ᠲᠢᠩᠬᠢᠮ ᠤᠨ ᠰᠢᠬᠦᠯᠲᠡ ᠶᠢᠨ ᠰᠢᠭᠤᠳ ᠨᠡᠪᠲᠡᠷᠡᠭᠦᠯᠬᠡ ᠶᠢᠨ ᠵᠠᠷᠯᠠᠯ
2016.04.25 ᠲᠣᠰ ᠥᠷᠲᠡᠭᠡᠨ ᠦ ᠨᠠᠢᠷᠠᠭᠤᠯᠤᠭᠴᠢ

2016ᠤᠨ  ᠤ4 ᠰᠠᠷ᠎ᠠ ᠶᠢᠨ26 ᠡᠳᠦᠷ ᠪᠣᠯ 《 ᠳᠡᠯᠡᠬᠡᠶ ᠶᠢᠨ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠡᠳᠦᠷ 》 ᠪᠣᠯᠤᠨ᠎ᠠ᠃ ᠣᠷᠳᠣᠰ ᠬᠣᠲᠠ ᠶᠢᠨ ᠰᠢᠭᠦᠬᠦ  ᠬᠣᠷᠢᠶ᠎ᠠ 2016  ᠤᠨ ᠤ4 ᠰᠠᠷ᠎ᠠ ᠶᠢᠨ26 ᠤ ᠡᠳᠦᠷ ᠦᠳᠡ ᠶᠢᠨ ᠡᠮᠦᠨ᠎ᠡ   09 ᠄ 30 ᠳᠤ ᠠᠯᠪᠠᠨ  ᠲᠠᠯ᠎ᠠ ᠶᠢᠨ ᠪᠢᠴᠢᠯ ᠪᠦᠷᠭᠡ  ᠂  ᠸᠢᠴᠠᠲ ᠤᠨ ᠣᠯᠠᠨ ᠨᠡᠶᠢᠲᠡ  ᠶᠢᠨ ᠲᠠᠪᠴᠠᠩ ᠤᠨ ᠬᠠᠤᠯᠢ ᠪᠠᠷᠢᠬᠤ ᠶᠢ ᠢᠯᠡ ᠪᠣᠯᠭᠠᠬᠤ ᠬᠡᠰᠡᠭ  ᠲᠤ  ᠸᠢᠳᠢᠥ  ᠪᠠᠷ《 ᠪᠦᠲᠦᠭᠡᠯ ᠤᠨ  ᠲᠠᠯᠪᠢᠬᠤ ᠡᠷᠡᠭᠡ ᠳᠤ ᠬᠠᠯᠳᠠᠭᠰᠠᠨ ᠵᠢᠭᠤᠷᠠᠯᠳᠤᠭᠠᠨ ᠤ ᠬᠡᠷᠡᠭ 》 ᠤᠨ ᠲᠢᠩᠬᠢᠮ ᠤᠨ ᠰᠢᠭᠦᠯᠲᠡ ᠶᠢ ᠰᠢᠭᠤᠳ ᠨᠡᠪᠲᠡᠷᠡᠭᠦᠯᠦᠨ᠎ᠡ ᠂ ᠵᠠᠭᠠᠯᠳᠤᠭᠴᠢ ᠳᠤᠮᠳᠠᠳᠤ ᠤᠯᠤᠰ ᠤᠨ ᠳᠠᠭᠤᠤ ᠳᠦᠷᠰᠦ ᠰᠢᠩᠭᠡᠭᠡᠯᠲᠡ ᠶᠢᠨ ᠵᠣᠬᠢᠶᠠᠯ ᠪᠦᠲᠦᠭᠡᠯ ᠦᠨ ᠡᠷᠬᠡ ᠶᠢᠨ ᠬᠠᠮᠲᠤ ᠶᠢᠨ ᠬᠠᠮᠢᠶᠠᠷᠤᠯᠲᠠ ᠶᠢᠨ ᠨᠡᠶᠢᠭᠡᠮᠯᠢᠭ ᠪᠣᠯᠤᠨ ᠭᠦᠨ ᠱᠢ ᠳᠡᠯᠡᠬᠡᠶ  ᠶᠢᠨ ᠳᠠᠭᠤᠤ ᠬᠥᠭᠵᠢᠮ ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ 《 ᠲᠠᠭᠤ ᠳᠦᠷᠰᠦ ᠰᠢᠩᠭᠡᠭᠡᠯᠲᠡ ᠶᠢᠨ ᠵᠣᠬᠢᠶᠠᠯ ᠪᠦᠲᠦᠭᠡᠯ ᠦᠨ ᠡᠷᠬᠡ ᠶᠢᠨ ᠡᠷᠬᠡ ᠣᠯᠭᠣᠭᠰᠠᠨ ᠭᠡᠷ᠎ᠡ 》 ᠶᠢ ᠳᠤᠭᠳᠠᠵᠤ ᠂ ᠲᠤᠰ ᠺᠣᠮᠫᠠᠨᠢ ᠨᠢ ᠲᠡᠭᠦᠨ ᠦ ᠲᠡᠭᠤ ᠰᠢᠩᠭᠡᠭᠡᠯᠲᠡ ᠳᠦᠷᠰᠦ ᠰᠢᠩᠭᠡᠭᠡᠯᠲᠡ ᠶᠢᠨ ᠫᠷᠤᠭ᠍ᠷᠠᠮ ᠤᠨ  ᠲᠠᠯᠪᠢᠬᠤ ᠡᠷᠬᠡ ᠂ ᠪᠠᠭᠤᠯᠭᠠᠵᠤ ᠠᠪᠬᠤ ᠡᠷᠬᠡ ᠂ ᠨᠡᠪᠲᠡᠷᠡᠭᠦᠯᠬᠦ ᠡᠷᠬᠡ  ᠵᠡᠷᠭᠡ  ᠶᠢ ᠵᠠᠭᠠᠯᠳᠤᠭᠴᠢ ᠳᠤ  ᠨᠠᠢᠳᠠᠨ ᠳᠠᠭᠠᠯᠭᠠᠪᠠ ᠂ ᠵᠠᠭᠠᠯᠳᠤᠭᠴᠢ ᠥᠪᠡᠷ ᠤᠨ ᠬᠢᠨᠢ ᠨᠡᠷ᠎ᠡ ᠪᠡᠷ ᠡᠷᠬᠡ ᠳᠦ ᠬᠠᠯᠳᠠᠭᠰᠠᠨ ᠬᠡᠷᠡᠭᠯᠡᠭᠴᠢ  ᠢ ᠵᠠᠭᠠᠯᠳᠤᠬᠤ ᠡᠷᠬᠡ  ᠲᠠᠢ ᠃ ᠵᠠᠭᠠᠯᠳᠤᠭᠳᠠᠭᠴᠢ ᠳᠠᠯᠠᠳ  ᠬᠣᠰᠢᠭᠤᠨ ᠤ  ᠰᠢᠩ ᠭᠤᠸᠠᠩ ᠳ᠋ᠠ  ᠳ᠋ᠤᠤ ᠳᠠᠭᠤᠤ ᠶᠢᠨ ᠲᠢᠩᠬᠢᠮ  ᠨᠢ ᠠᠰᠢᠭ ᠬᠣᠨᠵᠢᠪᠣᠷᠢ ᠤᠯᠬᠤ ᠵᠣᠷᠢᠯᠭ᠎ᠠ ᠪᠠᠷ ᠂ ᠵᠠᠭᠠᠯᠳᠤᠭᠴᠢ ᠬᠢᠭᠡᠳ  ᠭᠦᠨ ᠱᠢ ᠳᠡᠯᠡᠬᠡᠶ  ᠶᠢᠨ ᠳᠠᠭᠤᠤ ᠬᠥᠭᠵᠢᠮ ᠦᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ  ᠵᠥᠪᠰᠢᠶᠡᠷᠡᠯ ᠦᠭᠡᠢ ᠪᠡᠷ ᠂ ᠲᠡᠭᠦᠨ ᠦ ᠡᠵᠡᠩᠨᠡᠯᠲᠡ ᠶᠢᠨ ᠲᠠᠯᠠᠪᠤᠷ  ᠲᠤ ᠺᠠᠷᠠ OK ᠠᠷᠭ᠎ᠠ ᠮᠠᠶ᠋ᠢᠭ ᠢᠶᠠᠷ ᠤᠯᠡᠠ ᠨᠡᠶᠢᠲᠡ ᠳᠦ 213 ᠵᠤᠷᠪᠤᠰ MTV ᠳᠠᠭᠤᠤ ᠬᠥᠭᠵᠢᠮ  ᠤᠨ ᠵᠣᠬᠢᠶᠠᠯ ᠪᠦᠲᠦᠭᠡᠯ ᠢ ᠳᠡᠯᠭᠡᠨ ᠦᠵᠡᠭᠦᠯᠵᠦ ᠂  ᠦᠢᠯᠡ ᠠᠵᠢᠯᠠᠯᠭ᠎ᠠ ᠨᠢ ᠵᠠᠭᠠᠯᠳᠤᠭᠴᠢ ᠶᠢᠨ  ᠲᠠᠯᠪᠢᠬᠤ ᠡᠷᠬᠡ ᠳᠤ ᠬᠠᠯᠳᠤᠵᠤ ᠂ ᠵᠠᠭᠠᠯᠳᠤᠭᠴᠢ ᠳᠤ ᠨᠡᠯᠢᠶᠡᠳ ᠶᠡᠬᠡ ᠠᠵᠤ ᠠᠬᠤᠶ ᠶᠢᠨ ᠬᠣᠬᠢᠷᠠᠯ  ᠤᠴᠠᠷᠠᠭᠤᠯᠪᠠ ᠃ ᠵᠠᠭᠠᠯᠳᠤᠭᠴᠢ ᠡᠴᠡ ᠡᠷᠬᠡ ᠳᠦ ᠬᠠᠯᠳᠠᠭᠰᠠᠨ ᠠᠵᠢᠯᠠᠯᠭ᠎ᠠ  ᠢ ᠨᠢ ᠲᠡᠷᠡ ᠳᠣᠣᠷ᠎ᠠ ᠨᠢ   ᠵᠤᠭᠰᠤᠭᠠᠯᠭᠠᠵᠤ ᠂ 85200ᠲᠥᠭᠥᠷᠢᠭ ᠬᠣᠬᠢᠷᠠᠯ ᠢ ᠲᠤᠢᠯᠦᠬᠦ  ᠶᠢ ᠭᠤᠶᠤᠴᠢᠯᠠᠪᠠ ᠃  ᠨᠡᠩ ᠤᠯᠠᠨ ᠨᠠᠷᠢᠯᠢᠭ ᠪᠠᠢᠳᠠᠯ ᠢ ᠣᠢᠯᠭᠠᠬᠤ ᠭᠡᠪᠡᠯ@鄂尔多斯市法院 ᠰᠢᠨ ᠯᠠᠩ ᠪᠢᠴᠢᠯ ᠪᠦᠷᠭᠡ  ᠶᠢᠨ ᠬᠠᠤᠯᠢ ᠪᠠᠷᠢᠬᠤ ᠶᠢ ᠢᠯᠡ ᠪᠣᠯᠭᠠᠬᠤ ᠬᠠᠭᠤᠳᠠᠰᠤ ᠪᠤᠶᠤ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ  ᠬᠣᠷᠢᠶᠠᠨ ᠤ  ᠸᠢᠴᠠᠲ  ᠤᠨ ᠣᠯᠠᠨ ᠨᠡᠶᠢᠲᠡ  ᠶᠢᠨ ᠳᠠᠪᠴᠠᠩ ᠬᠠᠤᠯᠢ ᠪᠠᠷᠢᠬᠤ ᠶᠢ ᠢᠯᠡ ᠪᠣᠯᠭᠠᠬᠤ — ᠲᠢᠩᠬᠢᠮ ᠦᠨ ᠰᠢᠭᠦᠯᠲᠡ ᠶᠢᠨ ᠰᠢᠭᠤᠳ ᠨᠡᠪᠲᠡᠷᠡᠭᠦᠯᠭᠡ ᠪᠤᠯᠤᠩ ᠳᠤ  ᠣᠴᠢᠵᠤ ᠦᠵᠡᠭᠡᠷᠠᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )