ᠰᠢᠭᠦᠬᠦ ᠬᠣᠷᠢᠶᠠᠨ ᠤ ᠬᠣᠷᠢᠶᠠᠨ ᠰᠦᠯᠳᠡ ᠂ ᠬᠣᠷᠢᠶᠠᠨ ᠰᠤᠷᠲᠠᠯ ᠪᠣᠯ ᠨᠢᠭᠡ ᠰᠢᠭᠦᠬᠦ ᠬᠣᠷᠢᠶᠠᠨ ᠳᠤ ᠤᠶᠤᠨ ᠰᠠᠨᠠᠭᠠᠨ ᠤ ᠬᠦᠴᠦᠨ ᠂ ᠦᠷᠳᠡᠭ ᠦᠨ ᠬᠥᠭᠡᠭᠡᠴᠡᠯᠳᠦᠯ ᠪᠣᠯᠤᠨ ᠦᠢᠯᠡ ᠠᠵᠢᠯᠯᠠᠭ᠎ᠠ ᠶᠢᠨ ᠵᠢᠷᠤᠮᠵᠢᠭᠰᠠᠨ ᠲᠤᠰᠬᠠᠯ ᠮᠥᠨ ᠂ ᠪᠠᠰᠠ ᠴᠤ ᠰᠢᠭᠦᠬᠦ ᠬᠣᠷᠢᠶᠠᠨ ᠤ ᠰᠣᠶᠣᠯ ᠤᠨ ᠦᠵᠡᠯ ᠤᠬᠠᠮᠰᠠᠷ ᠤᠨ ᠢᠯᠡᠷᠡᠯ ᠂ ᠤᠳᠠᠭᠠᠨ ᠬᠤᠭᠤᠴᠠᠭᠠᠨ ᠤ ᠰᠢᠭᠦᠨ ᠲᠠᠰᠤᠯᠬᠤ ᠦᠢᠯᠡᠳᠦᠯᠭᠡ ᠶᠢᠨ ᠳᠤᠮᠳᠠ ᠪᠦᠷᠢᠯᠳᠦᠭᠰᠡᠨ ᠣᠶᠢᠯᠠᠭᠠᠭᠳᠠᠬᠤᠨ ᠂ ᠲᠤᠷᠰᠢᠯᠭ᠎ᠠ ᠂ ᠤᠶᠤᠨ ᠤᠬᠠᠭᠠᠨ ᠤ ᠳᠡᠭᠡᠳᠦ ᠬᠡᠮᠵᠢᠶᠡᠨ ᠦ ᠬᠤᠷᠢᠶᠠᠩᠭᠤᠶᠢᠯᠠᠯ ᠪᠠᠢᠵᠤ ᠂ ᠰᠢᠭᠦᠬᠦ ᠬᠣᠷᠢᠶ᠎ᠠ ᠰᠣᠶᠣᠯ ᠤᠨ ᠭᠣᠣᠯᠯᠠᠬᠤ ᠠᠭᠤᠯᠭ᠎ᠠ ᠮᠥᠨ ᠃ ᠰᠢᠭᠦᠬᠦ ᠬᠣᠷᠢᠶᠠᠨ ᠤ ᠰᠣᠶᠣᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ ᠳᠣᠲᠣᠭᠠᠳᠤ ᠶᠢᠨ ᠨᠢᠭᠲᠠᠷᠠᠯ ᠤᠨ ᠬᠦᠴᠦᠨ ᠢ ᠴᠢᠩᠭ᠋ᠠᠳᠬᠠᠵᠤ ᠂ ᠰᠢᠭᠦᠬᠦ ᠬᠣᠷᠢᠶᠠᠨ ᠤ ᠲᠦᠷᠢ ᠲᠥᠷᠬᠦ ᠶᠢ ᠳᠡᠭᠡᠭᠰᠢᠭᠦᠯᠬᠦ ᠶᠢᠨ ᠲᠤᠰᠠᠲᠠ᠂ ᠰᠤᠳᠤᠯᠬᠤ ᠪᠠᠷ ᠲᠠᠮᠵᠢᠨ ᠂ ᠬᠢᠶᠠᠨ ᠪᠠᠭᠰᠢ ᠰᠢᠨ᠎ᠡ ᠲᠣᠭᠣᠷᠢᠭ ᠤᠨ ᠠᠷᠠᠳ ᠤᠨ ᠰᠢᠭᠦᠬᠦ ᠬᠣᠷᠢᠶ᠎ᠠ ᠨᠢ ᠬᠣᠷᠢᠶᠠᠨ ᠤ ᠰᠦᠯᠳᠡ ᠂ ᠬᠣᠷᠢᠶᠠᠨ ᠰᠤᠷᠲᠠᠯ ᠢ ᠡᠯᠰᠡᠬᠦ ᠪᠷ ᠳᠤᠭᠲᠠᠪᠠ᠂ ᠪᠣᠳᠠᠲᠠᠶ ᠱᠠᠭᠠᠷᠳᠠᠯᠭ᠎ᠠ ᠨᠢ ᠳᠣᠣᠷᠠᠬᠢ ᠮᠡᠲᠦ ᠄
ᠨᠢᠭᠡ ᠂ ᠪᠦᠲᠦᠭᠡᠯ ᠡᠯᠰᠡᠬᠦ ᠴᠠᠭ
ᠪᠦᠲᠦᠭᠡᠯ ᠢ 2017 ᠤᠨ ᠤ1 ᠶᠢᠨ15 ᠬᠦᠷᠲᠡᠯ᠎ᠡ ( ᠰᠢᠤᠲᠠᠨ ᠲᠠᠮᠠᠭ᠎ᠠ ᠪᠤᠶᠤ ᠳᠠᠮᠵᠢᠭᠤᠯᠤᠭᠰᠠᠨ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ ) ᠃
ᠬᠣᠶᠠᠷ ᠂ ᠡᠯᠰᠡᠬᠦ ᠡᠲᠡᠭᠡᠳ
ᠨᠡᠶᠢᠭᠡᠮ ᠦᠨ ᠡᠯ᠎ᠡ ᠡᠲᠡᠭᠡᠳ ᠦᠨ ᠬᠥᠮᠦᠰ ᠃
ᠭᠤᠷᠪᠠ ᠂ ᠪᠦᠲᠦᠭᠡᠯ ᠦᠨ ᠱᠠᠭᠠᠷᠳᠠᠯᠭ᠎ᠠ
( ᠨᠢᠭᠡ ) ᠰᠢᠭᠦᠬᠦ ᠬᠣᠷᠢᠶᠠᠨ ᠤ ᠰᠦᠯᠳᠡ ᠶᠢᠨ ᠵᠢᠷᠤᠭ ᠲᠥᠯᠥᠪᠯᠡᠭᠡᠨ ᠦ ᠱᠠᠭᠠᠷᠳᠠᠯᠭ᠎ᠠ
1 , ᠣᠨᠴᠠᠯᠢᠭ ᠢᠶᠡᠷ ᠢᠯᠡ ᠲᠣᠳᠣ ᠂ ᠳᠣᠲᠣᠭᠠᠳᠤ ᠠᠭᠤᠯᠬᠤᠨ ᠭᠦᠨᠵᠡᠭᠡᠶ ᠂ ᠰᠡᠳᠬᠢᠮᠵᠢ ᠤᠷᠠᠨ ᠂《 ᠲᠥᠪ ᠭᠣᠣᠯᠴᠢ ᠪᠠᠷ ᠬᠠᠤᠯᠢ ᠪᠠᠷᠢᠵᠤ ᠂ ᠠᠷᠠᠳ ᠤᠨ ᠲᠥᠯᠥᠭᠡ ᠬᠠᠤᠯᠢ ᠪᠠᠷᠢᠬᠤ 》 ᠲᠠᠢ ᠤᠶᠠᠯᠳᠤᠭᠤᠯᠬᠤ ᠶᠢ ᠱᠠᠭᠠᠷᠳᠠᠵᠤ᠂ ᠰᠢᠭᠦᠬᠦ ᠬᠣᠷᠢᠶᠠᠨ ᠤ ᠡᠭᠦᠷᠭᠡ ᠪᠠ ᠠᠵᠢᠯ ᠤᠨ ᠣᠨᠴᠠᠯᠢᠭ ᠲᠤ ᠨᠡᠶᠢᠴᠡᠭᠰᠡᠨ ᠂ ᠬᠢᠶᠠᠨ ᠪᠠᠭᠰᠢ ᠰᠢᠨ᠎ᠡ ᠲᠣᠭᠣᠷᠢᠭ ᠤᠨ ᠭᠠᠵᠠᠷ ᠣᠷᠣᠨ ᠂ ᠦᠨᠳᠦᠰᠦᠲᠡᠨ ᠂ ᠰᠣᠶᠣᠯ ᠤᠨ ᠣᠨᠴᠠᠯᠢᠭ ᠢ ᠬᠠᠷᠠᠭᠤᠯᠵᠤ ᠂ ᠣᠷᠳᠣᠰ ᠤᠨ ᠰᠢᠭᠦᠬᠦ ᠬᠣᠷᠢᠶᠠᠨ ᠤ ᠤᠶᠤᠨ ᠰᠠᠨᠠᠭ᠎ᠠ ᠰᠣᠶᠣᠯ ᠤᠨ ᠬᠡᠪ ᠨᠠᠮᠪᠠᠭ᠎ᠠ ᠶᠢ ᠢᠯᠡᠷᠡᠭᠦᠯᠦᠭᠰᠡᠨ ᠪᠠᠢᠬᠤ ᠬᠡᠷᠡᠭᠲᠠᠢ᠃
2 , ᠵᠢᠷᠤᠵᠤ ᠲᠥᠯᠥᠪᠯᠡᠭᠰᠡᠨ ᠪᠦᠲᠦᠭᠡᠯ ᠨᠢ ᠲᠥᠪ ᠶᠡᠬᠡᠮᠰᠦᠭ ᠢᠷᠠᠭᠤ ᠰᠠᠶᠢᠬᠠᠨ ᠪᠠᠢᠵᠤ ᠂ ᠴᠡᠪᠡᠷ ᠲᠤᠬᠢᠯᠢᠭ᠂ ᠭᠤᠸ᠎ᠠ ᠰᠠᠶᠢᠬᠠᠨ ᠤ ᠰᠡᠷᠡᠭᠳᠡᠯ ᠲᠡᠶ ᠂ ᠨᠡᠯᠢᠶᠡᠳ ᠴᠢᠩᠭ᠎ᠠ ᠤᠷᠠᠯᠢᠭ ᠪᠠ ᠦᠵᠡᠮᠦᠷᠢ ᠶᠢᠨ ᠬᠦᠴᠦᠨ ᠲᠠᠢ ᠪᠠᠢᠵᠤ᠂ ᠪᠡᠯᠭᠡ ᠲᠡᠮᠳᠡᠭ ᠦᠨ ᠴᠢᠨᠠᠷ ᠢᠶᠡᠷ ᠴᠢᠩᠭ᠎ᠠ ᠂ ᠢᠯᠭᠠᠨ ᠲᠠᠨᠢᠬᠤ ᠂ ᠴᠡᠭᠡᠵᠢᠯᠡᠬᠦ ᠂ ᠤᠯᠠᠮᠵᠢᠯᠠᠬᠤ ᠂ ᠬᠢᠬᠦ ᠳᠦ ᠳᠥᠭᠥᠮ ᠪᠠᠢᠬᠤ ᠬᠡᠷᠡᠭᠲᠠᠢ ᠃
3 , ᠪᠣᠳᠠᠲᠤ ᠬᠡᠷᠡᠭᠯᠡᠬᠡᠨ ᠤ ᠬᠡᠪᠴᠢᠶ᠎ᠡ ᠥᠷᠭᠡᠨ ᠳᠡᠯᠭᠡᠷ ᠪᠠᠢᠵᠤ᠂ ᠤᠯᠠᠨ ᠶᠠᠩᠵᠤ ᠶᠢᠨ ᠲᠠᠯᠠᠪᠤᠷ ᠪᠠ ᠵᠠᠭᠤᠴᠢᠯᠠᠭᠤᠷ ᠳᠡᠭᠡᠷ᠎ᠡ ᠬᠡᠷᠡᠭᠯᠡᠵᠦ᠂ ᠠᠳᠠᠯᠢ ᠪᠤᠰᠤ ᠰᠣᠶᠤᠯ ᠤᠨ ᠰᠠᠭᠤᠷᠢ ᠲᠠᠢ ᠬᠥᠮᠦᠰ ᠤᠨ ᠣᠢᠯᠭᠠᠬᠤ ᠳᠤ ᠳᠦᠭᠦᠮ ᠪᠠᠢᠬᠤ ᠬᠡᠷᠡᠭᠲᠠᠢ᠃
4 , ᠬᠣᠷᠢᠶᠠᠨ ᠤ ᠰᠦᠯᠳᠡ ᠶᠢ ᠵᠢᠷᠤᠵᠤ ᠲᠥᠯᠦᠪᠯᠡᠬᠦ ᠦᠶᠡᠰ ᠬᠠᠮᠤᠭ ᠰᠠᠢᠨ ᠨᠢ ᠳᠣᠣᠷᠠᠬᠢ ᠡᠯᠧᠮᠧᠨ᠋ᠲ ᠢ ᠠᠭᠤᠰᠬᠠᠭᠰᠠᠨ ᠪᠠᠢᠪᠠᠯ ᠵᠣᠬᠢᠨ᠎ᠠ ( ᠵᠥᠪᠬᠡᠨ ᠯᠠᠪᠯᠠᠯᠲᠠ ᠪᠣᠯᠭᠠᠨ᠎ᠠ ) ᠂ ᠵᠢᠱᠢᠶᠡᠯᠡᠪᠡᠯ 《 ᠬᠢᠶᠠᠨ ᠪᠠᠭᠰᠢ ᠰᠢᠨ᠎ᠡ ᠲᠣᠭᠣᠷᠢᠭ ᠤᠨ ᠠᠷᠠᠳ ᠤᠨ ᠰᠢᠭᠦᠬᠦ ᠬᠣᠷᠢᠶ᠎ᠠ 》 ᠭᠡᠵᠦ ᠪᠢᠴᠢᠭᠡᠰᠦ ᠂ 《 ᠲᠡᠩᠨᠡᠭᠥᠷ》 ᠤᠨ ᠵᠢᠷᠤᠭ ᠵᠡᠷᠭᠡ ᠡᠯᠧᠮᠧᠨ᠋ᠲ ᠃
( ᠬᠣᠶᠠᠷ ) ᠬᠣᠷᠢᠶᠠᠨ ᠰᠤᠷᠲᠠᠯ ᠤᠨ ᠠᠭᠤᠯᠭ᠎ᠠ ᠱᠠᠭᠠᠷᠳᠠᠯᠭ᠎ᠠ
1 ,《 ᠰᠠᠢᠨ ᠶᠠᠪᠤᠳᠠᠯ ᠬᠢᠵᠦ ᠂ ᠲᠥᠪ ᠭᠣᠣᠯᠴᠢ ᠪᠡᠷ ᠬᠡᠷᠡᠭ ᠰᠢᠢᠳᠪᠦᠷᠢᠯᠡᠬᠦ》ᠣᠷᠳᠣᠰ ᠰᠢᠭᠦᠬᠦ ᠬᠣᠷᠢᠶᠠᠨ ᠤ ᠬᠣᠷᠢᠶᠠᠨ ᠰᠤᠷᠲᠠᠯ ᠢ ᠤᠯᠠᠮᠵᠢᠯᠠᠭᠰᠠᠨ ᠪᠠᠢᠬᠤ ᠬᠡᠷᠡᠭᠲᠠᠢ ᠃
2 , ᠠᠷᠠᠳ ᠤᠨ ᠰᠢᠭᠦᠬᠦ ᠬᠣᠷᠢᠶᠠᠨ ᠤ ᠣᠨᠴᠠᠯᠢᠭ ᠂ ᠤᠶᠤᠨ ᠰᠠᠨᠠᠭᠠᠨ ᠤ ᠳᠦᠷᠢ ᠳᠦᠷᠦᠬᠦ ᠂ ᠲᠡᠦᠬᠡ ᠶᠢᠨ ᠤᠯᠠᠮᠵᠢᠯᠠᠯ ᠢ ᠢᠯᠡᠷᠡᠭᠦᠯᠵᠦ᠂ ᠬᠢᠶᠠᠨ ᠪᠠᠭᠰᠢ ᠰᠢᠨ᠎ᠡ ᠲᠣᠭᠣᠷᠢᠭ ᠤᠨ ᠣᠷᠣᠨ ᠂ ᠦᠨᠳᠦᠰᠦᠲᠡᠨ ᠂ ᠰᠣᠶᠣᠯ ᠤᠨ ᠣᠨᠴᠠᠯᠢᠭ ᠢ ᠬᠠᠷᠭᠠᠯᠵᠠᠭᠰᠠᠨ ᠪᠠᠢᠬᠤ ᠬᠡᠷᠡᠭᠲᠠᠢ᠃
