ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ《 ᠭᠦᠢᠴᠡᠳᠬᠡᠬᠦ ᠵᠢᠯ  ᠤᠨᠬᠤᠷᠴᠠ ᠰᠡᠯᠡᠮ᠎ᠡ ᠠᠵᠢᠯᠠᠯᠭ᠎ᠠ 》 ᠨᠢ ᠢᠯᠡᠳᠲᠡ ᠠᠮᠵᠢᠯᠲᠠ ᠣᠯᠪᠠ
2016.04.25 ᠲᠣᠰ ᠥᠷᠲᠡᠭᠡᠨ᠎ᠦ ᠨᠠᠢᠷᠠᠭᠤᠯᠤᠭᠴᠢ

http://eedszy.chinacourt.org/article/detail/2016/04/id/1845372.shtml

 

 

 

ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ 》 ᠨᠢ 4 ᠰᠠᠷ᠎ᠠ ᠶᠢᠨ 21  ᠦ ᠡᠳᠦᠷ ᠵᠢᠩᠬᠢᠨᠢ ᠪᠡᠷ ᠡᠬᠢᠯᠡᠭᠦᠯᠦᠭᠰᠡᠨ ᠡᠴᠡ ᠨᠠᠰᠢ ᠠᠩᠬᠠᠨ ᠤ ᠠᠮᠵᠢᠯᠲᠠ ᠪᠡᠨ ᠣᠯᠪᠠ ᠃  4 ᠰᠠᠷ᠎ᠠ  ᠶᠢᠨ 23  ᠤ ᠡᠳᠦᠷ  ᠪᠣᠯᠲᠠᠯ᠎ᠠ᠂ ᠰᠢᠭᠦᠬᠦ ᠬᠣᠷᠢᠶᠠᠨ ᠤ ᠬᠦᠴᠦᠨ ᠲᠡᠶ ᠪᠣᠯᠤᠭᠰᠠᠨ ᠲᠠᠰᠤᠯᠤᠯᠲᠠ ᠂ ᠲᠣᠭᠲᠠᠭᠠᠯᠲᠠ ᠳᠤ ᠭᠠᠷᠭᠠᠭᠰᠠᠨ ᠡᠭᠦᠷᠭᠡ  ᠪᠡᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠬᠦ ᠦᠭᠡᠢ ᠭᠦᠢᠴᠡᠳᠬᠡᠭᠳᠡᠭᠴᠢ 54 ᠬᠥᠮᠦᠨ  ᠢ ᠬᠠᠤᠯᠢ ᠶᠣᠰᠣᠭᠠᠷ ᠲᠦᠷ ᠬᠣᠷᠢᠵᠤ᠂ ᠲᠡᠭᠦᠨ ᠦ ᠳᠣᠲᠣᠷᠠᠬᠢ 26 ᠭᠦᠢᠴᠡᠳᠬᠡᠭᠳᠡᠬᠦ ᠬᠥᠮᠦᠨ ᠨᠢ ᠰᠢᠭᠦᠬᠦ ᠬᠣᠷᠢᠶᠠᠨ ᠠᠴᠠ ᠬᠠᠤᠯᠢ ᠴᠠᠭᠠᠵᠠ ᠶᠢᠨ ᠲᠦᠷ ᠬᠣᠷᠢᠬᠤ ᠠᠷᠭ᠎ᠠ ᠬᠡᠮᠵᠢᠶ᠎ᠡ ᠠᠪᠤᠭᠰᠠᠨ ᠤ ᠲᠡᠷᠡᠭ᠎ᠠ ᠂ ᠰᠠᠨᠠᠭᠠᠴᠢᠯᠠᠭ᠎ᠠ ᠠᠴᠠ ᠪᠠᠨ ᠥᠭᠬᠦ ᠡᠭᠦᠷᠭᠡ  ᠪᠡᠨ  ᠭᠦᠢᠴᠡᠳᠬᠡᠭᠰᠡᠨ ᠪᠤᠶᠤ ᠭᠦᠢᠴᠡᠳᠬᠡᠭᠦᠯᠬᠦ ᠪᠡᠷ ᠭᠤᠶᠤᠴᠢᠯᠠᠭᠴᠢ ᠲᠠᠢ ᠲᠡᠷᠡ ᠳᠣᠣᠷ᠎ᠠ ᠨᠢ ᠭᠦᠢᠴᠡᠳᠬᠡᠬᠦ ᠲᠤᠬᠠᠶ ᠡᠶᠡᠳᠡᠬᠦ ᠬᠡᠯᠡᠯᠴᠡᠭᠡᠷ  ᠲᠤᠬᠢᠷᠠᠵᠤ ᠂ ᠨᠡᠶᠢᠲᠡ 48 ᠬᠡᠷᠡᠭ ᠂  ᠭᠦᠢᠴᠡᠳᠬᠡᠭᠰᠡᠨ ᠵᠣᠭᠤᠰ ᠤᠨ ᠲᠣᠭ᠎ᠠ ᠨᠢ 3 ᠳ᠋ᠦᠩᠰᠢᠭᠤᠷ ᠲᠥᠭᠥᠷᠢᠭ  ᠬᠦᠷᠪᠡ᠃ ᠠᠰᠲᠠᠭᠠᠨ 28 ᠬᠥᠮᠦᠨ ᠨᠢ ᠬᠠᠤᠯᠢ ᠳᠤ ᠲᠣᠭᠲᠠᠭᠠᠭᠰᠠᠨ ᠡᠭᠦᠷᠭᠡ ᠪᠡᠨ ᠰᠠᠨᠠᠭᠠᠴᠢᠯᠠᠭ᠎ᠠ ᠠᠴᠠ ᠪᠠᠨ ᠭᠦᠢᠴᠡᠳᠬᠡᠭᠰᠡᠨ ᠦᠭᠡᠢ ᠪᠠᠢᠵᠤ ᠂ ᠦᠷᠭᠦᠯᠵᠢᠯᠡᠨ ᠬᠠᠤᠯᠢ ᠶᠣᠰᠣᠭᠠᠷ ᠬᠤᠷᠢᠪᠠ᠃  ᠡᠨᠡ  ᠤᠳᠠᠭᠠᠨ ᠤ 《 ᠭᠦᠢᠴᠡᠳᠬᠡᠬᠦ ᠵᠢᠯ ᠤᠨ ᠬᠤᠷᠴᠠ ᠰᠡᠯᠡᠮ᠎ᠡ ᠠᠵᠢᠯᠯᠠᠭ᠎ᠠ  》 ᠨᠢ ᠪᠦᠬᠦ ᠬᠣᠲᠠ ᠶᠢᠨ ᠰᠢᠭᠦᠬᠦ ᠬᠣᠷᠢᠶᠠᠨ ᠤ 《 ᠭᠦᠢᠴᠡᠳᠬᠡᠬᠦ ᠵᠢᠯ 》  ᠦᠨ ᠲᠤᠰᠬᠠᠶ ᠠᠵᠢᠯ  ᠳᠤ ᠥᠨᠢᠷ ᠥᠳᠬᠡᠨ ᠦᠩᠭᠡ ᠪᠤᠳᠤᠭ ᠪᠦᠬᠦᠢ ᠨᠢᠭᠡ ᠬᠠᠭᠤᠳᠠᠰᠤ ᠨᠡᠮᠡᠵᠦ ᠂ ᠪᠤᠯᠢᠬᠠᠶᠢᠯᠠᠭᠴᠢ  ᠳᠤ ᠬᠦᠨᠳᠦ ᠴᠣᠬᠢᠯᠲᠠ ᠦᠭᠭᠦᠭᠰᠠᠨ ᠪᠠᠶᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )