ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ 2016 ᠣᠨ ᠤ ᠰᠠᠯᠠᠭ᠎ᠠ ᠮᠥᠴᠢᠷ ᠦᠨ ᠲᠥᠰᠦᠪ ᠬᠢᠭᠡᠳ 《 ᠭᠤᠷᠪᠠᠨ ᠵᠦᠢᠯ ᠦᠨ ᠠᠯᠪᠠᠨ ᠤ ᠵᠠᠷᠤᠳᠠᠯ 》 ᠤᠨ ᠲᠥᠰᠦᠪ ᠢ ᠢᠯᠠ ᠪᠣᠯᠭᠠᠭᠰᠠᠨ ᠪᠠᠶᠢᠳᠠᠯ ᠤᠨ ᠲᠣᠳᠤᠷᠬᠠᠢᠯᠠᠯᠲᠠ
ᠨᠢᠭᠡ ᠂ ᠭᠣᠣᠯ ᠲᠤᠰᠢᠶᠠᠯ ᠬᠠᠷᠢᠭᠤᠴᠠᠯᠭ᠎ᠠ
ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠣᠯ ᠲᠦᠷᠦ ᠶᠢᠨ ᠰᠢᠭᠦᠨ ᠲᠠᠰᠤᠯᠬᠤ ᠪᠠᠶᠢᠭᠤᠯᠭ᠎ᠠ ᠂ ᠬᠤᠳᠠ ᠶᠢᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠵᠢᠴᠢ ᠲᠡᠭᠦᠨ ᠦ ᠪᠠᠶᠢᠩᠭᠤ ᠶᠢᠨ ᠬᠣᠷᠢᠶᠠᠨ ᠳᠤ ᠬᠠᠷᠢᠭᠤᠴᠠᠬᠤ ᠪᠥᠭᠡᠳ ᠠᠵᠢᠯ ᠢᠶᠠᠨ ᠮᠡᠳᠡᠭᠦᠯᠦᠨ᠎ᠡ ᠃ ᠲᠡᠭᠦᠨ ᠦ ᠭᠣᠣᠯ ᠲᠤᠰᠢᠶᠠᠯ ᠬᠠᠷᠢᠭᠤᠴᠠᠯᠭ᠎ᠠ ᠪᠣᠯ ᠄
( ᠨᠢᠭᠡ ) ᠨᠠᠮ ᠤᠨ ᠱᠤᠭᠤᠮ ᠂ ᠴᠢᠭᠯᠡᠯᠲᠡ ᠂ ᠲᠦᠷᠦ ᠶᠢᠨ ᠪᠤᠳᠤᠯᠭ᠎ᠠ ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠲᠤᠤᠱᠯᠠᠭᠤᠯᠤᠨ ᠬᠡᠷᠡᠭᠵᠢᠭᠦᠯᠵᠦ ᠂ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠳᠤ ᠬᠦᠴᠦᠲᠡᠶ ᠬᠠᠤᠯᠢ ᠴᠠᠭᠠᠵᠠ ᠶᠢᠨ ᠪᠠᠲᠤᠯᠠᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠃
( ᠬᠣᠶᠠᠷ ) ᠬᠠᠤᠯᠢ ᠴᠠᠭᠠᠵᠠ ᠳᠤ ᠲᠣᠭᠲᠠᠭᠠᠭᠰᠠᠨ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠠ ᠪᠤᠰᠤᠳ ᠬᠣᠲᠠ ᠶᠢᠨ ᠠᠷᠠᠳ ᠤᠨ ᠳᠤᠮᠳᠠᠳᠤ ᠵᠡᠷᠭᠡ ᠶᠢᠨ ᠰᠢᠭᠦᠬᠦ ᠬᠣᠷᠢᠶ᠎ᠠ ᠡᠷᠡᠭᠦᠦ ᠶᠢᠨ ᠬᠡᠷᠡᠭ ᠂ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠵᠡᠷᠭᠡ ᠨᠢᠭᠡᠳᠦᠭᠡᠷ ᠰᠢᠭᠦᠯᠲᠡ ᠶᠢᠨ ᠬᠡᠷᠡᠭ ᠢ ᠬᠠᠤᠯᠢ ᠶᠣᠰᠣᠭᠠᠷ ᠰᠢᠭᠦᠨ ᠲᠠᠰᠤᠯᠬᠤ ᠬᠡᠷᠡᠭᠲᠡᠶ ᠃
( ᠭᠤᠷᠪᠠ ) ᠬᠤᠳᠠ ᠶᠢᠨ ᠠᠷᠠᠳ ᠤᠨ ᠳᠤᠮᠳᠠᠳᠤ ᠵᠡᠷᠭᠡ ᠶᠢᠨ ᠰᠢᠭᠦᠬᠦ ᠬᠣᠷᠢᠶ᠎ᠠ ᠡᠷᠡᠭᠦᠦ ᠶᠢᠨ ᠬᠡᠷᠡᠭ ᠂ ᠢᠷᠭᠡᠨ ᠦ ᠬᠡᠷᠡᠭ ᠂ ᠵᠠᠰᠠᠭ ᠵᠠᠬᠢᠷᠭᠠᠨ ᠤ ᠵᠡᠷᠭᠡ ᠬᠣᠶᠠᠳᠤᠭᠠᠷ ᠰᠢᠭᠦᠯᠲᠡ ᠶᠢᠨ ᠬᠡᠷᠡᠭ ᠢ ᠬᠠᠤᠯᠢ ᠶᠣᠰᠣᠭᠠᠷ ᠰᠢᠭᠦᠨ ᠲᠠᠰᠤᠯᠠᠨ᠎ᠠ᠃
( ᠲᠦᠷᠪᠡ ) ᠡᠷᠡᠭᠦᠦ ᠰᠢᠳᠬᠡᠯ ᠢ ᠬᠥᠩᠭᠡᠯᠡᠬᠦ ᠂ ᠳᠠᠩᠰᠠᠨ ᠰᠤᠯᠠᠯᠠᠬᠤ ᠬᠡᠷᠡᠭ ᠢ ᠬᠠᠤᠯᠢ ᠶᠣᠰᠣᠭᠠᠷ ᠰᠢᠭᠦᠨ ᠰᠢᠶᠳᠪᠦᠷᠢᠯᠡᠵᠦ ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠤ ᠵᠢᠭᠠᠪᠤᠷᠢ ᠪᠡᠷ ᠳᠠᠬᠢᠨ ᠰᠢᠭᠦᠯᠭᠡᠬᠦ ᠬᠡᠷᠡᠭ ᠢ ᠳᠠᠭᠠᠭᠠᠨ ᠠᠪᠴᠤ ᠰᠢᠶᠳᠪᠦᠷᠢᠯᠡᠬᠦ ᠬᠡᠷᠡᠭᠲᠡᠶ ᠃
( ᠲᠠᠪᠤ )ᠲᠤᠰ ᠬᠣᠷᠢᠶ᠎ᠠ ᠪᠣᠯᠤᠨ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠬᠦᠴᠦᠨ ᠪᠦᠬᠦᠢ ᠰᠢᠭᠦᠨ ᠲᠠᠰᠤᠯᠤᠯᠲᠠ ᠪᠠ ᠲᠣᠭᠲᠠᠭᠠᠯᠲᠠ ᠶᠢ ᠵᠥᠪᠰᠢᠶᠡᠷᠡᠬᠦ ᠦᠭᠡᠢ ᠡᠯ᠎ᠡ ᠲᠦᠷᠦᠯ ᠦᠨ ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠬᠡᠷᠡᠭ ᠢ ᠬᠦᠯᠢᠶᠡᠨ ᠠᠪᠴᠤ ᠰᠢᠢᠳᠪᠥᠷᠢᠯᠡᠨ᠎ᠡ ᠃
( ᠵᠢᠷᠭᠤᠭ᠎ᠠ ) ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠳᠤ ᠬᠠᠷᠢᠶᠠᠯᠠᠯᠲᠠ ᠶᠢᠨ ᠡᠷᠬᠡ ᠶᠢ ᠵᠢᠭᠠᠨ ᠳᠤᠭᠲᠠᠭᠠᠵᠤ᠂ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠰᠢᠭᠦᠨ ᠲᠠᠰᠤᠯᠬᠤ ᠠᠵᠢᠯ ᠳᠤ ᠬᠢᠨᠠᠯᠲᠠ ᠲᠠᠯᠪᠢᠨ ᠵᠢᠭᠠᠨ ᠵᠢᠯᠤᠭᠤᠳᠤᠨ᠎ᠠ ᠃
( ᠲᠤᠯᠤᠭ᠎ᠠ ) ᠬᠠᠤᠯᠢ ᠴᠠᠭᠠᠵᠠ ᠶᠢ ᠬᠡᠷᠡᠭᠵᠢᠭᠦᠯᠬᠦ ᠡᠷᠬᠡ ᠪᠠ ᠬᠠᠤᠯᠢ ᠴᠠᠭᠠᠵᠠ ᠶᠢᠨ ᠰᠢᠶᠳᠪᠦᠷᠢᠯᠡᠬᠦ ᠡᠷᠬᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃
( ᠨᠠᠶᠮᠠ ) ᠤᠯᠤᠰ ᠤᠨ ᠲᠥᠯᠥᠪᠦᠷᠢ ᠶᠢᠨ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠥᠷᠢᠯᠡᠨ᠎ᠡ᠃
( ᠶᠢᠰᠦ ) ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠬᠢᠨᠠᠨ ᠪᠠᠶᠢᠴᠠᠭᠠᠬᠤ ᠠᠵᠢᠯ ᠢ ᠤᠳᠤᠷᠢᠳᠤᠨ᠎ᠠ ᠃
( ᠠᠷᠪᠠ ) ᠪᠠᠶᠢᠭᠤᠯᠭ᠎ᠠ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠂ ᠲᠤᠰᠬᠠᠶ ᠠᠵᠢᠯ ᠤᠨ ᠪᠣᠯᠪᠠᠰᠤᠷᠠᠯ ᠢ ᠬᠠᠷᠢᠭᠤᠴᠠᠵᠤ ᠂ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠰᠤᠷᠭᠠᠨ ᠬᠦᠢᠮᠣᠵᠢᠯ ᠤᠨ ᠪᠣᠯᠪᠠᠰᠤᠷᠠᠭᠤᠯᠤᠯ ᠤᠨ ᠠᠵᠢᠯ ᠢ ᠵᠢᠯᠤᠭᠤᠳᠤᠨ᠂ ᠡᠷᠬᠡ ᠶᠢᠨ ᠬᠢᠵᠠᠭᠠᠷ ᠵᠤᠰᠤᠭᠠᠷ ᠬᠠᠤᠯᠢ ᠶᠢᠨ ᠲᠤᠰᠢᠶᠠᠯᠲᠠᠨ ᠂ ᠭᠦᠢᠴᠡᠳᠬᠡᠬᠦ ᠠᠵᠢᠯᠳᠠᠨ ᠂ ᠪᠢᠴᠢᠭᠡᠴᠢ ᠂ ᠬᠠᠤᠯᠢ ᠴᠠᠭᠠᠵᠠ ᠶᠢᠨ ᠴᠠᠭᠳᠠᠭ᠎ᠠ ᠂ ᠬᠠᠤᠯᠢ ᠶᠢᠨ ᠡᠮᠴᠢ ᠶᠢᠨ ᠰᠢᠯᠭᠠᠨ ᠲᠣᠭᠲᠠᠭᠠᠬᠤ ᠠᠵᠢᠯᠳᠡᠨ ᠪᠣᠯᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠲᠠᠨ ᠢ ᠬᠠᠮᠢᠶᠠᠷᠤᠨ᠎ᠠ ᠂ ᠬᠤᠲᠠ ᠶᠢᠨ ᠨᠠᠮ ᠤᠨ ᠬᠣᠷᠢᠶ᠎ᠠ ᠪᠣᠯᠤᠨ ᠬᠣᠰᠢᠭᠤ ᠲᠣᠭᠤᠷᠢᠭ ᠤᠨ ᠨᠠᠮ ᠤᠨ ᠬᠣᠷᠢᠶ᠎ᠠ ᠲᠠᠢ ᠬᠠᠮᠵᠢᠯᠴᠠᠨ ᠂ ᠬᠣᠰᠢᠭᠤ ᠲᠣᠭᠣᠷᠢᠭ ᠤᠨ ᠠᠷᠠᠳ ᠤᠨ ᠰᠢᠭᠦᠬᠦ ᠬᠣᠷᠢᠶᠠᠨ ᠤ ᠤᠳᠤᠷᠢᠳᠬᠤ ᠺᠠᠳ᠋ᠷ ᠢ ᠬᠥᠮᠦᠵᠢᠭᠦᠯᠬᠦ ᠂ ᠰᠢᠯᠢᠨ ᠳᠡᠪᠰᠢᠭᠦᠯᠬᠦ ᠂ ᠬᠠᠮᠢᠶᠠᠷᠬᠤ ᠪᠠ ᠤᠳᠤᠷᠢᠳᠬᠤ ᠪᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠠ ᠃ ᠬᠣᠲᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠪᠦᠬᠦ ᠬᠣᠲᠠ ᠶᠢᠨ ᠡᠯ᠎ᠡ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠪᠠᠶᠢᠭᠤᠯᠤᠮᠵᠢ ᠂ ᠣᠷᠤᠨ ᠲᠣᠭᠠᠨ ᠤ ᠠᠵᠢᠯ ᠢ ᠰᠠᠢᠲᠤᠷ ᠬᠢᠨ᠎ᠡ ᠃
( ᠠᠷᠪᠠᠨ ᠨᠢᠭᠡ )ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠣᠯᠪᠣᠭᠳᠠᠯ ᠪᠦᠬᠦᠢ ᠵᠠᠷᠤᠳᠠᠯ ᠪᠠ ᠲᠣᠨᠤᠭ ᠡᠳ᠋ ᠪᠣᠳᠠᠰ ᠢ ᠬᠠᠮᠢᠶᠠᠷᠤᠨ᠎ᠠ ᠃
( ᠠᠷᠪᠠᠨ ᠬᠣᠶᠠᠷ ) ᠰᠢᠭᠦᠨ ᠲᠠᠰᠤᠯᠬᠤ ᠠᠵᠢᠯ ᠤᠨ ᠳᠤᠮᠳᠠ ᠪᠠᠨ ᠬᠠᠤᠯᠢ ᠳᠦᠷᠢᠮ ᠦᠨ ᠲᠤᠬᠠᠶ ᠤᠬᠠᠭᠤᠯᠭ᠎ᠠ ᠬᠢᠵᠦ ᠂ ᠠᠷᠠᠳ ᠢᠷᠭᠡᠳ ᠲᠤ ᠤᠬᠠᠮᠰᠠᠷ ᠠᠴᠠ ᠪᠠᠨ ᠦᠨᠳᠦᠰᠦᠨ ᠬᠠᠤᠯᠢ ᠂ ᠬᠠᠤᠯᠢ ᠴᠠᠭᠠᠵᠠ ᠶᠢ ᠰᠠᠬᠢᠬᠤ ᠬᠥᠮᠦᠵᠢᠯ ᠬᠢᠨ᠎ᠡ ᠃
( ᠠᠷᠪᠠᠨ ᠭᠤᠷᠪᠠ )ᠪᠤᠰᠤᠳ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠬᠠᠷᠢᠭᠤᠴᠠᠬᠤ ᠶᠣᠰᠣᠲᠠᠶ ᠠᠵᠢᠯᠠᠯᠭ᠎ᠠ ᠶᠢ ᠳᠠᠭᠠᠴᠢᠯᠠᠨ ᠡᠷᠬᠢᠯᠡᠨ᠎ᠡ ᠃
ᠬᠣᠶᠠᠷ ᠂ ᠳᠣᠲᠣᠭᠠᠳᠤ ᠶᠢᠨ ᠪᠠᠶᠢᠭᠤᠯᠤᠮᠵᠢ
ᠳᠡᠭᠡᠷ᠎ᠡ ᠳᠤᠷᠠᠳᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠳᠣᠲᠣᠭᠠᠳᠤ ᠶᠢᠨ 24 ᠡᠭᠦᠷᠭᠡ ᠲᠤᠰᠢᠶᠠᠯ ᠭᠦᠢᠴᠡᠳᠬᠡᠬᠦ ᠪᠠᠢᠭᠤᠯᠤᠮᠵᠢ ᠪᠠᠢᠭᠤᠯᠪᠠ ᠃
( ᠨᠢᠭᠡ ) ᠤᠯᠤᠰ ᠲᠦᠷᠦ ᠶᠢᠨ ᠬᠡᠯᠲᠡᠰ
ᠲᠤᠰ ᠬᠣᠷᠢᠶ᠎ᠠ ᠂ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠰᠤᠷᠭᠠᠨ ᠬᠦᠢᠮᠣᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠬᠤᠲᠠ ᠶᠢᠨ ᠰᠢᠭᠦᠬᠦ ᠬᠣᠷᠢᠶ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠣᠭ᠎ᠠ ᠂ ᠠᠵᠢᠯᠳᠠᠨ ᠤ ᠶᠠᠪᠤᠳᠠᠯ ᠪᠣᠯᠤᠨ ᠠᠬᠠᠮᠠᠳ ᠺᠠᠳ᠋ᠷ ᠤᠨ ᠠᠵᠢᠯ ᠤᠨ ᠲᠤᠬᠠᠢ ᠬᠠᠷᠢᠭᠤᠴᠠᠨ᠎ᠠ᠃ ᠪᠦᠬᠦ ᠬᠣᠲᠠ ᠶᠢᠨ ᠰᠢᠭᠦᠬᠦ ᠬᠣᠷᠢᠶᠠᠨ ᠤ ᠰᠢᠰᠲ᠋ᠧᠮ ᠦᠨ ᠱᠠᠩᠨᠠᠬᠤ ᠰᠢᠳᠬᠡᠬᠦ ᠂ ᠰᠢᠭᠦᠬᠦ ᠲᠤᠰᠢᠶᠠᠯᠲᠠᠨ ᠢ ᠬᠢᠨᠠᠨ ᠦᠨᠡᠯᠡᠬᠦ ᠂ ᠰᠢᠭᠦᠬᠦ ᠲᠤᠰᠢᠶᠠᠯᠲᠠᠨ ᠤ ᠵᠡᠷᠭᠡ ᠳᠡᠰ ᠤᠨ ᠪᠠ ᠠᠵᠢᠯᠲᠠᠨ ᠤ ᠶᠠᠪᠤᠳᠠᠯ ᠤᠨ ᠮᠡᠳᠡᠭᠡ ᠵᠠᠩᠭᠢ ᠂ ᠬᠠᠤᠯᠢ ᠬᠡᠷᠡᠭᠵᠢᠭᠦᠯᠬᠦ ᠴᠠᠭᠳᠠᠭ᠎ᠠ ᠶᠢᠨ ᠴᠣᠯᠠ ᠣᠯᠭᠣᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠬᠤᠳᠠ ᠶᠢᠨ ᠨᠠᠮ ᠤᠨ ᠬᠣᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠣᠰᠢᠭᠤ ᠲᠣᠭᠤᠷᠢᠭ ᠤᠨ ᠨᠠᠮ ᠤᠨ ᠬᠣᠷᠢᠶ᠎ᠠ ᠲᠠᠢ ᠬᠠᠮᠵᠢᠯᠴᠠᠨ ᠬᠣᠰᠢᠭᠤ ᠲᠣᠭᠣᠷᠢᠭ ᠤᠨ ᠰᠢᠭᠦᠬᠦ ᠬᠣᠷᠢᠶᠠᠨ ᠤ ᠤᠳᠤᠷᠢᠳᠬᠤ ᠪᠠᠭ ᠤᠨ ᠪᠠᠶᠢᠭᠤᠯᠤᠯᠲᠠ ᠪᠠ ᠺᠠᠳ᠋ᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠣᠯᠪᠣᠭᠳᠠᠯ ᠪᠦᠬᠦᠢ ᠲᠣᠮᠢᠯᠠᠵᠤ ᠪᠠᠭᠤᠯᠭᠠᠬᠤ ᠭᠠᠷ ᠭᠦᠢᠴᠡᠳᠬᠡᠯ ᠬᠢᠵᠦ ᠂ ᠪᠦᠭᠦ ᠬᠤᠲᠠ ᠶᠢᠨ ᠰᠢᠭᠦᠬᠦ ᠬᠣᠷᠢᠶᠠᠨ ᠤ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠤᠳᠤᠷᠢᠳᠬᠤ ᠪᠠᠭ ᠪᠣᠯᠤᠨ ᠪᠠᠶᠢᠭᠤᠯᠤᠮᠵᠢ ᠶᠢᠨ ᠣᠷᠣᠨ ᠲᠣᠭᠠᠨ ᠤ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃
( ᠬᠣᠶᠠᠷ ) ᠠᠯᠪᠠᠨ ᠭᠡᠷ
ᠬᠣᠷᠢᠶᠠᠨ ᠤ ᠤᠳᠤᠷᠢᠳᠬᠤ ᠵᠣᠬᠢᠶᠠᠨ ᠪᠠᠶᠢᠭᠤᠯᠤᠯᠲᠠ ᠲᠠᠢ ᠬᠠᠮᠵᠢᠯᠴᠠᠨ ᠂ ᠵᠠᠰᠠᠭ ᠤᠨ ᠶᠠᠪᠤᠳᠠᠯ ᠤᠨ ᠠᠵᠢᠯ ᠢ ᠵᠤᠬᠢᠴᠠᠭᠤᠯᠤᠨ᠎ᠠ᠃ ᠰᠢᠭᠦᠬᠦ ᠬᠣᠷᠢᠶᠠᠨ ᠤ ᠠᠵᠢᠯ ᠤᠨ ᠬᠤᠷᠠᠯ ᠪᠠ ᠬᠤᠷᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠡᠷᠭᠡ ᠴᠢᠬᠤᠯᠠ ᠬᠤᠷᠠᠯ ᠢ ᠵᠣᠬᠢᠶᠠᠨ ᠪᠠᠢᠭᠤᠯᠬᠤ ᠵᠢᠴᠢ ᠰᠢᠢᠳᠪᠦᠷᠢᠯᠡᠨ ᠳᠤᠭᠳᠠᠭᠠᠬᠤ ᠠᠵᠢᠯ ᠢ ᠰᠢᠪᠠᠳᠠᠨ ᠭᠦᠢᠴᠡᠳᠬᠡᠨ᠎ᠡ᠃ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠲᠥᠯᠥᠭᠡᠯᠡᠭᠴᠢᠳ ᠂ ᠤᠯᠤᠰ ᠲᠦᠷᠦ ᠶᠢᠨ ᠵᠥᠪᠯᠡᠯᠭᠡᠨ ᠦ ᠭᠡᠰᠢᠭᠦᠳ ᠯᠦᠭᠡ ᠬᠠᠷᠢᠯᠴᠠᠬᠤ ᠠᠵᠢᠯ ᠢ ᠬᠠᠷᠢᠭᠤᠴᠠᠨ᠎ᠠ ᠃ ᠶᠡᠷᠦᠩᠬᠡᠶ ᠴᠢᠨᠠᠷ ᠲᠠᠶ ᠮᠠᠲ᠋ᠧᠷᠢᠶᠠᠯ ᠢ ᠲᠤᠭᠤᠷᠪᠢᠨ ᠪᠢᠴᠢᠬᠦ ᠪᠠ ᠨᠠᠷᠢᠨ ᠪᠢᠴᠢᠭ ᠂ ᠲᠠᠮᠠᠭ᠎ᠠ ᠂ ᠰᠢᠮᠳᠠᠭᠤᠯᠤᠨ ᠪᠠᠶᠢᠴᠠᠭᠠᠬᠤ ᠂ ᠨᠢᠭᠤᠴᠠ ᠮᠠᠲ᠋ᠧᠷᠢᠶᠠᠯ ᠤᠨ ᠨᠢᠭᠤᠴᠠ ᠶᠢ ᠬᠠᠮᠠᠭᠠᠯᠠᠬᠤ ᠂ ᠬᠤᠷᠢᠶᠠᠬᠤ ᠲᠠᠷᠬᠠᠭᠠᠬᠤ ᠂ ᠳᠠᠩᠰᠠ ᠡᠪᠬᠡᠮᠡᠯ ᠢ ᠬᠤᠷᠢᠶᠠᠨ ᠴᠤᠭᠯᠠᠭᠤᠯᠬᠤ ᠂ ᠬᠠᠮᠢᠶᠠᠷᠬᠤ ᠂ ᠠᠰᠢᠭᠯᠠᠬᠤ ᠪᠠ ᠳᠣᠣᠷ᠎ᠠ ᠱᠠᠲᠤᠨ ᠳᠤ ᠪᠡᠨ ᠵᠢᠯᠤᠭᠤᠳᠤᠯᠭ᠎ᠠ ᠬᠠᠩᠭᠠᠬᠤ ᠠᠵᠢᠯ ᠢ ᠬᠠᠷᠢᠭᠤᠴᠠᠨ᠎ᠠ ᠃
ᠰᠢᠭᠦᠨ ᠲᠠᠰᠤᠯᠬᠤ ᠺᠣᠮᠢᠰ ᠤᠨ ᠬᠡᠷᠡᠭ ᠶᠠᠪᠤᠳᠠᠯ ᠢ ᠰᠢᠢᠳᠪᠥᠷᠢᠯᠡᠨ᠎ᠡ ᠃ ᠲᠤᠰ ᠬᠣᠷᠢᠶ᠎ᠠ ᠪᠠ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠪᠠᠶᠢᠴᠠᠭᠠᠨ ᠰᠣᠳᠤᠯᠠᠬᠤ ᠠᠵᠢᠯ ᠢ ᠵᠣᠬᠢᠶᠠᠨ ᠪᠠᠢᠭᠤᠯᠤᠨ ᠵᠤᠬᠢᠴᠠᠭᠤᠯᠵᠤ᠂ ᠰᠢᠭᠦᠨ ᠲᠠᠰᠤᠯᠬᠤ ᠠᠵᠢᠯ ᠤᠨ ᠲᠤᠷᠰᠢᠯᠭ᠎ᠠ ᠶᠢ ᠳ᠋ᠦᠩᠨᠡᠬᠦ ᠂ ᠬᠡᠷᠡᠭᠯᠡᠭᠰᠡᠨ ᠬᠠᠤᠯᠢ ᠴᠠᠭᠠᠵᠠ ᠂ ᠲᠦᠷᠦ ᠶᠢᠨ ᠪᠤᠳᠤᠯᠭ᠎ᠠ ᠶᠢᠨ ᠠᠰᠠᠭᠤᠳᠠᠯ ᠤᠨ ᠲᠤᠬᠠᠶ ᠵᠢᠭᠠᠪᠤᠷᠢ ᠠᠪᠬᠤ ᠂ ᠬᠠᠷᠢᠭᠤᠯᠲᠠ ᠥᠭᠬᠦ ᠶᠢ ᠬᠠᠷᠢᠭᠤᠴᠠᠨ᠎ᠠ ᠃ ᠬᠣᠯᠪᠣᠭᠳᠠᠯ ᠪᠦᠬᠦᠢ ᠬᠠᠤᠯᠢ ᠴᠠᠭᠠᠵᠠ ᠂ ᠬᠠᠤᠯᠢ ᠲᠣᠭᠲᠠᠭᠠᠯ ᠤᠨ ᠲᠥᠰᠦᠯ ᠢ ᠬᠤᠷᠢᠶᠠᠩᠭᠤᠢᠯᠠᠨ ᠡᠮᠬᠢᠳᠬᠡᠬᠦ ᠶᠢ ᠵᠤᠬᠢᠶᠠᠨ ᠪᠠᠢᠭᠤᠯᠬᠤ᠂ ᠡᠷᠳᠡᠮ ᠰᠢᠨᠵᠢᠯᠡᠭᠡᠨ ᠦ ᠰᠤᠳᠤᠯᠤᠯ ᠬᠢᠬᠦ ᠪᠠ ᠰᠣᠯᠢᠯᠴᠠᠭ᠎ᠠ ᠬᠢᠬᠦ ᠠᠵᠢᠯ ᠢ ᠵᠣᠬᠢᠶᠠᠨ ᠪᠠᠢᠭᠤᠯᠤᠨ᠎ᠠ ᠃ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠡᠯ᠎ᠡ ᠲᠦᠷᠦᠯ ᠦᠨ ᠬᠡᠷᠡᠭ ᠢ ᠦᠨᠡᠯᠡᠨ ᠪᠠᠢᠴᠠᠭᠠᠵᠤ ᠂ ᠬᠠᠤᠯᠢ ᠴᠠᠭᠠᠵᠠ ᠶᠢᠨ ᠲᠣᠭ᠎ᠠ ᠪᠦᠷᠢᠳᠬᠡᠯ ᠪᠠ ᠵᠠᠳᠠᠯᠤᠯᠲᠠ ᠶᠢ ᠬᠠᠷᠢᠭᠤᠴᠠᠨ᠎ᠠ᠃
( ᠭᠤᠷᠪᠠ ) ᠬᠢᠨᠠᠨ ᠪᠠᠶᠢᠴᠠᠭᠠᠬᠤ ᠲᠠᠰᠤᠭ
ᠠᠵᠢᠯ ᠤᠨ ᠲᠤᠬᠠᠶ ᠲᠦᠷᠦ ᠶᠢᠨ ᠪᠤᠳᠤᠯᠭ᠎ᠠ ᠲᠣᠭᠲᠠᠭᠠᠭᠰᠠᠨ ᠵᠦᠢᠯᠡᠰ ᠲᠤ ᠰᠢᠬᠢᠯᠭᠠ ᠪᠠᠲᠤ ᠪᠠᠢᠴᠠᠭᠠᠬᠤ᠂ ᠬᠢᠨᠠᠨ ᠪᠠᠢᠴᠠᠭᠠᠬᠤ ᠠᠵᠢᠯ ᠢ ᠭᠦᠢᠴᠡᠳᠬᠡᠨ᠎ᠡ᠃ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠦᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠢᠯᠵᠠᠷᠠᠯ ᠢ ᠡᠰᠡᠷᠭᠦᠴᠡᠬᠦ ᠠᠵᠢᠯ ᠵᠡᠷᠭᠡ ᠶᠢ ᠬᠢᠬᠦ ᠪᠣᠯᠤᠨ᠎ᠠ ᠃
( ᠲᠦᠷᠪᠡ ) ᠬᠡᠷᠡᠭ ᠪᠣᠯᠭᠠᠨ ᠳᠠᠩᠰᠠᠯᠠᠬᠤ ᠨᠢᠭᠡᠳᠦᠭᠡᠷ ᠲᠢᠩᠬᠢᠮ
ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠶᠣᠰᠣᠭᠠᠷ ᠬᠦᠯᠢᠶᠡᠨ ᠠᠪᠴᠤ ᠰᠢᠶᠳᠪᠦᠷᠢᠯᠡᠬᠦ ᠡᠯ᠎ᠡ ᠵᠦᠢᠯ ᠦᠨ ᠬᠡᠷᠡᠭ ᠢ ᠬᠡᠷᠡᠭ ᠪᠣᠯᠭᠠᠨ ᠳᠠᠩᠰᠤᠯᠠᠨᠠ᠃ ᠲᠤᠰ ᠬᠣᠷᠢᠶᠠᠨ ᠤ ᠤᠳᠤᠷᠢᠳᠤᠯᠭ᠎ᠠ ᠪᠠ ᠳᠡᠭᠡᠷ᠎ᠡ ᠱᠠᠲᠤᠨ ᠤ ᠪᠠᠶᠢᠭᠤᠯᠭ᠎ᠠ ᠪᠡᠷ ᠵᠥᠪᠰᠢᠶᠡᠷᠡᠨ ᠭᠦᠢᠴᠡᠳᠬᠡᠯᠭᠡᠬᠦ ᠂ ᠰᠢᠯᠵᠢᠭᠦᠯᠦᠨ ᠰᠢᠶᠳᠪᠦᠷᠢᠯᠡᠭᠦᠯᠬᠦ ᠡᠯ᠎ᠡ ᠲᠦᠷᠦᠯ ᠦᠨ ᠭᠣᠮᠣᠳᠠᠯ ᠲᠣᠭᠠᠴᠢᠬᠤ ᠂ ᠭᠤᠶᠤᠴᠢᠯᠠᠭᠰᠠᠨ ᠬᠡᠷᠡᠭ ᠢ ᠬᠢᠨᠠᠨ ᠪᠠᠶᠢᠴᠠᠭᠠᠵᠤ ᠬᠡᠷᠡᠭ ᠪᠣᠯᠭᠠᠨ ᠳᠠᠩᠰᠠᠯᠠᠬᠤ ᠠᠵᠢᠯ ᠢ ᠭᠦᠢᠴᠡᠳᠬᠡᠨ᠎ᠡ ᠃ ᠡᠯ᠎ᠡ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠬᠦᠴᠦᠨ ᠲᠡᠶ ᠪᠣᠯᠤᠭᠰᠠᠨ ᠲᠠᠰᠤᠯᠤᠨ ᠲᠣᠭᠲᠠᠭᠠᠯᠲᠠ ᠶᠢ ᠵᠥᠪᠰᠢᠶᠡᠷᠡᠬᠦ ᠦᠭᠡᠢ ᠪᠠᠢᠵᠤ ᠂ ᠡᠯ᠎ᠡ ᠲᠦᠷᠦᠯ ᠦᠨ ᠭᠣᠮᠣᠳᠠᠯ ᠲᠣᠭᠠᠴᠢᠭᠰᠠᠨ ᠂ ᠲᠠᠬᠢᠨ ᠰᠢᠭᠦᠯᠭᠡᠬᠦ ᠪᠡᠷ ᠭᠤᠶᠤᠴᠢᠯᠠᠭᠰᠠᠨ᠂ ᠪᠤᠷᠤᠭᠤ ᠲᠠᠢ ᠭᠡᠵᠦ ᠦᠵᠡᠭᠰᠡᠨ ᠬᠡᠷᠡᠭ᠂ ᠬᠣᠯᠪᠣᠭᠳᠠᠯ ᠪᠦᠬᠦᠢ ᠰᠢᠭᠦᠨ ᠲᠠᠰᠤᠯᠬᠤ ᠲᠢᠩᠬᠢᠮ ᠳᠦ ᠰᠢᠯᠵᠢᠭᠦᠯᠦᠨ ᠲᠤᠰᠢᠶᠠᠵᠤ ᠰᠢᠶᠳᠪᠦᠷᠢᠯᠡᠬᠦ ᠵᠡᠷᠭᠡ ᠬᠡᠷᠡᠭ ᠢ ᠬᠢᠨᠠᠨ ᠪᠠᠢᠴᠠᠭᠠᠨ᠎ᠠ ᠃ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠲᠠᠰᠤᠯᠬᠤ ᠂ ᠰᠢᠢᠳᠪᠥᠷᠢᠯᠡᠭᠰᠡᠨ ᠡᠯ᠎ᠡ ᠵᠦᠢᠯ ᠦᠨ ᠬᠡᠷᠡᠭ ᠤᠨ ᠶᠠᠪᠤᠴᠠ ᠶᠢ ᠬᠠᠮᠢᠶᠠᠷᠤᠨ᠎ᠠ᠃ ᠵᠠᠬᠢᠳᠠᠯ ᠰᠤᠷᠪᠤᠯᠵᠢᠯᠠᠭ᠎ᠠ ᠶᠢ ᠰᠢᠶᠳᠪᠦᠷᠢᠯᠡᠬᠦ ᠂ ᠬᠡᠷᠡᠭ ᠲᠤ ᠬᠠᠷᠢᠶᠠᠯᠠᠯ ᠳᠤᠭᠲᠠᠭᠠᠬᠤ ᠶᠢ ᠬᠠᠷᠢᠭᠤᠴᠠᠨ᠎ᠠ᠃ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠠᠵᠢᠯ ᠳᠤ ᠬᠢᠨᠠᠯᠲᠠ ᠲᠠᠯᠪᠢᠨ ᠵᠢᠯᠤᠭᠤᠳᠤᠯᠭ᠎ᠠ ᠬᠠᠩᠭ᠋ᠠᠨ᠎ᠠ ᠃
( ᠲᠠᠪᠤ ) ᠬᠡᠷᠡᠭ ᠪᠣᠯᠭᠠᠨ ᠳᠠᠩᠰᠠᠯᠠᠬᠤ ᠬᠣᠶᠠᠳᠤᠭᠠᠷ ᠲᠢᠩᠬᠢᠮ
ᠵᠠᠬᠢᠳᠠᠯ ᠰᠤᠷᠪᠤᠯᠵᠢᠯᠠᠭ᠎ᠠ ᠶᠢᠨ ᠵᠠᠷᠭᠤ ᠳᠤ ᠬᠣᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠥᠷᠢᠯᠡᠨ᠎ᠡ᠃
( ᠵᠢᠷᠭᠤᠭ᠎ᠠ ) ᠡᠷᠡᠭᠦᠦ ᠶᠢᠨ ᠬᠡᠷᠡᠭ ᠦᠨ ᠰᠢᠭᠦᠨ ᠲᠠᠰᠤᠯᠬᠤ ᠨᠢᠭᠡᠳᠦᠭᠡᠷ ᠲᠢᠩᠬᠢᠮ
ᠤᠯᠤᠰ ᠣᠷᠣᠨ ᠤ ᠠᠮᠤᠷ ᠲᠦᠪᠰᠢᠨ ᠳᠦ ᠬᠣᠣᠷ ᠬᠥᠨᠥᠭᠡᠯ ᠤᠴᠠᠷᠠᠭᠤᠯᠤᠭᠰᠠᠨ ᠶᠠᠯ᠎ᠠ ᠂ ᠣᠯᠠᠨ ᠨᠡᠶᠢᠲᠡ ᠶᠢᠨ ᠠᠮᠤᠷ ᠲᠦᠪᠰᠢᠨ ᠳᠦ ᠬᠣᠣᠷ ᠬᠥᠨᠥᠭᠡᠯ ᠤᠴᠠᠷᠠᠭᠤᠯᠤᠭᠰᠠᠨ ᠶᠠᠯ᠎ᠠ ᠂ ᠠᠷᠠᠳᠴᠢᠯᠠᠯ ᠤᠨ ᠡᠷᠬᠡ ᠳᠦ ᠬᠠᠯᠳᠠᠭᠰᠠᠨ ᠂ ᠠᠷᠠᠳ ᠢᠷᠭᠡᠨ ᠦ ᠪᠡᠶ᠎ᠡ ᠶᠢᠨ ᠡᠷᠬᠡ ᠂ ᠨᠡᠶᠢᠭᠡᠮ ᠦᠨ ᠬᠠᠮᠢᠶᠠᠷᠤᠯᠲᠠ ᠶᠢᠨ ᠡᠮᠬᠢ ᠵᠢᠷᠤᠮ ᠢ ᠬᠠᠷᠰᠢᠯᠠᠭᠰᠠᠨ ᠶᠠᠯ᠎ᠠ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠳᠤ ᠬᠣᠣᠷ ᠬᠥᠨᠥᠭᠡᠯ ᠤᠴᠠᠷᠠᠭᠤᠯᠤᠭᠰᠠᠨ ᠶᠠᠯ᠎ᠠ ᠵᠡᠷᠭᠡ ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠥᠷᠢᠯᠡᠨ᠎ᠡ ᠃ ᠡᠷᠡᠭᠦᠦ ᠰᠢᠳᠬᠡᠯ ᠢ ᠨᠢ ᠬᠠᠰᠤᠬᠤ ᠂ ᠲᠡᠩᠰᠡᠨ ᠰᠤᠯᠠᠯᠠᠬᠤ ᠬᠡᠷᠡᠭ ᠢ ᠰᠢᠭᠦᠨ ᠰᠢᠢᠳᠪᠥᠷᠢᠯᠡᠨ᠎ᠡ ᠃ ᠬᠣᠯᠪᠣᠭᠳᠠᠯ ᠪᠦᠬᠦᠢ ᠬᠡᠷᠡᠭ ᠢ ᠰᠢᠭᠦᠨ ᠰᠢᠳᠪᠦᠷᠢᠯᠡᠬᠦ ᠬᠤᠭᠤᠴᠠᠭᠠᠯᠠᠯ ᠢ ᠤᠷᠲᠤᠳᠬᠠᠬᠤ ᠭᠤᠶᠤᠴᠢᠯᠠᠯ ᠢ ᠬᠢᠨᠠᠨ ᠵᠥᠪᠰᠢᠶᠠᠷᠡᠨᠡ ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶ᠎ᠠ ᠶᠢ ᠵᠢᠯᠣᠭᠣᠳᠤᠨ ᠬᠣᠯᠪᠣᠭᠳᠠᠯ ᠪᠦᠬᠦᠢ ᠠᠵᠢᠯ ᠳᠤ ᠬᠢᠨᠠᠯᠲᠠ ᠲᠠᠯᠪᠢᠨ ᠪᠠᠢᠷᠢᠯᠠᠭᠤᠯᠤᠯᠲᠠ ᠬᠢᠨ᠎ᠡ᠃
( ᠲᠤᠯᠤᠭ᠎ᠠ ) ᠡᠷᠡᠭᠦᠦ ᠶᠢᠨ ᠬᠡᠷᠡᠭ ᠢ ᠰᠢᠭᠦᠨ ᠲᠠᠰᠤᠯᠬᠤ ᠬᠣᠶᠠᠳᠤᠭᠠᠷ ᠲᠢᠩᠬᠢᠮ
ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠡᠮᠬᠢ ᠵᠢᠷᠤᠮ ᠢ ᠡᠪᠳᠡᠭᠰᠡᠨ ᠶᠠᠯ᠎ᠠ ᠂ ᠡᠳ᠋ ᠬᠦᠷᠦᠩᠭᠡ ᠳᠦ ᠬᠠᠯᠳᠠᠭᠰᠠᠨ ᠶᠠᠯ᠎ᠠ ᠂ ᠱᠠᠮᠰᠢᠭᠰᠠᠨ ᠂ ᠬᠡᠭᠡᠯᠢ ᠢᠳᠡᠵᠦ ᠬᠠᠬᠤᠤᠯᠢ ᠲᠦᠯᠬᠢᠭᠰᠡᠨ ᠂ ᠲᠤᠰᠢᠶᠠᠯ ᠢᠶᠠᠨ ᠭᠤᠲᠤᠭᠠᠭᠰᠠᠨ ᠵᠡᠷᠭᠡ ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠬᠡᠷᠡᠭ ᠬᠠᠤᠯᠢ ᠶᠣᠰᠣᠭᠠᠷ ᠰᠢᠭᠦᠨ ᠲᠠᠰᠤᠯᠠᠨ᠎ᠠ᠃ ᠬᠣᠯᠪᠣᠭᠳᠠᠯ ᠪᠦᠬᠦᠢ ᠬᠡᠷᠡᠭ ᠢ ᠰᠢᠭᠦᠨ ᠰᠢᠳᠪᠦᠷᠢᠯᠡᠬᠦ ᠬᠤᠭᠤᠴᠠᠭᠠᠯᠠᠯ ᠢ ᠤᠷᠲᠤᠳᠬᠠᠬᠤ ᠭᠤᠶᠤᠴᠢᠯᠠᠯ ᠢ ᠬᠢᠨᠠᠨ ᠵᠥᠪᠰᠢᠶᠡᠷᠡᠨ᠎ᠡ ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠠᠵᠢᠯ ᠳᠤ ᠬᠢᠨᠠᠯᠲᠠ ᠲᠠᠯᠪᠢᠨ ᠵᠢᠯᠤᠭᠤᠳᠤᠯᠭ᠎ᠠ ᠬᠠᠩᠭ᠋ᠠᠨ᠎ᠠ᠃
( ᠨᠠᠶᠮᠠ ) ᠢᠷᠭᠡᠨ ᠦ ᠬᠡᠷᠡᠭ ᠦᠨ ᠰᠢᠭᠦᠨ ᠲᠠᠰᠤᠯᠬᠤ ᠨᠢᠭᠡᠳᠦᠭᠡᠷ ᠲᠢᠩᠬᠢᠮ
ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠬᠣᠯᠪᠣᠭᠳᠠᠯ ᠪᠦᠬᠦᠢ ᠤᠷᠤᠭ ᠤᠨ ᠶᠠᠪᠤᠳᠠᠯ ᠂ ᠭᠡᠷ ᠪᠦᠯᠢ ᠶᠢᠨ ᠬᠥᠳᠡᠯᠮᠦᠷᠢ ᠶᠢᠨ ᠮᠠᠷᠭᠤᠯᠳᠤᠭᠠᠨ ᠤ ᠬᠡᠷᠡᠭ ᠂ ᠤᠯᠠᠮᠵᠢᠯᠠᠯᠲᠤ ᠢᠷᠭᠡᠨ ᠦ ᠬᠡᠷᠡᠭ ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠡᠷᠡᠭ ᠂ ᠦᠯᠦ ᠬᠥᠳᠡᠯᠬᠦ ᠬᠥᠷᠦᠩᠭᠡ ᠶᠢᠨ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢᠨ ᠬᠡᠷᠡᠭ ᠵᠡᠷᠭᠡ ᠶᠢ ᠬᠠᠤᠯᠢ ᠶᠣᠰᠣᠭᠠᠷ ᠰᠢᠭᠦᠨ ᠲᠠᠰᠤᠯᠠᠨ᠎ᠠ ᠃ ᠬᠥᠳᠡᠭᠡ ᠲᠣᠰᠬᠣᠨ ᠤ ᠳᠠᠭᠠᠭᠠᠴᠢᠯᠠᠯᠲᠠ ᠶᠢᠨ ᠭᠡᠷ᠎ᠡ ᠪᠠ ᠪᠠᠶᠢᠭᠠᠯᠢ ᠬᠥᠮᠦᠨ ᠦ ᠬᠣᠭᠣᠷᠣᠨᠳᠣᠬᠢ ᠂ ᠪᠠᠶᠢᠭᠠᠯᠢ ᠬᠥᠮᠦᠨ ᠪᠠ ᠬᠠᠤᠯᠢ ᠶᠢᠨ ᠲᠥᠯᠦᠭᠡᠯᠡᠭᠴᠢ ᠂ ᠪᠤᠰᠤᠳ ᠵᠣᠬᠢᠶᠠᠨ ᠪᠠᠶᠢᠭᠤᠯᠤᠯᠲᠠ ᠶᠢᠨ ᠬᠣᠭᠣᠷᠣᠨᠳᠣᠬᠢ ᠭᠡᠷ᠎ᠡ ᠂ ᠡᠷᠬᠡ ᠳᠦ ᠬᠠᠯᠳᠠᠭᠰᠠᠨ ᠬᠡᠷᠡᠭ ᠵᠡᠷᠭᠡ ᠶᠢ ᠬᠠᠥᠯᠢ ᠶᠣᠰᠣᠭᠠᠷ ᠰᠢᠭᠦᠨ ᠲᠠᠰᠤᠯᠠᠨ᠎ᠠ ᠃ ᠬᠥᠨᠳᠡᠯᠡᠨ ᠡᠴᠡ ᠲᠠᠰᠤᠯᠬᠤ ᠢ ᠬᠦᠴᠦᠨ ᠦᠭᠡᠢ ᠪᠣᠯᠭᠠᠭᠤᠯᠬᠤ ᠪᠠᠷ ᠭᠤᠶᠤᠴᠢᠯᠠᠭᠰᠠᠨ ᠬᠣᠯᠪᠣᠭᠳᠠᠯ ᠪᠦᠬᠦᠢ ᠬᠡᠷᠡᠭ ᠢ ᠬᠦᠯᠢᠶᠡᠨ ᠠᠪᠴᠦ ᠰᠢᠢᠳᠪᠥᠷᠢᠯᠡᠨ᠎ᠡ᠃ ᠣᠨᠴᠠᠭᠠᠶ ᠵᠢᠷᠤᠮ ᠢ ᠬᠡᠷᠡᠭᠯᠡᠵᠦ ᠰᠢᠭᠦᠬᠦ ᠬᠡᠷᠡᠭ ᠢ ᠰᠢᠭᠦᠨ ᠰᠢᠢᠳᠪᠥᠷᠢᠯᠡᠨ᠎ᠡ᠃ ᠳᠠᠬᠢᠨ ᠵᠥᠪᠯᠡᠭᠦᠯᠬᠦ ᠪᠡᠷ ᠭᠤᠶᠤᠴᠢᠯᠠᠭᠰᠠᠨ ᠬᠡᠷᠡᠭ ᠢ ᠬᠦᠯᠢᠶᠡᠨ ᠰᠢᠢᠳᠪᠥᠷᠢᠯᠡᠨ᠎ᠡ ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠬᠣᠯᠪᠣᠭᠳᠠᠯ ᠪᠦᠬᠦᠢ ᠬᠡᠷᠡᠭ ᠢ ᠰᠢᠭᠦᠨ ᠰᠢᠳᠪᠦᠷᠢᠯᠡᠬᠦ ᠬᠤᠭᠤᠴᠠᠭᠠᠯᠠᠯ ᠢ ᠤᠷᠲᠤᠳᠬᠠᠬᠤ ᠭᠤᠶᠤᠴᠢᠯᠠᠯ ᠢ ᠬᠢᠨᠠᠨ ᠵᠥᠪᠰᠢᠶᠠᠷᠡᠵᠦ᠂ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶᠠᠨ ᠤ ᠬᠣᠯᠪᠤᠭᠳᠠᠯ ᠪᠦᠬᠦᠢ ᠠᠵᠢᠯ ᠢ ᠬᠢᠨᠠᠯᠲᠠ ᠲᠠᠯᠪᠢᠨ ᠵᠢᠯᠤᠭᠤᠳᠤᠯᠭ᠎ᠠ ᠬᠢᠨ᠎ᠡ ᠃
( ᠶᠢᠰᠦ ) ᠢᠷᠭᠡᠨ ᠦ ᠬᠡᠷᠡᠭ ᠦᠨ ᠰᠢᠭᠦᠨ ᠲᠠᠰᠤᠯᠬᠤ ᠬᠣᠶᠠᠳᠤᠭᠠᠷ ᠲᠢᠩᠬᠢᠮ
ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠤᠯᠤᠰ ᠤᠨ ᠳᠣᠲᠣᠭᠠᠳᠤ ᠶᠢᠨ ᠬᠠᠤᠯᠢ ᠶᠢᠨ ᠲᠥᠯᠦᠭᠡᠯᠡᠭᠴᠢ ᠶᠢᠨ ᠬᠣᠭᠣᠷᠣᠨᠳᠣᠬᠢ ᠂ ᠬᠠᠤᠯᠢ ᠲᠥᠯᠦᠭᠡᠯᠡᠭᠴᠢ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠣᠭᠣᠷᠣᠨᠳᠣᠬᠢ ᠭᠡᠷ᠎ᠡ ᠶᠢᠨ ᠵᠢᠭᠤᠷᠠᠯᠳᠤᠭᠠᠨ ᠪᠠ ᠡᠷᠬᠡ ᠳᠦ ᠬᠠᠯᠳᠠᠭᠰᠠᠨ ᠵᠢᠭᠤᠷᠠᠯᠳᠤᠭᠠᠨ ᠤ ᠬᠡᠷᠡᠭ ᠢ ᠬᠠᠤᠯᠢ ᠶᠠᠰᠤᠭᠠᠷ ᠰᠢᠭᠦᠨ ᠰᠢᠢᠳᠪᠥᠷᠢᠯᠡᠨ᠎ᠡ ᠃ ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠤᠯᠤᠰ ᠤᠨ ᠳᠣᠲᠣᠭᠠᠳᠤ ᠶᠢᠨ ᠦᠨᠡᠲᠦ ᠲᠡᠮᠳᠡᠭᠲᠦ ᠂ ᠪᠠᠷᠢᠮᠲᠠ ᠂ ᠺᠣᠮᠫᠠᠨᠢ ᠂ ᠳᠠᠮᠫᠤᠷᠠᠯ ᠵᠡᠷᠭᠡ ᠬᠡᠷᠡᠭ ᠢ ᠰᠢᠭᠦᠨ ᠰᠢᠢᠳᠪᠥᠷᠢᠯᠡᠨ᠎ᠡ᠃ ᠬᠣᠯᠪᠣᠭᠳᠠᠯ ᠪᠦᠬᠦᠢ ᠬᠡᠷᠡᠭ ᠢ ᠰᠢᠭᠦᠨ ᠰᠢᠳᠪᠦᠷᠢᠯᠡᠬᠦ ᠬᠤᠭᠤᠴᠠᠭᠠᠯᠠᠯ ᠢ ᠤᠷᠲᠤᠳᠬᠠᠬᠤ ᠭᠤᠶᠤᠴᠢᠯᠠᠯ ᠢ ᠬᠢᠨᠠᠨ ᠵᠥᠪᠰᠢᠶᠡᠷᠡᠨ᠎ᠡ ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶᠠᠨ ᠤ ᠬᠣᠯᠪᠤᠭᠳᠠᠯ ᠪᠦᠬᠦᠢ ᠠᠵᠢᠯ ᠢ ᠬᠢᠨᠠᠯᠲᠠ ᠲᠠᠯᠪᠢᠨ ᠵᠢᠯᠤᠭᠤᠳᠤᠯᠭ᠎ᠠ ᠬᠢᠨ᠎ᠡ ᠃
( ᠠᠷᠪᠠ ) ᠢᠷᠭᠡᠨ ᠦ ᠬᠡᠷᠡᠭ ᠦᠨ ᠰᠢᠭᠦᠨ ᠲᠠᠰᠤᠯᠬᠤ ᠭᠤᠷᠪᠠᠳᠤᠭᠠᠷ ᠰᠢᠭᠦᠬᠦ ᠲᠢᠩᠬᠢᠮ
ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠵᠣᠬᠢᠶᠠᠯ ᠪᠦᠲᠦᠭᠡᠯ ᠦᠨ ᠡᠷᠬᠡ (ᠺᠣᠮᠫᠢᠦ᠋ᠲ᠋ᠧᠷ ᠦᠨ ᠵᠥᠭᠡᠯᠡᠨ ᠲᠣᠨᠤᠭ ᠪᠠᠭᠲᠠᠨ᠎ᠠ ) ᠂ ᠲᠧᠭᠨᠢᠭ ᠮᠡᠷᠭᠡᠵᠢᠯ ᠦᠨ ᠭᠡᠷ᠎ᠡ ᠂ ᠵᠦᠢ ᠪᠤᠰᠤ ᠥᠷᠢᠰᠥᠯᠳᠦᠭᠡᠨ ᠪᠠ ᠰᠢᠨᠵᠢᠯᠡᠬᠦ ᠤᠬᠠᠭᠠᠨ ᠮᠡᠷᠭᠡᠵᠢᠯ ᠦᠨ ᠦᠷ᠎ᠡ ᠪᠦᠲᠦᠭᠡᠯ ᠦᠨ ᠡᠷᠬᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠶᠢᠨ ᠬᠡᠷᠡᠭ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠥᠷᠢᠯᠡᠨ᠎ᠡ᠃
( ᠠᠷᠪᠠᠨ ᠨᠢᠭᠡ ) ᠢᠷᠭᠡᠨ ᠦ ᠬᠡᠷᠡᠭ ᠦᠨ ᠰᠢᠭᠦᠨ ᠲᠠᠰᠤᠯᠬᠤ ᠳᠥᠷᠪᠡᠳᠦᠭᠡᠷ ᠲᠢᠩᠬᠢᠮ
ᠡᠩ ᠦᠨ ᠨᠢᠭᠡ ᠂ ᠬᠣᠶᠠᠳᠤᠭᠠᠷ ᠰᠢᠭᠦᠯᠲᠡ ᠶᠢᠨ ᠢᠷᠭᠡᠨ ᠦ ᠬᠡᠷᠡᠭ ᠢ ᠬᠠᠤᠯᠢ ᠶᠣᠰᠣᠭᠠᠷ ᠰᠢᠭᠦᠨ ᠰᠢᠳᠪᠥᠷᠢᠯᠡᠨᠡ ᠃
( ᠠᠷᠪᠠᠨ ᠬᠣᠶᠠᠷ ) ᠢᠷᠭᠡᠨ ᠦ ᠬᠡᠷᠡᠭ ᠦᠨ ᠰᠢᠭᠦᠨ ᠲᠠᠰᠤᠯᠬᠤ ᠲᠠᠪᠤᠳᠤᠭᠠᠷ ᠲᠢᠩᠬᠢᠮ
ᠮᠥᠩᠭᠥᠨ ᠭᠦᠢᠯᠭᠡᠭᠡᠨ ᠦ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠥᠷᠢᠯᠡᠨ᠎ᠡ ᠃
( ᠠᠷᠪᠠᠨ ᠭᠤᠷᠪᠠ ) ᠢᠷᠭᠡᠨ ᠦ ᠬᠡᠷᠡᠭ ᠦᠨ ᠰᠢᠭᠦᠨ ᠲᠠᠰᠤᠯᠬᠤ ᠵᠢᠷᠭᠤᠳᠤᠭᠠᠷ ᠲᠢᠩᠬᠢᠮ
ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠥᠷᠢᠯᠡᠨ᠎ᠡ ᠃
( ᠠᠷᠪᠠᠨ ᠲᠦᠷᠪᠡ ) ᠭᠦᠢᠴᠡᠳᠬᠡᠬᠦ ᠶᠢ ᠬᠢᠨᠠᠬᠤ ᠲᠢᠩᠬᠢᠮ
ᠭᠦᠢᠴᠡᠳᠬᠡᠬᠦ ᠳᠤ ᠮᠠᠲᠠᠭ ᠲᠠᠢ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠥᠷᠢᠯᠡᠨ᠎ᠡ ᠃
( ᠠᠷᠪᠠᠨ ᠲᠠᠪᠤ ) ᠭᠦᠢᠴᠡᠳᠬᠡᠬᠦ ᠨᠢᠭᠡᠳᠦᠭᠡᠷ ᠲᠣᠪᠴᠢᠶ᠎ᠠ
ᠡᠯ᠎ᠡ ᠵᠦᠢᠯ ᠦᠨ ᠨᠢᠭᠡ ᠂ ᠬᠣᠶᠠᠳᠤᠭᠠᠷ ᠰᠢᠭᠦᠯᠲᠡ ᠶᠢᠨ ᠬᠦᠴᠦᠨ ᠲᠡᠶ ᠪᠣᠯᠤᠭᠰᠠᠨ ᠲᠥᠪ ᠭᠣᠣᠯᠴᠢ ᠪᠢᠴᠢᠭ ᠬᠠᠷ᠎ᠠ ᠬᠠᠤᠯᠢ ᠶᠣᠰᠣᠭᠠᠷ ᠭᠦᠢᠴᠡᠳᠬᠡᠨ᠎ᠡ ᠃
( ᠠᠷᠪᠠᠨ ᠵᠢᠷᠭᠤᠭ᠎ᠠ ) ᠭᠦᠢᠴᠡᠳᠬᠡᠬᠦ ᠬᠣᠶᠠᠳᠤᠭᠠᠷ ᠲᠣᠪᠴᠢᠶ᠎ᠠ
ᠡᠯ᠎ᠡ ᠵᠦᠢᠯ ᠦᠨ ᠨᠢᠭᠡ ᠂ ᠬᠣᠶᠠᠳᠤᠭᠠᠷ ᠰᠢᠭᠦᠯᠲᠡ ᠶᠢᠨ ᠬᠦᠴᠦᠨ ᠲᠡᠶ ᠪᠣᠯᠤᠭᠰᠠᠨ ᠲᠥᠪ ᠭᠣᠣᠯᠴᠢ ᠪᠢᠴᠢᠭ ᠬᠠᠷ᠎ᠠ ᠬᠠᠤᠯᠢ ᠶᠣᠰᠣᠭᠠᠷ ᠭᠦᠢᠴᠡᠳᠬᠡᠨ᠎ᠡ ᠃
( ᠠᠷᠪᠠᠨ ᠲᠤᠯᠤᠭ᠎ᠠ ) ᠰᠤᠳᠤᠯᠬᠤ ᠲᠠᠰᠤᠭ
ᠬᠠᠤᠯᠢ ᠴᠠᠭᠠᠵᠠ ᠂ ᠬᠠᠤᠯᠢ ᠬᠡᠷᠡᠭᠵᠢᠭᠦᠯᠦᠯᠲᠡ ᠶᠢᠨ ᠲᠠᠶᠢᠯᠪᠤᠷᠢᠯᠠᠯᠲᠠ ᠪᠠ ᠰᠢᠭᠦᠨ ᠲᠠᠰᠣᠯᠣᠯᠳᠠ ᠶᠢᠨ ᠪᠣᠳᠠᠲᠤ ᠠᠵᠢᠯ ᠢ ᠰᠤᠳᠤᠯᠤᠨ᠎ᠠ ᠃
( ᠠᠷᠪᠠᠨ ᠨᠠᠶᠮᠠ ) ᠨᠠᠰᠤᠨ ᠳᠤ ᠦᠯᠦ ᠬᠦᠷᠦᠭᠰᠡᠳ ᠤᠨ ᠬᠡᠷᠡᠭ ᠢ ᠶᠡᠷᠦᠩᠬᠡᠶᠢᠯᠡᠭᠰᠡᠨ ᠰᠢᠭᠦᠨ ᠲᠠᠰᠤᠯᠬᠤ ᠲᠢᠩᠬᠢᠮ
ᠨᠠᠰᠤᠨ ᠳᠤ ᠤᠢᠯᠦ ᠬᠦᠷᠦᠭᠰᠡᠦᠠ ᠦᠨ ᠶᠠᠯ᠎ᠠ ᠬᠢᠭᠰᠡᠨ ᠬᠡᠷᠡᠭ ᠢ ᠬᠠᠤᠯᠢ ᠶᠣᠰᠣᠭᠠᠷ ᠰᠢᠭᠦᠨ ᠰᠢᠢᠳᠪᠥᠷᠢᠯᠡᠨ᠎ᠡ᠃
( ᠠᠷᠪᠠ ᠶᠢᠰᠦ ) ᠵᠠᠰᠠᠭ ᠵᠠᠬᠢᠷᠭᠠᠨ ᠤ ᠰᠢᠭᠦᠨ ᠲᠠᠰᠤᠯᠬᠤ ᠲᠢᠩᠬᠢᠮ ( ᠲᠥᠯᠥᠪᠦᠷᠢ ᠶᠢᠨ ᠺᠣᠮᠢᠰ ᠤᠨ ᠠᠯᠪᠠᠨ ᠭᠡᠷ )
ᠨᠢᠭᠡᠳᠦᠭᠡᠷ ᠂ ᠬᠣᠶᠠᠳᠤᠭᠠᠷ ᠰᠢᠭᠦᠯᠲᠡ ᠶᠢᠨ ᠵᠠᠰᠠᠭ ᠵᠠᠬᠢᠷᠭᠠᠨ ᠤ ᠬᠡᠷᠡᠭ ᠢ ᠬᠠᠤᠯᠢ ᠶᠣᠰᠣᠭᠠᠷ ᠰᠢᠭᠦᠨ ᠲᠠᠰᠤᠯᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠳᠠᠨ ᠭᠦᠢᠴᠡᠳᠬᠡᠭᠦᠯᠬᠦ ᠪᠡᠷ ᠭᠤᠶᠤᠴᠢᠯᠠᠭᠰᠠᠨ ᠦᠯᠦ ᠵᠠᠷᠭᠤᠯᠳᠤᠬᠤ ᠬᠡᠷᠡᠭ ᠢ ᠬᠢᠨᠠᠨ ᠭᠦᠢᠴᠡᠳᠬᠡᠨ᠎ᠡ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶᠠᠨ ᠤ ᠬᠣᠯᠪᠤᠭᠳᠠᠯ ᠪᠦᠬᠦᠢ ᠠᠵᠢᠯ ᠢ ᠬᠢᠨᠠᠯᠲᠠ ᠲᠠᠯᠪᠢᠨ ᠵᠢᠯᠤᠭᠤᠳᠤᠯᠭ᠎ᠠ ᠬᠢᠨ᠎ᠡ ᠃
ᠲᠥᠯᠥᠪᠦᠷᠢ ᠶᠢᠨ ᠺᠣᠮᠢᠰ ᠤᠨ ᠠᠯᠪᠠᠨ ᠭᠡᠷ ᠡᠴᠡ ᠲᠥᠯᠥᠪᠦᠷᠢ ᠶᠢᠨ ᠺᠣᠮᠢᠰ ᠤᠨ ᠬᠦᠯᠢᠶᠠᠨ ᠠᠪᠴᠤ ᠰᠢᠢᠳᠪᠥᠷᠢᠯᠡᠭᠰᠡᠨ ᠤᠯᠤᠰ ᠤᠨ ᠲᠥᠯᠥᠪᠦᠷᠢ ᠶᠢᠨ ᠬᠡᠷᠡᠭ ᠢ ᠬᠠᠤᠯᠢ ᠶᠣᠰᠣᠭᠠᠷ ᠬᠦᠯᠢᠶᠡᠨ ᠠᠪᠴᠦ ᠰᠢᠢᠳᠪᠥᠷᠢᠯᠡᠨ᠎ᠡ ᠃ ᠲᠥᠯᠥᠪᠦᠷᠢ ᠥᠭᠬᠦ ᠡᠭᠦᠷᠭᠡᠲᠦ ᠪᠠᠶᠢᠭᠤᠯᠭ᠎ᠠ ᠶᠢᠨ ᠲᠣᠭᠲᠠᠭᠠᠭᠰᠠᠨ ᠤᠯᠤᠰ ᠤᠨ ᠲᠥᠯᠥᠪᠦᠷᠢ ᠶᠢᠨ ᠬᠡᠷᠡᠭ ᠢ ᠵᠥᠪᠰᠢᠶᠡᠷᠡᠬᠦ ᠦᠭᠡᠢ ᠂ ᠲᠥᠯᠥᠪᠦᠷᠢ ᠢ ᠲᠠᠭᠢᠨ ᠵᠥᠪᠯᠡᠭᠰᠡᠨ ᠬᠡᠷᠡᠭ᠂ ᠭᠣᠮᠣᠳᠠᠯ ᠲᠣᠭᠠᠴᠢᠭᠰᠠᠨ ᠬᠡᠷᠡᠭ ᠢ ᠬᠦᠯᠢᠶᠡᠨ ᠰᠢᠢᠳᠪᠥᠷᠢᠯᠡᠨ᠎ᠡ᠃ ᠲᠥᠯᠥᠪᠦᠷᠢ ᠶᠢᠨ ᠺᠣᠮᠢᠰ ᠤᠨ ᠰᠢᠢᠳᠪᠦᠷᠢ ᠶᠢ ᠭᠦᠢᠴᠡᠳᠬᠡᠨ᠎ᠡ ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠤᠷᠢᠶᠠᠨ ᠤ ᠬᠣᠯᠪᠤᠭᠳᠠᠯ ᠪᠦᠬᠦᠢ ᠠᠵᠢᠯ ᠢ ᠬᠢᠨᠠᠯᠲᠠ ᠲᠠᠯᠪᠢᠨ ᠵᠢᠯᠤᠭᠤᠳᠤᠯᠭ᠎ᠠ ᠬᠢᠨ᠎ᠡ ᠃
( ᠬᠣᠷᠢ ) ᠬᠠᠤᠯᠢ ᠪᠠᠷᠢᠬᠤ ᠳᠤ ᠲᠤᠰᠠᠯᠠᠬᠤ ᠠᠯᠪᠠᠨ ᠭᠡᠷ
ᠲᠤᠰ ᠬᠣᠷᠢᠶ᠎ᠠ ᠪᠣᠯᠤᠨ ᠰᠢᠰᠲ᠋ᠧᠮᠲᠦ ᠬᠠᠤᠯᠢ ᠶᠢᠨ ᠠᠨᠠᠭᠠᠬᠤ ᠤᠬᠠᠭᠠᠨ ᠤ ᠠᠮᠢᠳᠤ ᠪᠡᠶ᠎ᠡ ᠂ ᠦᠬᠦᠳᠡᠯ ᠢ ᠰᠢᠯᠭᠠᠨ ᠳᠤᠭᠳᠠᠭᠠᠨ᠎ᠠ᠃ ᠬᠡᠷᠡᠭ ᠲᠦ ᠬᠣᠯᠪᠣᠭᠳᠠᠭᠰᠠᠨ ᠬᠥᠮᠦᠰ ᠢ ᠬᠥᠳᠡᠯᠮᠦᠷᠢ ᠶᠢᠨ ᠴᠢᠳᠠᠪᠤᠷᠢ ᠂ ᠭᠡᠮᠲᠦᠵᠦ ᠵᠡᠮᠳᠡᠭᠷᠡᠭᠰᠡᠨ ᠬᠡᠮᠵᠢᠶ᠎ᠡ ᠂ ᠡᠮᠨᠡᠭᠦᠯᠬᠦ ᠴᠠᠭ ᠬᠤᠭᠤᠴᠠᠭ᠎ᠠ ᠳᠤᠭᠲᠠᠭᠠᠨ ᠂ ᠡᠮ ᠬᠡᠷᠡᠭᠯᠡᠬᠦ ᠲᠠᠯ᠎ᠠ ᠪᠠᠷ ᠬᠢ ᠵᠦᠢ ᠵᠣᠬᠢᠰᠲᠠᠶ ᠦᠨᠡᠯᠡᠨ ᠲᠣᠭᠲᠠᠭᠠᠯᠲᠠ ᠢ ᠬᠢᠨ᠎ᠡ᠃ ᠪᠦᠬᠦ ᠬᠣᠲᠠ ᠶᠢᠨ ᠬᠠᠤᠯᠢ ᠪᠠᠷᠢᠬᠤ ᠰᠢᠯᠭᠠᠨ ᠲᠣᠭᠲᠠᠭᠠᠯᠲᠠ ᠶᠢᠨ ᠮᠡᠷᠭᠡᠵᠢᠯ ᠦᠨ ᠠᠵᠢᠯ ᠢ ᠵᠢᠯᠤᠭᠤᠳᠤᠨ᠎ᠠ᠃
(ᠬᠣᠷᠢᠨ ᠨᠢᠭᠡ ) ᠬᠠᠤᠯᠢ ᠶᠢᠨ ᠴᠠᠭᠳᠠᠭ᠎ᠠ ᠠᠩᠬᠢ
ᠬᠠᠤᠯᠢ ᠴᠠᠭᠠᠵᠠ ᠶᠢᠨ ᠴᠠᠭᠳᠠᠭ᠎ᠠ ᠴᠠᠭᠳᠠᠭᠠᠨ ᠤ ᠶᠠᠪᠤᠳᠠᠯ ᠤᠨ ᠠᠵᠢᠯ ᠢ ᠬᠠᠷᠢᠭᠤᠴᠠᠨ᠎ᠠ ᠃ ᠰᠢᠭᠦᠬᠦ ᠲᠢᠩᠬᠢᠮ ᠢ ᠴᠠᠭᠳᠠᠬᠤ᠂ ᠠᠯᠠᠬᠤ ᠡᠷᠡᠭᠦᠦ ᠶᠢ ᠭᠦᠢᠴᠡᠳᠬᠡᠬᠦ ᠂ ᠶᠡᠯᠡᠳᠡᠠ ᠢ ᠪᠠᠷᠢᠵᠤ ᠬᠦᠷᠭᠡᠬᠦ ᠂ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠬᠦᠷᠭᠡᠨ᠎ᠡ᠃ ᠰᠢᠭᠦᠨ ᠲᠠᠰᠤᠯᠬᠤ ᠲᠢᠩᠬᠢᠮ ᠪᠠ ᠭᠦᠢᠴᠡᠳᠬᠡᠬᠦ ᠲᠢᠩᠬᠢᠮ ᠤᠨ ᠬᠣᠯᠪᠣᠭᠳᠠᠯ ᠪᠦᠬᠦᠢ ᠠᠵᠢᠯ ᠢ ᠬᠠᠮᠵᠢᠯᠴᠠᠨ᠎ᠠ ᠃ ᠪᠠᠶᠢᠭᠤᠯᠤᠯᠭ᠎ᠠ ᠠᠮᠤᠷ ᠲᠦᠪᠰᠢᠨ ᠦ ᠰᠡᠷᠭᠡᠶᠢᠯᠡᠨ ᠬᠠᠮᠠᠭᠠᠯᠠᠬᠤ ᠶᠢ ᠬᠠᠷᠢᠭᠤᠴᠠᠨ᠎ᠠ ᠃ ᠦᠨᠳᠦᠰᠦᠨ ᠱᠠᠲᠤᠨ ᠤ ᠠᠷᠠᠳ ᠤᠨ ᠰᠢᠭᠦᠬᠦ ᠬᠣᠷᠢᠶᠠᠨ ᠤ ᠬᠠᠤᠯᠢ ᠶᠢᠨ ᠴᠠᠭᠳᠠᠭᠠᠨ ᠤ ᠠᠵᠢᠯ ᠢ ᠵᠢᠯᠤᠭᠤᠳᠤᠨ ᠪᠠᠢᠷᠢᠯᠠᠭᠤᠯᠤᠯᠲᠠ ᠬᠢᠨ᠎ᠡ᠃
( ᠬᠣᠷᠢᠨ ᠬᠣᠶᠠᠷ ) ᠬᠠᠤᠯᠢ ᠪᠠᠷᠢᠬᠤ ᠵᠠᠰᠠᠭ ᠵᠠᠬᠢᠷᠭᠠᠨ ᠤ ᠲᠣᠨᠣᠭᠯᠠᠯ ᠤᠨ ᠬᠠᠮᠢᠶᠠᠷᠤᠯᠲᠠ ᠶᠢᠨ ᠲᠠᠰᠤᠭ
ᠪᠦᠬᠦ ᠬᠣᠲᠠ ᠶᠢᠨ ᠰᠢᠭᠦᠬᠦ ᠬᠣᠷᠢᠶᠠᠨ ᠤ ᠰᠢᠰᠲ᠋ᠧᠮ ᠦᠨ ᠵᠡᠪᠰᠡᠭ ᠂ ᠬᠤᠪᠴᠠᠰᠤ ᠬᠤᠨᠠᠷ ᠂ ᠲᠡᠷᠭᠡ ᠬᠥᠰᠬᠡ ᠵᠡᠷᠭᠡ ᠲᠤᠰᠬᠠᠶ ᠵᠦᠢᠯ ᠦᠨ ᠡᠳ᠋ ᠪᠣᠳᠠᠰ ᠲᠣᠨᠣᠭᠯᠠᠯ ᠬᠤᠳᠠᠯᠳᠤᠨ ᠠᠪᠬᠤ ᠂ ᠣᠯᠭᠣᠬᠤ ᠂ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠠᠯᠪᠠᠨ ᠭᠡᠷ ᠦᠨ ᠠᠥᠲ᠋ᠤᠴᠢᠯᠠᠯ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ᠲᠤᠰ ᠬᠣᠷᠢᠶᠠᠨ ᠤ ᠡᠳ᠋ ᠦᠨ ᠶᠠᠪᠤᠳᠠᠯ ᠤᠨ ᠲᠥᠯᠥᠪᠯᠡᠭᠡ ᠶᠢᠨ ᠠᠵᠢᠯ ᠪᠠ ᠵᠠᠷᠭᠤ ᠶᠢᠨ ᠵᠠᠷᠤᠳᠠᠯ ᠤᠨ ᠬᠠᠮᠢᠶᠠᠷᠤᠯᠲᠠ᠂ ᠲᠣᠭ᠎ᠠ ᠪᠦᠷᠢᠳᠬᠡᠯ ᠂ ᠬᠢᠨᠠᠯᠲᠠ ᠲᠠᠯᠪᠢᠬᠤ ᠪᠠ ᠬᠤᠷᠢᠶᠠᠨ ᠠᠪᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠡᠯ᠎ᠡ ᠵᠦᠢᠯ ᠦᠨ ᠵᠠᠷᠤᠳᠠᠯ ᠪᠣᠯᠤᠨ ᠤᠯᠤᠰ ᠤᠨ ᠥᠮᠴᠢᠯᠡᠯ ᠦᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ ᠃ ᠰᠢᠭᠤᠳ ᠬᠠᠷᠢᠶ᠎ᠠ ᠠᠵᠢᠯ ᠦᠢᠯᠡᠰ ᠦᠨ ᠨᠢᠭᠡᠴᠢ ᠶᠢᠨ ᠡᠳ᠋ ᠦᠨ ᠶᠠᠪᠤᠳᠠᠯ ᠪᠠ ᠤᠯᠤᠰ ᠤᠨ ᠥᠮᠴᠢᠯᠡᠯ ᠦᠨ ᠡᠳ᠋ ᠬᠦᠷᠦᠨᠭᠭᠡ ᠶᠢ ᠬᠢᠨᠠᠨ ᠬᠠᠮᠢᠶᠠᠷᠤᠨ᠎ᠠ᠃