3 , ᠡᠷᠬᠢᠮ ᠳᠡᠭᠡᠳᠦ ᠭᠦᠨ ᠭᠦᠨᠵᠡᠭᠡᠶ ᠠᠭᠤᠯᠬᠤᠨ ᠲᠠᠶ ᠂ ᠣᠨᠴᠠᠯᠢᠭ ᠢᠶᠡᠷ ᠢᠯᠡ ᠲᠣᠳᠣ ᠂ ᠴᠠᠭ ᠦᠶᠡᠴᠢ ᠴᠢᠨᠠᠷ ᠪᠠ ᠪᠠᠷᠠᠭᠠᠯᠠᠯᠲᠤ ᠴᠢᠨᠠᠷ ᠢ ᠴᠢᠬᠤᠯᠠᠴᠢᠯᠠᠵᠤ ᠂ ᠭᠦᠨ ᠵᠤᠵᠠᠭᠠᠨ ᠬᠠᠤᠯᠢ ᠴᠠᠭᠠᠵᠠ ᠶᠢᠨ ᠰᠣᠶᠣᠯ ᠤᠨ ᠤᠳᠬ᠎ᠠ ᠠᠭᠤᠯᠭ᠎ᠠ ᠲᠠᠢ ᠪᠠᠢᠵᠤ ᠂ ᠤᠷᠢᠶᠠᠯᠠᠬᠤ ᠬᠦᠴᠦᠨ ᠢᠶᠡᠷ ᠴᠢᠩᠭ᠎ᠠ ᠪᠠᠢᠬᠤ ᠶᠢ ᠱᠠᠭᠠᠷᠳᠠᠨ᠎ᠠ᠃
4 , ᠬᠡᠯᠡ ᠬᠡᠯᠡᠯᠭᠡ ᠴᠡᠪᠡᠷ ᠠᠪᠰᠠᠷᠬᠠᠨ ᠂ ᠤᠳᠬ᠎ᠠ ᠭᠦᠨ ᠂ ᠰᠣᠨᠤᠰᠬᠤ ᠳᠦ ᠠᠶᠠᠲᠠᠶ ᠂ ᠤᠯᠠᠮᠵᠢᠯᠠᠬᠤ ᠳᠤ ᠬᠢᠯᠪᠠᠷ ᠪᠠᠢᠵᠤ᠂ ᠲᠡᠭᠰᠢ ᠬᠡᠮᠳᠤ ᠦᠰᠦᠭ ᠪᠢᠴᠢᠭ᠌ ᠢᠶᠡᠷ ᠪᠦᠷᠢᠯᠳᠦᠭᠰᠡᠨ ᠥᠭᠦᠯᠡᠪᠦᠷᠢ ᠡᠰᠡᠭᠦᠯ᠎ᠡ ᠲᠣᠪᠴᠢ ᠠᠪᠰᠠᠷᠬᠠᠨ ᠨᠢᠭᠡ ᠯᠡ ᠥᠭᠦᠯᠡᠪᠦᠷᠢ ᠴᠦ ᠭᠡᠰᠡᠨ ᠪᠣᠯᠤᠨ᠎ᠠ᠃
5 , ᠦᠰᠦᠭ ᠦᠨ ᠲᠣᠭ᠎ᠠ ᠪᠠᠷ 6-12ᠦᠭᠡ ᠪᠠᠶᠢᠪᠠᠯ ᠵᠣᠬᠢᠨ᠎ᠠ ᠃
ᠲᠦᠷᠪᠡ ᠂ ᠡᠬᠡ ᠪᠢᠴᠢᠭ᠌ ᠥᠭᠬᠦ ᠱᠠᠭᠠᠷᠳᠠᠯᠭ᠎ᠠ ᠪᠠ ᠠᠷᠭ᠎ᠠ ᠮᠠᠶ᠋ᠢᠭ
( ᠨᠢᠭᠡ ) ᠡᠬᠡ ᠪᠢᠴᠢᠭ᠌ ᠥᠭᠬᠦ ᠱᠠᠭᠠᠷᠳᠠᠯᠭ᠎ᠠ
1 , ᠰᠢᠭᠦᠬᠦ ᠬᠣᠷᠢᠶᠠᠨ ᠤ ᠰᠦᠯᠳᠡ ᠶᠢ ᠵᠢᠷᠤᠵᠤ ᠲᠥᠯᠥᠪᠯᠡᠭᠰᠡᠨ ᠡᠬᠡ ᠪᠢᠴᠢᠭ᠌ ᠢᠶᠡᠨ ᠨᠢᠭᠡᠲᠦᠯᠲᠠᠢ A 4 ᠴᠠᠭᠠᠰᠤᠨ ᠲᠡᠭᠡᠷ᠎ᠠ ᠵᠢᠷᠤᠨ᠎ᠠ( ᠭᠠᠷ ᠢᠶᠡᠷ ᠪᠤᠶᠤ ᠺᠣᠮᠫᠢᠦ᠋ᠲ᠋ᠧᠷ ᠢᠶᠡᠷ ᠪᠦᠷ ᠪᠣᠯᠤᠨ᠎ᠠ ) ᠂ ᠡᠭᠦᠨ ᠦ ᠬᠠᠮᠲᠤ ᠴᠢᠬᠤᠯᠠ ᠲᠠᠶ ᠥᠰᠥᠭ ᠪᠢᠴᠢᠭ᠌ ᠤᠨ ᠲᠣᠳᠣᠷᠬᠠᠶᠢᠯᠠᠯ ᠳᠠᠭᠠᠯᠳᠤᠭᠤᠯᠵᠤ ᠂ ᠤᠬᠠᠭᠳᠠᠬᠤᠨ ᠪᠠᠨ ᠡᠶ᠎ᠠ ᠪᠡᠯᠭᠡᠳᠡᠯ ᠦᠨ ᠤᠳᠬ᠎ᠠ ᠶᠢ ᠨᠢ ᠲᠣᠳᠤᠷᠬᠠᠢ ᠦᠭᠦᠯᠡᠨ᠎ᠡ ᠃ ᠭᠠᠷ ᠵᠢᠷᠤᠪᠠᠯ ᠪᠠᠷᠢᠮᠵᠢᠶᠠᠨ ᠤ ᠬᠠᠷᠢᠴᠠᠯ ᠪᠠ ᠪᠠᠷᠢᠮᠵᠢᠶ᠎ᠠ ᠦᠩᠭᠡ ᠶᠢ ᠡᠷᠬᠡᠪᠰᠢ ᠲᠣᠳᠣᠷᠬᠠᠶᠢᠯᠠᠬᠤ ᠬᠡᠷᠡᠭᠲᠡᠶ ᠂ ᠺᠣᠮᠫᠢᠦ᠋ᠲ᠋ᠧᠷ ᠢᠶᠡᠷ ᠪᠣᠯ ᠨᠢᠭᠡ ᠬᠤᠪᠢ ᠡᠯᠧᠺᠲ᠋ᠷᠣᠨ ᠶᠠᠩᠵᠤ ᠬᠡᠪ ᠬᠠᠩᠭᠠᠵᠤ(.jpg)ᠪᠠᠷᠢᠮᠵᠢᠶ᠎ᠠ ᠥᠩᠭᠡ ᠪᠤᠳᠤᠭ ᠂ ᠦᠰᠦᠭ ᠪᠢᠴᠢᠭ ᠦᠨ ᠵᠢᠭᠰᠠᠭᠠᠭᠰᠠᠨ ᠪᠠᠶᠢᠷᠢᠰᠢᠯ ᠂ ᠪᠣᠯᠵᠤᠯᠲᠤ ᠲᠣᠭ᠎ᠠ ᠪᠠ ᠵᠢᠷᠤᠭ ᠳᠦᠷᠰᠦ ᠬᠡᠮ ᠬᠡᠮᠵᠢᠶ᠎ᠡ ᠶᠢ ᠲᠣᠳᠤᠷᠬᠠᠢ ᠪᠢᠴᠢᠨ᠎ᠡ ᠃
ᠬᠣᠷᠢᠶᠠᠨ ᠤ ᠰᠤᠷᠲᠠᠯ ᠤᠨ ᠵᠢᠷᠤᠵᠤ ᠲᠥᠯᠥᠪᠯᠡᠭᠰᠡᠨ ᠨᠤᠤᠷᠠᠭ ᠴᠦ A 4 ᠴᠠᠭᠠᠰᠤᠨ ᠬᠡᠪ ᠪᠠᠷᠢᠮᠵᠢᠶ᠎ᠠ ᠪᠡᠷ ᠬᠢᠵᠠᠭᠠᠷᠯᠠᠵᠤ ᠂ ᠬᠡᠷᠪᠡ ᠤᠷᠠᠨ ᠪᠢᠴᠢᠯᠭᠡ ᠶᠢᠨ ᠬᠡᠯᠪᠡᠷᠢ ᠪᠣᠯ ᠡᠬᠡ ᠨᠣᠣᠷᠠᠭ ᠪᠠ ᠺᠣᠮᠫᠢᠦ᠋ᠲ᠋ᠧᠷ ᠦᠨ ᠵᠢᠷᠤᠭ ᠲᠥᠯᠥᠪᠯᠡᠭᠡ ᠶᠢᠨ ᠡᠬᠡ ᠪᠢᠴᠢᠭ᠌ ᠢ ᠬᠠᠩᠭᠠᠬᠤ ᠬᠡᠷᠡᠭᠲᠡᠶ ᠃
2 , ᠡᠬᠡ ᠪᠢᠴᠢᠭ᠌ ᠢᠷᠡᠭᠦᠯᠬᠦ ᠳᠤ ᠪᠡᠨ ᠵᠣᠬᠢᠶᠠᠭᠴᠢ ᠶᠢᠨ ᠣᠪᠣᠭ ᠨᠡᠷ᠎ᠡ ᠂ ᠲᠤᠰᠢᠶᠠᠯ ᠂ ᠠᠵᠢᠯᠯᠠᠵᠤ ᠪᠠᠶᠢᠭ᠎ᠠ ᠨᠢᠭᠡᠴᠢ ᠂ ᠨᠠᠷᠢᠨ ᠲᠣᠳᠣᠷᠬᠠᠶ ᠵᠠᠬᠢᠳᠠᠯ ᠨᠡᠪᠲᠡᠷᠡᠬᠦ ᠬᠠᠶ᠋ᠢᠭ ᠂ ᠰᠢᠦᠳᠠᠨ ᠳ᠋ᠤᠭᠠᠷ ᠂ ᠬᠣᠯᠪᠣᠭ᠎ᠠ ᠠᠪᠬᠤ ᠠᠷᠭ᠎ᠠ ᠬᠡᠯᠪᠡᠷᠢ ᠵᠡᠷᠭᠡ ᠪᠡᠨ ᠲᠤᠳᠤᠷᠬᠠᠢᠯᠠᠨᠠ᠃ ᠴᠠᠭᠠᠰᠤᠨ ᠬᠡᠯᠪᠡᠷᠢ ᠶᠢᠨ ᠡᠬᠡ ᠪᠢᠴᠢᠭ᠌ ᠦᠨ ᠭᠠᠳᠠᠷ ᠳᠡᠭᠡᠷ᠎ᠡ 《 ᠬᠢᠶᠠᠨ ᠪᠠᠭᠰᠢ ᠰᠢᠨ᠎ᠡ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠰᠦᠯᠳᠠ ᠂ ᠬᠣᠷᠢᠶᠠᠨ ᠰᠤᠷᠲᠠᠯ ᠡᠯᠰᠡᠬᠦ ᠭᠠᠵᠠᠷ》 ᠭᠡᠵᠦ ᠪᠢᠴᠢᠵᠦ᠂ ᠡᠯᠧᠺᠲ᠋ᠷᠣᠨ ᠪᠢᠴᠢᠭᠯᠡᠯ ᠪᠣᠯ ᠭᠣᠣᠯ ᠰᠡᠳᠦᠪ ᠤᠨ ᠬᠡᠰᠡᠭ ᠲᠤ ᠨᠢ《 ᠬᠢᠶᠠᠨ ᠪᠠᠭᠰᠢ ᠰᠢᠨ᠎ᠡ ᠲᠣᠭᠤᠷᠢᠭ ᠤᠨ ᠰᠢᠭᠦᠬᠦ ᠬᠣᠷᠢᠶᠠᠨ ᠤ ᠬᠣᠷᠢᠶᠠᠨ ᠰᠦᠯᠳᠠ ᠂ ᠬᠣᠷᠢᠶᠠᠨ ᠰᠤᠷᠲᠠᠯ ᠡᠯᠰᠡᠬᠦ ᠭᠠᠵᠠᠷ》 ᠭᠡᠵᠦ ᠬᠠᠶᠠᠭᠯᠠᠨᠠ᠃ ᠡᠬᠡ ᠪᠢᠴᠢᠭ᠌ ᠢᠯᠡᠭᠡᠬᠦ ᠬᠥᠮᠦᠨ ᠬᠤᠪᠢᠨ ᠳᠠᠭᠠᠨ ᠨᠢᠭᠡ ᠬᠤᠪᠢ ᠡᠬᠡ ᠨᠤᠤᠷᠠᠭ ᠦᠯᠡᠳᠡᠭᠡᠵᠦ᠂ ᠡᠯᠰᠡᠭᠰᠡᠨ ᠪᠦᠲᠦᠭᠡᠯ ᠢ ᠪᠤᠴᠠᠭᠠᠵᠤ ᠥᠭᠬᠦ ᠦᠭᠡᠢ ᠃
3 , ᠡᠬᠡ ᠪᠢᠴᠢᠭ᠌ ᠢᠯᠡᠭᠡᠬᠦ ᠬᠥᠮᠦᠨ ᠨᠢ ᠡᠷᠬᠡᠪᠰᠢ ᠵᠢᠷᠤᠵᠤ ᠲᠥᠯᠥᠪᠯᠡᠭᠰᠡᠨ ᠲᠤᠬᠠᠢ ᠶᠢᠨ ᠬᠥᠮᠦᠨ᠂ ᠡᠰᠡᠬᠦᠯ᠎ᠡ ᠬᠠᠤᠯᠢ ᠶᠣᠰᠣᠭᠠᠷ ᠪᠦᠲᠦᠭᠡᠯ ᠦᠨ ᠡᠷᠬᠡ ᠵᠡᠷᠭᠡ ᠪᠦᠬᠦ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠲᠠᠢ ᠬᠥᠮᠦᠨ ᠃ ᠪᠦᠲᠦᠭᠡᠯ ᠢᠯᠡᠭᠡᠬᠦ ᠦᠶ᠎ᠡ ᠳᠦ᠂ ᠪᠦᠲᠦᠭᠡᠯ ᠢᠯᠭᠡᠭᠴᠢ ᠡᠴᠡ ᠲᠤᠰ ᠢᠯᠭᠡᠭᠰᠡᠨ ᠪᠦᠲᠦᠭᠡᠯ ᠨᠢ ᠠᠩᠬ᠎ᠠ ᠤᠳᠠᠭ᠎ᠠ ᠨᠡᠢᠲᠡᠯᠡᠵᠦ ᠪᠠᠢᠬᠤ ᠪᠥᠭᠡᠳ ᠪᠤᠰᠤᠳ ᠤᠨ ᠮᠡᠳᠡᠯᠭᠡ ᠶᠢᠨ ᠥᠮᠴᠢᠯᠡᠬᠦ ᠡᠷᠬᠡ ᠳᠤ ᠬᠠᠯᠳᠠᠬᠤ ᠦᠭᠡᠢ ᠶᠢ ᠪᠠᠳᠤᠯᠠᠬᠤ ᠬᠡᠷᠡᠭᠲᠠᠢ᠃ ᠬᠡᠷᠪᠡ ᠡᠭᠦᠨ ᠡᠴᠡ ᠪᠣᠯᠣᠭᠠᠳ ᠵᠢᠭᠤᠷᠠᠯᠳᠤᠭᠠᠨ ᠡᠭᠦᠰᠪᠡᠯ ᠂ ᠪᠦᠲᠦᠭᠡᠯ ᠬᠠᠩᠭᠠᠭᠴᠢ ᠪᠦᠬᠦ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠃
4 , ᠰᠢᠯᠭᠠᠭᠤᠯᠢ ᠳᠤ ᠣᠷᠤᠭᠰᠠᠨ ᠵᠣᠬᠢᠶᠠᠯ ᠵᠢᠴᠢ ᠬᠠᠮᠤᠭ ᠡᠴᠦᠰ ᠦᠨ ᠲᠣᠭᠲᠠᠭᠠᠬᠤ ᠬᠣᠷᠢᠶᠠᠨ ᠤ ᠬᠰᠦᠯᠳᠡ ᠂ ᠬᠣᠷᠢᠶᠠᠨ ᠤ ᠰᠤᠷᠲᠠᠯ ᠤᠨ ᠵᠢᠷᠤᠵᠤ ᠲᠥᠯᠥᠪᠯᠡᠭᠰᠡᠨ ᠪᠦᠲᠦᠭᠡᠯ ᠤᠨ ᠲᠡᠭᠦᠨ ᠦ ᠪᠦᠬᠦ ᠵᠣᠬᠢᠶᠠᠯ ᠪᠦᠲᠦᠭᠡᠯ ᠦᠨ ᠡᠷᠬᠡ ᠵᠢᠴᠢ ᠮᠡᠳᠡᠯᠭᠡ ᠶᠢᠨ ᠪᠦᠲᠦᠭᠡᠭᠳᠡᠬᠦᠨ ᠦ ᠥᠮᠴᠢᠯᠡᠬᠦ ᠡᠷᠬᠡ ᠨᠢ ᠴᠥᠮ ᠬᠢᠶᠠᠨ ᠪᠠᠭᠰᠢ ᠰᠢᠨ᠎ᠡ ᠲᠣᠭᠣᠷᠢᠭ ᠤᠨ ᠠᠷᠠᠳ ᠤᠨ ᠰᠢᠭᠦᠬᠦ ᠬᠣᠷᠢᠶᠠᠨ ᠳᠤ ᠬᠠᠷᠢᠶᠠᠯᠠᠭᠳᠠᠨ᠎ᠠ ᠂ ᠬᠢᠶᠠᠨ ᠪᠠᠭᠰᠢ ᠰᠢᠨ᠎ᠡ ᠲᠣᠭᠣᠷᠢᠭ ᠤᠨ ᠠᠷᠠᠳ ᠤᠨ ᠰᠢᠭᠦᠬᠦ ᠬᠣᠷᠢᠶ᠎ᠠ ᠨᠢ ᠵᠣᠬᠢᠶᠠᠯ ᠪᠦᠲᠦᠭᠡᠯ ᠢ ᠵᠣᠬᠢᠰᠲᠠᠶ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠡᠷᠬᠡ ᠲᠡᠶ ᠃
5 , ᠵᠣᠬᠢᠶᠠᠯ ᠪᠦᠲᠦᠭᠡᠯ ᠨᠢ ᠦᠨᠳᠦᠰᠦᠲᠡᠨ ᠢ ᠭᠠᠳᠠᠭᠤᠷᠴᠢᠯᠠᠬᠤ ᠂ ᠱᠠᠰᠢᠨ ᠤ ᠭᠠᠳᠠᠭᠤᠷᠴᠢᠯᠠᠯ ᠤᠨ ᠲᠤᠬᠠᠢ ᠠᠭᠤᠯᠭ᠎ᠠ ᠵᠢᠴᠢ ᠪᠤᠰᠤᠳ ᠨᠡᠶᠢᠭᠡᠮ ᠦᠨ ᠶᠣᠰᠣ ᠮᠣᠷᠠᠯ ᠬᠡᠪ ᠰᠤᠷᠲᠠᠯ ᠪᠠ ᠰᠠᠢᠨ ᠰᠠᠶᠢᠬᠠᠨ ᠵᠠᠩ ᠦᠢᠯᠡ ᠢ ᠳᠡᠷᠰᠡᠯᠡᠭᠰᠡᠨ ᠠᠭᠤᠯᠭ᠎ᠠ ᠪᠠᠢᠵᠤ ᠪᠣᠯᠬᠤ ᠦᠭᠡᠢ᠃
6 , ᠲᠤᠰ ᠤᠳᠠᠭᠠᠨ ᠤ ᠬᠣᠷᠢᠶᠠᠨ ᠤ ᠰᠦᠯᠳᠡ ᠂ ᠬᠣᠷᠢᠶᠠᠨ ᠤ ᠰᠤᠷᠲᠠᠯ ᠳᠤ ᠡᠯᠰᠡᠬᠦ ᠬᠥᠳᠡᠯᠭᠡᠭᠡᠨ ᠳᠤ ᠪᠦᠲᠦᠭᠡᠯ ᠬᠠᠩᠭ᠋ᠠᠭᠰᠠᠳ ᠲᠤᠰ ᠢᠯᠡᠷᠬᠡᠢᠯᠡᠯᠲᠡ ᠶᠢ ᠵᠥᠪᠰᠢᠶᠡᠷᠡᠭᠰᠡᠨ ᠢᠶᠡᠷ ᠦᠵᠡᠵᠦ᠂ ᠥᠭᠡᠷ᠎ᠡ ᠪᠢᠴᠢᠭ᠌ ᠮᠠᠲ᠋ᠧᠷᠢᠶᠠᠯ ᠪᠠ ᠪᠤᠰᠤᠳ ᠬᠡᠯᠪᠡᠷᠢ ᠪᠡᠷ ᠲᠣᠳᠤᠷᠬᠠᠢᠯᠠᠯᠲᠠ ᠥᠭᠬᠦ ᠦᠭᠡᠢ᠃
( ᠬᠣᠶᠠᠷ ) ᠡᠬᠡ ᠪᠢᠴᠢᠭ᠌ ᠢᠯᠡᠭᠡᠬᠦ ᠠᠷᠭ᠎ᠠ ᠮᠠᠶ᠋ᠢᠭ ᠄
ᠡᠯᠧᠺᠲ᠋ᠷᠣᠨ ᠡᠬᠡ ᠪᠢᠴᠢᠭ᠌ ᠢᠯᠡᠭᠡᠬᠦ ᠬᠠᠶ᠋ᠢᠭ ᠄ 490082131@qq.com᠂ ᠭᠠᠷ ᠢᠶᠡᠷ ᠵᠢᠷᠤᠭᠰᠠᠨ ᠪᠦᠲᠦᠭᠡᠯ ᠵᠢᠴᠢ ᠳᠠᠷᠤᠮᠯᠠᠬᠤ ᠵᠦᠢᠯ ᠦᠨ ᠰᠢᠭᠤᠳ ᠬᠦᠷᠭᠡᠨ ᠥᠭᠬᠦ ᠪᠤᠶᠤ ᠰᠢᠦᠳᠠᠨ ᠢᠶᠠᠷ ᠢᠯᠡᠭᠡᠬᠦ ᠬᠠᠶ᠋ᠢᠭ ᠄ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠯᠤᠰ ᠲᠦ᠋ᠷᠦ ᠶᠢᠨ ᠬᠡᠯᠲᠡᠰ ᠦᠨ 1011 ᠠᠯᠪᠠᠨ ᠭᠡᠷ ᠂ ᠰᠢᠦᠳᠠᠨ ᠳ᠋ᠤᠭᠠᠷ ᠄ 017000 ᠃
