ᠣᠶᠢᠷ᠎ᠠ ᠳᠤ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠪᠠᠶᠢᠳᠠᠯ ᠤᠨ ᠲᠤᠬᠠᠢ ᠬᠤᠳᠠ ᠶᠢᠨ ᠨᠠᠮ ᠤᠨ ᠬᠣᠷᠢᠶᠠᠨ ᠳᠤ ᠲᠤᠰᠬᠠᠶ ᠮᠡᠳᠡᠭᠦᠯᠦᠯᠲᠡ ᠬᠢᠦ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠦᠨᠳᠦᠰᠦᠨ ᠪᠠᠶᠢᠳᠠᠯ ᠤᠨ ᠲᠤᠬᠠᠢ ᠪᠦᠬᠦ ᠲᠠᠯ᠎ᠠ ᠪᠡᠷ ᠬᠠᠷᠢᠭᠤ ᠮᠡᠳᠡᠭᠦᠯᠵᠦ᠂ 2016 ᠣᠨ ᠤ ᠠᠵᠢᠯ ᠢ ᠥᠷᠨᠢᠭᠦᠯᠬᠦ ᠰᠡᠳᠬᠢᠮᠵᠢ ᠪᠠ 《 ᠭᠦᠢᠴᠡᠳᠬᠡᠬᠦ ᠵᠢᠯ》 ᠤᠨ ᠲᠤᠰᠬᠠᠶ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠂ ᠣᠳᠣᠬᠠᠨ ᠤ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠭᠣᠣᠯ ᠠᠰᠠᠭᠤᠳᠠᠯ ᠪᠠ ᠬᠦᠴᠢᠷ ᠪᠡᠷᠬᠡᠰᠢᠶᠡᠯ ᠢ ᠵᠢᠭᠠᠵᠤ ᠭᠠᠷᠭᠠᠨ ᠂ ᠳᠠᠭᠠᠤ ᠳᠤ ᠨᠢ ᠰᠢᠶᠳᠪᠦᠷᠢᠯᠡᠬᠦ ᠰᠡᠳᠬᠢᠴᠡ ᠪᠠ ᠰᠠᠨᠠᠭᠤᠯᠭ᠎ᠠ ᠶᠢ ᠳᠤᠷᠠᠳᠤᠨ ᠭᠠᠷᠭᠠᠪᠠ ᠃
ᠬᠤᠳᠠ ᠶᠢᠨ ᠨᠠᠮ ᠤᠨ ᠬᠣᠷᠢᠶᠠᠨ ᠤ ᠳᠡᠳ᠋ ᠱᠦᠵᠢ ᠂ ᠤᠯᠤᠰ ᠲᠥᠷᠦ ᠬᠠᠤᠯᠢ ᠴᠠᠭᠠᠵᠠ ᠶᠢᠨ ᠬᠣᠷᠢᠶᠠᠨ ᠤ ᠱᠦᠵᠢ ᠭᠣᠣ ᠷᠦᠨ ᠱᠢ ᠢᠯᠡᠳᠬᠡᠯ ᠳᠡᠭᠡᠨ ᠴᠢᠬᠤᠯᠠ ᠴᠣᠬᠣᠯᠠᠪᠤᠷᠢ ᠲᠤᠷᠠᠳᠪᠠ ᠄ 《 ᠡᠨᠡ ᠵᠢᠯ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠰᠢᠰᠲ᠋ᠧᠮ ᠨᠢ ᠳᠡᠭᠡᠷ᠎ᠡ ᠱᠠᠲᠤᠨ ᠤ ᠰᠢᠭᠦᠬᠦ ᠬᠣᠷᠢᠶ᠎ᠠ ᠪᠠ ᠬᠤᠳᠠ ᠶᠢᠨ ᠨᠠᠮ ᠤᠨ ᠬᠣᠷᠢᠶᠠᠨ ᠤ ᠶᠡᠷᠦᠩᠬᠡᠶ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠭᠣᠣᠯ ᠠᠵᠢᠯ ᠲᠠᠶ ᠤᠶᠠᠯᠳᠤᠭᠤᠯᠤᠨ ᠂ ᠶᠡᠬᠡ ᠲᠠᠯ᠎ᠠ ᠳᠤ ᠦᠢᠯᠡᠴᠢᠯᠡᠬᠦ ᠂ ᠪᠣᠳᠠᠲᠤ ᠪᠠᠶᠢᠳᠠᠯ ᠲᠠᠶ ᠤᠢᠷᠠᠲᠤᠵᠤ᠂ ᠰᠡᠳᠬᠢᠴᠡ ᠨᠢ ᠲᠣᠳᠣᠷᠬᠠᠶ ᠂ ᠢᠳᠡᠪᠬᠢᠲᠠᠢ ᠪᠡᠷ ᠰᠢᠨ᠎ᠡ ᠶᠢ ᠡᠭᠦᠳᠬᠦ ᠬᠡᠷᠡᠭᠲᠠᠢ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠨᠢ〈 ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ 〉 ᠭᠡᠰᠡᠨ ᠨᠠᠭᠠᠳᠤ ᠵᠠᠬ᠎ᠠ ᠶᠢᠨ ᠱᠠᠭᠠᠷᠳᠠᠯᠭ᠎ᠠ ᠶᠢ ᠪᠠᠲᠤ ᠡᠵᠡᠮᠰᠢᠵᠦ ᠂ ᠰᠢᠭᠦᠨ ᠲᠠᠰᠤᠯᠠᠵᠤ ᠭᠦᠢᠴᠡᠳᠬᠡᠬᠦ ᠶᠢ ᠭᠣᠣᠯᠳᠠᠯᠭ᠎ᠠ ᠲᠠᠶ ᠰᠠᠶᠢᠲᠤᠷ ᠠᠳᠬᠤᠵᠤ ᠂ ᠭᠣᠣᠯᠳᠠᠯᠭ᠎ᠠ ᠲᠠᠶ ᠭᠠᠵᠠᠷ ᠣᠷᠣᠨ ᠂ ᠭᠣᠣᠯᠳᠠᠯᠭ᠎ᠠ ᠲᠠᠶ ᠬᠦᠷᠢᠶ᠎ᠡ ᠬᠡᠪᠴᠢᠶ᠎ᠡ ᠂ ᠭᠣᠣᠯᠳᠠᠯᠭ᠎ᠠ ᠲᠠᠶ ᠬᠡᠷᠡᠭ ᠵᠡᠷᠭᠡ ᠪᠠᠭᠤᠷᠠᠶ ᠲᠠᠯ᠎ᠠ ᠳᠤ ᠭᠣᠣᠯᠳᠠᠯᠭ᠎ᠠ ᠲᠠᠢ ᠬᠠᠷᠭᠠᠯᠵᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠲᠤᠳᠬᠠᠨ ᠂ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠰᠤᠷᠲᠠᠯ ᠢ ᠴᠡᠭᠴᠡᠯᠡᠨ ᠰᠠᠬᠢᠯᠭ᠎ᠠ ᠶᠢ ᠴᠢᠩᠳᠠᠯᠠᠵᠤ ᠂ ᠬᠠᠤᠯᠢ ᠪᠠᠷᠢᠬᠤ ᠠᠵᠢᠯ ᠤᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ 〈 ᠪᠦᠬᠦ ᠣᠷᠣᠨ ᠤ ᠡᠮᠦᠨ᠎ᠡ ᠡᠩᠨᠡᠭᠡᠨ ᠳᠦ ᠣᠷᠣᠵᠤ ᠂ ᠪᠦᠭᠦ ᠤᠯᠤᠰ ᠤᠨ ᠲᠡᠷᠢᠭᠦᠨ ᠤ ᠬᠢ ᠪᠣᠯᠬᠤ 〉 ᠪᠡᠷ ᠲᠡᠮᠡᠴᠡᠯ ᠦᠨ ᠬᠠᠷᠠᠯᠲᠠ ᠪᠡᠨ ᠪᠣᠯᠭᠠᠨ᠎ᠠ᠃ ᠡᠭᠦᠨ ᠦ ᠬᠠᠮᠲᠤ ᠂ ᠡᠯ᠎ᠡ ᠱᠠᠲᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠡᠯ᠎ᠡ ᠱᠠᠲᠤᠨ ᠤ ᠰᠢᠭᠦᠬᠦ ᠬᠣᠷᠢᠶᠠᠨ ᠤ ᠠᠵᠢᠯ ᠢ ᠳᠡᠮᠵᠢᠬᠦ ᠡᠷᠴᠢᠮ ᠢᠶᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠴᠢᠬᠤᠯᠠ ᠪᠦᠬᠦᠢ ᠳᠡᠮᠵᠢᠯᠭᠡ ᠦᠵᠡᠭᠦᠯᠬᠦ ᠪᠡᠨ ᠪᠠᠲᠤᠯᠠᠵᠤ᠂ ᠪᠦᠬᠦ ᠬᠣᠲᠠ ᠶᠢᠨ ᠬᠠᠤᠯᠢ ᠪᠡᠷ ᠬᠣᠲᠠ ᠪᠠᠨ ᠵᠠᠰᠠᠬᠤ ᠠᠵᠢᠯ ᠢ ᠲᠠᠬᠢᠨ ᠰᠢᠨ᠎ᠡ ᠨᠢᠭᠡᠨ ᠬᠢᠷᠢ ᠳᠦᠪᠰᠢᠨ ᠳᠤ ᠬᠦᠷᠭᠡᠬᠦ ᠳᠤ ᠰᠠᠢᠨ ᠰᠠᠢᠬᠠᠨ ᠦᠢᠯᠡᠴᠢᠯᠡᠭᠡᠨ ᠤ ᠣᠷᠴᠢᠨ ᠬᠠᠩᠭᠠᠬᠤ ᠬᠡᠷᠡᠭᠲᠠᠢ ᠃ 》
ᠣᠢᠷ᠎ᠠ ᠶᠢᠨ ᠵᠢᠯ ᠦᠳ ᠲᠦ ᠂ ᠪᠦᠬᠦ ᠬᠤᠳᠠ ᠶᠢᠨ ᠰᠢᠭᠦᠬᠦ ᠬᠣᠷᠢᠶ᠎ᠠ ᠬᠤᠳᠠ ᠶᠢᠨ ᠨᠠᠮ ᠤᠨ ᠬᠣᠷᠢᠶᠠᠨ ᠤ ᠲᠥᠪ ᠴᠢᠩᠭ᠎ᠠ ᠤᠳᠤᠷᠢᠳᠤᠯᠭ᠎ᠠ ᠪᠠ ᠳᠡᠭᠡᠷ᠎ᠡ ᠱᠠᠲᠤᠨ ᠤ ᠰᠢᠭᠦᠬᠦ ᠬᠣᠷᠢᠶᠠᠨ ᠤ ᠵᠢᠯᠤᠭᠤᠳᠤᠯᠭ᠎ᠠ ᠶᠢᠨ ᠳᠣᠣᠷ᠎ᠠ ᠂ ᠬᠡᠷᠡᠭ ᠤᠨ ᠲᠣᠭ᠎ᠠ ᠦᠳᠲᠡᠷ ᠨᠡᠮᠡᠭᠳᠡᠵᠦ ᠂ ᠵᠢᠭᠤᠷᠠᠯᠳᠤᠭᠠᠨ ᠤ ᠲᠥᠷᠥᠯ ᠵᠦᠢᠯ ᠡᠳᠦᠷ ᠢᠷᠡᠬᠦᠶ᠎ᠡ ᠤᠯᠠᠨ ᠡᠰᠢᠴᠢᠯᠡᠵᠦ ᠂ ᠵᠥᠷᠢᠴᠡᠯ ᠢ ᠠᠷᠢᠯᠭᠠᠬᠤ ᠬᠦᠢᠴᠢᠷᠲᠠᠯ ᠤᠨ ᠬᠡᠮᠵᠢᠶ᠎ᠡ ᠲᠠᠰᠣᠷᠠᠯᠲᠠ ᠣᠢᠭᠡᠢ ᠶᠡᠬᠡᠰᠴᠦ ᠪᠠᠢᠭ᠎ᠠ ᠢ ᠢᠳᠡᠪᠬᠢᠲᠠᠢ ᠪᠡᠷ ᠠᠷᠭᠠᠴᠠᠭᠠᠨ ᠂ ᠬᠦᠴᠢᠷ ᠪᠡᠷᠬᠡ ᠶᠢ ᠰᠦᠷᠦᠨ ᠣᠷᠤᠵᠤ ᠂ ᠡᠯ᠎ᠡ ᠵᠦᠢᠯ ᠦᠨ ᠠᠵᠢᠯ ᠰᠢᠨ᠎ᠡ ᠬᠥᠭᠵᠢᠯᠲᠡ ᠶᠢ ᠣᠯᠵᠤ᠂ ᠪᠦᠬᠦ ᠬᠣᠲᠠ ᠶᠢᠨ ᠠᠵᠤ ᠠᠬᠤᠶ ᠨᠡᠶᠢᠭᠡᠮ ᠦᠨ ᠡᠷᠡᠭᠦᠯ ᠢᠶᠡᠷ ᠬᠥᠭᠵᠢᠬᠦ ᠳᠦ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠶᠢ ᠬᠠᠩᠭᠠᠭᠰᠠᠨ ᠪᠠᠶᠢᠨ᠎ᠠ ᠃
2016 ᠣᠨ ᠳᠤ ᠂ ᠬᠤᠳᠠ ᠶᠢᠨ ᠨᠠᠮ ᠤᠨ ᠬᠣᠷᠢᠶᠠᠨ ᠤ ᠤᠳᠤᠷᠢᠳᠤᠯᠭ᠎ᠠ ᠪᠠ ᠳᠡᠭᠡᠷ᠎ᠡ ᠱᠠᠲᠤᠨ ᠤ ᠰᠢᠭᠦᠬᠦ ᠬᠣᠷᠢᠶᠠᠨ ᠤ ᠵᠢᠯᠤᠭᠤᠳᠤᠯᠭ᠎ᠠ ᠶᠢᠨ ᠳᠣᠣᠷ᠎ᠠ ᠂ ᠪᠦᠬᠦ ᠬᠤᠳᠠ ᠶᠢᠨ ᠰᠢᠭᠦᠬᠦ ᠬᠣᠷᠢᠶ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠡᠨ ᠤᠯᠠᠮ ᠨᠢᠭᠡ ᠠᠯᠬᠤᠮ ᠨᠡᠮᠡᠭᠳᠡᠭᠦᠯᠵᠦ ᠂ ᠰᠠᠨᠠᠭᠠᠴᠢᠯᠠᠭ᠎ᠠ ᠡᠴᠡ ᠪᠡᠨ ᠡᠭᠦᠷᠭᠡ ᠶᠢᠨ ᠱᠠᠭᠠᠷᠳᠠᠯᠭ᠎ᠠ ᠳᠤ ᠵᠣᠬᠢᠴᠠᠵᠤ ᠂《 ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠣᠣᠯᠴᠢ ᠪᠠᠷ ᠬᠠᠤᠯᠢ ᠪᠠᠷᠢᠬᠤ 》 ᠭᠡᠬᠦ ᠡᠨᠡ ᠬᠦ ᠨᠠᠭᠠᠲᠤ ᠵᠠᠬ᠎ᠠ ᠶᠢᠨ ᠱᠠᠭᠠᠷᠳᠠᠯᠭ᠎ᠠ ᠴᠢᠩᠭ᠎ᠠ ᠪᠠᠷᠢᠮᠲᠠᠯᠠᠨ᠂ 《 ᠡᠭᠦᠷᠢᠳᠠ ᠶᠢᠨ ᠬᠠᠷᠠᠯᠲᠠ ᠶᠢ ᠪᠠᠷᠢᠮᠲᠠᠯᠠᠵᠤ ᠂ ᠬᠦᠭᠵᠢᠯᠲᠠ ᠶᠢᠨ ᠬᠤᠪᠢᠷᠠᠯᠲᠠ ᠪᠡᠨ ᠰᠠᠢᠲᠤᠷ ᠬᠢᠵᠦ ᠂ ᠪᠤᠲᠠᠲᠠᠢᠵᠢᠭᠤᠯᠬᠤ ᠠᠷᠭ᠎ᠠ ᠶᠢ ᠬᠠᠶᠢᠨ ᠰᠦᠪᠡᠭᠴᠢᠯᠡᠬᠦ 》ᠡᠨᠡ ᠬᠦ ᠬᠥᠭᠵᠢᠯᠲᠡ ᠶᠢᠨ ᠰᠡᠳᠬᠢᠴᠡ ᠪᠠ ᠠᠵᠢᠯ ᠤᠨ ᠱᠠᠭᠠᠷᠳᠠᠯᠭ᠎ᠠ ᠶᠣᠰᠣᠭᠠᠷ《 ᠪᠦᠬᠦ ᠣᠷᠤᠨ ᠤ ᠡᠮᠦᠨ᠎ᠡ ᠡᠩᠨᠡᠭᠡᠨ ᠳᠤ ᠬᠥᠯ ᠳᠤᠭᠲᠠᠨ᠂ ᠪᠦᠬᠦ ᠤᠯᠤᠰ ᠤᠨ ᠲᠡᠷᠢᠭᠦᠨ ᠤ ᠬᠢ ᠪᠣᠯᠵᠤ᠂ ᠣᠷᠳᠤᠰ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠳᠦᠪᠰᠢᠨ ᠬᠢᠭᠡᠳ ᠲᠡᠤᠬᠡᠨ ᠰᠣᠶᠤᠯ ᠤᠨ ᠤᠯᠠᠮᠵᠢᠯᠠᠯ ᠲᠠᠢ ᠵᠤᠬᠢᠴᠠᠭᠰᠠᠨ ᠰᠢᠯᠡᠳᠡᠭ ᠰᠢᠭᠦᠬᠦ ᠬᠣᠷᠢᠶ᠎ᠠ ᠶᠢ ᠪᠦᠲᠦᠭᠡᠨ ᠪᠠᠢᠭᠤᠯᠬᠤ 》 ᠪᠡᠷ ᠲᠡᠮᠡᠴᠡᠬᠦ ᠬᠠᠷᠠᠯᠲᠠ ᠪᠣᠯᠭᠠᠨ ᠂ ᠣᠷᠳᠣᠰ ᠣᠷᠤᠨ ᠢ ᠡᠬᠡ ᠤᠯᠤᠰ ᠤᠨ ᠤᠮᠠᠷᠠᠲᠤ ᠬᠢᠯᠢ ᠶᠢᠨ ᠬᠡᠭᠡᠨᠴᠢᠷ ᠦᠵᠡᠮᠵᠢ ᠳᠡᠭᠡᠷᠡᠬᠢ ᠨᠢᠭᠡᠨ ᠭᠡᠷᠡᠯᠲᠦ ᠰᠤᠪᠤᠳ ᠪᠣᠯᠭᠠᠨ ᠪᠥᠲᠦᠬᠡᠨ ᠪᠠᠢᠭᠤᠯᠬᠤ ᠳᠤ ᠬᠦᠴᠦᠲᠠᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠠᠢ᠃
ᠦᠨᠡᠯᠡᠬᠦ 0ᠦᠨᠡᠯᠡᠯᠲᠡ᠎ᠲᠠᠢ