( ᠬᠣᠷᠢᠨ ᠭᠤᠷᠪᠠ ) ᠰᠢᠭᠦᠨ ᠲᠠᠰᠤᠯᠤᠯᠳᠠ ᠶᠢ ᠬᠠᠮᠢᠶᠠᠷᠬᠤ ᠠᠯᠪᠠᠨ ᠭᠡᠷ
ᠬᠡᠷᠡᠭ ᠦᠨ ᠲᠣᠭ᠎ᠠ ᠪᠠᠷᠢᠮᠲᠠ ᠪᠦᠷᠢᠳᠬᠡᠬᠦ ᠵᠢᠴᠢ ᠶᠡᠷᠦᠩᠬᠡᠶᠢᠯᠡᠨ ᠬᠠᠮᠢᠶᠠᠷᠤᠨ᠎ᠠ ᠃
( ᠬᠣᠷᠢᠨ ᠲᠥᠷᠪᠡ ) ᠰᠢᠭᠦᠨ ᠲᠠᠰᠤᠯᠤᠯᠲᠠ ᠳᠤ ᠬᠢᠨᠠᠯᠲᠠ ᠲᠠᠯᠪᠢᠬᠤ ᠲᠢᠩᠬᠢᠮ
ᠲᠠᠬᠢᠨ ᠰᠢᠭᠦᠯᠭᠡᠬᠦ ᠂ ᠵᠢᠭᠠᠪᠤᠷᠢᠯᠠᠨ ᠲᠠᠬᠢᠨ ᠰᠢᠭᠦᠯᠭᠡᠬᠦ ᠂ ᠡᠰᠡᠷᠭᠦᠴᠡᠨ ᠵᠠᠭᠠᠯᠳᠤᠭᠰᠠᠨ ᠬᠡᠷᠡᠭ ᠢ ᠬᠠᠤᠯᠢ ᠶᠠᠰᠤᠭᠠᠷ ᠰᠢᠬᠦᠨ ᠰᠢᠢᠳᠪᠥᠷᠢᠯᠡᠨ᠎ᠡ᠃ ᠡᠷᠡᠭᠦᠦ ᠰᠢᠳᠬᠡᠯ ᠬᠥᠩᠭᠡᠷᠡᠭᠦᠯᠬᠦ ᠂ ᠲᠡᠩᠰᠡᠨ ᠰᠤᠯᠠᠯᠠᠬᠤ ᠬᠡᠷᠡᠭ ᠢ ᠰᠢᠭᠦᠨ ᠰᠢᠢᠳᠪᠥᠷᠢᠯᠡᠨ᠎ᠡ ᠃
ᠭᠤᠷᠪᠠ ᠂ ᠠᠵᠢᠯᠲᠠᠨ ᠤ ᠣᠷᠣᠨ ᠲᠣᠭ᠎ᠠ
ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠣᠭ᠎ᠠ 157 ᠬᠥᠮᠦᠨ (ᠰᠢᠭᠦᠬᠦ ᠬᠣᠷᠢᠶᠠᠨ ᠤ ᠲᠤᠰᠬᠠᠶ ᠣᠷᠣᠨ ᠲᠣᠭ᠎ᠠ ᠶᠢ ᠬᠡᠷᠡᠭᠯᠡᠪᠡ) ᠃ ᠡᠭᠦᠨ ᠳᠦ ᠬᠣᠷᠢᠶᠠᠨ ᠳᠠᠷᠤᠭ᠎ᠠ 1 ᠬᠥᠮᠦᠨ ᠂ ᠳᠡᠳ᠋ ᠬᠤᠷᠢᠶᠠᠨ ᠳᠠᠷᠤᠭ᠎ᠠ 5 ᠬᠥᠮᠦᠨ᠂ ᠤᠯᠤᠰ ᠲᠥᠷᠥ ᠶᠢᠨ ᠬᠡᠯᠲᠡᠰ ᠦᠨ ᠡᠷᠬᠢᠯᠡᠭᠴᠢ 1 ᠨᠡᠷ᠎ᠡ ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠨᠢᠭᠡ ᠬᠥᠮᠦᠨ ᠃ ᠰᠠᠯᠠᠭᠠᠨ ᠳᠡᠰ ᠤᠨ ᠤᠳᠤᠷᠢᠳᠬᠤ ᠲᠤᠰᠢᠶᠠᠯ ᠤᠨ ᠲᠣᠭ᠎ᠠ 61 ᠬᠥᠮᠦᠨ ( ᠵᠢᠩᠬᠢᠨᠢ 29 ᠨᠡᠷ᠎ᠡ᠂ ᠳᠡᠳ᠋32 ᠨᠡᠷ᠎ᠡ ) ᠃
ᠲᠦᠷᠪᠡ ᠂ 2016 ᠣᠨ ᠤ ᠲᠥᠰᠦᠪ ᠢ ᠲᠣᠬᠢᠷᠠᠭᠤᠯᠤᠭᠰᠠᠨ ᠪᠠᠶᠢᠳᠠᠯ
2016 ᠣᠨ ᠳᠤ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ ᠠᠯᠪᠠᠨ ᠬᠡᠷᠡᠭᠯᠡᠭᠡᠨ ᠤ ᠵᠠᠷᠤᠳᠠᠯ ᠨᠡᠶᠢᠲᠡ 271.05 ᠲᠦᠮᠡᠨ ᠲᠥᠭᠥᠷᠢᠭ ᠪᠣᠯᠤᠨ᠎ᠠ ᠂ ᠡᠭᠦᠨ ᠦ ᠳᠣᠲᠣᠷ᠎ᠠ ᠄ ᠠᠯᠪᠠᠨ ᠶᠠᠪᠤᠳᠠᠯ ᠤᠨ ᠵᠠᠷᠤᠳᠠᠯ 168.64 ᠲᠦᠮᠡᠨ ᠲᠥᠭᠥᠷᠢᠭ ᠂ ᠵᠠᠮ ᠬᠠᠷᠢᠯᠴᠠᠭᠠᠨ ᠤ ᠵᠠᠷᠤᠳᠠᠯ 60.72 ᠲᠦᠮᠡᠨ ᠲᠥᠭᠥᠷᠢᠭ ᠂ ᠠᠵᠢᠯᠴᠢᠨ ᠤ ᠡᠪᠯᠡᠯ ᠦᠨ ᠵᠠᠷᠤᠳᠠᠯ 11.91 ᠲᠦᠮᠡᠨ ᠲᠥᠭᠥᠷᠢᠭ ᠂ ᠠᠵᠢᠯᠲᠠᠨ ᠠᠵᠢᠯᠴᠢᠨ ᠤ ᠠᠰᠠᠷᠠᠮᠵᠢ ᠶᠢᠨ ᠵᠠᠷᠤᠳᠠᠯ 29.78 ᠲᠦᠮᠡᠨ ᠲᠥᠭᠥᠷᠢᠭ ᠪᠣᠯᠤᠨ᠎ᠠ ᠃
ᠲᠠᠪᠤ ᠂ 2016 ᠣᠨ ᠤ 《 ᠭᠤᠷᠪᠠᠨ ᠵᠦᠢᠯ ᠦᠨ ᠠᠯᠪᠠᠨ ᠤ ᠵᠠᠷᠤᠳᠠᠯ 》 ᠤᠨ ᠲᠥᠰᠦᠪ ᠦᠨ ᠪᠠᠶᠢᠳᠠᠯ
2016 ᠣᠨ ᠳᠤ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ 《 ᠭᠤᠷᠪᠠᠨ ᠵᠦᠢᠯ ᠦᠨ ᠠᠯᠪᠠᠨ ᠤ ᠵᠠᠷᠤᠳᠠᠯ 》 ᠤᠨ ᠡᠳ᠋ ᠦᠨ ᠵᠠᠰᠠᠭ ᠤᠨ ᠵᠣᠭᠣᠰ ᠰᠠᠯᠭᠠᠨ ᠥᠭᠬᠦ ᠲᠥᠰᠦᠪ ᠦᠨ ᠪᠦᠬᠦ ᠬᠡᠮᠵᠢᠶ᠎ᠡ 70.72 ᠲᠦᠮᠡᠨ ᠲᠥᠭᠥᠷᠢᠭ ᠂ ᠲᠦᠷᠦᠭᠦᠦ ᠵᠢᠯ ᠦᠨ ᠬᠢ ᠡᠴᠡ 56 % ᠪᠡᠷ ᠪᠠᠭᠠᠰᠴᠤ᠂ ᠤᠯᠤᠰ ᠠᠴᠠ ᠲᠣᠭᠲᠠᠭᠠᠭᠰᠠᠨ ᠳᠤᠭᠲᠠᠭᠠᠯ ᠶᠣᠰᠣᠭᠠᠷ ᠭᠤᠷᠪᠠᠨ ᠵᠦᠢᠯ ᠦᠨ ᠠᠯᠪᠠᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠠᠮᠢᠶᠠᠷᠤᠨ᠎ᠠ᠃ ᠡᠭᠦᠨ ᠦ ᠳᠣᠲᠣᠷ᠎ᠠ ᠠᠯᠪᠠᠨ ᠶᠠᠪᠤᠳᠠᠯ ᠤᠨ ᠵᠣᠴᠢᠯᠠᠯᠭ᠎ᠠ ᠶᠢᠨ ᠵᠠᠷᠤᠳᠠᠯ 10 ᠲᠦᠮᠡᠨ ᠲᠥᠭᠥᠷᠢᠭ ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠬᠤᠳᠠᠯᠳᠤᠨ ᠠᠪᠤᠭᠰᠠᠨ ᠵᠠᠷᠤᠳᠠᠯ 0 ᠲᠦᠮᠡᠨ ᠲᠥᠭᠥᠷᠢᠭ ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠠᠵᠢᠯᠯᠠᠭᠠᠨ ᠢ ᠠᠷᠠᠳᠴᠢᠯᠠᠬᠤ ᠵᠠᠷᠤᠳᠠᠯ 60.72 ᠲᠦᠮᠡᠨ ᠲᠥᠭᠥᠷᠢᠭ ᠂ ᠠᠯᠪᠠᠨ ᠬᠡᠷᠡᠭ ᠢᠶᠡᠷ ᠤᠯᠤᠰ ( ᠬᠢᠯᠢ ) ᠡᠴᠡ ᠭᠠᠷᠬᠤ ᠵᠠᠷᠤᠳᠠᠯ 0 ᠲᠦᠮᠡᠨ ᠲᠥᠭᠥᠷᠢᠭ ᠪᠣᠯᠤᠨ᠎ᠠ ᠃
2016 ᠣᠨ ᠤ ᠰᠠᠯᠠᠭ᠎ᠠ ᠮᠥᠴᠢᠷ ᠦᠨ ᠲᠥᠰᠦᠪ ᠦᠨ ᠪᠠ 《 ᠭᠤᠷᠪᠠᠨ ᠵᠦᠢᠯ ᠦᠨ ᠠᠯᠪᠠᠨ ᠤ ᠵᠠᠷᠤᠳᠠᠯ 》 ᠤᠨ ᠲᠥᠰᠦᠪ ᠢ ᠢᠯᠡ ᠪᠣᠯᠭᠠᠬᠤ ᠬᠦᠰᠦᠨᠦᠭᠲᠦ ᠢ ᠳᠠᠭᠠᠯᠳᠤᠭᠤᠯᠤᠯ ᠳᠤ ᠦᠵᠡ ᠃
ᠦᠨᠡᠯᠡᠬᠦ 0ᠦᠨᠡᠯᠡᠯᠲᠡ ᠲᠠᠢ