ᠬᠠᠷᠢᠯᠴᠠᠬᠤ ᠬᠥᠮᠦᠨ ᠄ ᠠᠢ ᠵᠢᠩ ᠴᠤᠤ
ᠤᠲᠠᠰᠤ / ᠹᠠᠺᠰ ᠄ 0477-8160305
ᠲᠠᠪᠤ ᠂ ᠰᠢᠯᠭᠠᠷᠠᠭᠤᠯᠬᠤ ᠪᠠ ᠱᠠᠩᠨᠠᠨ ᠬᠥᠬᠢᠭᠦᠯᠬᠦ ᠠᠷᠭ᠎ᠠ
( ᠨᠢᠭᠡ ) ᠰᠢᠯᠭᠠᠷᠠᠭᠤᠯᠬᠤ ᠠᠷᠭ᠎ᠠ
ᠡᠷᠬᠡ ᠲᠡᠭᠰᠢ᠂ᠲᠥᠪ ᠭᠣᠣᠯᠴᠢ ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠨ᠂ ᠬᠢᠶᠠᠨ ᠪᠠᠭᠰᠢ ᠰᠢᠨ᠎ᠡ ᠲᠣᠭᠣᠷᠢᠭ ᠤᠨ ᠰᠢᠭᠦᠬᠦ ᠬᠣᠷᠢᠶᠠᠨ ᠡᠴᠡ ᠲᠤᠰᠬᠠᠶ ᠮᠡᠷᠭᠡᠵᠢᠯᠲᠡᠨ ᠦ ᠬᠢᠨᠠᠨ ᠲᠣᠭᠲᠠᠭᠠᠬᠤ ᠺᠣᠮᠢᠰ ᠢ ᠵᠣᠬᠢᠶᠠᠨ ᠪᠠᠶᠢᠭᠤᠯᠵᠤ ᠪᠤᠢ ᠪᠦᠬᠦᠢ ᠵᠣᠬᠢᠶᠠᠯ ᠪᠦᠲᠦᠭᠡᠯ ᠢ ᠰᠢᠯᠢᠨ ᠰᠣᠩᠭᠣᠵᠤ ᠂ ᠥᠷᠭᠡᠨ ᠢᠶᠡᠷ ᠰᠠᠨᠠᠯ ᠬᠤᠷᠢᠶᠠᠭᠰᠠᠨ ᠤ ᠰᠠᠭᠤᠷᠢᠨ ᠳᠡᠭᠡᠷ᠎ᠡ ᠂ ᠰᠣᠩᠭᠣᠭᠳᠠᠭᠰᠠᠨ ᠪᠦᠲᠦᠭᠡᠯ ᠢ ᠲᠣᠭᠲᠠᠭᠠᠬᠤ ᠪᠥᠭᠡᠳ ᠰᠢᠭᠦᠬᠦ ᠬᠣᠷᠢᠶᠠᠨ ᠤ ᠰᠦᠯᠵᠢᠶ᠎ᠡ ᠪᠤᠶᠤ ᠪᠤᠰᠤᠳ ᠵᠠᠭᠤᠴᠢ ᠪᠠᠷ ᠳᠡᠮᠵᠢᠨ ᠨᠡᠶᠢᠭᠡᠮ ᠳᠤ ᠨᠡᠶᠢᠲᠡᠯᠡᠬᠦ ᠬᠡᠷᠡᠭᠲᠡᠶ ᠃
( ᠬᠣᠶᠠᠷ ) ᠬᠥᠬᠢᠭᠦᠯᠦᠨ ᠱᠠᠩᠨᠠᠬᠤ ᠠᠷᠭ᠎ᠠ
ᠡᠴᠦᠰ ᠦᠨ ᠰᠣᠩᠭᠣᠭᠳᠠᠭᠰᠠᠨ ᠬᠣᠷᠢᠶᠠᠨ ᠤ ᠰᠦᠯᠳᠡ ᠬᠣᠷᠢᠶᠠᠨ ᠤ ᠰᠤᠷᠲᠠᠯ ᠤᠨ ᠪᠦᠲᠦᠭᠡᠯ ᠂ ᠬᠢᠶᠠᠨ ᠪᠠᠭᠰᠢ ᠰᠢᠨ᠎ᠡ ᠲᠣᠭᠣᠷᠢᠭ ᠤᠨ ᠠᠷᠠᠳ ᠤᠨ ᠰᠢᠭᠦᠬᠦ ᠬᠣᠷᠢᠶᠠᠨ ᠡᠴᠡ ᠲᠡᠭᠦᠨ ᠵᠣᠬᠢᠶᠠᠭᠴᠢ ᠳᠤ ᠲᠤᠰ ᠲᠤᠰ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠤ ᠂ ᠱᠠᠩᠨᠠᠯ ᠤᠨ ᠮᠥᠩᠭᠥ 2000 ᠲᠥᠭᠥᠷᠢᠭ ᠢ ᠨᠢᠭᠡ ᠤᠳᠠᠭ᠎ᠠ ᠳᠤ ᠥᠭᠭᠦᠨ᠎ᠡ ᠃
ᠦᠨᠡᠯᠡᠬᠦ 0ᠦᠨᠡᠯᠡᠯᠲᠡ ᠲᠠᠢ