡᠨ ᠲᠡᠬᠢ ᠵᠢᠱᠢᠶ᠎ᠡ ᠦᠵᠡᠭᠦᠯᠬᠦ ᠵᠤᠭᠠᠴᠠᠯ ᠤᠨ ᠣᠷᠣᠨ ᠪᠣᠯᠭᠠᠨ ᠪᠦᠲᠦᠭᠡᠨ ᠪᠠᠢᠭᠤᠯᠬᠤ ᠶᠢᠨ ᠲᠤᠯᠠᠳᠠ ᠂ ᠬᠣᠰᠢᠭᠤᠨ ᠤ ᠰᠢᠭᠦᠬᠦ ᠬᠣᠷᠢᠶ᠎ᠠ ᠵᠢᠭᠤᠯᠴᠢᠯᠠᠯ ᠤᠨ ᠰᠢᠭᠦᠬᠦ ᠲᠢᠩᠬᠢᠮ ᠪᠠᠶᠢᠭᠤᠯᠵᠤ ᠂  ᠭᠣᠣᠯᠳᠠᠭᠤ ᠵᠢᠭᠤᠯᠴᠢᠯᠠᠯ ᠤᠨ ᠠᠵᠢᠯᠯᠠᠭ᠎ᠠ  ᠳᠤᠮᠳᠠᠬᠢ ᠵᠢᠭᠤᠯᠴᠢᠯᠠᠯ ᠤᠨ ᠦᠢᠯᠡᠴᠢᠯᠡᠭᠡ ᠂ ᠵᠤᠭᠠᠴᠠᠯ ᠤᠨ ᠬᠡᠷᠡᠭᠯᠡᠭᠡ ᠵᠡᠷᠭᠡ ᠠᠵᠢᠯᠯᠠᠭ᠎ᠠ ᠠᠴᠠ ᠪᠤᠢ ᠪᠣᠯᠤᠭᠰᠠᠨ ᠡᠳ᠋ ᠬᠥᠷᠥᠩᠭᠡ  ᠶᠢ ᠬᠣᠬᠢᠷᠠᠭᠤᠯᠤᠭᠰᠠᠨ ᠂ ᠪᠡᠶ᠎ᠡ ᠮᠠᠬᠠᠪᠣᠳ ᠲᠤ ᠬᠣᠬᠢᠷᠠᠯ ᠤᠴᠠᠷᠠᠭᠤᠯᠤᠭᠰᠠᠨ ᠂ ᠦᠢᠯᠡᠳᠬᠦᠨ ᠦ ᠶᠠᠰᠤ ᠴᠢᠨᠠᠷ ᠂ ᠦᠢᠯᠡᠴᠢᠯᠡᠭᠡᠨ  ᠤ ᠶᠠᠰᠤ ᠴᠢᠨᠠᠷ ᠂ ᠵᠢᠭᠤᠯᠴᠢᠯᠠᠯ ᠤᠨ ᠦᠢᠯᠡᠴᠢᠯᠡᠭᠡ ᠶᠢᠨ ᠭᠡᠷ᠎ᠡ ᠶᠢ ᠭᠦᠢᠴᠡᠳᠬᠡᠬᠦ  ᠵᠡᠷᠭᠡ ᠲᠦᠷᠦᠯ ᠦᠨ ᠵᠠᠭᠤᠷᠠᠯᠳᠤᠭᠠᠨ  ᠢ ᠬᠦᠯᠢᠶᠡᠨ ᠠᠪᠴᠦ ᠰᠢᠢᠳᠪᠥᠷᠢᠯᠡᠨ ᠂ ᠬᠠᠭᠤᠷᠮᠠᠭ ᠮᠠᠭᠤ ᠦᠢᠯᠡᠳᠬᠦᠨ ᠬᠤᠳᠠᠯᠳᠤᠬᠤ ᠂ ᠠᠯᠪᠠᠳᠠᠨ ᠬᠤᠳᠠᠯᠳᠤᠨ ᠠᠪᠤᠭᠤᠯᠬᠤ ᠪᠤᠶᠤ ᠬᠤᠳᠠᠯᠳᠤᠭᠠᠯᠠᠬᠤ ᠂ ᠬᠠᠤᠯᠢ ᠪᠤᠰᠤ ᠪᠠᠷ ᠬᠠᠷᠢᠭᠤ ᠬᠠᠷᠠᠮᠵᠢ ᠠᠪᠬᠤ ᠵᠡᠷᠭᠡ ᠦᠢᠯᠡ ᠠᠵᠢᠯᠯᠠᠭ᠎ᠠ ᠳᠤ ᠭᠣᠣᠯᠳᠠᠯᠭ᠎ᠠ ᠲᠠᠶ ᠴᠣᠬᠢᠯᠲᠠ ᠥᠭᠴᠦ ᠂ ᠵᠢᠭᠤᠯᠴᠢᠯᠠᠭᠴᠢᠳ ᠪᠣᠯᠤᠨ ᠵᠢᠭᠤᠯᠴᠢᠯᠠᠯ ᠤᠨ ᠦᠵᠡᠮᠵᠢᠲᠦ ᠣᠷᠣᠨ ᠤ ᠬᠥᠭᠵᠢᠯᠲᠡ ᠶᠢᠨ ᠲᠥᠯᠥᠭᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠣᠯᠤᠨ᠎ᠠ ᠃ ᠵᠢᠭᠤᠯᠴᠢᠯᠠᠯ ᠤᠨ ᠰᠢᠭᠦᠬᠦ ᠲᠢᠩᠬᠢᠮ ᠦᠨ ᠪᠠᠢᠭᠤᠯᠤᠳᠠᠭᠰᠠᠨ ᠨᠢ ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠤ ᠬᠠᠤᠯᠢ ᠴᠠᠭᠠᠵᠠ ᠶᠢᠨ ᠦᠢᠯᠡᠳᠦᠯᠭᠡ  ᠨᠢ ᠰᠢᠨ᠎ᠡ ᠲᠡᠦᠬᠡᠨ ᠴᠠᠭ ᠦᠢ᠎ᠡ ᠳᠦ ᠤᠷᠤᠭᠰᠠᠨ ᠢ ᠬᠠᠷᠠᠭᠤᠯᠤᠭᠰᠠᠨ ᠢᠶᠡᠷ ᠪᠠᠷᠠᠬᠤ ᠦᠭᠡᠢ ᠂ ᠪᠠᠰᠠ  ᠮᠠᠨ ᠤ ᠬᠣᠲᠠ ᠶᠢᠨ ᠵᠢᠭᠤᠯᠴᠢᠯᠠᠯ ᠢᠶᠡᠷ ᠬᠣᠲᠠ ᠪᠡᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢᠨ ᠰᠢᠨ᠎ᠡ ᠨᠢᠭᠡᠨ ᠱᠠᠲᠤᠨ ᠳᠤ  ᠣᠷᠤᠭᠰᠠᠨ ᠢ ᠬᠠᠷᠠᠭᠤᠯᠵᠤ ᠪᠠᠢᠨ᠎ᠠ᠃ ᠫᠠᠶᠢᠰᠠ ᠰᠡᠬᠦᠬᠦ ᠲᠤᠬᠠᠶ ᠶᠢᠨ ᠭᠠᠵᠠᠷ  ᠲᠤ ᠬᠣᠰᠢᠭᠤᠨ ᠤ ᠰᠢᠭᠦᠬᠦ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂  ᠬᠣᠷᠢᠶᠠᠨ ᠳᠠᠷᠤᠭ᠎ᠠ  ᠸᠠᠩ ᠯᠢᠶᠠᠩ  ᠡᠴᠡ  ᠵᠢᠭᠤᠯᠴᠢᠯᠠᠯ ᠤᠨ ᠰᠢᠭᠦᠬᠦ ᠲᠢᠩᠬᠢᠮ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ  ᠭᠦᠢᠴᠡᠳᠬᠡᠨ ᠂ ᠪᠠᠶᠢᠭᠤᠯᠤᠯ ᠲᠣᠭᠲᠠᠴᠠ  ᠪᠡᠨ ᠲᠡᠭᠦᠯᠳᠡᠷᠵᠢᠭᠦᠯᠵᠦ ᠂ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠤᠯᠤᠰ ᠣᠷᠣᠨ ᠤ ᠵᠢᠱᠢᠶ᠎ᠡ ᠦᠵᠡᠭᠦᠯᠬᠦ ᠵᠤᠭᠠᠴᠠᠯ ᠤᠨ ᠣᠷᠤᠨ ᠢ ᠪᠦᠲᠦᠭᠡᠨ ᠪᠠᠢᠭᠤᠯᠬᠤ ᠪᠠ ᠠᠵᠤ ᠠᠬᠤᠶ ᠨᠡᠶᠢᠭᠡᠮ ᠦᠨ ᠡᠷᠡᠭᠦᠯ  ᠢᠶᠡᠷ ᠬᠥᠭᠵᠢᠬᠦ ᠳᠦ ᠢᠳᠡᠪᠬᠢᠲᠡᠶ ᠬᠤᠪᠢ ᠨᠡᠮᠡᠷᠢ ᠪᠡᠨ ᠦᠵᠡᠭᠦᠯᠬᠦ  ᠶᠢ ᠬᠦᠰᠡᠵᠦ ᠪᠠᠢᠨ᠎ᠠ ᠭᠡᠵᠠᠢ ᠃ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ ᠸᠠᠩ ᠯᠢᠶᠠᠩ ᠶᠠᠷᠢᠶ᠎ᠠ ᠲᠠᠯᠪᠢᠵᠤ ᠂ ᠵᠢᠭᠤᠯᠴᠢᠯᠠᠯ ᠤᠨ ᠰᠢᠭᠦᠬᠦ ᠲᠢᠩᠬᠢᠮ ᠦᠨ ᠳᠠᠷᠤᠭ᠎ᠠ  ᠭᠤᠤ ᠹᠸᠩ ᠡᠴᠡ ᠂ ᠵᠢᠭᠤᠯᠴᠢᠯᠠᠯ ᠤᠨ ᠰᠢᠭᠦᠬᠦ ᠲᠢᠩᠬᠢᠮ  ᠨᠢ ᠲᠥᠪ ᠭᠣᠣᠯᠴᠢ ᠪᠠᠷ ᠬᠠᠤᠯᠢ ᠪᠠᠷᠢᠬᠤ ᠂ ᠠᠷᠢᠭᠤᠨ ᠴᠢᠬᠡᠴᠢ ᠪᠡᠷ ᠬᠠᠤᠯᠢ ᠪᠠᠷᠢᠬᠤ ᠂ ᠠᠷᠠᠳ ᠤᠨ ᠲᠥᠯᠥᠭᠡ ᠬᠠᠤᠯᠢ ᠪᠠᠷᠢᠬᠤ ᠣᠶᠢᠯᠠᠭᠠᠭᠳᠠᠬᠤᠨ ᠢ  ᠪᠠᠲᠤ ᠪᠡᠬᠢ ᠪᠤᠢ ᠪᠣᠯᠭᠠᠵᠤ᠂ ᠤᠯᠠᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠲᠡᠷᠢᠭᠦᠨ ᠵᠡᠷᠭᠡ ᠶᠢᠨ ᠵᠢᠭᠤᠯᠴᠢᠯᠠᠯ ᠤᠨ ᠰᠢᠭᠦᠬᠦ ᠲᠢᠩᠬᠢᠮ  ᠢ ᠪᠦᠲᠦᠭᠡᠨ ᠪᠠᠢᠭᠤᠯᠬᠤ ᠪᠡᠷ ᠬᠠᠷᠠᠯᠲᠠ ᠪᠣᠯᠭᠠᠵᠤ ᠂ ᠪᠣᠳᠠᠲᠤ ᠠᠵᠢᠯᠠᠯᠭ᠎ᠠ ᠶᠢ ᠡᠷᠬᠢᠮᠯᠡᠨ᠂  ᠮᠠᠩᠯᠠᠢᠯᠠᠨ ᠤᠷᠤᠭᠰᠢᠯᠠᠵᠤ᠂ ᠪᠦᠬᠦ ᠬᠣᠲᠠ  ᠶᠢᠨ 《 ᠵᠢᠭᠤᠯᠴᠢᠯᠠᠯ ᠢᠶᠡᠷ ᠬᠣᠲᠠ ᠪᠡᠨ ᠬᠥᠭᠵᠢᠭᠦᠯᠬᠦ》ᠪᠠᠶᠢᠯᠳᠤᠬᠤ ᠪᠤᠳᠤᠯᠭ᠎ᠠ ᠶᠢ ᠭᠦᠨᠵᠡᠭᠡᠶ ᠲᠦᠯᠬᠢᠨ ᠠᠬᠢᠭᠤᠯᠵᠤ ᠂ ᠤᠯᠤᠰ ᠣᠷᠣᠨ ᠤ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ  ᠢ ᠪᠦᠲᠦᠭᠡᠨ ᠪᠠᠢᠭᠤᠯᠬᠤ ᠶᠢᠨ  ᠲᠥᠯᠥᠭᠡ ᠦᠵᠡᠭᠦᠯᠪᠡᠰᠦ ᠵᠣᠬᠢᠬᠤ ᠬᠤᠪᠢ ᠨᠡᠮᠡᠷᠢ ᠪᠡᠨ ᠦᠵᠡᠭᠦᠯᠦᠨ᠎ᠡ ᠭᠡᠵᠦ ᠢᠯᠡᠷᠬᠡᠢᠯᠡᠪᠡ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )