----- ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠥᠪᠡᠷᠲᠡᠭᠡᠨ ᠵᠠᠰᠠᠬᠤ ᠣᠷᠤᠨ ᠤ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ᠂ ᠪᠦᠬᠦ ᠣᠷᠤᠨ ᠤ ᠳᠤᠮᠳᠠ ᠵᠡᠷᠭᠡ ᠶᠢᠨ ᠰᠢᠭᠦᠭᠦ ᠬᠣᠷᠢᠶᠠᠨ ᠤ ᠬᠣᠷᠢᠶᠠᠨ ᠳᠠᠷᠤᠭ᠎ᠠ ᠨᠠᠷ ᠤᠨ ᠬᠤᠷᠠᠯ᠂ ᠬᠣᠲᠠ ᠶᠢᠨ ᠨᠠᠮ ᠤᠨ ᠬᠣᠷᠢᠶᠠᠨ ᠤ ᠤᠯᠤᠰ ᠲᠥᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠪᠠ
2 ᠰᠠᠷ᠎ᠠ ᠶᠢᠨ 29 ᠦ ᠡᠳᠦᠷ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠂ ᠪᠥᠬᠥ ᠣᠷᠣᠨ ᠤ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠠᠷᠤᠭ᠎ᠠ ᠨᠠᠷ ᠤᠨ ᠬᠤᠷᠠᠯᠳᠤᠭᠠᠨ ᠪᠠ ᠬᠤᠳᠠ ᠶᠢᠨ ᠨᠠᠮ ᠤᠨ ᠬᠣᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠤᠯᠠᠮᠵᠢᠯᠠᠨ ᠨᠠᠢᠳᠠᠪᠤᠷᠢᠵᠢᠭᠤᠯᠪᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠬᠤ ᠪᠠᠭ ᠤᠨ ᠪᠦᠬᠦ ᠭᠡᠰᠢᠭᠦᠳ ᠂ ᠬᠣᠷᠢᠶᠠᠨ ᠳᠠᠷᠤᠭ᠎ᠠ ᠶᠢᠨ ᠲᠤᠰᠠᠯᠠᠭᠴᠢ ᠂ ᠡᠯ᠎ᠡ ᠬᠣᠰᠢᠭᠤ ᠲᠣᠭᠣᠷᠢᠭ ᠤᠨ ᠠᠷᠠᠳ ᠤᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠡᠯ᠎ᠡ ᠰᠠᠯᠠᠭ᠎ᠠ ᠮᠥᠴᠢᠷ ᠦᠨ ᠬᠠᠷᠢᠭᠤᠴᠠᠯᠭᠠᠲᠠᠨ ᠬᠤᠷᠠᠯ ᠤᠨ ᠭᠣᠣᠯ ᠲᠠᠯᠠᠪᠠᠢ ᠳᠤ ᠰᠠᠭᠤᠪᠠ᠃ ᠬᠤᠷᠠᠯᠳᠤᠭᠠᠨ ᠨᠢ ᠸᠢᠳᠢᠥ ᠬᠡᠯᠪᠡᠷᠢ ᠪᠡᠷ ᠬᠤᠷᠠᠯᠳᠤᠭᠤᠯᠵᠤ᠂ ᠡᠯ᠎ᠡ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠪᠦᠬᠦ ᠺᠠᠳ᠋ᠷ ᠴᠠᠭᠳᠠᠭ᠎ᠠ ᠨᠠᠷ ᠬᠤᠪᠢᠶᠠᠷᠢ ᠬᠤᠷᠠᠯ ᠤᠨ ᠲᠠᠯᠠᠪᠠᠢ ᠡᠴᠡ ᠬᠤᠷᠠᠯ ᠳᠤ ᠣᠷᠣᠯᠴᠠᠵᠠᠶ ᠃
ᠬᠤᠷᠠᠯ ᠳᠡᠭᠡᠷ᠎ᠡ ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠠᠶᠢᠩᠭᠤ ᠶᠢᠨ ᠳᠡᠳ᠋ ᠳᠠᠷᠤᠭ᠎ᠠ ᠼᠠᠩ ᠵᠢᠶᠠᠨ ᠫᠢᠩ ᠡᠴᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠂ ᠪᠥᠬᠥ ᠣᠷᠣᠨ ᠤ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠳᠠᠷᠤᠭ᠎ᠠ ᠨᠠᠷ ᠤᠨ ᠬᠤᠷᠠᠯᠳᠤᠭᠠᠨ ᠪᠠ ᠬᠤᠳᠠ ᠶᠢᠨ ᠨᠠᠮ ᠤᠨ ᠬᠣᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠳᠠᠮᠵᠢᠭᠤᠯᠵᠤ ᠂ ᠪᠦᠬᠦ ᠬᠣᠲᠠ ᠶᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶ᠎ᠠ ᠂ ᠬᠤᠳᠠ ᠶᠢᠨ ᠨᠠᠮ ᠤᠨ ᠬᠣᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠵᠤ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠡᠷ ᠬᠦᠨᠳᠦᠳᠬᠡᠨ ᠦᠵᠡᠬᠦ ᠶᠢᠨ ᠬᠠᠮᠲᠤ ᠦᠨᠡᠨ ᠬᠦ ᠰᠠᠶᠢᠲᠤᠷ ᠬᠢᠬᠦ ᠬᠡᠷᠡᠭᠲᠠᠢ ᠃ ᠪᠦᠬᠦ ᠬᠤᠳᠠ ᠶᠢᠨ ᠰᠢᠭᠦᠬᠦ ᠬᠣᠷᠢᠶ᠎ᠠ ᠪᠣᠳᠠᠲᠤ ᠪᠠᠶᠢᠳᠠᠯ ᠲᠠᠶ ᠪᠠᠨ ᠤᠶᠠᠯᠳᠤᠭᠤᠯᠤᠨ ᠂ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠪᠠᠶᠢᠳᠠᠯ ᠪᠠ ᠣᠷᠣᠰᠢᠵᠤ ᠪᠠᠶᠢᠭ᠎ᠠ ᠲᠤᠪᠤᠢᠢᠮ᠎ᠠ ᠠᠰᠠᠭᠤᠳᠠᠯ ᠢ ᠬᠢᠨᠠᠮᠠᠭᠠᠢ ᠵᠠᠳᠠᠯᠠᠵᠤ ᠂ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠦᠨᠡᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠪᠡᠷ ᠴᠢᠷᠮᠠᠢᠵᠤ ᠂ ᠠᠵᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠃
ᠬᠤᠷᠠᠯ ᠠᠴᠠ ᠪᠦᠬᠦ ᠬᠣᠲᠠ ᠶᠢᠨ ᠰᠢᠭᠦᠬᠦ ᠬᠣᠷᠢᠶ᠎ᠠ 《 ᠠᠷᠪᠠᠨ ᠲᠠᠯ᠎ᠠ 》 ᠡᠴᠡ ᠰᠠᠶᠢᠲᠤᠷ ᠠᠳᠬᠤᠵᠤ ᠂ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ 2016 ᠣᠨ ᠤ ᠠᠵᠢᠯ ᠢ ᠰᠢᠨ᠎ᠡ ᠨᠢᠭᠡ ᠳᠡᠭᠲᠡᠷ ᠲᠦ ᠭᠠᠷᠭᠠᠬᠤ ᠪᠡᠷ ᠴᠢᠷᠮᠠᠢᠬᠤ ᠬᠡᠷᠡᠭᠲᠡᠶ ᠭᠡᠵᠠᠢ᠃
ᠨᠢᠭᠡ ᠳᠦ ᠂ ᠬᠠᠷᠠᠯᠲᠠ ᠪᠠᠨ ᠲᠣᠳᠣᠷᠬᠠᠶ ᠪᠣᠯᠭᠠᠵᠤ ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠃ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠂ ᠣᠳᠣᠬᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠂ ᠰᠢᠭᠦᠬᠦ ᠬᠣᠷᠢᠶᠠᠨ ᠤ ᠠᠵᠢᠯ ᠤᠨ ᠪᠠᠶᠢᠳᠠᠯ ᠤᠨ ᠲᠤᠬᠠᠶ ᠵᠠᠳᠠᠯᠤᠯᠲᠠ ᠮᠠᠭᠠᠳᠯᠠᠯᠲᠠ ᠂ ᠠᠵᠢᠯ ᠤᠨ ᠰᠢᠨ᠎ᠡ ᠡᠭᠦᠷᠭᠡ ᠪᠠ ᠪᠠᠶᠢᠷᠢᠯᠠᠭᠤᠯᠤᠯᠲᠠ ᠳᠡᠭᠡᠷ᠎ᠡ ᠲᠠᠨᠢᠯᠲᠠ ᠪᠡᠨ ᠨᠢᠭᠡᠳᠬᠡᠵᠦ᠂ ᠬᠤᠷᠠᠯ ᠤᠨ ᠵᠣᠷᠢᠭ ᠰᠠᠨᠠᠭ᠎ᠠ ᠶᠢᠨ ᠬᠠᠷᠢᠭᠤ ᠮᠡᠳᠡᠭᠦᠯᠦᠯᠲᠡ ᠶᠢ ᠰᠠᠢᠲᠤᠷ ᠬᠢᠵᠦ ᠂ ᠢᠯᠠᠩᠭᠤᠶ᠎ᠠ ᠪᠦᠬᠦ ᠣᠷᠣᠨ ᠤ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠶᠢᠨ ᠬᠤᠷᠠᠯ ᠤᠨ ᠭᠣᠣᠯ ᠵᠣᠷᠢᠭ ᠰᠠᠨᠠᠭ᠎ᠠ ᠂ ᠲᠤᠰ ᠬᠣᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠭᠣᠣᠯ ᠰᠡᠳᠬᠢᠴᠡ ᠪᠠ ᠠᠵᠢᠯ ᠤᠨ ᠲᠤᠬᠢᠷᠠᠭᠤᠯᠤᠯᠳᠠ ᠶᠢᠨ ᠪᠠᠢᠳᠠᠯ ᠢ ᠬᠠᠷᠢᠭᠤ ᠮᠡᠳᠡᠭᠦᠯᠵᠦ᠂ ᠴᠠᠭ ᠲᠤᠬᠠᠶ ᠳᠤᠨᠢ ᠨᠠᠮ ᠤᠨ ᠬᠣᠷᠢᠶ᠎ᠠ ᠪᠣᠯᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠠᠴᠠ ᠰᠢᠭᠦᠬᠦ ᠬᠣᠷᠢᠶᠠᠨ ᠤ ᠠᠵᠢᠯ ᠳᠤ ᠬᠠᠨᠳᠤᠭᠤᠯᠤᠭᠰᠠᠨ ᠤᠳᠤᠷᠢᠳᠤᠯᠭ᠎ᠠ ᠬᠢᠭᠡᠳ ᠳᠡᠮᠵᠢᠯᠭᠡ ᠶᠢ ᠤᠯᠬᠤ ᠬᠡᠷᠡᠭᠲᠡᠶ ᠃ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠡᠯ᠎ᠡ ᠵᠦᠢᠯ ᠦᠨ ᠠᠵᠢᠯ ᠢᠶᠠᠨ ᠰᠢᠨ᠎ᠡ ᠨᠢᠭᠡᠨ ᠳᠡᠭᠲᠡᠷ ᠲᠦ ᠭᠠᠷᠭᠠᠬᠤ ᠬᠡᠷᠡᠭᠲᠠᠢ ᠃
ᠬᠣᠶᠠᠷ ᠲᠤ ᠂ ᠲᠤᠷᠰᠢᠯᠭ᠎ᠠ ᠪᠠᠨ ᠳ᠋ᠦᠩᠨᠡᠨ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠲᠠᠶ ᠪᠠᠶᠢᠬᠤ ᠬᠡᠷᠡᠭᠲᠡᠶ ᠃ ᠣᠳᠣᠬᠠᠨ ᠤ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠪᠦᠬᠦ ᠲᠠᠯ᠎ᠠ ᠪᠠᠷ ᠳ᠋ᠦᠩᠨᠡᠵᠦ ᠂ ᠪᠠᠶᠢᠳᠠᠯ ᠢ ᠲᠣᠳᠣᠷᠬᠠᠶ ᠲᠠᠨᠢᠵᠤ ᠂ ᠣᠳᠣᠬᠠᠨ ᠤ ᠪᠠ ᠬᠣᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢᠶᠡᠨ ᠬᠢᠨᠠᠮᠠᠭᠠᠶ ᠰᠡᠳᠤᠨ ᠲᠥᠰᠦᠪᠯᠡᠵᠦ ᠂ ᠰᠢᠭᠦᠬᠦ ᠬᠣᠷᠢᠶᠠᠨ ᠤ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠰᠢᠬᠦ ᠬᠡᠷᠡᠭᠲᠡᠶ ᠃ ᠪᠦᠬᠦ ᠬᠣᠲᠠ ᠶᠢᠨ ᠰᠢᠭᠦᠬᠦ ᠬᠣᠷᠢᠶᠠᠨ ᠤ ᠰᠢᠭᠦᠭᠴᠢ ᠪᠠ ᠪᠤᠰᠤᠳ ᠠᠵᠢᠯᠲᠠᠳ ᠴᠥᠮ ᠥᠪᠡᠷ ᠦᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠦᠴᠢᠷᠳᠡᠯ ᠳᠤᠮᠳᠠ ᠢᠳᠡᠪᠬᠢᠲᠡᠶ ᠴᠢᠷᠮᠠᠶᠢᠨ ᠠᠵᠢᠯᠯᠠᠵᠤ ᠨᠡᠩ ᠶᠡᠬᠡ ᠰᠢᠨ᠎ᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ ᠃
ᠭᠤᠷᠪᠠ ᠳᠤ᠂ ᠠᠩᠬᠠᠷᠤᠯ ᠢᠶᠠᠨ ᠲᠥᠪᠯᠡᠷᠡᠭᠦᠯᠦᠨ ᠂ ᠰᠢᠭᠦᠨ ᠲᠠᠰᠤᠯᠠᠵᠤ ᠭᠦᠢᠴᠡᠳᠬᠡᠬᠦ ᠠᠵᠢᠯ ᠢ ᠴᠢᠩᠭ᠎ᠠ ᠠᠳᠬᠤᠨ ᠂ ᠰᠢᠭᠦᠨ ᠲᠠᠰᠤᠯᠬᠤ ᠭᠦᠢᠴᠡᠳᠬᠡᠬᠦ ᠠᠵᠢᠯ ᠢ ᠲᠡᠷᠢᠭᠦᠨ ᠴᠢᠬᠤᠯᠠ ᠡᠭᠦᠷᠭᠡ ᠪᠣᠯᠭᠠᠨ ᠴᠢᠩᠭ᠋ᠠᠳᠬᠠᠵᠤ ᠂ ᠡᠯ᠎ᠡ ᠵᠦᠢᠯ ᠦᠨ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠵᠤ ᠂ ᠨᠡᠶᠢᠭᠡᠮ ᠦᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ ᠃
ᠲᠦᠷᠪᠡ ᠳᠦ ᠂ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ ᠂ ᠬᠠᠤᠯᠢ ᠪᠠᠷᠢᠬᠤ ᠥᠭᠡᠷᠡᠴᠢᠯᠡᠯᠲᠡ ᠶᠢᠨ ᠠᠵᠢᠯ ᠤᠳ ᠢ ᠢᠳᠡᠪᠬᠢᠲᠡᠶ ᠲᠦᠯᠬᠢᠨ ᠠᠬᠢᠭᠤᠯᠤᠨ᠎ᠠ ᠃ ᠲᠤᠷᠰᠢᠯᠲᠠ ᠶᠢᠨ ᠰᠢᠭᠦᠬᠦ ᠬᠣᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠱᠠᠭᠠᠷᠳᠠᠯᠭ᠎ᠠ ᠶᠣᠰᠣᠭᠠᠷ ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠵᠤ ᠂ ᠪᠦᠭᠦ ᠬᠤᠲᠠ ᠶᠢᠨ ᠰᠢᠭᠦᠬᠦ ᠬᠤᠷᠢᠶ᠎ᠠ ᠳᠤ ᠳᠠᠭᠤᠷᠢᠶᠠᠯ ᠪᠣᠯᠵᠤ ᠪᠣᠯᠬᠤ᠂ ᠳᠡᠯᠭᠡᠷᠡᠭᠦᠯᠵᠦ ᠪᠣᠯᠬᠤ ᠥᠭᠡᠷᠡᠴᠢᠯᠡᠯᠲᠡ ᠶᠢᠨ ᠲᠤᠷᠰᠢᠯᠭ᠎ᠠ ᠶᠢ ᠬᠤᠷᠠᠮᠳᠤᠭᠤᠯᠬᠤ ᠬᠡᠷᠡᠭᠲᠠᠢ᠃ ᠪᠤᠰᠤᠳ ᠰᠢᠭᠦᠬᠦ ᠬᠣᠷᠢᠶ᠎ᠠ ᠪᠠᠰᠠ 《 ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠂ ᠤᠷᠢᠳᠠᠪᠠᠷ ᠲᠤᠷᠰᠢᠯᠲᠠ ᠬᠢᠬᠦ 》 ᠵᠠᠷᠴᠢᠮ ᠶᠣᠰᠣᠭᠠᠷ ᠂ ᠰᠢᠭᠦᠨ ᠲᠠᠰᠤᠯᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠠᠵᠢᠯ ᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠶ ᠃
ᠲᠠᠪᠤ ᠳᠤ᠂ ᠬᠠᠮᠢᠶᠠᠷᠤᠯᠲᠠ ᠪᠠᠨ ᠴᠢᠩᠭᠠᠳᠬᠠᠵᠤ ᠂ ᠰᠢᠭᠦᠬᠦ ᠪᠠ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠦᠨ᠎ᠡ ᠃《 ᠭᠤᠷᠪᠠᠨ ᠠᠵᠢᠯ ᠢ ᠴᠢᠩᠭᠠᠳᠬᠠᠬᠤ 》 ᠶᠢ ᠭᠦᠨᠵᠡᠭᠡᠢᠷᠡᠭᠦᠯᠬᠦ ᠱᠠᠭᠠᠷᠳᠠᠯᠭ᠎ᠠ ᠶᠣᠰᠣᠭᠠᠷ ᠂ ᠰᠢᠭᠦᠨ ᠲᠠᠰᠤᠯᠤᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠂ 《 ᠨᠠᠷᠢᠯᠢᠬᠵᠢᠭᠤᠯᠤᠭᠰᠠᠨ ᠬᠠᠮᠢᠶᠠᠷᠤᠯᠲᠠ 》 ᠵᠡᠷᠭᠡ ᠡᠯ᠎ᠡ ᠵᠦᠢᠯ ᠦᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠨᠢᠳᠤᠨᠤᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠵᠢᠯᠯᠠᠭᠠᠨ ᠤ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠳ᠋ᠦᠩᠨᠡᠨ ᠂ ᠨᠡᠩ ᠰᠢᠨᠵᠢᠯᠡᠬᠦ ᠤᠬᠠᠭᠠᠨᠴᠢ ᠂ ᠵᠦᠢ ᠵᠣᠬᠢᠰᠲᠠᠶ ᠬᠢᠨᠠᠨ ᠰᠢᠯᠭᠠᠬᠤ ᠪᠠᠷᠢᠮᠵᠢᠶ᠎ᠠ ᠳᠤᠭᠲᠠᠭᠠᠨ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ᠂ ᠳᠠᠷᠤᠭᠳᠠᠮᠠᠯ ᠬᠡᠷᠡᠭ ᠢ ᠢᠯᠭᠠᠷᠠᠭᠤᠯᠤᠨ ᠲᠢᠭᠯᠡᠬᠦ ᠠᠵᠢᠯ ᠢ ᠴᠢᠩᠭᠠᠳᠬᠠᠵᠤ ᠂ ᠢᠳᠡᠪᠬᠢᠲᠡᠶ ᠪᠡᠷ ᠠᠷᠭ᠎ᠠ ᠰᠦᠪᠡᠭᠴᠢᠯᠡᠵᠦ ᠂ ᠰᠢᠭᠦᠵᠦ ᠳᠠᠭᠤᠰᠤᠭᠠᠳᠤᠶ ᠬᠡᠷᠡᠭ ᠦᠨ ᠰᠠᠭᠤᠷᠢ ᠲᠣᠭ᠎ᠠ ᠶᠢ ᠲᠣᠳᠣᠷᠬᠠᠶ ᠣᠶᠢᠯᠠᠭᠠᠵᠤ ᠂ ᠨᠢᠭᠡᠳᠦᠯᠲᠡᠶ ᠲᠥᠯᠥᠪᠯᠡᠨ ᠂ ᠰᠢᠭᠦᠨ ᠲᠠᠰᠤᠯᠬᠤ ᠡᠬᠢ ᠪᠠᠶᠠᠯᠢᠭ ᠢ ᠳᠤᠬᠢᠷᠠᠮᠵᠢᠲᠠᠢ ᠳᠤᠬᠢᠷᠠᠭᠤᠯᠤᠨ᠂ ᠠᠰᠠᠭᠤᠳᠠᠯ ᠢ ᠬᠦᠴᠦᠯᠡᠨ ᠰᠢᠶᠳᠪᠦᠷᠢᠯᠡᠵᠦ ᠂ ᠰᠢᠭᠦᠵᠦ ᠳᠠᠭᠤᠰᠤᠭᠠᠳᠤᠶ ᠳᠠᠷᠤᠭᠳᠠᠮᠠᠯ ᠬᠡᠷᠡᠭ ᠢ ᠰᠢᠭᠦᠬᠦ ᠪᠠ ᠭᠦᠢᠴᠡᠳᠬᠡᠬᠦ ᠠᠵᠢᠯ ᠢ ᠲᠣᠭᠲᠠᠭᠤᠨ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠠᠢ᠃ 《ᠭᠤᠷᠪᠠᠨ ᠶᠡᠬᠡ ᠲᠠᠪᠴᠠᠩ 》 ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ ᠂ ᠬᠠᠤᠯᠢ ᠪᠠᠷᠢᠬᠤ ᠶᠢ ᠢᠯᠠ ᠪᠣᠯᠭᠠᠬᠤ ᠡᠷᠴᠢᠮ ᠢ ᠴᠢᠩᠭᠠᠷᠠᠭᠤᠯᠵᠤ ᠂ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠶᠢ ᠢᠨᠲ᠋ᠸᠷ ᠰᠦᠯᠵᠢᠶᠡᠨ ᠳᠦ ᠭᠠᠷᠭᠠᠬᠤ ᠠᠵᠢᠯ ᠰᠢᠨ᠎ᠡ ᠠᠮᠵᠢᠯᠲᠠ ᠤᠯᠬᠤ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠠᠢ᠃ ᠬᠡᠷᠡᠭ ᠦᠨ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠠᠵᠢᠯ ᠢ ᠴᠢᠩᠭᠠᠳᠬᠠᠵᠤ ᠂ ᠮᠡᠳᠡᠭᠡ ᠵᠠᠩᠭᠢ ᠶᠢ ᠰᠢᠩᠭᠡᠭᠡᠨ ᠣᠷᠣᠭᠤᠯᠬᠤ ᠳᠤ ᠵᠥᠪ ᠣᠨᠣᠪᠴᠢᠲᠠᠶ ᠂ ᠴᠠᠭ ᠲᠤᠬᠠᠶ ᠳᠤᠨᠢ ᠂ ᠪᠤᠷᠤᠭᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ ᠃
ᠵᠢᠷᠭᠤᠭ᠎ᠠ ᠳᠤ ᠂ ᠬᠠᠮᠢᠶᠠᠷᠤᠯᠲᠠ ᠪᠡᠨ ᠴᠢᠩᠭ᠋ᠠᠳᠬᠠᠵᠤ᠂ ᠰᠢᠭᠦᠬᠦ ᠬᠣᠷᠢᠶᠠᠨ ᠤ ᠡᠩᠨᠡᠭᠡᠨ ᠦ ᠪᠠᠶᠢᠭᠤᠯᠤᠯᠲᠠ ᠶᠢ ᠴᠢᠩᠭ᠋ᠠᠳᠬᠠᠨ᠎ᠠ ᠃ ᠺᠠᠳ᠋ᠷ ᠴᠠᠭᠳᠠᠭ᠎ᠠ ᠨᠠᠷ ᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠬᠠᠤᠯᠢ ᠪᠠᠷᠢᠬᠤ ᠮᠡᠷᠭᠡᠵᠢᠯ ᠤᠨ ᠴᠢᠳᠠᠪᠤᠷᠢ ᠶᠢᠨ ᠬᠥᠮᠦᠵᠢᠯ ᠢ ᠨᠡᠮᠡᠭᠳᠡᠭᠦᠯᠵᠦ ᠂ ᠰᠢᠨ᠎ᠡ ᠪᠡᠷ ᠡᠯᠰᠡᠵᠦ ᠬᠡᠷᠡᠭᠯᠡᠭᠰᠡᠨ ᠠᠵᠢᠯᠲᠠᠳ ᠢ ᠰᠤᠷᠭᠠᠨ ᠬᠥᠮᠦᠵᠢᠭᠦᠯᠬᠦ᠂ ᠪᠣᠯᠪᠠᠰᠤᠷᠠᠭᠤᠯᠬᠤ ᠡᠷᠴᠢᠮ ᠢ ᠨᠡᠮᠡᠭᠳᠡᠭᠦᠯᠵᠦ ᠂ ᠲᠡᠭᠦᠨ ᠤ ᠠᠵᠢᠯ ᠤᠨ ᠱᠠᠭᠠᠷᠳᠠᠯᠭ᠎ᠠ ᠳᠤ ᠪᠡᠨ ᠲᠦᠷᠭᠡᠬᠡᠨ ᠵᠣᠬᠢᠴᠠᠬᠤ ᠳᠤ ᠬᠠᠪᠰᠤᠷᠴᠤ ᠂ ᠲᠤᠬᠠᠶᠢᠯᠠᠭᠰᠠᠨ ᠠᠵᠢᠯ ᠤᠨ ᠴᠢᠳᠠᠪᠤᠷᠢ ᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠲᠤᠬᠠᠶᠢᠯᠠᠭᠰᠠᠨ ᠠᠵᠢᠯ ᠢᠶᠠᠨ ᠦᠨᠡᠨ ᠬᠦ ᠰᠠᠶᠢᠲᠤᠷ ᠪᠡᠶᠡᠯᠡᠭᠦᠯᠬᠦ ᠶᠢ ᠳᠡᠮᠵᠢᠬᠦ ᠬᠡᠷᠡᠭᠲᠠᠢ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ ᠂ ᠲᠥᠪ ᠭᠣᠣᠯᠴᠢ ᠠᠷᠢᠭᠤᠨ ᠴᠢᠬᠡᠴᠢ ᠪᠡᠷ ᠬᠠᠤᠯᠢ ᠪᠠᠷᠢᠬᠤ ᠶᠢ ᠦᠨᠡᠨ ᠬᠦ ᠪᠠᠲᠤᠯᠠᠨ᠎ᠠ᠃ ᠺᠠᠳ᠋ᠷ ᠴᠠᠭᠳᠠᠭ᠎ᠠ ᠨᠠᠷ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠂ ᠭᠤᠲᠤᠭᠠᠨ ᠲᠤᠷᠤᠮᠵᠢᠯᠠᠵᠦ ᠬᠠᠤᠯᠢ ᠶᠢᠨ ᠲᠤᠰᠢᠶᠠᠯᠲᠠᠨ ᠢ ᠭᠦᠳᠬᠡᠨ ᠭᠦᠵᠢᠷᠯᠡᠭᠰᠡᠨ ᠂ ᠰᠦᠷᠳᠡᠭᠦᠯᠵᠦ ᠭᠡᠮᠲᠦᠭᠡᠭᠰᠡᠨ ᠂ ᠰᠢᠭᠦᠬᠦ ᠬᠣᠷᠢᠶᠠᠨ ᠤ ᠺᠠᠳ᠋ᠷ ᠴᠠᠭᠳᠠᠭ᠎ᠠ ᠨᠠᠷ ᠲᠤ ᠴᠣᠬᠢᠯᠲᠠ ᠥᠭᠴᠦ ᠬᠠᠷᠢᠭᠤ ᠠᠪᠬᠤ ᠪᠠ ᠰᠢᠭᠦᠬᠦ ᠲᠢᠩᠬᠢᠮ ᠦᠨ ᠡᠮᠬᠢ ᠵᠢᠷᠤᠮ ᠢ ᠰᠠᠮᠠᠭᠤᠷᠠᠭᠤᠯᠤᠭᠰᠠᠨ ᠂ ᠰᠢᠭᠦᠬᠦ ᠬᠣᠷᠢᠶ᠎ᠠ ᠶᠢ ᠳᠠᠭᠠᠷᠢᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠬᠡᠷᠡᠭᠲᠠᠢ᠃ ᠡᠭᠦᠨ ᠦ ᠬᠠᠮᠲᠤ ᠂ ᠺᠠᠳ᠋ᠷ ᠴᠠᠭᠳᠠᠭ᠎ᠠ ᠨᠠᠷ ᠢ ᠬᠠᠪᠰᠤᠷᠤᠨ ᠠᠵᠢᠯ ᠪᠠ ᠠᠮᠢᠳᠤᠷᠠᠯ ᠤᠨ ᠳᠤᠮᠳᠠ ᠲᠣᠬᠢᠶᠠᠯᠳᠤᠭᠰᠠᠨ ᠪᠣᠳᠠᠲᠠᠶ ᠬᠦᠴᠢᠷᠳᠡᠯ ᠢ ᠨᠢ ᠰᠢᠢᠳᠪᠥᠷᠢᠯᠡᠨ ᠥᠭᠴᠦ᠂ ᠬᠣᠢᠰᠢᠳᠠ ᠶᠢᠨ ᠵᠣᠪᠠᠯᠠᠩ ᠢ ᠨᠢ ᠠᠷᠢᠯᠭᠠᠵᠤ ᠥᠭᠭᠦᠨ᠎ᠡ᠃
ᠲᠤᠯᠤᠭ᠎ᠠ ᠳᠤ᠂ ᠠᠷᠭ᠎ᠠ ᠬᠡᠮᠵᠢᠶ᠎ᠡ ᠪᠡᠨ ᠴᠢᠩᠭᠠᠷᠠᠭᠤᠯᠤᠨ ᠂ ᠠᠷᠠᠳ ᠤᠨ ᠲᠥᠯᠥᠭᠡ ᠬᠠᠤᠯᠢ ᠪᠠᠷᠢᠬᠤ ᠱᠠᠭᠠᠷᠳᠠᠯᠭ᠎ᠠ ᠶᠢ ᠨᠠᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠂ ᠤᠳᠤᠷᠢᠳᠬᠤ ᠺᠠᠳ᠋ᠷᠴᠤᠳ ᠬᠡᠷᠡᠭ ᠢ ᠳᠠᠭᠠᠭᠠᠨ ᠠᠪᠴᠤ ᠂ ᠡᠴᠦᠰ ᠲᠤ ᠨᠢ ᠲᠤᠯᠳᠠᠯ᠎ᠠ ᠳᠠᠭᠠᠴᠢᠯᠠᠨ᠂ ᠵᠥᠷᠢᠴᠡᠯ ᠢ ᠲᠤᠶᠢᠯᠪᠤᠷᠢᠲᠠᠶ ᠠᠷᠢᠯᠭᠠᠬᠤ ᠬᠡᠷᠡᠭᠲᠡᠶ ᠃ ᠨᠢᠳᠤᠨᠤᠨ ᠤ ᠳᠠᠷᠤᠭᠳᠠᠮᠠᠯ ᠬᠡᠷᠡᠭ ᠢ ᠰᠢᠢᠳᠪᠥᠷᠢᠯᠡᠭᠰᠡᠨ ᠰᠠᠭᠤᠷᠢᠨ ᠳᠡᠭᠡᠷ᠎ᠡ ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠶᠳᠪᠦᠷᠢᠯᠡᠬᠦ ᠡᠷᠴᠢᠮ ᠢᠶᠡᠨ ᠨᠡᠮᠡᠭᠳᠡᠭᠦᠯᠬᠦ ᠬᠡᠷᠡᠭᠲᠡᠶ ᠃ ᠬᠢᠩᠭᠠᠨ ᠠᠶᠢᠮᠠᠭ ᠤᠨ 《 ᠬᠠᠤᠯᠢ ᠶᠢᠨ ᠲᠤᠰᠢᠶᠠᠯᠲᠠᠨ ᠨᠡᠢᠭᠡᠮ ᠲᠣᠭᠤᠷᠢᠭ ᠲᠤ ᠬᠦᠷᠴᠦ᠂ ᠵᠠᠷᠭᠤ ᠵᠠᠭᠠᠯᠳᠤᠭᠠᠨ ᠳᠤ ᠳᠥᠭᠦᠮ ᠦᠵᠡᠭᠦᠯᠬᠦ》 ᠵᠢᠴᠢ 《 ᠠᠷᠪᠠ ᠶᠢ ᠪᠥᠷᠬᠦᠭᠦᠯᠵᠦ ᠂ ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠬᠦᠷᠭᠡᠬᠦ》 ᠪᠠ ᠤᠯᠠᠭᠠᠤᠴᠠᠪ ᠬᠣᠲᠠ ᠶᠢᠨ《 ᠵᠠᠷᠭᠤ ᠶᠢᠨ ᠦᠢᠯᠡᠴᠢᠯᠡᠭᠡᠨ ᠦ ᠨᠢᠭᠡ ᠳᠠᠷᠤᠭᠤᠯ ᠢᠶᠠᠷ ᠨᠡᠪᠲᠡᠷᠡᠬᠦ 》ᠲᠤᠷᠰᠢᠯᠭ᠎ᠠ ᠪᠡᠷ ᠰᠠᠭᠤᠷᠢ ᠪᠣᠯᠭᠠᠨ ᠂ ᠬᠠᠤᠯᠢ ᠶᠢᠨ ᠲᠤᠰᠢᠶᠠᠯᠲᠠᠨ ᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠥᠨᠳᠥᠷ ᠵᠡᠷᠭᠡ ᠶᠢᠨ ᠰᠢᠭᠦᠬᠦ ᠬᠣᠷᠢᠶ᠎ᠠ ᠱᠠᠭᠠᠷᠳᠠᠯᠭ᠎ᠠ ᠶᠣᠰᠣᠭᠠᠷ ᠴᠢᠩᠭ᠎ᠠ ᠱᠠᠭᠠᠷᠲᠠᠵᠤ᠂ ᠴᠢᠩᠭ᠎ᠠ ᠬᠦᠴᠦᠨ ᠲᠣᠬᠢᠷᠠᠭᠤᠯᠤᠨ ᠂ ᠰᠠᠢᠨ ᠪᠡᠯᠡᠳᠬᠡᠮᠵᠢ ᠬᠠᠩᠭᠠᠵᠤ ᠂ ᠵᠠᠷᠭᠤ ᠶᠢᠨ ᠦᠢᠯᠡᠴᠢᠯᠡᠭᠡᠨ ᠦ ᠲᠥᠪ ᠦᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ ᠃
ᠨᠠᠶᠮᠠ ᠳᠤ ᠪᠦᠬᠦ ᠬᠦᠴᠦᠨ ᠢᠶᠡᠷ ᠢᠶᠡᠨ ᠪᠡᠷᠬᠡ ᠰᠡᠳᠦᠪ ᠢ ᠰᠢᠶᠳᠪᠦᠷᠢᠯᠡᠵᠦ ᠂ 《 ᠭᠦᠢᠴᠡᠳᠬᠡᠬᠦ ᠵᠢᠯ 》 ᠤᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠬᠡᠷᠡᠭᠲᠡᠶ ᠃ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠱᠠᠭᠠᠷᠳᠠᠯᠭ᠎ᠠ ᠶᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠬᠠᠷᠠᠯᠲᠠ ᠡᠭᠦᠷᠭᠡ ᠪᠡᠨ ᠲᠣᠳᠣᠷᠬᠠᠶᠢᠯᠠᠵᠤ ᠂《 ᠭᠦᠢᠴᠡᠳᠬᠡᠬᠦ ᠵᠢᠯ 》 ᠤᠨ ᠠᠵᠢᠯᠠᠯᠭ᠎ᠠ ᠶᠢ ᠬᠢᠨᠠᠮᠠᠭᠠᠶ ᠦᠷᠨᠢᠭᠦᠯᠦᠨ᠎ᠠ ᠃ ᠴᠢᠩᠭ᠎ᠠ ᠬᠦᠴᠦᠲᠡᠶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ ᠂ ᠰᠢᠯᠢᠳᠡᠭ ᠰᠠᠢᠨ ᠬᠦᠴᠦ ᠶᠢ ᠰᠢᠯᠵᠢᠭᠦᠯᠦᠨ ᠲᠣᠮᠢᠯᠠᠵᠤ ᠲᠠᠷᠤᠭᠳᠠᠮᠠᠯ ᠬᠡᠷᠡᠭ ᠢ ᠰᠢᠢᠳᠪᠦᠷᠢᠯᠡᠬᠦ ᠡᠭᠦᠷᠭᠡ ᠪᠡᠨ ᠪᠡᠶᠡᠯᠡᠭᠦᠯᠬᠦ ᠬᠡᠷᠡᠭᠲᠡᠶ᠃ ᠠᠵᠢᠯ ᠤᠨ ᠡᠷᠴᠢᠮ ᠢᠶᠡᠨ ᠦᠨᠡᠨ ᠬᠦ ᠴᠢᠩᠭᠠᠳᠬᠠᠵᠤ ᠂ ᠭᠦᠢᠴᠡᠳᠬᠡᠬᠦ ᠶᠢ ᠵᠢᠯᠣᠭᠣᠳᠬᠤ ᠲᠥᠪ ᠢ ᠰᠠᠶᠢᠲᠤᠷ ᠪᠦᠳᠦᠭᠡᠨ ᠪᠠᠶᠢᠭᠤᠯᠵᠤ ᠂ ᠰᠦᠯᠵᠢᠶ᠎ᠡ ᠪᠡᠷ ᠪᠠᠶᠢᠴᠠᠭᠠᠨ ᠡᠵᠡᠮᠳᠡᠬᠦ ᠠᠵᠢᠯ ᠢ ᠴᠢᠩᠭᠠᠳᠬᠠᠵᠤ ᠂ ᠭᠦᠢᠴᠡᠳᠬᠡᠬᠦ ᠶᠢ ᠲᠡᠪᠴᠢᠭᠰᠠᠨ ᠭᠦᠢᠴᠡᠳᠬᠡᠭᠴᠢ ᠶᠢ ᠵᠠᠯᠬᠠᠭᠠᠨ ᠴᠡᠭᠡᠷᠯᠡᠭᠦᠯᠬᠦ ᠡᠷᠴᠢᠮ ᠢ ᠴᠢᠩᠭᠠᠷᠠᠭᠤᠯᠤᠨ ᠂ ᠬᠦᠴᠦᠨ ᠲᠡᠶ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠬᠦᠨᠳᠦ ᠪᠥᠭᠡᠳ ᠲᠦᠷᠭᠡᠨ ᠴᠣᠬᠢᠯᠲᠠ ᠥᠭᠴᠦ ᠂ ᠴᠢᠩᠭ᠎ᠠ ᠬᠦᠴᠦᠲᠡᠶ ᠰᠡᠷᠡᠮᠵᠢᠯᠡᠵᠬᠦᠯᠦᠯ ᠢ ᠪᠤᠶ ᠪᠣᠯᠭᠠᠬᠤ ᠬᠡᠷᠡᠭᠲᠡᠶ ᠃
ᠶᠢᠰᠦ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ 《 ᠭᠤᠷᠪᠠᠨ ᠠᠯᠬᠤᠮ ᠢᠶᠠᠷ ᠶᠠᠪᠤᠬᠤ 》 ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠣᠰᠣᠭᠠᠷ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ ᠂ ᠬᠤᠭᠤᠴᠠᠭ᠎ᠠ ᠶᠣᠰᠣᠭᠠᠷ ᠡᠭᠦᠷᠭᠡ ᠪᠡᠨ ᠪᠡᠶᠡᠯᠡᠭᠦᠯᠦᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠡᠷᠡᠭᠯᠡᠯᠲᠡ ᠂ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢᠨ ᠬᠡᠷᠡᠭᠯᠡᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠶ ᠪᠣᠯᠭᠠᠵᠤ᠂ ᠮᠡᠳᠡᠭᠡ ᠵᠠᠩᠭᠢᠵᠢᠭᠤᠯᠬᠤ ᠪᠥᠳᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠨᠢ ᠰᠢᠭᠦᠨ ᠲᠠᠰᠤᠯᠬᠤ ᠪᠠ ᠭᠦᠢᠴᠡᠳᠬᠡᠬᠦ ᠡᠯ᠎ᠡ ᠵᠦᠢᠯ ᠦᠨ ᠠᠵᠢᠯ ᠤᠨ ᠬᠥᠭᠵᠢᠯᠲᠡ ᠶᠢ ᠠᠬᠢᠭᠤᠯᠬᠤ ᠦᠢᠯᠡᠳᠦᠯ ᠲᠠᠢ ᠪᠣᠯᠭᠠᠨ᠎ᠠ᠃
ᠠᠷᠪᠠ᠂ ᠪᠠᠲᠤᠯᠠᠬᠤ ᠠᠵᠢᠯ ᠢ ᠰᠠᠶᠢᠲᠤᠷ ᠠᠳᠬᠤᠵᠤ ᠂ ᠡᠯ᠎ᠡ ᠵᠦᠢᠯ ᠦᠨ ᠤᠯᠤᠰ ᠲᠦᠷᠦ ᠶᠢᠨ ᠬᠡᠷᠡᠭ ᠶᠠᠪᠤᠳᠠᠯ ᠂ ᠴᠠᠭᠳᠠᠭᠠᠨ ᠤ ᠶᠠᠪᠤᠳᠠᠯ ᠤᠨ ᠠᠵᠢᠯ ᠢ ᠰᠠᠢᠲᠤᠷ ᠬᠢᠨ᠎ᠡ ᠃ 《 ᠬᠣᠶᠠᠷ ᠲᠢᠩᠬᠢᠮ 》 ᠢ ᠪᠠᠶᠢᠭᠤᠯᠬᠤ ᠠᠵᠢᠯ ᠰᠠᠢᠲᠤᠷ ᠬᠢᠵᠦ᠂ ᠡᠳ᠋ ᠪᠣᠳᠠᠰ ᠲᠤᠨᠤᠭ ᠲᠥᠬᠥᠭᠡᠷᠦᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠦ ᠂ ᠰᠠᠢᠢᠨ ᠰᠠᠶᠢᠬᠠᠨ ᠶᠠᠷᠢᠶ᠎ᠠ ᠬᠡᠯᠡᠯᠴᠡᠭᠡᠨ ᠦ ᠣᠷᠴᠢᠨ ᠨᠥᠬᠥᠴᠡᠯ ᠢ ᠪᠤᠢ ᠪᠣᠯᠭᠠᠬᠤ ᠬᠡᠷᠡᠭᠲᠡᠶ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠱᠠᠭᠠᠷᠳᠠᠯᠭ᠎ᠠ ᠶᠣᠰᠣᠭᠠᠷ ᠂ ᠬᠦᠨᠳᠦ ᠶᠡᠬᠡ ᠬᠡᠷᠡᠭ ᠂ ᠬᠦᠨᠳᠦ ᠶᠡᠬᠡ ᠭᠡᠨᠡᠳᠲᠡ ᠶᠢᠨ ᠬᠡᠷᠡᠭ ᠦᠨ ᠮᠡᠳᠡᠭᠡ ᠵᠠᠩᠭᠢ ᠶᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠣᠳᠬᠤ ᠠᠵᠢᠯ ᠢ ᠰᠠᠢᠲᠤᠷ ᠬᠢᠵᠦ ᠂ ᠠᠷᠭᠠᠴᠠᠭᠠᠯᠲᠠ ᠨᠢ ᠡᠮᠬᠢ ᠵᠢᠷᠤᠮ ᠲᠠᠢ᠂ ᠦᠷ᠎ᠡ ᠠᠰᠢᠭ ᠲᠠᠢ ᠪᠠᠢᠬᠤ ᠶᠢ ᠪᠠᠲᠤᠯᠠᠨ᠎ᠠ᠃ ᠬᠠᠤᠯᠢ ᠴᠠᠭᠠᠵᠠ ᠶᠢᠨ ᠴᠠᠭᠳᠠᠭ᠎ᠠ ᠶᠢᠨ ᠡᠩᠨᠡᠭᠡᠨ ᠦ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠵᠦ ᠂ ᠴᠠᠭᠳᠠᠭᠠᠨ ᠤ ᠵᠡᠪᠰᠡᠭ ᠲᠣᠨᠣᠭᠯᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠰᠢᠭᠦᠬᠦ ᠬᠣᠷᠢᠶᠠᠨ ᠤ ᠪᠠᠶᠢᠭᠤᠯᠤᠯᠭ᠎ᠠ ᠪᠠ ᠠᠷᠠᠳ ᠤᠨ ᠰᠢᠭᠦᠬᠦ ᠲᠢᠩᠬᠢᠮ ᠦᠨ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠃
ᠦᠨᠡᠯᠡᠬᠦ 0ᠦᠨᠡᠯᠡᠯᠲᠡ᠎ᠲᠠᠢ