ᠪᠡᠯᠴᠢᠭᠡᠷ ᠤᠨ ᠲᠤᠬᠠᠢ ᠵᠢᠭᠤᠷᠤᠯᠳᠤᠭᠠᠨ ᠡᠳᠦᠷ ᠢᠷᠡᠬᠦᠶ᠎ᠡ ᠣᠯᠠᠰᠢᠷᠠᠵᠤ  ᠦᠨᠳᠤᠰᠦᠨ ᠱᠠᠲᠤᠨ ᠳᠤ ᠭᠦᠨᠵᠡᠭᠡᠢᠷᠡᠨ ᠵᠥᠷᠢᠴᠠᠯ ᠢ ᠨᠠᠮᠳᠠᠭᠤᠯᠤᠨ᠎ᠠ
2016.04.12 ᠲᠣᠰ ᠥᠷᠲᠡᠭᠡᠨ᠎ᠦ ᠨᠠᠢᠷᠠᠭᠤᠯᠤᠭᠴᠢ

ᠣᠢᠷ᠎ᠠ ᠶᠢᠨ ᠵᠢᠯ ᠦᠳ ᠲᠦ ᠂   ᠡᠯ᠎ᠡ ᠬᠣᠰᠢᠭᠤ ᠰᠢᠶᠠᠨ  ᠤ ᠠᠵᠤ ᠠᠬᠤᠶ ᠨᠡᠶᠢᠭᠡᠮ  ᠤᠨ ᠲᠦᠷᠭᠡᠨ ᠬᠥᠭᠵᠢᠯᠲᠡ ᠶᠢ ᠳᠠᠭᠠᠯᠳᠤᠨ ᠂ ᠢᠯᠠᠩᠭᠤᠶ᠎ᠠ ᠦᠢᠯᠡᠳᠪᠦᠷᠢ ᠠᠭᠤᠷᠬᠠᠶ ᠨᠡᠭᠡᠭᠡᠬᠦ ᠂ ᠭᠣᠣᠯᠳᠠᠯᠭ᠎ᠠ ᠲᠠᠶ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠨᠢ ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠶᠢᠨ ᠦᠷᠳᠡᠭ ᠨᠢ ᠨᠡᠮᠡᠭᠳᠡᠵᠦ᠂ ᠡᠭᠦᠨ ᠦ ᠬᠠᠷᠠᠭ᠎ᠠ ᠪᠠᠷ ᠬᠥᠳᠡᠭᠡ ᠲᠣᠰᠬᠣᠨ ᠤ ᠭᠠᠵᠠᠷ ᠰᠢᠷᠣᠶ ᠂ ᠬᠠᠳᠤᠯᠠᠩ ᠪᠡᠯᠴᠢᠭᠡᠷ  ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠵᠢᠭᠤᠷᠠᠯᠳᠤᠭᠠᠨ ᠤᠯᠠᠨ ᠴᠣᠯᠭᠣᠷᠠᠨ ᠭᠠᠷᠪᠠ ᠃ ᠡᠶᠢᠮᠦᠷᠬᠦᠦ  ᠵᠢᠭᠤᠷᠤᠯᠳᠤᠭᠠᠨ ᠨᠢ ᠬᠣᠯᠪᠣᠭᠳᠠᠬᠤ ᠬᠡᠪᠴᠢᠶ᠎ᠡ ᠨᠢ ᠥᠷᠭᠡᠨ ᠂ ᠰᠢᠶᠳᠪᠦᠷᠢᠯᠡᠬᠦ ᠬᠦᠴᠢᠷᠳᠡᠯ ᠶᠡᠬᠡ ᠪᠠᠶᠢᠳᠠᠭ ᠣᠨᠴᠠᠯᠢᠭ ᠲᠠᠢ ᠂ ᠲᠡᠷᠡ ᠨᠢ ᠮᠠᠯᠵᠢᠬᠤ ᠲᠠᠷᠢᠶᠠᠯᠠᠬᠤ ᠣᠷᠣᠨ ᠤ ᠨᠡᠶᠢᠭᠡᠮ ᠦᠨ ᠲᠣᠭᠲᠠᠭᠤᠨ ᠪᠠᠶᠢᠳᠠᠯ ᠢ ᠨᠥᠯᠥᠭᠡᠯᠡᠵᠦ ᠪᠠᠶᠢᠬᠤ ᠪᠠᠷ ᠪᠠᠷᠠᠬᠤ ᠦᠭᠡᠢ ᠂ ᠲᠤᠬᠠᠶ ᠶᠢᠨ ᠭᠠᠵᠠᠷ  ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ  ᠳᠦ ᠨᠠᠵᠠᠭᠠᠶ ᠨᠥᠯᠥᠭᠡ ᠲᠠᠢ ᠪᠣᠯᠵᠠᠶ ᠃

   ᠡᠶᠢᠮᠦᠷᠬᠦ ᠵᠥᠷᠢᠴᠡᠯ ᠢ ᠦᠨᠳᠦᠰᠦᠨ ᠱᠠᠲᠤᠨ ᠳᠤᠨᠢ ᠠᠷᠢᠯᠭᠠᠬᠤ ᠰᠢᠢᠳᠪᠦᠷᠢᠯᠡᠬᠦ ᠶᠢᠨ ᠲᠤᠰᠠᠳᠠ ᠂  ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠬᠡᠷᠡᠭ ᠢ ᠰᠢᠭᠦᠨ ᠲᠠᠰᠤᠯᠬᠤ ᠲᠢᠩᠬᠢᠮ  ᠤᠨ  ᠯᠢ ᠶᠠᠨ ᠲᠢᠩᠬᠢᠮ ᠦᠨ ᠳᠠᠷᠤᠭ᠎ᠠ ᠵᠠᠰᠠᠭ ᠵᠠᠬᠢᠷᠭᠠᠨ ᠤ ᠲᠢᠩᠬᠢᠮ ᠦᠨ ᠺᠠᠳ᠋ᠷ ᠴᠠᠭᠳᠠᠭ᠎ᠠ ᠶᠢ ᠳᠠᠭᠠᠭᠤᠯᠵᠤ ᠂ ᠵᠥᠷᠢᠴᠡᠯ ᠨᠡᠯᠢᠶᠡᠳ ᠲᠥᠪᠯᠡᠷᠡᠵᠦ ᠪᠠᠶᠢᠭ᠎ᠠ ᠤᠳᠤᠭ ᠤᠨ ᠡᠮᠦᠨᠡᠲᠦ  ᠬᠣᠰᠢᠭᠤᠨ ᠳᠤ ᠭᠦᠨᠵᠡᠭᠡᠢᠷᠡᠨ ᠂ ᠬᠠᠳᠤᠯᠠᠩ ᠪᠡᠯᠴᠢᠭᠡᠷ  ᠤᠨ ᠳᠠᠭᠠᠴᠢᠯᠠᠯᠲᠠ ᠵᠢᠴᠢ ᠦᠨᠡᠮᠯᠡᠯ ᠣᠯᠭᠣᠬᠤ ᠵᠡᠷᠭᠡ ᠵᠠᠰᠠᠭ ᠵᠠᠬᠢᠷᠭᠠᠨ ᠤ ᠲᠥᠷᠥᠯ ᠬᠡᠷᠡᠭ ᠦᠨ ᠵᠢᠭᠤᠷᠠᠯᠳᠤᠭᠠᠨ ᠤ ᠬᠡᠷᠡᠭ ᠢ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ   ᠵᠢᠴᠢ ᠵᠣᠬᠢᠴᠠᠭᠤᠯᠬᠤ ᠠᠵᠢᠯ  ᠢ ᠦᠷᠨᠢᠭᠦᠯᠦᠭᠰᠡᠨ ᠪᠥᠭᠡᠳ 4 ᠰᠠᠷ᠎ᠠ ᠶᠢᠨ 1  ᠦ ᠡᠳᠦᠷ ᠤᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ  ᠬᠣᠷᠢᠶᠠᠨ ᠳᠤ ᠬᠠᠳᠤᠯᠠᠩ ᠪᠡᠯᠴᠢᠭᠡᠷ ᠤᠨ ᠦᠨᠡᠮᠯᠡᠯ ᠣᠯᠭᠣᠬᠤ ᠬᠡᠷᠡᠭ ᠢ ᠵᠣᠬᠢᠴᠠᠭᠤᠯᠬᠤ ᠬᠤᠷᠠᠯ  ᠬᠤᠷᠠᠯᠳᠤᠭᠤᠯᠪᠠ᠃  ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠲᠢᠩᠬᠢᠮ ᠦᠨ ᠳᠠᠷᠤᠭ᠎ᠠ  ᠯᠢ ᠶᠠᠨ᠋ ᠂ ᠤᠳᠤᠭ ᠤᠨ ᠡᠮᠦᠨᠡᠲᠦ  ᠬᠣᠰᠢᠭᠤᠨ ᠤ ᠰᠢᠭᠦᠬᠦ ᠬᠣᠷᠢᠶᠠᠨ ᠤ ᠳᠡᠳ᠋ ᠬᠤᠷᠢᠶᠠᠨ ᠳᠠᠷᠤᠭ᠎ᠠ  ᠴᠤᠤ ᠪᠦᠦ ᠂ ᠤᠳᠤᠭ ᠤᠨ ᠡᠮᠦᠨᠡᠲᠦ ᠬᠣᠰᠢᠭᠤᠨ ᠤ ᠬᠠᠤᠯᠢ ᠳᠦᠷᠢᠮ ᠦᠨ ᠠᠵᠢᠯ ᠤᠨ ᠠᠯᠪᠠᠨ ᠭᠡᠷ ᠦᠨ ᠡᠷᠬᠢᠯᠡᠭᠴᠢ ᠶᠠᠨ ᠱᠢ ᠷᠦ᠋ᠡᠭ᠌ ᠂ ᠳᠡᠳ᠋ ᠡᠷᠬᠢᠯᠡᠭᠴᠢ  ᠵᠠᠩ ᠸᠧᠢ ᠂ ᠤᠳᠤᠭ ᠤᠨ ᠡᠮᠦᠨᠡᠲᠦ  ᠬᠣᠰᠢᠭᠤᠨ ᠤ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠭᠠᠵᠠᠷ ᠤᠨ ᠳᠠᠷᠤᠭ᠎ᠠ  ᠰᠸᠷᠡᠩ᠂ ᠵᠢᠴᠢ ᠮᠠᠷᠭᠤᠯᠳᠤᠭᠠᠨ ᠲᠠᠢ ᠪᠡᠯᠴᠢᠭᠡᠷ ᠤᠨ ᠪᠠᠶᠢᠭ᠎ᠠ  ᠱᠠᠩ ᠬᠠᠢ ᠰᠦᠮ᠎ᠡ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠂ ᠭᠠᠴᠠᠭ᠎ᠠ ᠲᠣᠰᠬᠣᠨ ᠤ ᠬᠠᠷᠢᠭᠤᠴᠠᠯᠭᠠᠲᠠᠨ ᠪᠠ ᠲᠣᠰᠬᠣᠨ ᠳᠤ ᠰᠠᠭᠤᠭ᠎ᠠ ᠺᠠᠳ᠋ᠷᠴᠤᠳ ᠬᠤᠷᠠᠯ ᠳᠤ ᠣᠷᠣᠯᠴᠠᠵᠠᠶ ᠃

ᠬᠤᠷᠠᠯ ᠳᠡᠭᠡᠷ᠎ᠡ ᠯᠢ ᠶᠠᠨ ᠲᠢᠩᠬᠢᠮ ᠦᠨ ᠳᠠᠷᠤᠭ᠎ᠠ ᠬᠠᠮᠤᠭ ᠲᠡᠷᠢᠭᠦᠨ ᠳᠦ ᠣᠷᠣᠯᠴᠠᠭᠰᠠᠨ ᠡᠯ᠎ᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ  ᠡᠴᠡ ᠡᠪᠡᠰᠦ ᠪᠡᠯᠴᠢᠭᠡᠷ  ᠤᠨ  ᠵᠢᠭᠤᠷᠤᠯᠳᠤᠭᠠᠨ ᠤ ᠪᠦᠬᠦᠯᠢ ᠴᠣᠭᠴᠠ ᠶᠢᠨ ᠲᠣᠭ᠎ᠠ ᠬᠡᠮᠵᠢᠶ᠎ᠡ ᠵᠢᠴᠢ ᠵᠠᠷᠭᠤ ᠶᠢᠨ ᠵᠢᠷᠤᠮ ᠳᠤ  ᠣᠷᠤᠬᠤ ᠪᠣᠯᠤᠯᠴᠠᠭ᠎ᠠ ᠲᠠᠢ ᠬᠡᠷᠡᠭ ᠦᠨ ᠲᠣᠭ᠎ᠠ ᠬᠡᠮᠵᠢᠶ᠎ᠡ ᠂ ᠵᠠᠷᠭᠤ  ᠳᠤ ᠬᠣᠯᠪᠣᠭᠳᠠᠭᠰᠠᠨ ᠲᠤᠬᠠᠶ ᠶᠢᠨ ᠬᠥᠮᠦᠨ  ᠤ ᠭᠡᠷ ᠪᠦᠯᠢ ᠶᠢᠨ ᠪᠠᠶᠢᠳᠠᠯ ᠂ ᠬᠠᠳᠤᠯᠠᠩ ᠪᠡᠯᠴᠢᠭᠡᠷ  ᠤᠨ ᠣᠳᠣᠬᠢ ᠪᠠᠶᠢᠳᠠᠯ ᠂ ᠡᠮᠦᠨᠡᠬᠢ ᠵᠣᠬᠢᠴᠠᠭᠤᠯᠬᠤ ᠠᠵᠢᠯ ᠬᠢᠭᠰᠡᠨ ᠪᠠᠶᠢᠳᠠᠯ ᠵᠡᠷᠭᠡ ᠮᠡᠳᠡᠭᠡ ᠵᠠᠩᠭᠢ  ᠭᠦᠨᠵᠡᠭᠡᠢ ᠤᠢᠯᠭᠠᠵᠤ ᠂  ᠡᠭᠦᠨ ᠤ ᠳᠣᠲᠤᠷ᠎ᠠ ᠡᠴᠡ ᠵᠢᠭᠤᠷᠤᠯᠳᠤᠭᠠᠨ ᠢ ᠰᠢᠢᠳᠪᠦᠷᠢᠯᠡᠬᠦ ᠰᠢᠪᠲᠤᠯᠤᠯᠲᠠ ᠶᠢᠨ ᠴᠢᠭ᠌ ᠢ ᠤᠯᠬᠤ  ᠪᠡᠷ ᠴᠢᠷᠮᠠᠢᠪᠠ ᠃ ᠯᠢ ᠶᠠᠨ ᠲᠢᠩᠬᠢᠮ ᠦᠨ ᠳᠠᠷᠤᠭ᠎ᠠ ᠪᠠᠰᠠ ᠣᠯᠠᠨ ᠲᠠᠶ ᠠᠷᠠᠳ ᠤᠨ ᠰᠢᠭᠦᠬᠦ ᠬᠣᠷᠢᠶ᠎ᠠ ᠲᠤᠰ ᠲᠦᠷᠦᠯ ᠦᠨ ᠬᠡᠷᠡᠭ ᠦᠨ ᠲᠤᠬᠠᠶ ᠪᠦᠬᠦᠯᠢ ᠴᠣᠭᠴᠠ ᠶᠢᠨ ᠰᠡᠳᠬᠢᠴᠡ  ᠢ ᠶᠠᠷᠢᠯᠴᠠᠵᠤ᠂ ᠭᠠᠵᠠᠷ ᠰᠢᠷᠣᠶ ᠶᠢᠨ ᠳᠠᠩᠰᠠᠯᠠᠯᠲᠠ ᠶᠢᠨ ᠲᠥᠷᠥᠯ ᠦᠨ ᠵᠠᠰᠠᠭ ᠵᠠᠬᠢᠷᠭᠠᠨ ᠤ ᠵᠢᠭᠤᠷᠠᠯᠳᠤᠭᠠᠨ ᠤ ᠬᠡᠷᠡᠭ  ᠦᠨ ᠳᠤᠮᠳᠠ ᠂ ᠳᠠᠭᠠᠭᠠᠴᠢᠯᠠᠨ ᠡᠵᠡᠩᠨᠡᠬᠦ ᠡᠷᠬᠡ ᠶᠢᠨ ᠬᠤᠪᠢᠷᠠᠭᠤᠯᠤᠯᠲᠠ ᠶᠢᠨ ᠭᠡᠷ᠎ᠡ  ᠨᠢ ᠮᠠᠷᠭᠤᠯᠳᠤᠭᠠᠨ ᠲᠠᠶ ᠪᠠᠶᠢᠪᠠᠯ ᠂ 《 ᠤᠷᠢᠳᠠᠪᠠᠷ  ᠠᠷᠠᠳ ᠤᠨ ᠂ ᠳᠠᠷᠠᠭ᠎ᠠ ᠨᠢ ᠵᠠᠰᠠᠭ ᠵᠠᠬᠢᠷᠭᠠᠨ ᠤ 》 ᠭᠡᠬᠦ ᠰᠢᠭᠦᠬᠦ ᠵᠠᠷᠴᠢᠮ ᠢ ᠪᠠᠷᠢᠮᠲᠠᠯᠠᠬᠤ ᠬᠡᠷᠡᠭᠲᠠᠢ ᠭᠡᠪᠡ ᠃  

 ᠬᠣᠲᠠ ᠶᠢᠨ ᠳᠤᠮᠳᠠ ᠵᠡᠷᠭᠡ  ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠬᠡᠷᠡᠭ ᠢ ᠰᠢᠭᠦᠨ ᠲᠠᠰᠤᠯᠬᠤ ᠲᠢᠩᠬᠢᠮ ᠪᠠᠰᠠ ᠵᠠᠰᠠᠭ ᠵᠠᠬᠢᠷᠭᠠᠨ ᠤ ᠲᠢᠩᠬᠢᠮ  ᠤᠨ ᠰᠢᠢᠳᠪᠥᠷᠢᠯᠡᠭᠰᠡᠨ ᠬᠡᠳᠦᠨ ᠬᠡᠷᠡᠭ ᠲᠤ ᠴᠢᠭᠯᠡᠭᠦᠯᠦᠨ  ᠵᠤᠬᠢᠴᠠᠭᠤᠯᠤᠯᠲᠠ ᠬᠢᠵᠦ ᠂ ᠲᠤᠬᠠᠶ ᠶᠢᠨ ᠬᠥᠮᠦᠨ ᠦ ᠭᠤᠶᠤᠴᠢᠯᠠᠯ ᠢ ᠰᠣᠨᠤᠰᠤᠭᠰᠠᠨ ᠤ ᠳᠠᠷᠠᠭ᠎ᠠ ᠂  ᠲᠤᠬᠠᠢ ᠶᠢᠨ ᠬᠥᠮᠦᠨ ᠢ ᠢᠳᠡᠪᠬᠢᠲᠡᠶ ᠬᠥᠲᠥᠯᠥᠨ  ᠵᠢᠯᠤᠭᠤᠳᠤᠨ ᠤᠬᠠᠭᠠᠯᠢᠭ ᠢᠶᠡᠷ ᠵᠥᠷᠢᠴᠡᠯ ᠵᠢᠭᠤᠷᠠᠯᠳᠤᠭᠠᠨ ᠢ ᠰᠢᠢᠳᠪᠥᠷᠢᠯᠡᠨ᠂ ᠨᠢᠭᠡ ᠲᠠᠯ᠎ᠠ ᠪᠠᠷ ᠬᠠᠤᠯᠢ ᠵᠦᠢ ᠶᠢᠨ  ᠬᠠᠷᠠᠭᠠᠰᠤ ᠠᠴᠠ ᠲᠤᠬᠠᠶ ᠶᠢᠨ ᠬᠥᠮᠦᠨ ᠳᠦ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠲᠠᠶᠢᠯᠪᠤᠷᠢᠯᠠᠵᠤ᠂ ᠨᠦᠭᠦᠭᠡ ᠲᠠᠯ᠎ᠠ ᠪᠠᠷ ᠶᠣᠰᠣ ᠵᠦᠶ ᠶᠢᠨ ᠡᠭᠦᠳᠡᠨ ᠡᠴᠡ ᠲᠤᠬᠠᠶ ᠶᠢᠨ ᠬᠥᠮᠦᠨ  ᠢ ᠬᠥᠲᠥᠯᠥᠨ  ᠵᠢᠯᠤᠭᠤᠳᠪᠠ ᠃ ᠬᠡᠷᠡᠭ  ᠨᠢ ᠤᠯᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠣᠣᠷ᠎ᠠ ᠂ ᠵᠤᠬᠢᠴᠠᠭᠤᠯᠤᠨ ᠰᠢᠶᠳᠪᠦᠷᠢᠯᠡᠬᠦ ᠲᠥᠰᠦᠯ ᠨᠢ ᠠᠩᠬ᠎ᠠ ᠠᠯᠬᠤᠮ ᠪᠥᠷᠢᠯᠳᠦᠵᠦ᠂ ᠵᠢᠭᠤᠷᠠᠯᠳᠤᠭᠠᠨ ᠢ ᠲᠤᠶᠢᠯᠪᠤᠷᠢᠲᠠᠶ  ᠰᠢᠢᠳᠪᠦᠷᠢᠯᠡᠬᠦ  ᠳᠤ  ᠮᠠᠰᠢ  ᠰᠠᠢᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )