【《 ᠭᠦᠢᠴᠡᠳᠬᠡᠬᠦ ᠵᠢᠯ 》 ᠲᠤᠰᠬᠠᠢ ᠰᠡᠳᠦᠪᠲᠦ】 ᠰᠢᠷᠢᠰ ᠮᠡᠳᠡᠭᠡᠯᠡᠯ ᠨᠢᠭᠡ᠄ ᠵᠡᠭᠦᠨᠭᠠᠷ ᠬᠣᠰᠢᠭᠤᠨ ᠤ ᠠᠷᠠᠳ ᠤᠯᠠᠨ ᠢ ᠨᠦᠯᠦᠭᠡᠯᠡᠭᠰᠠᠨ ᠰᠢᠬᠦᠭᠦ ᠬᠣᠷᠢᠶᠠᠨ《 ᠭᠦᠢᠴᠡᠳᠬᠡᠬᠦ ᠵᠢᠯ》
ᠣᠶᠢᠷ᠎ᠠ ᠳᠤ ᠂ ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ ᠬᠣᠷᠢᠶ᠎ᠠ 《 ᠭᠦᠢᠴᠡᠳᠬᠡᠬᠦ ᠵᠢᠯ 》 ᠲᠤᠰᠬᠠᠶ ᠠᠵᠢᠯ ᠤᠨ ᠲᠠᠢᠢᠴᠢᠯᠠᠯᠳᠠ ᠶᠢᠨ ᠶᠡᠬᠡ ᠬᠤᠷᠠᠯ ᠢ ᠬᠤᠷᠠᠯᠳᠤᠭᠤᠯᠵᠤ ᠂ ᠪᠦᠬᠦ ᠲᠠᠯ᠎ᠠ ᠪᠠᠷ 《 ᠵᠠᠭᠤᠨ ᠡᠳᠦᠷ ᠦᠨ ᠬᠠᠮᠲᠤᠷᠠᠭᠰᠠᠨ ᠪᠠᠶᠢᠯᠳᠤᠭᠠᠨ 》 ᠤ ᠦᠷ᠎ᠡ ᠪᠦᠲᠦᠭᠡᠯ ᠢ ᠪᠡᠬᠢᠵᠢᠭᠦᠯᠵᠦ ᠂ ᠪᠠᠰᠠ 《 ᠨᠢᠭᠡ ᠠᠯᠪᠠᠳᠠᠯᠭ᠎ᠠ ᠬᠤᠶᠠᠷ ᠪᠠᠢᠭᠤᠯᠤᠯᠲᠠ 》 ᠤᠨ ᠠᠵᠢᠯ ᠤᠨ ᠰᠡᠳᠬᠢᠴᠡ ᠲᠣᠭᠤᠷᠢᠨ ᠳᠤ ᠂ 《 ᠨᠢᠭᠡ ᠳᠦ ᠴᠣᠬᠢᠯᠲᠠ ᠥᠭᠴᠦ ᠭᠤᠷᠪᠠ ᠶᠢ ᠡᠰᠡᠷᠭᠦᠴᠡᠬᠦ 》 ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ ᠂ ᠦᠨᠡᠨᠴᠢ ᠢᠲᠡᠭᠡᠮᠵᠢᠲᠡᠶ ᠨᠡᠢᠭᠡᠮ ᠢ ᠪᠦᠲᠦᠭᠡᠨ ᠪᠠᠢᠭᠤᠯᠬᠤ ᠪᠡᠷ ᠴᠢᠷᠮᠠᠢᠨ᠎ᠠ ᠭᠡᠵᠠᠢ᠃
ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠭᠦᠢᠴᠡᠳᠬᠡᠬᠦ ᠵᠢᠯ ᠦᠨ ᠭᠤᠷᠪᠠᠨ ᠶᠡᠬᠡ ᠣᠨᠴᠠᠯᠢᠭ ᠨᠢ ᠄
ᠣᠨᠴᠠᠯᠢᠭ ᠨᠢᠭᠡ ᠄ ᠠᠯᠪᠠᠳᠠᠯᠭ᠎ᠠ ᠶᠢᠨ ᠴᠢᠨᠠᠷ ᠢ ᠳᠤᠪᠤᠢᠯᠭᠠᠨ ᠂ ᠭᠦᠢᠴᠡᠳᠬᠡᠬᠦ ᠠᠵᠢᠯ ᠤᠨ ᠡᠮᠢᠶᠡᠯᠭᠡᠬᠦ ᠬᠦᠴᠦᠨ ᠢ ᠪᠦᠬᠦ ᠲᠠᠯ᠎ᠠ ᠪᠠᠷ ᠴᠢᠩᠭ᠋ᠠᠳᠬᠠᠨ᠎ᠠ᠃
ᠲᠠᠰᠣᠯᠣᠯᠳᠠ ᠲᠣᠭᠲᠠᠭᠠᠯᠲᠠ ᠶᠢ ᠭᠦᠢᠴᠡᠳᠬᠡᠬᠦ ᠶᠢ ᠲᠡᠪᠴᠢᠭᠰᠡᠨ ᠶᠠᠯ᠎ᠠ ᠂ ᠪᠠᠶᠢᠴᠠᠭᠠᠨ ᠪᠢᠲᠡᠭᠦᠮᠵᠢᠯᠡᠭᠰᠡᠨ ᠂ ᠳᠠᠷᠤᠵᠤ ᠠᠪᠤᠭᠰᠠᠨ ᠂ ᠴᠡᠪᠳᠡᠭᠯᠡᠭᠰᠡᠨ ᠡᠳ᠋ ᠬᠦᠷᠦᠨᠭᠭᠡ ᠶᠢ ᠬᠠᠤᠯᠢ ᠪᠤᠰᠤ ᠪᠠᠷ ᠰᠢᠶᠳᠪᠦᠷᠢᠯᠡᠬᠦ ᠶᠠᠯ᠎ᠠ ᠂ ᠵᠢᠴᠢ ᠡᠳ᠋ ᠬᠦᠷᠦᠩᠭᠡ ᠪᠡᠨ ᠰᠢᠯᠵᠢᠭᠦᠯᠬᠦ ᠂ ᠨᠢᠭᠤᠨ ᠳᠠᠯᠳᠠᠯᠠᠬᠤ᠂ ᠭᠦᠢᠴᠡᠳᠬᠡᠬᠦ ᠡᠭᠦᠷᠭᠡ ᠡᠴᠡ ᠪᠡᠨ ᠰᠢᠯᠳᠠᠭᠯᠠᠨ ᠵᠠᠢᠯᠠᠵᠤ ᠭᠦᠢᠴᠡᠳᠬᠡᠬᠦ ᠠᠵᠢᠯᠠᠯᠭ᠎ᠠ ᠳᠤ ᠳᠡᠮᠵᠢᠯᠬᠡ ᠦᠵᠡᠭᠦᠯᠬᠦ ᠦᠭᠡᠢ ᠪᠠᠢᠵᠤ ᠭᠦᠢᠴᠡᠳᠬᠡᠬᠦ ᠶᠢ ᠲᠡᠪᠴᠢᠬᠦ ᠴᠢᠨᠠᠭᠰᠢᠯᠠᠨ ᠭᠦᠢᠴᠡᠳᠬᠡᠬᠦ ᠶᠢ ᠬᠠᠷᠰᠢᠯᠠᠬᠤ ᠠᠵᠢᠯᠯᠠᠭ᠎ᠠ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠭᠣᠣᠯᠳᠠᠯᠭ᠎ᠠ ᠲᠠᠢ ᠴᠣᠬᠢᠯᠲᠠ ᠥᠭᠭᠦᠨ᠂ 《 ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ》 ᠦᠨ ᠨᠡᠶᠢᠲᠡᠯᠡᠬᠦ ᠪᠠ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ ᠡᠷᠴᠢᠮ ᠢᠶᠡᠨ ᠴᠢᠩᠭ᠋ᠠᠷᠠᠭᠤᠯᠵᠤ ᠂ ᠲᠦᠷ ᠬᠣᠷᠢᠬᠤ ᠂ ᠵᠣᠭᠣᠰ ᠢᠶᠠᠷ ᠲᠣᠷᠭᠠᠬᠤ ᠂ ᠡᠳ᠋ ᠬᠥᠷᠦᠩᠭᠡ ᠢᠶᠡᠨ ᠮᠡᠳᠡᠭᠦᠯᠬᠦ ᠵᠠᠷᠯᠢᠭ ᠂ ᠥᠨᠳᠥᠷ ᠬᠡᠷᠡᠭᠯᠡᠭᠡ ᠶᠢ ᠬᠢᠵᠠᠭᠠᠷᠯᠠᠬᠤ ᠵᠠᠷᠯᠢᠭ ᠂ ᠨᠡᠩᠵᠢᠬᠦ ᠵᠠᠷᠯᠢᠭ ᠂ ᠭᠦᠢᠴᠡᠳᠬᠡᠬᠦ ᠳᠤ ᠮᠡᠳᠡᠭᠡ ᠬᠠᠩᠭ᠋ᠠᠭᠰᠠᠨ ᠢ ᠱᠠᠩᠨᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ ᠂ ᠢᠲᠡᠭᠡᠯ ᠠᠯᠳᠠᠭᠰᠠᠨ ᠠᠵᠢᠯᠠᠯᠭ᠎ᠠ ᠳᠤ ᠨᠡᠢᠳᠡᠮ ᠤᠨ ᠴᠣᠬᠢᠯᠲᠠ ᠥᠭᠬᠦ ᠬᠡᠷᠡᠭᠲᠠᠢ᠃
ᠣᠨᠴᠠᠯᠢᠭ ᠬᠣᠶᠠᠷ ᠄ ᠵᠢᠷᠤᠮᠵᠢᠭᠤᠯᠬᠤ ᠶᠢ ᠳᠤᠪᠤᠢᠯᠭᠠᠵᠤ᠂ ᠳᠠᠷᠤᠭᠳᠠᠮᠠᠯ ᠬᠡᠷᠡᠭ ᠢ ᠪᠥᠬᠦ ᠲᠠᠯ᠎ᠠ ᠪᠡᠷ ᠭᠦᠢᠴᠡᠳᠬᠡᠪᠡ᠃
ᠪᠤᠢ ᠪᠦᠬᠥᠢ ᠬᠡᠷᠡᠭ ᠲᠤ ᠪᠦᠷᠢᠳᠬᠡᠯ ᠬᠢᠪᠡ ᠂ ᠲᠦᠷᠪᠡᠨ ᠭᠦᠢᠴᠡᠳᠬᠡᠬᠦ ᠲᠣᠪᠴᠢᠶ᠎ᠠ ᠲᠤᠰ ᠲᠤᠰ ᠳᠤ ᠪᠡᠨ ᠳᠠᠩᠰᠠ ᠪᠠᠶᠢᠭᠤᠯᠵᠤ ᠂ ᠭᠦᠢᠴᠡᠳᠬᠡᠭᠴᠢ ᠨᠢ ᠪᠠᠰᠠ ᠲᠤᠰᠠᠭᠠᠷ ᠳᠠᠩᠰᠠ ᠪᠠᠢᠭᠤᠯᠤᠨ᠂ ᠲᠣᠭ᠎ᠠ ᠶᠢ ᠢᠯᠡ ᠂ ᠪᠠᠶᠢᠳᠠᠯ ᠢ ᠲᠣᠳᠣᠷᠬᠠᠶ ᠪᠣᠯᠭᠠᠵᠤ᠂ ᠲᠥᠷᠥᠯ ᠬᠤᠪᠢᠶᠠᠨ ᠬᠡᠷᠡᠭᠵᠢᠭᠦᠯᠬᠦ ᠳᠤ ᠳᠥᠭᠦᠮ ᠪᠣᠯᠪᠠ᠃ ᠭᠦᠢᠴᠡᠳᠬᠡᠬᠦ ᠳᠥᠷᠪᠡᠳᠦᠭᠡᠷ ᠲᠣᠪᠴᠢᠶᠠᠨ ᠡᠴᠡ ᠭᠦᠢᠴᠡᠳᠬᠡᠭᠡᠳᠦᠢ ᠬᠡᠷᠡᠭ ᠲᠤ《 ᠲᠦᠷᠪᠡ ᠶᠢ ᠪᠠᠶᠢᠴᠠᠭᠠᠬᠤ 》 ᠶᠢ ᠲᠤᠰᠬᠠᠶ ᠬᠠᠷᠢᠭᠤᠴᠠᠨ ᠂ ᠭᠦᠢᠴᠡᠳᠬᠡᠭᠴᠢ ᠳᠤ ᠮᠡᠳᠡᠭᠡ ᠵᠠᠩᠬᠢ ᠶᠢ ᠴᠠᠭ ᠲᠤᠬᠠᠶ ᠳᠤ ᠨᠢ ᠬᠠᠷᠢᠭᠤ ᠲᠤᠰᠬᠠᠨ᠂ ᠭᠦᠢᠴᠡᠳᠬᠡᠭᠴᠢ ᠨᠢ ᠥᠪᠡᠷ ᠢᠶᠡᠨ 《ᠬᠣᠶᠠᠷ ᠪᠠᠶᠢᠴᠠᠭᠠᠯᠲᠠ 》 ᠶᠢ ᠳᠠᠭᠤᠰᠬᠠᠭᠰᠠᠨ ᠤ ᠲᠠᠷᠠᠭ᠎ᠠ ᠰᠢᠭᠦᠨ ᠳᠤᠭᠳᠠᠭᠠᠬᠤ ᠳᠤᠭᠤᠢᠯᠠᠩ ᠳᠤ ᠬᠦᠷᠭᠡᠨ ᠵᠦᠪᠯᠡᠨ᠎ᠡ ᠃ ᠡᠯ᠎ᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠬᠥᠮᠦᠨ ᠤ ᠬᠦᠴᠦ᠂ ᠲᠡᠷᠭᠡ ᠬᠥᠰᠬᠡ ᠲᠣᠬᠢᠷᠠᠭᠤᠯᠬᠤ ᠲᠠᠯ᠎ᠠ ᠪᠠᠷ ᠪᠦᠬᠦ ᠬᠦᠴᠦᠨ ᠢᠶᠡᠷ ᠢᠶᠡᠨ ᠪᠠᠲᠤᠯᠠᠵᠤ ᠂ ᠳᠠᠩᠰᠤᠯᠠᠬᠤ᠂ ᠰᠢᠭᠦᠬᠦ᠂ ᠭᠦᠢᠴᠡᠳᠬᠡᠬᠦ ᠶᠢ ᠵᠣᠬᠢᠴᠠᠭᠤᠯᠤᠨ ᠬᠠᠮᠵᠢᠯᠴᠠᠬᠤ ᠠᠵᠢᠯ ᠤᠨ ᠳᠤᠭᠲᠠᠴᠠ ᠶᠢ ᠠᠯᠬᠤᠮ ᠠᠯᠬᠤᠮ ᠢᠶᠡᠷ ᠲᠡᠭᠦᠯᠳᠡᠷᠵᠢᠭᠦᠯᠵᠦ ᠂ ᠥᠨᠳᠥᠷ ᠪᠦᠲᠦᠮᠵᠢᠲᠡᠶ ᠠᠵᠢᠯᠠᠯᠭ᠎ᠠ ᠭᠦᠢᠴᠡᠳᠬᠡᠬᠦ ᠪᠦᠯᠬᠦᠮ ᠨᠡᠶᠢᠲᠡ ᠶᠢ ᠪᠤᠢ ᠪᠣᠯᠭᠠᠨ᠎ᠠ ᠃
ᠣᠨᠴᠠᠯᠢᠭ ᠭᠤᠷᠪᠠ ᠄ ᠮᠡᠳᠡᠭᠡ ᠵᠠᠩᠭᠢᠵᠢᠯᠲᠠ ᠶᠢ ᠳᠤᠪᠤᠢᠯᠭᠠᠵᠤ᠂ ᠭᠦᠢᠴᠡᠳᠬᠡᠬᠦ ᠰᠢᠰᠲ᠋ᠧᠮ ᠦᠨ 2.0 ᠬᠡᠪ ᠮᠠᠶᠠᠭ ᠢ ᠪᠥᠬᠦ ᠲᠠᠯ᠎ᠠ ᠪᠡᠷ ᠪᠥᠳᠦᠭᠡᠨᠡ᠃
ᠬᠡᠷᠡᠭ ᠭᠦᠢᠴᠡᠳᠬᠡᠬᠦ ᠶᠢ ᠬᠠᠮᠢᠶᠠᠷᠬᠤ ᠰᠢᠰᠲ᠋ᠧᠮ ᠪᠠ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠪᠦᠬᠦ ᠤᠯᠤᠰ ᠤᠨ ᠭᠦᠢᠴᠡᠳᠬᠡᠬᠦ ᠬᠡᠷᠡᠭ ᠦᠨ ᠶᠠᠪᠤᠴᠠ ᠶᠢᠨ ᠵᠠᠩᠭᠢᠯᠠᠭ᠎ᠠ ᠤᠨ ᠴᠢᠭ᠌ ᠤᠨ ᠬᠠᠮᠢᠶᠠᠷᠤᠯᠲᠠ ᠶᠢᠨ ᠰᠢᠰᠲ᠋ᠧᠮ ᠯᠤᠭᠡ ᠵᠠᠯᠭᠠᠬᠤ ᠶᠢ ᠪᠡᠶᠡᠯᠡᠭᠦᠯᠵᠦ ᠂ ᠭᠦᠢᠴᠡᠳᠬᠡᠬᠦ ᠬᠡᠷᠡᠭ ᠦᠨ ᠶᠠᠪᠤᠴᠠ ᠶᠢᠨ ᠵᠠᠩᠭᠢᠯᠠᠭ᠎ᠠ ᠤᠨ ᠴᠢᠭ᠌ ᠤᠨ ᠬᠠᠮᠢᠶᠠᠷᠤᠯᠲᠠ ᠶᠢᠨ ᠰᠢᠰᠲ᠋ᠧᠮ ᠢᠶᠡᠷ ᠳᠠᠮᠵᠢᠭᠤᠯᠵᠤ ᠬᠡᠷᠡᠭ ᠪᠣᠯᠭᠠᠨ ᠳᠠᠩᠰᠠᠯᠠᠬᠤ ᠂ ᠡᠳ᠋ ᠬᠦᠷᠦᠩᠭᠡ ᠶᠢ ᠨᠢ ᠪᠠᠶᠢᠴᠠᠭᠠᠨ ᠡᠵᠡᠮᠳᠡᠬᠦ ᠂ ᠡᠳ᠋ ᠬᠦᠷᠤᠨᠭᠭᠡ ᠶᠢ ᠰᠢᠶᠳᠪᠦᠷᠢᠯᠡᠬᠦ ᠂ ᠵᠣᠭᠣᠰ ᠮᠥᠩᠭᠥ ᠡᠳ᠋ ᠪᠣᠳᠠᠰ ᠢ ᠬᠤᠪᠢᠶᠠᠷᠢᠯᠠᠬᠤ ᠂ ᠬᠢᠨᠠᠨ ᠵᠥᠪᠰᠢᠶᠡᠷᠡᠭᠦᠯᠬᠦ ᠵᠡᠷᠭᠡ ᠡᠯ᠎ᠡ ᠵᠠᠩᠭᠢᠯᠠᠭ᠎ᠠ ᠶᠢ ᠪᠦᠲᠦᠮᠵᠢᠲᠡᠶ ᠵᠠᠬᠢᠷᠴᠤ ᠨᠠᠷᠢᠯᠢᠬᠵᠢᠭᠤᠯᠤᠨ ᠬᠠᠮᠢᠶᠠᠷᠤᠨ᠂5 ᠰᠠᠷ᠎ᠠ ᠡᠴᠡ ᠡᠮᠦᠨ᠎ᠡ ᠭᠦᠢᠴᠡᠳᠬᠡᠬᠦ ᠶᠢ ᠵᠢᠯᠣᠭᠣᠳᠬᠤ ᠲᠥᠪ ᠦᠨ ᠪᠠᠶᠢᠭᠤᠯᠤᠯᠲᠠ ᠶᠢ ᠪᠡᠶᠡᠯᠡᠭᠦᠯᠬᠦ ᠪᠡᠷ ᠬᠦᠴᠦᠯᠡᠨ ᠴᠢᠷᠮᠠᠢᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶ᠎ᠠ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠢᠭᠡᠳᠦᠯᠲᠡᠶ ᠬᠠᠮᠢᠶᠠᠷᠬᠤ ᠂ ᠨᠢᠭᠡᠳᠦᠯᠲᠡᠶ ᠵᠢᠯᠣᠭᠣᠳᠬᠤ ᠰᠢᠰᠲ᠋ᠧᠮ ᠢ ᠪᠠᠶᠢᠭᠤᠯᠬᠤ ᠬᠡᠷᠡᠭᠲᠠᠢ ᠃
ᠦᠨᠡᠯᠡᠬᠦ 0ᠦᠨᠡᠯᠡᠯᠲᠡ᠎ᠲᠠᠢ