ᠬᠠᠤᠯᠢ ᠴᠠᠭᠠᠵᠠ ᠶᠢᠨ ᠬᠦᠴᠦᠨ ᠢ ᠭᠦᠢᠴᠡᠳ ᠪᠠᠳᠠᠷᠠᠭᠤᠯᠤᠨ ᠠᠷᠠᠳ ᠤᠯᠠᠨ ᠤ ᠬᠤᠪᠢ ᠪᠡᠶ᠎ᠡ ᠡᠳ᠋ ᠬᠥᠷᠦᠩᠭᠡ ᠶᠢᠨ ᠠᠮᠥᠷ ᠲᠦᠪᠰᠢᠨ ᠢ ᠬᠠᠮᠠᠭᠠᠯᠠᠨ᠎ᠠ
2016.12.20 ᠲᠣᠰ ᠥᠷᠲᠡᠭᠡᠨ᠎ᠦ ᠨᠠᠢᠷᠠᠭᠤᠯᠤᠭᠴᠢ

 

 

 

 

 

ᠠᠮᠤᠷ ᠲᠦᠪᠰᠢᠨ  ᠭᠡᠵᠦ ᠶᠠᠭᠤ ᠪᠤᠢ︖ ᠠᠮᠤᠷ ᠲᠦᠪᠰᠢᠨ ᠪᠣᠯ ᠬᠥᠮᠦᠨ ᠲᠥᠷᠥᠯᠬᠢᠲᠡᠨ ᠦᠢᠯᠡᠳᠪᠦᠷᠢᠯᠡᠯ ᠦᠨ ᠶᠠᠪᠤᠴᠠ ᠳᠤ ᠂ ᠰᠢᠰᠲ᠋ᠧᠮ ᠦᠨ ᠡᠷᠭᠢᠯᠲᠡ ᠶᠢᠨ  ᠶᠠᠪᠤᠴᠠ ᠨᠢ ᠬᠥᠮᠦᠨ ᠲᠥᠷᠥᠯᠬᠢᠲᠡᠨ ᠦ ᠠᠮᠢ ᠨᠠᠰᠤ ᠂ ᠡᠳ᠋ ᠬᠥᠷᠥᠩᠭᠡ ᠂ ᠣᠷᠴᠢᠨ ᠲᠣᠭᠣᠷᠢᠨ ᠭᠠᠷᠴᠤ ᠮᠡᠳᠡᠬᠦ ᠬᠣᠬᠢᠷᠠᠯ ᠢ ᠬᠥᠮᠦᠨ ᠲᠥᠷᠥᠯᠬᠢᠲᠡᠨ ᠦ ᠬᠦᠯᠢᠶᠡᠨ ᠠᠪᠴᠤ ᠴᠢᠳᠠᠬᠤ ᠬᠡᠮᠵᠢᠶᠡᠨ  ᠳᠣᠲᠤᠷ᠎ᠠ ᠬᠢᠵᠠᠭᠠᠷᠯᠠᠬᠤ ᠶᠢ ᠵᠢᠭᠠᠨ᠎ᠠ᠃ ᠠᠮᠤᠷ ᠲᠦᠪᠰᠢᠨ  ᠤ ᠥᠪᠡᠷᠮᠢᠴᠡ ᠰᠢᠨᠵᠢ ᠴᠢᠨᠠᠷ  ᠪᠣᠯ ᠳᠠᠷᠤᠢ《 ᠠᠶᠤᠯ ᠦᠭᠡᠢ 》 ᠃ ᠶᠡᠷᠦ ᠶᠢᠨ ᠪᠠᠶᠢᠳᠠᠯ ᠳᠣᠣᠷ᠎ᠠ ᠂ ᠬᠥᠮᠦᠨ ᠦ ᠪᠡᠶ᠎ᠡ  ᠪᠠ ᠡᠳ᠋ ᠬᠦᠷᠦᠩᠭᠡ ᠶᠢᠨ ᠠᠮᠤᠷ ᠲᠦᠪᠰᠢᠨ  ᠤ ᠲᠤᠬᠠᠢ ᠬᠣᠯᠪᠣᠭᠳᠠᠯ ᠪᠦᠬᠦᠢ ᠬᠡᠷᠡᠭ ᠨᠢ ᠡᠷᠬᠡ ᠳᠦ ᠬᠠᠯᠳᠠᠭᠰᠠᠨ ᠵᠠᠷᠭᠤ ᠶᠢᠨ ᠰᠢᠭᠦᠨ ᠰᠢᠶᠳᠪᠦᠷᠢᠯᠡᠬᠦ ᠬᠡᠪᠴᠢᠶ᠎ᠡ ᠳᠤ ᠬᠠᠷᠢᠶᠠᠯᠠᠭᠳᠠᠨ᠎ᠠ ᠃ ᠰᠢᠭᠦᠬᠦ ᠬᠣᠷᠢᠶ᠎ᠠ ᠭᠡᠷ᠎ᠡ ᠶᠢᠨ ᠠᠪᠴᠠᠭ᠎ᠠ ᠥᠭᠴᠡᠭᠡ ᠶᠢᠨ ᠬᠡᠷᠡᠭ ᠢ ᠰᠢᠭᠦᠨ ᠰᠢᠶᠳᠪᠦᠷᠢᠯᠡᠬᠦ ᠳᠤᠮᠳᠠ ᠂ ᠭᠣᠣᠯᠳᠠᠭᠤ ᠭᠡᠷ᠎ᠡ ᠶᠢ ᠬᠡᠷᠬᠢᠨ ᠭᠦᠢᠴᠡᠳᠬᠡᠬᠦ ᠪᠠ ᠬᠦᠴᠦᠨ ᠦᠭᠡᠢ ᠪᠣᠯᠭᠠᠬᠤ ᠡᠰᠡᠬᠦ ᠲᠤᠬᠠᠶ ᠬᠣᠯᠪᠣᠭᠳᠠᠯ ᠪᠦᠬᠦᠢ ᠠᠰᠠᠭᠤᠳᠠᠯ ᠤᠨ ᠲᠠᠯ᠎ᠠ ᠪᠠᠷ ᠰᠢᠭᠦᠨ ᠰᠢᠢᠳᠪᠦᠷᠢᠯᠡᠵᠦ ᠂ ᠠᠮᠤᠷ ᠲᠦᠪᠰᠢᠨ ᠦ ᠠᠰᠠᠭᠤᠳᠠᠯ  ᠲᠠᠢ ᠬᠣᠯᠪᠤᠭᠳᠠᠬᠤ ᠦᠭᠡᠶ ᠶᠤᠮ ᠃ ᠭᠡᠪᠡᠴᠦ ᠬᠡᠷᠡᠭ ᠳᠡᠭᠡᠷ᠎ᠡ ᠪᠡᠨ ᠂ ᠵᠠᠷᠢᠮ ᠭᠡᠷ᠎ᠡ ᠶᠢᠨ ᠠᠪᠴᠠᠭ᠎ᠠ ᠥᠭᠴᠡᠭᠡ  ᠶᠢᠨ ᠬᠣᠯᠪᠣᠭᠳᠠᠭᠰᠠᠨ ᠬᠡᠷᠡᠭ ᠳᠤᠮᠳᠠ ᠦᠷᠭᠦᠯᠵᠢ ᠬᠦᠨᠳᠦ ᠨᠣᠴᠢᠲᠠᠶ ᠠᠮᠤᠷ ᠲᠦᠪᠰᠢᠨ ᠪᠤᠰᠤ ᠲᠠᠯᠳᠠ ᠭᠡᠮ  ᠪᠠᠢᠳᠠᠭ᠂ ᠡᠳᠡᠭᠡᠷ ᠬᠡᠷᠡᠭ ᠨᠢ ᠭᠣᠣᠯᠳᠠᠭᠤ ᠭᠡᠷ ᠪᠠᠶᠢᠰᠢᠩ ᠭᠠᠵᠠᠷ ᠬᠥᠷᠦᠩᠭᠡ ᠶᠢᠨ ᠵᠢᠭᠤᠷᠠᠯᠳᠤᠭᠠᠨ ᠪᠠ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠭᠡᠷ᠎ᠡ ᠶᠢᠨ ᠵᠢᠭᠤᠷᠠᠯᠳᠤᠭᠠᠨ ᠤ ᠬᠡᠷᠡᠭ  ᠪᠣᠯᠤᠨ᠎ᠠ᠃

ᠣᠶᠢᠷ᠎ᠠ  ᠶᠢᠨ ᠬᠤᠭᠤᠴᠠᠭᠠᠨ ᠳᠤ ᠂ ᠲᠤᠰ ᠬᠣᠷᠢᠶᠠᠨ ᠤ ᠢᠷᠭᠡᠨ ᠦ ᠬᠡᠷᠡᠭ ᠤᠨ ᠵᠢᠷᠭᠤᠳᠤᠭᠠᠷ ᠲᠢᠩᠬᠢᠮ  ᠨᠢᠭᠡᠨ ᠭᠡᠷ ᠪᠠᠶᠢᠰᠢᠩ ᠭᠠᠵᠠᠷ ᠬᠥᠷᠦᠩᠭᠡ ᠶᠢᠨ ᠵᠢᠭᠤᠷᠠᠯᠳᠤᠭᠠᠨ ᠤ ᠬᠡᠷᠡᠭ  ᠢ ᠳᠤᠮᠳᠠ ᠰᠢᠭᠦᠨ ᠰᠢᠶᠳᠪᠦᠷᠢᠯᠡᠬᠦ  ᠳᠤᠮᠳᠠ ᠂ ᠬᠤᠳᠠᠯᠳᠤᠭᠴᠢ  ᠶᠢᠨ ᠬᠤᠳᠠᠯᠳᠤᠨ ᠠᠪᠤᠭᠴᠢ ᠳᠤ ᠲᠤᠰᠢᠶᠠᠭᠰᠠᠨ ᠲᠤᠮᠤ ᠬᠡᠯᠪᠡᠷᠢ ᠶᠢᠨ ᠭᠠᠵᠠᠷ ᠳᠣᠣᠷᠠᠬᠢ ᠬᠤᠳᠠᠯᠳᠤᠭᠠᠨ ᠤ ᠬᠤᠲᠠ ᠨᠢ ᠲᠥᠯᠥᠪᠵᠢᠭᠦᠯᠭᠡ ᠶᠢᠨ ᠵᠥᠪᠰᠢᠶᠡᠷᠡᠯ ᠦᠭᠡᠢ ᠂ ᠭᠠᠯ ᠢ ᠰᠡᠷᠭᠡᠶᠢᠯᠡᠨ ᠤᠨᠲᠠᠷᠠᠭᠠᠬᠤ ᠪᠡᠯᠡᠳᠬᠡᠯ ᠲᠥᠬᠥᠭᠡᠷᠦᠮᠵᠢ  ᠤᠭᠰᠠᠷᠠᠭᠰᠠᠨ ᠦᠭᠡᠢ ᠂ ᠴᠠᠭᠠᠨ᠎ᠠ ᠠᠯᠢ ᠣᠯᠠᠨ ᠭᠠᠷ ᠭᠦᠢᠴᠡᠳᠬᠡᠯ ᠨᠢ ᠮᠡᠳᠡᠭᠡᠵᠢ ᠶᠢᠨ ᠬᠡᠷᠡᠭ ᠂ ᠶᠠᠮᠠᠷ ᠴᠤ ᠭᠠᠷ ᠭᠦᠢᠴᠡᠳᠬᠡᠯ ᠪᠠᠶᠢᠬᠤ ᠪᠣᠯᠤᠮᠵᠢ  ᠦᠭᠡᠢ᠂ ᠤᠴᠢᠷ ᠨᠢ ᠲᠥᠯᠥᠪᠵᠢᠭᠦᠯᠭᠡ ᠪᠣᠯ ᠨᠢᠭᠡᠳᠦᠭᠡᠷ ᠠᠯᠬᠤᠮ ᠪᠣᠯᠤᠨ᠎ᠠ ᠂ ᠭᠡᠪᠡᠴᠦ ᠰᠣᠨᠢᠨ ᠤᠴᠢᠷ ᠭᠡᠪᠡᠯ ᠂ ᠭᠡᠷ ᠬᠥᠷᠥᠩᠭᠡ ᠶᠢᠨ ᠦᠨᠡᠮᠯᠡᠯ ᠨᠢ ᠬᠠᠷᠢᠨ ᠭᠠᠷᠤᠭᠠᠳ ᠢᠷᠡᠴᠢᠬᠡᠪᠡ ᠂ ᠲᠡᠷᠡᠴᠢᠯᠡᠨ ᠡᠨᠡ ᠬᠦ ᠭᠠᠵᠠᠷ ᠳᠣᠣᠷᠠᠬᠢ ᠬᠤᠳᠠᠯᠳᠤᠭᠠᠨ ᠤ ᠬᠤᠲᠠ ᠨᠢ ᠨᠢᠭᠡᠨᠲᠡ  ᠪᠠᠷᠢᠯᠭ᠎ᠠ ᠶᠢᠨ ᠮᠠᠲ᠋ᠧᠷᠢᠶᠠᠯ ᠡᠵᠡᠩᠨᠡᠭᠰᠡᠨ ᠪᠠᠢᠨ᠎ᠠ( ᠨᠣᠴᠣᠮᠠᠲᠠᠭᠠᠶ ᠡᠳ᠋) ᠃ ᠡᠶᠢᠮᠦ ᠨᠢᠭᠡᠨ ᠲᠤᠶᠢᠯ ᠤᠨ ᠶᠡᠬᠡ ᠠᠶᠤᠯ  ᠤᠨ ᠲᠠᠯᠳᠠ ᠭᠡᠮ ᠲᠠᠢ ᠭᠠᠵᠠᠷ ᠳᠣᠣᠷᠠᠬᠢ ᠪᠠᠷᠢᠯᠭ᠎ᠠ  ᠶᠢᠨ ᠮᠠᠲ᠋ᠧᠷᠢᠶᠠᠯ  ᠤᠨ ᠭᠠᠵᠠᠷ ᠡᠴᠡ᠂  ᠲᠠ ᠣᠴᠢᠵᠤ ᠪᠠᠷᠠᠭ᠎ᠠ ᠬᠤᠳᠠᠯᠳᠤᠨ ᠠᠪᠬᠤ  ᠦᠦ ︖ ᠵᠠᠪᠰᠢᠶᠠᠨ ᠢᠶᠠᠷ ᠡᠯ᠎ᠡ ᠲᠦᠷᠦᠯ ᠦᠨ ᠵᠢᠭᠤᠷᠠᠯᠳᠤᠭᠠᠨ ᠳᠤ ᠰᠢᠭᠦᠬᠦ ᠬᠣᠷᠢᠶᠠᠨ ᠡᠴᠡ ᠡᠴᠦᠰ ᠦᠨ ᠲᠣᠭᠲᠠᠭᠠᠯᠲᠠ ᠭᠠᠷᠭᠠᠵᠤ ᠂ ᠡᠳᠡᠭᠡᠷ ᠰᠡᠳᠬᠢᠭᠳᠡᠰᠢ ᠦᠭᠡᠢ ᠲᠣᠭᠲᠠᠭᠠᠯ ᠠᠴᠠ  ᠵᠥᠷᠢᠴᠡᠭᠰᠡᠨ ᠠᠰᠠᠭᠤᠳᠠᠯ ᠨᠢ ᠵᠠᠯᠠᠷᠠᠭᠤᠯᠬᠤ ᠪᠣᠯᠤᠯᠴᠠᠭ᠎ᠠ ᠲᠠᠢ ᠪᠠᠢᠯ᠎ᠠ ᠂ ᠭᠡᠪᠡᠴᠦ ᠲᠠᠰᠤᠯᠤᠨ ᠲᠣᠭᠲᠠᠭᠠᠬᠤ ᠪᠠᠶᠢᠭᠤᠯᠭ᠎ᠠ  ᠪᠣᠯᠤᠭᠰᠠᠨ ᠰᠢᠭᠦᠬᠦ ᠬᠣᠷᠢᠶ᠎ᠠ ᠨᠢ ᠲᠡᠭᠦᠰ ᠴᠢᠳᠠᠯ ᠲᠠᠶ ᠪᠢᠰᠢ ᠶᠤᠮ ᠃ ᠰᠢᠭᠦᠬᠦ ᠬᠣᠷᠢᠶ᠎ᠠ  ᠣᠳᠣᠬᠠᠨ ᠤ ᠪᠠᠢᠭ᠎ᠠ ᠤᠯᠤᠰ ᠤᠨ ᠵᠠᠰᠠᠯᠲᠠ ᠶᠢᠨ  ᠪᠣᠷᠣ ᠲᠥᠰᠦᠪ  ᠳᠣᠣᠷ᠎ᠠ ᠂ ᠵᠥᠪᠬᠡᠨ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠵᠤ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠨᠡᠶᠢᠭᠡᠮ ᠦᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ  ᠳᠤ ᠢᠯᠡᠭᠦᠬᠡᠨ ᠣᠷᠣᠯᠴᠠᠬᠤ ᠪᠣᠯᠤᠨ᠎ᠠ᠃

ᠰᠠᠶ᠋ᠢ ᠶᠢᠨ ᠵᠢᠱᠢᠶ᠎ᠡ ᠲᠠᠲᠠᠭᠰᠠᠨ ᠭᠡᠷ ᠪᠠᠶᠢᠰᠢᠩ ᠭᠠᠵᠠᠷ ᠬᠥᠷᠦᠩᠭᠡ ᠶᠢᠨ ᠵᠢᠭᠤᠷᠠᠯᠳᠤᠭᠠᠨ ᠤ ᠬᠡᠷᠡᠭ  ᠢ᠂ ᠲᠤᠰ ᠬᠣᠷᠢᠶᠠᠨ ᠤ ᠰᠢᠭᠦᠨ ᠲᠠᠰᠤᠯᠬᠤ ᠵᠥᠪᠯᠡᠯ   ᠶᠠᠷᠢᠯᠴᠠᠭᠰᠠᠨ ᠤ ᠳᠠᠷᠠᠭ᠎ᠠ ᠂ ᠲᠤᠰ ᠬᠣᠷᠢᠶᠠᠨ ᠤ ᠭᠣᠣᠯ ᠤᠳᠤᠷᠢᠳᠤᠯᠭ᠎ᠠ ᠪᠠ ᠠᠵᠢᠯ ᠬᠤᠪᠢᠶᠠᠨ ᠬᠠᠮᠢᠶᠠᠷᠬᠤ ᠳᠡᠳ᠋ ᠬᠤᠷᠢᠶᠠᠨ ᠳᠠᠷᠤᠭ᠎ᠠ ᠲᠤᠰ ᠬᠡᠷᠡᠭ ᠲᠦ ᠬᠣᠯᠪᠣᠭᠳᠠᠭᠰᠠᠨ ᠠᠮᠤᠷ ᠲᠦᠪᠰᠢᠨ  ᠤ ᠲᠠᠯᠳᠠ ᠭᠡᠮ  ᠤᠨ ᠠᠰᠠᠭᠤᠳᠠᠯ ᠲᠤᠶᠢᠯ ᠢᠶᠠᠷ ᠴᠢᠬᠤᠯᠠᠴᠢᠯᠠᠵᠤ ᠂ ᠯᠢ ᠮᠧᠶ ᠷᠦᠩ ᠳᠡᠳ᠋ ᠬᠣᠷᠢᠶᠠᠨ ᠳᠠᠷᠤᠭ᠎ᠠ  ᠪᠠ ᠬᠡᠷᠡᠭ ᠢ  ᠳᠠᠭᠠᠭᠠᠨ ᠭᠦᠢᠴᠡᠳᠬᠡᠭᠴᠢ ᠬᠥᠮᠦᠰ ᠢᠶᠡᠷ ᠲᠤᠬᠠᠢ ᠶᠢᠨ ᠭᠠᠵᠠᠷ ᠲᠤᠨᠢ ᠬᠦᠷᠴᠦ ᠪᠠᠢᠴᠠᠭᠠᠨ ᠦᠵᠡᠬᠦ ᠳᠤᠭᠤᠢᠯᠠᠩ ᠢ ᠵᠣᠬᠢᠶᠠᠨ ᠪᠠᠢᠭᠤᠯᠪᠠ ᠃ 2016ᠤᠨ ᠤ12 ᠰᠠᠷ᠎ᠠ ᠶᠢᠨ7 ᠤ ᠡᠳᠦᠷ ᠂ ᠪᠠᠶᠢᠴᠠᠭᠠᠬᠤ ᠳᠤᠭᠤᠶᠢᠯᠠᠩ  ᠵᠡᠭᠦᠨᠭᠠᠷ ᠬᠣᠰᠢᠭᠤᠨ ᠤ ᠱᠠᠭᠳᠠᠷ ᠨᠡᠭᠡᠭᠡᠨ ᠬᠥᠭᠵᠢᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠦᠨ ᠬᠠᠷᠢᠭᠤᠴᠠᠯᠭᠠᠲᠠᠨ ᠂ ᠨᠡᠭᠡᠭᠡᠨ ᠬᠥᠭᠵᠢᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠂  ᠬᠣᠰᠢᠭᠤᠨ ᠤ ᠰᠢᠭᠦᠬᠦ  ᠬᠣᠷᠢᠶᠠᠨ ᠤ ᠬᠣᠯᠪᠣᠭᠳᠠᠯ ᠪᠦᠬᠦᠢ ᠤᠳᠤᠷᠢᠳᠤᠯᠭ᠎ᠠ ᠶᠢᠨ ᠪᠠᠷ᠎ᠠ ᠪᠣᠯᠣᠯᠭ᠎ᠠ  ᠲᠠᠶ  ᠪᠠᠷ  ᠂ ᠲᠤᠰ ᠭᠠᠵᠠᠷ ᠳᠣᠣᠷᠠᠬᠢ ᠪᠠᠷᠢᠯᠭ᠎ᠠ ᠶᠢᠨ ᠮᠠᠲ᠋ᠧᠷᠢᠶᠠᠯ ᠤᠨ ᠬᠤᠳᠠᠯᠳᠤᠭᠠᠨ ᠤ ᠬᠤᠲᠠ ᠶᠢᠨ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠯᠲᠠ ᠬᠢᠪᠡ ᠃ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ  ᠪᠡᠷ ᠳᠠᠮᠵᠢᠨ ᠲᠤᠰ ᠭᠠᠵᠠᠷ ᠳᠣᠣᠷᠠᠬᠢ ᠬᠤᠳᠠᠯᠳᠤᠭᠠᠨ ᠤ ᠬᠤᠲᠠ ᠨᠢ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠲᠥᠬᠥᠭᠡᠷᠦᠮᠵᠢ ᠤᠭᠰᠠᠷᠠᠭᠰᠠᠨ ᠦᠭᠡᠢ ᠪᠡᠷ ᠦᠯᠦ ᠪᠠᠷᠠᠨ ᠠᠮᠢ ᠵᠢᠭᠤᠳᠠᠬᠤ ᠭᠤᠳᠤᠮᠵᠢ ᠴᠤ ᠵᠢᠷᠤᠵᠤ ᠲᠥᠯᠥᠪᠯᠡᠨ  ᠦᠢᠯᠡᠳᠦᠭᠰᠡᠨ ᠦᠭᠡᠢ ᠪᠠᠢᠵᠤ᠂ ᠲᠤᠶᠢᠯ ᠤᠨ ᠶᠡᠬᠡ ᠠᠮᠤᠷ ᠲᠦᠪᠰᠢᠨ ᠲᠠᠯᠳᠠ ᠭᠡᠮ ᠣᠷᠣᠰᠢᠵᠤ ᠂ ᠭᠠᠯ  ᠤᠨ ᠠᠶᠤᠯ ᠭᠠᠷᠪᠠᠯ᠂ ᠦᠷ᠎ᠡ ᠳ᠋ᠦᠩ ᠢ ᠮᠡᠳᠡᠬᠦᠶ᠎ᠡ ᠪᠡᠷᠬᠡ ᠪᠥᠭᠡᠳ ᠭᠠᠵᠠᠷ ᠳᠠᠭᠡᠷᠡᠬᠢ ᠪᠠᠷᠢᠯᠭ᠎ᠠ ᠂ ᠬᠥᠮᠦᠨ ᠬᠠᠷ᠎ᠠ᠂ ᠡᠳ᠋ ᠪᠣᠳᠠᠰ ᠲᠤ ᠠᠶᠤᠯᠲᠠᠢ ᠪᠠᠢᠯ᠎ᠠ᠃ ᠮᠥᠨ ᠡᠳᠦᠷ ᠲᠦ ᠂ ᠪᠠᠶᠢᠴᠠᠭᠠᠬᠤ ᠠᠵᠢᠯᠲᠠᠨ ᠲᠣᠮᠢᠯᠠᠵᠤ ᠵᠡᠭᠦᠨᠭᠠᠷ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠲᠤᠰ ᠭᠠᠵᠠᠷ ᠳᠣᠣᠷᠠᠬᠢ ᠬᠤᠳᠠᠯᠳᠤᠭᠠᠨ ᠤ ᠬᠤᠲᠠ ᠶᠢᠨ ᠬᠢᠨ ᠣᠷᠣᠰᠢᠵᠤ ᠪᠠᠶᠢᠭ᠎ᠠ ᠠᠶᠤᠯᠭᠦᠶ ᠶᠢᠨ ᠲᠠᠯᠳᠡ ᠬᠡᠮ ᠦᠨ ᠠᠰᠠᠭᠤᠳᠠᠯ ᠢ ᠬᠠᠷᠢᠭᠤ ᠲᠤᠰᠬᠠᠬᠤ ᠂ ᠲᠤᠬᠠᠢ ᠢ ᠭᠠᠵᠠᠷ ᠲᠤ ᠨᠢ ᠵᠡᠭᠦᠨᠭᠠᠷ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠬᠠᠤᠯᠢ ᠴᠠᠭᠠᠵᠠ ᠶᠢᠨ ᠰᠠᠨᠠᠭᠤᠯᠭ᠎ᠠ ᠶᠢᠨ ᠪᠢᠴᠢᠭ  ᠳᠡᠪᠰᠢᠭᠦᠯᠵᠦ᠂ ᠵᠡᠭᠦᠨᠭᠠᠷ ᠬᠣᠰᠢᠭᠤᠨ ᠤ ᠠᠷᠠᠳ ᠤᠨ ᠵᠠᠰᠠᠭ ᠤᠨ ᠣᠷᠳᠣᠨ  ᠭᠠᠯ ᠤᠨᠲᠠᠷᠠᠭᠠᠬᠤ ᠵᠡᠷᠭᠡ ᠠᠰᠠᠭᠤᠳᠠᠯ ᠤᠨ ᠲᠤᠬᠠᠶ ᠢᠳᠡᠪᠬᠢᠲᠡᠶ ᠪᠡᠷ ᠴᠡᠭᠴᠡᠯᠡᠨ ᠥᠭᠡᠷᠡᠴᠢᠯᠡᠵᠦ ᠂ ᠬᠦᠨᠳᠦ ᠶᠡᠬᠡ ᠡ᠊ᠨᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠶ ᠭᠡᠪᠡ ᠃ 2016  ᠤᠨ ᠤ12 ᠰᠠᠷ᠎ᠠ ᠶᠢᠨ8 ᠤ ᠡᠳᠦᠷ᠂ ᠲᠤᠰ ᠬᠣᠷᠢᠶ᠎ᠠ ᠨᠢ  ᠵᠡᠭᠦᠨᠭᠠᠷ ᠬᠣᠰᠢᠭᠤᠨ ᠤ ᠭᠠᠯ ᠤᠨᠲᠠᠷᠠᠭᠠᠬᠤ ᠶᠡᠬᠡ ᠠᠩᠭᠢ ᠪᠠ  ᠵᠡᠭᠦᠨᠭᠠᠷ ᠬᠣᠰᠢᠭᠤᠨ ᠤ ᠭᠡᠷ ᠬᠦᠷᠦᠩᠬᠡ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠲᠤᠰ ᠲᠤᠰ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠭᠰᠠᠨ ᠪᠠᠶᠢᠨ᠎ᠠ ᠃ 2016ᠤᠨ ᠤ12 ᠰᠠᠷ᠎ᠠ ᠳᠤ᠂ ᠲᠤᠰ ᠬᠣᠷᠢᠶ᠎ᠠ ᠬᠣᠲᠠ ᠶᠢᠨ ᠵᠠᠰᠠᠭ ᠤᠨ ᠣᠷᠳᠣᠨ ᠳᠤ ᠲᠤᠰ ᠬᠡᠷᠡᠭ ᠦᠨ ᠳᠤᠮᠳᠠ ᠣᠯᠵᠤ ᠮᠡᠳᠡᠭᠰᠡᠨ ᠠᠶᠤᠯᠭᠦᠶ ᠶᠢᠨ ᠲᠠᠯᠳᠠ ᠭᠡᠮ ᠵᠢᠴᠢ ᠪᠤᠰᠤᠳ ᠭᠡᠷ ᠪᠠᠶᠢᠰᠢᠩ ᠭᠠᠵᠠᠷ  ᠬᠥᠷᠦᠩᠭᠡ ᠶᠢᠨ ᠵᠢᠭᠤᠷᠠᠯᠳᠤᠭᠠᠨ ᠤ ᠬᠡᠷᠡᠭ ᠢ ᠰᠢᠭᠦᠨ ᠰᠢᠶᠳᠪᠦᠷᠢᠯᠡᠬᠦ ᠳᠤᠮᠳᠠ ᠣᠯᠵᠤ ᠮᠡᠳᠡᠭᠰᠡᠨ ᠠᠶᠤᠯᠭᠦᠶ ᠶᠢᠨ ᠲᠠᠯᠳᠡ ᠬᠡᠮ ᠦᠨ ᠠᠰᠠᠭᠤᠳᠠᠯ ᠢ ᠬᠠᠮᠲᠤ ᠳᠤᠨᠢ ᠬᠣᠲᠠ ᠶᠢᠨ ᠵᠠᠰᠠᠭ ᠤᠨ ᠣᠷᠳᠣᠨ ᠳᠤ ᠠᠮᠤᠷ ᠲᠦᠪᠰᠢᠨ ᠦ ᠳᠠᠯᠳᠠ ᠭᠡᠮ ᠤᠨ ᠪᠠᠶᠢᠴᠠᠭᠠᠯᠲᠠ ᠶᠢᠨ ᠮᠡᠳᠡᠭᠦᠯᠦᠯᠲᠡ ᠬᠢᠪᠡ ᠃

 

ᠬᠡᠷᠡᠭ ᠳᠡᠭᠡᠷ᠎ᠡ ᠪᠡᠨ ᠂ ᠪᠠᠷᠢᠯᠭ᠎ᠠ ᠶᠢᠨ ᠠᠮᠤᠷ ᠲᠦᠪᠰᠢᠨ ᠡᠰᠡᠬᠦ ᠨᠢ ᠥᠮᠴᠢᠲᠡᠨ ᠤ ᠠᠮᠤᠷ ᠲᠦᠪᠰᠢᠨ ᠲᠠᠢ ᠬᠣᠯᠪᠤᠭᠳᠠᠬᠤ ᠪᠡᠷ ᠪᠠᠷᠠᠬᠤ ᠦᠭᠡᠢ᠂ ᠨᠡᠩ ᠴᠦ ᠤᠯᠠᠨ ᠨᠡᠶᠢᠲᠡ ᠶᠢᠨ ᠠᠮᠤᠷ ᠲᠦᠪᠰᠢᠨ ᠦ ᠠᠰᠠᠭᠤᠳᠠᠯ ᠬᠣᠯᠪᠣᠭᠳᠠᠵᠤ ᠪᠠᠶᠢᠳᠠᠭ ᠂ ᠨᠢᠭᠡ ᠪᠠᠷᠢᠯᠭ᠎ᠠ ᠪᠤᠶᠤ ᠨᠢᠭᠡ ᠲᠥᠷᠦᠯ ᠵᠦᠢᠯ ᠢ ᠶᠡᠷᠦ ᠨᠢ ᠣᠯᠠᠨ ᠥᠮᠴᠢᠲᠡᠨ ᠪᠤᠶᠤ ᠲᠦᠷᠢᠶᠡᠰᠦᠯᠡᠭᠴᠢ ᠪᠣᠳᠠᠲᠠᠶ ᠪᠡᠷ ᠬᠡᠷᠡᠭᠯᠡᠳᠡᠭ( ᠵᠤᠰᠠᠯᠠᠩ  ᠨᠢ ᠡᠭᠦᠨ ᠳᠦ ᠪᠠᠭᠲᠠᠬᠤ ᠦᠭᠡᠢ ) ᠃ ᠮᠠᠨ ᠤ ᠤᠯᠤᠰ ᠤᠨ ᠤᠳᠤ ᠪᠠᠶᠢᠭ᠎ᠠ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠦᠨ ᠬᠠᠮᠢᠶᠠᠷᠤᠯᠲᠠ ᠶᠢᠨ ᠳᠦᠷᠢᠮ ᠦᠨ ᠶᠣᠰᠣᠭᠠᠷ ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠨᠢ ᠪᠠᠷᠢᠯᠭ᠎ᠠ ᠶᠢᠨ ᠠᠮᠤᠷ ᠲᠦᠪᠰᠢᠨ ᠦ ᠳᠦᠷᠢᠮ ᠦᠨ ᠪᠠᠲᠤᠯᠠᠭ᠎ᠠ ᠂  ᠮᠥᠨ ᠴᠤ ᠴᠤᠷ ᠤᠨ ᠭᠠᠭᠴᠠ ᠪᠠᠲᠤᠯᠠᠭ᠎ᠠ ᠮᠥᠨ ᠃ ᠤᠯᠤᠰ ᠠᠴᠠ ᠡᠳᠦᠶ ᠲᠡᠳᠦᠶ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠢᠨᠠᠨ ᠬᠠᠮᠢᠶᠠᠷᠬᠤ ᠲᠦᠷᠢᠮ ᠪᠣᠯᠤᠨ ᠬᠢᠨᠠᠨ ᠰᠢᠯᠭᠠᠬᠤ ᠭᠠᠷ ᠭᠦᠢᠴᠡᠳᠬᠡᠯ  ᠢ ᠳᠤᠭᠲᠠᠭᠠᠵᠤ᠂ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ  ᠪᠠᠲᠤᠯᠠᠵᠤ ᠂ ᠥᠮᠴᠢᠲᠡᠨ ᠤ ᠠᠮᠤᠷ ᠲᠦᠪᠰᠢᠨ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ  ᠶᠢ ᠵᠤᠷᠢᠪᠠ ᠃ ᠬᠡᠷᠪᠡ ᠭᠠᠵᠠᠷ  ᠰᠢᠷᠤᠢ ᠶᠢᠨ ᠲᠥᠷᠦᠯ ᠵᠦᠢᠯ ᠨᠢ ᠱᠠᠭᠠᠷᠳᠠᠯᠭ᠎ᠠ ᠪᠦᠬᠦᠢ ᠵᠠᠰᠠᠭ ᠵᠠᠬᠢᠷᠭᠠᠨ ᠤ ᠬᠢᠨᠠᠨ ᠰᠢᠯᠭᠠᠬᠤ ᠭᠠᠷ ᠭᠦᠢᠴᠡᠳᠬᠡᠯ  ᠬᠢ᠍ᠰᠡᠨ ᠦᠭᠡᠢ ᠪᠣᠯ᠂ ᠪᠠᠷᠢᠯᠭ᠎ᠠ ᠶᠢᠨ ᠠᠮᠤᠷ ᠲᠦᠪᠰᠢᠨ ᠡᠰᠡᠬᠦ ᠴᠤᠷ ᠤᠨ ᠭᠠᠭᠴᠠ ᠮᠠᠭᠠᠳᠯᠠᠬᠤ ᠪᠠᠷᠢᠮᠵᠢᠶ᠎ᠠ  ᠪᠡᠨ ᠠᠯᠳᠠᠭᠰᠠᠨ ᠶᠠᠪᠤᠳᠠᠯ ᠪᠣᠯᠤᠨ᠎ᠠ ᠂ ᠡᠨᠡ ᠦᠶ᠎ᠡ ᠳᠦ ᠰᠢᠭᠦᠬᠦ  ᠬᠣᠷᠢᠶᠠᠨ ᠡᠴᠡ ᠲᠤᠰ ᠲᠥᠷᠥᠯ ᠦᠨ ᠪᠠᠷᠢᠯᠭ᠎ᠠ ᠨᠢ ᠤᠯᠤᠰ ᠤᠨ ᠬᠠᠮᠢᠶᠠᠷᠤᠯᠲᠠ ᠶᠢᠨ ᠠᠯᠪᠠᠳᠠᠯᠭ᠎ᠠ ᠴᠢᠨᠠᠷᠲᠠᠶ ᠲᠣᠭᠲᠠᠭᠠᠯ  ᠳᠤ ᠦᠯᠦ ᠨᠡᠶᠢᠴᠡᠬᠦ  ᠪᠡᠷ ᠦᠵᠡᠵᠦ ᠪᠣᠯᠤᠨ᠎ᠠ᠃ ᠭᠠᠷ ᠭᠦᠢᠴᠡᠳᠬᠡᠯ ᠨᠢ ᠪᠦᠷᠢᠨ ᠪᠤᠰᠤ ᠪᠠᠷᠢᠯᠭ᠎ᠠ  ᠳᠤ ᠬᠠᠨᠳᠤᠵᠤ᠂ ᠰᠢᠭᠦᠬᠦ ᠬᠣᠷᠢᠶᠠᠨ  ᠡᠴᠡ ᠵᠠᠰᠠᠭ ᠤᠨ ᠣᠷᠳᠣᠨ ᠤ ᠰᠠᠯᠠᠭ᠎ᠠ ᠮᠥᠴᠢᠷ  ᠢ ᠤᠷᠤᠯᠤᠨ ᠲᠤᠰ ᠪᠠᠷᠢᠯᠭ᠎ᠠ ᠨᠢ ᠠᠮᠤᠷ ᠲᠦᠪᠰᠢᠨ ᠡᠰᠡᠬᠦ ᠶᠢ ᠮᠠᠭᠠᠳᠯᠠᠨ ᠲᠣᠭᠲᠠᠭᠠᠬᠤ ᠪᠣᠯᠬᠤ ᠦᠭᠡᠶ ᠪᠥᠭᠡᠳ ᠨᠡᠩ ᠴᠤ ᠵᠠᠰᠠᠭ ᠤᠨ ᠣᠷᠳᠣᠨ ᠢ ᠣᠷᠤᠯᠠᠨ ᠠᠶᠤᠯᠭᠦᠶ ᠶᠢ ᠬᠢᠨᠠᠨ ᠪᠠᠢᠴᠠᠭᠠᠵᠤ ᠪᠣᠯᠬᠤ ᠦᠭᠡᠢ ᠪᠠᠢᠳᠠᠭ ᠂ ᠭᠡᠪᠡᠴᠦ ᠰᠢᠭᠦᠬᠦ ᠬᠣᠷᠢᠶᠠᠨ ᠠᠴᠠ ᠬᠠᠤᠯᠢ  ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠂ ᠰᠠᠯᠠᠭ᠎ᠠ ᠮᠥᠴᠢᠷ ᠦᠨ ᠪᠤᠲᠠᠲᠠᠢ ᠳᠦᠷᠢᠮ ᠲᠣᠭᠲᠠᠭᠠᠯ   ᠢ ᠦᠨᠳᠦᠰᠦᠯᠡᠵᠦ ᠪᠠᠷᠢᠯᠭ᠎ᠠ  ᠨᠢ ᠬᠠᠤᠯᠢ ᠶᠢ ᠵᠥᠷᠢᠴᠡᠭᠰᠡᠨ ᠪᠠᠷᠢᠯᠭ᠎ᠠ ᠡᠰᠡᠭᠦ ᠶᠢ ᠂ ᠨᠡᠭᠡᠭᠡᠨ ᠠᠰᠢᠭᠯᠠᠬᠤ ᠬᠤᠳᠠᠯᠳᠤᠭᠠᠴᠢᠨ ᠤ ᠨᠡᠭᠡᠭᠡᠨ  ᠠᠰᠢᠭᠯᠠᠬᠤ ᠂  ᠪᠤᠲᠦᠭᠡᠨ ᠪᠠᠢᠭᠤᠯᠬᠤ᠂ ᠲᠤᠰᠢᠶᠠᠨ ᠥᠭᠬᠦ ᠦᠢᠯᠡ ᠠᠵᠢᠯᠯᠠᠭ᠎ᠠ ᠨᠢ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠬᠦ ᠡᠰᠡᠬᠦ ᠶᠢ ᠮᠠᠭᠠᠳᠯᠠᠵᠤ ᠪᠣᠯᠬᠤ ᠪᠥᠭᠡᠳ ᠬᠡᠷᠡᠭ ᠢ ᠰᠢᠭᠦᠨ ᠰᠢᠶᠳᠪᠦᠷᠢᠯᠡᠬᠦ ᠳᠤᠮᠳᠠ ᠣᠯᠵᠤ ᠮᠡᠳᠡᠭᠰᠡᠨ ᠠᠶᠤᠯᠭᠦᠶ ᠶᠢᠨ ᠲᠠᠯᠳᠠ ᠭᠡᠮ ᠪᠣᠯᠤᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠵᠠᠰᠠᠭ ᠵᠠᠬᠢᠷᠭᠠᠨ ᠤ ᠠᠰᠠᠭᠤᠳᠠᠯ ᠢ ᠬᠠᠨᠳᠤᠯᠭᠠᠲᠤ ᠴᠢᠨᠠᠷ ᠢᠶᠠᠷ ᠴᠢᠩᠭ᠎ᠠ ᠬᠠᠤᠯᠢ ᠴᠠᠭᠠᠵᠠ ᠶᠢᠨ ᠰᠠᠨᠠᠭᠤᠯᠭ᠎ᠠ  ᠭᠠᠷᠭᠠᠵᠤ ᠪᠣᠯᠤᠨ᠎ᠠ ᠃

ᠬᠡᠯᠡᠯᠭᠡᠨ ᠦᠭᠡᠢ ᠂ ᠠᠶᠤᠯ ᠥᠭᠡᠢ ᠦᠢᠯᠡᠳᠪᠦᠷᠢᠯᠡᠯ  ᠨᠢ ᠲᠤᠢᠯ ᠤᠨ ᠴᠢᠬᠤᠯᠠ ᠪᠠᠢᠵᠤ᠂  ᠠᠮᠤᠷ ᠲᠦᠪᠰᠢᠨ ᠦᠭᠡᠢ ᠪᠣᠯ᠂ ᠠᠯᠢᠪᠠ ᠬᠥᠭᠵᠢᠯᠲᠡ ᠨᠢ ᠡᠴᠦᠰ ᠲᠡᠬᠡᠨ ᠬᠤᠭᠤᠰᠳᠠᠬᠤ ᠪᠣᠯᠤᠨ᠎ᠠ ᠃ ᠠᠮᠤᠷ ᠲᠦᠪᠰᠢᠨ ᠢ ᠣᠮᠲᠣᠭᠠᠶᠢᠯᠠᠬᠤ ᠪᠤᠶᠤ ᠦᠷᠭᠳᠡᠭᠦᠯᠬᠦ  ᠪᠡᠷ ᠳᠠᠮᠵᠢᠭᠤᠯᠵᠤ  ᠦᠷ᠎ᠡ ᠪᠦᠲᠦᠭᠡᠯ᠂ ᠵᠠᠰᠠᠭ ᠤᠨ ᠠᠵᠢᠯ ᠤᠨ ᠪᠦᠲᠦᠮᠵᠢ ᠂ GDP   ᠶᠢ ᠪᠠᠲᠤᠯᠠᠬᠤ ᠨᠢ ᠵᠤᠬᠢᠰ ᠦᠭᠡᠢ ᠪᠠᠢᠳᠠᠭ ᠃ ᠬᠠᠤᠯᠢ ᠪᠠᠷᠢᠬᠤ ᠠᠵᠢᠯᠲᠠᠨ ᠭᠡᠷ ᠪᠠᠶᠢᠰᠢᠩ ᠭᠠᠵᠠᠷ  ᠬᠥᠷᠦᠩᠭᠡ  ᠶᠢᠨ ᠵᠢᠭᠤᠷᠠᠯᠳᠤᠭᠠᠨ ᠤ ᠬᠡᠷᠡᠭ ᠢ ᠦᠷᠳᠡᠭ ᠦᠨ ᠮᠠᠭᠠᠳᠯᠠᠯᠲᠠ ᠬᠢᠬᠦ ᠦᠶ᠎ᠡ ᠳᠦ ᠂ ᠶᠠᠭᠤᠨ ᠤ ᠡᠮᠦᠨ᠎ᠡ ᠠᠮᠤᠷ ᠲᠦᠪᠰᠢᠨ ᠦ ᠠᠰᠠᠭᠤᠳᠠᠯ ᠢ ᠪᠣᠳᠣᠯᠬᠢᠯᠠᠬᠤ ᠬᠡᠷᠡᠭᠲᠡᠶ ᠂ ᠠᠷᠠᠯᠵᠢᠶᠠᠨ ᠤ ᠬᠠᠷᠠᠯᠲᠠ ᠡᠳ᠋  ᠨᠢ《 ᠠᠶᠤᠯ ᠦᠭᠡᠢ》ᠰᠢᠨᠵᠢ ᠴᠢᠨᠠᠷ ᠢ ᠪᠦᠷᠢᠯᠳᠦᠭᠦᠯᠦᠭᠰᠡᠨ  ᠪᠠᠢᠬᠤ ᠶᠢ ᠪᠠᠲᠤᠯᠠᠵᠤ᠂ ᠬᠠᠷᠢᠨ ᠪᠠᠲᠤᠯᠠᠭ᠎ᠠ ᠦᠭᠡᠢ ᠂ ᠢᠲᠡᠭᠡᠯ ᠦᠭᠡᠢ ᠪᠠᠢᠳᠠᠯ  ᠳᠣᠣᠷ᠎ᠠ ᠂  ᠬᠠᠮᠢᠶᠠᠷᠤᠯ ᠦᠭᠡᠢ ᠬᠠᠶᠠᠭᠠᠨ ᠳᠤ ᠨᠢ ᠬᠠᠶᠠᠵᠤ ᠪᠣᠯᠬᠤ ᠦᠭᠡᠢ᠃ ᠠᠮᠤᠷ ᠲᠦᠪᠰᠢᠨ ᠦ ᠡᠮᠦᠨ᠎ᠡ ᠂ ᠦᠨᠡᠨᠴᠢ ᠢᠲᠡᠭᠡᠮᠵᠢᠲᠡᠶ ᠪᠠᠶᠢᠬᠤ ᠨᠢ ᠵᠥᠪᠬᠡᠨ ᠬᠣᠶᠠᠳᠤᠭᠠᠷ ᠳᠡᠰ ᠲᠤ  ᠣᠷᠤᠰᠢᠳᠠᠭ᠃ ᠬᠡᠷᠪᠡ ᠠᠮᠤᠷ ᠲᠦᠪᠰᠢᠨ ᠨᠢ ᠪᠠᠲᠤᠯᠠᠭ᠎ᠠ ᠦᠭᠡᠢ ᠪᠣᠯ᠂ ᠦᠨᠡᠨᠴᠢ ᠢᠲᠡᠭᠡᠮᠵᠢᠲᠡᠶ ᠪᠠᠶᠢᠬᠤ ᠨᠢ ᠶᠠᠮᠠᠷ ᠠᠴᠢ ᠬᠣᠯᠪᠣᠭᠳᠠᠯ ᠲᠠᠶ ᠪᠤᠢ ︖ ᠬᠡᠷᠪᠡ ᠠᠮᠤᠷ ᠲᠦᠪᠰᠢᠨ ᠪᠠᠲᠤᠯᠠᠭ᠎ᠠ ᠦᠬᠡᠢ ᠪᠣᠯ᠂ ᠬᠡᠷᠬᠢᠨ  ᠬᠥᠭᠵᠢᠯᠲᠡ ᠂ ᠲᠥᠪ ᠭᠣᠣᠯᠴᠢ ᠪᠠᠶᠢᠬᠤ ᠪᠤᠢ︖ ᠡᠨᠡ ᠨᠢ ᠮᠠᠨ ᠤ ᠬᠤᠳᠠ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠦᠨ ᠣᠳᠣᠬᠢ ᠪᠠᠶᠢᠳᠠᠯ  ᠳᠤ ᠰᠠᠭᠤᠷᠢᠯᠠᠨ ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶ᠎ᠡ ᠬᠡᠪᠴᠢᠶ᠎ᠡ  ᠳᠤ ᠬᠣᠯᠪᠣᠭᠳᠠᠭᠰᠠᠨ ᠬᠠᠤᠯᠢ ᠲᠣᠭᠲᠠᠭᠠᠬᠤ ᠪᠠ ᠬᠠᠤᠯᠢ ᠪᠠᠷᠢᠬᠤ ᠦᠷᠳᠡᠭ  ᠢ ᠲᠠᠬᠢᠨ ᠪᠣᠳᠣᠯᠬᠢᠯᠠᠬᠤ ᠬᠡᠷᠡᠭᠲᠡᠶ ᠃ ᠲᠤᠰ ᠬᠣᠷᠢᠶᠠᠨ ᠤ ᠢᠷᠭᠡᠨ ᠦ  ᠵᠢᠷᠭᠤᠳᠤᠭᠠᠷ ᠲᠢᠩᠬᠢᠮ ᠨᠢ ᠭᠡᠷ ᠪᠠᠶᠢᠰᠢᠩ ᠭᠠᠵᠠᠷ ᠬᠥᠷᠦᠩᠭᠡ ᠶᠢᠨ ᠵᠢᠭᠤᠷᠠᠯᠳᠤᠭᠠᠨ ᠤ ᠬᠡᠷᠡᠭ ᠢ ᠰᠢᠶᠳᠪᠦᠷᠢᠯᠡᠬᠦ  ᠳᠤ ᠂ ᠠᠶᠤᠯᠭᠦᠶ ᠪᠠᠶᠢᠬᠤ ᠶᠢ ᠲᠡᠷᠢᠭᠦᠨ ᠳᠦ ᠲᠠᠯᠪᠢᠬᠤ ᠶᠢ ᠢᠮᠠᠭᠲᠠ ᠪᠠᠷᠢᠮᠲᠠᠯᠠᠬᠤ  ᠪᠡᠷ ᠦᠨᠳᠦᠰᠦᠨ ᠬᠡᠪ ᠵᠠᠷᠴᠢᠮ  ᠪᠣᠯᠭᠠᠵᠤ ᠂ ᠤᠯᠡᠠ ᠨᠡᠶᠢᠲᠡ ᠶᠢᠨ ᠠᠮᠤᠷ ᠲᠦᠪᠰᠢᠨ ᠪᠠ ᠥᠮᠴᠢᠲᠡᠨ ᠦ ᠠᠮᠤᠷ ᠲᠦᠪᠰᠢᠨ ᠢ ᠯᠠᠪᠲᠠᠶ ᠪᠠᠲᠤᠯᠠᠭᠰᠠᠨ ᠤᠷᠢᠲᠠᠯ ᠳᠣᠣᠷ᠎ᠠ ᠂ ᠪᠣᠳᠠᠲᠠᠶ ᠵᠢᠭᠤᠷᠠᠯᠳᠤᠭᠠᠨ ᠢ ᠬᠡᠷᠬᠢᠨ ᠰᠢᠶᠳᠪᠦᠷᠢᠯᠡᠬᠦ ᠶᠢ ᠪᠣᠳᠤᠯᠬᠢᠯᠠᠬᠤ ᠠᠰᠠᠭᠤᠳᠠᠯ ᠪᠣᠯᠤᠨ᠎ᠠ ᠃  ᠪᠢᠳᠡ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠡᠷᠡᠭ ᠢ ᠰᠢᠭᠦᠨ ᠲᠠᠰᠤᠯᠬᠤ ᠳᠤ ᠥᠮᠴᠢᠲᠡᠨ ᠤ ᠠᠮᠤᠷ ᠲᠦᠪᠰᠢᠨ ᠪᠠ ᠤᠯᠠᠨ ᠨᠡᠶᠢᠲᠡ ᠶᠢᠨ ᠠᠮᠤᠷ ᠲᠦᠪᠰᠢᠨ ᠢ ᠬᠠᠶᠢᠬᠤᠷᠤᠯ ᠦᠭᠡᠢ ᠬᠠᠶᠠᠵᠤ᠂  ᠵᠥᠪᠬᠡᠨ ᠬᠤᠪᠢ ᠶᠢᠨ ᠠᠰᠢᠭ ᠲᠤᠰᠠ ᠶᠢᠨ ᠠᠰᠠᠭᠤᠳᠠᠯ ᠤᠨ ᠲᠤᠬᠠᠢ ᠪᠣᠳᠤᠯᠬᠢᠯᠠᠵᠤ ᠶᠠᠭᠠᠬᠢᠭᠰᠠᠨ ᠴᠤ ᠪᠣᠯᠬᠤ ᠦᠭᠡᠢ᠂ ᠪᠢᠳᠡ ᠬᠠᠤᠯᠢ ᠴᠠᠭᠠᠵᠠ ᠬᠦᠴᠦᠨ ᠳᠤ ᠲᠥᠰᠢᠭᠯᠡᠨ᠂ ᠬᠠᠤᠯᠢ ᠳᠦᠷᠢᠮ ᠢ ᠬᠡᠷᠡᠭᠵᠢᠭᠦᠯᠬᠦ ᠪᠡᠷ ᠳᠠᠮᠵᠢᠭᠤᠯᠵᠤ᠂ ᠠᠷᠠᠳ ᠤᠯᠠᠨ ᠤ ᠬᠠᠮᠤᠭ ᠨᠠᠭᠠᠲᠤ ᠵᠠᠬ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠠᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )