ᠮᠣᠩᠭᠣᠯ ᠰᠤᠷᠤᠭᠴᠢ ᠴᠥᠭᠡᠨ ᠲᠣᠭᠠᠲᠤ ᠦᠨᠳᠦᠰᠦᠲᠡᠨ ᠦ ᠲᠤᠰ ᠦᠨᠳᠦᠰᠦᠲᠡᠨ ᠦ ᠪᠡᠨ ᠦᠭᠡ ᠬᠡᠯᠡ ᠂ ᠦᠰᠦᠭ ᠪᠢᠴᠢᠭ ᠢᠶᠡᠷ ᠵᠠᠷᠭᠤ ᠬᠢᠬᠦ ᠡᠷᠬᠡ ᠪᠠ ᠡᠯ᠎ᠡ ᠲᠢᠩᠬᠢᠮ ᠦᠨ ᠰᠢᠭᠦᠯᠲᠡ ᠶᠢᠨ ᠦᠢᠯᠡᠳᠦᠯ᠂ ᠲᠢᠩᠬᠢᠮ ᠦᠨ ᠰᠢᠭᠦᠯᠲᠡ ᠶᠢᠨ ᠬᠠᠤᠯᠢ ᠴᠠᠭᠠᠵᠠ ᠶᠢᠨ ᠨᠡᠷ᠎ᠡ ᠲᠣᠮᠢᠶᠠᠨ ᠤ ᠮᠣᠩᠭᠣᠯ ᠬᠡᠯᠡ ᠶᠢᠨ ᠢᠯᠡᠷᠡᠭᠦᠯᠦᠯ ᠦᠨ ᠬᠡᠯᠪᠡᠷᠢ ᠶᠢ ᠮᠡᠳᠡᠭᠦᠯᠵᠦ᠂ ᠡᠭᠦᠨ ᠦ ᠬᠠᠮᠲᠤ ᠨᠠᠰᠤᠨ ᠳᠤ ᠦᠯᠤ ᠬᠥᠷᠦᠭᠰᠡᠳ ᠦᠨ ᠦᠵᠡᠯ ᠰᠠᠨᠠᠭ᠎ᠠ ᠪᠠ ᠬᠠᠤᠯᠢ ᠲᠦᠷᠢᠮ ᠦᠨ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ ᠂ ᠰᠤᠷᠤᠭᠴᠢᠳ ᠤᠨ ᠬᠠᠤᠯᠢ ᠳᠦᠷᠢᠮ ᠦᠨ ᠦᠵᠡᠯᠲᠡ ᠲᠠᠨᠢᠯᠲᠠ ᠶᠢ ᠨᠡᠮᠡᠭᠳᠡᠭᠦᠯᠵᠦ ᠂ ᠲᠡᠭᠦᠨ ᠢ ᠬᠠᠤᠯᠢ ᠶᠢ ᠮᠡᠳᠡᠬᠦ ᠂ ᠬᠠᠤᠯᠢ ᠶᠢ ᠣᠢᠯᠭᠠᠬᠤ ᠂ ᠬᠠᠤᠯᠢ ᠶᠢ ᠬᠡᠷᠡᠭᠯᠡᠬᠦ ᠪᠣᠯᠭᠠᠨ᠎ᠠ ᠃ 12 ᠰᠠᠷ᠎ᠠ ᠶᠢᠨ 22 ᠤᠨ ᠡᠳᠦᠷ ᠂ ᠨᠠᠰᠤᠨ ᠳᠤ ᠦᠯᠦ ᠬᠦᠷᠡᠭᠰᠡᠳ ᠤᠨ ᠬᠡᠷᠡᠭ ᠢ ᠶᠡᠷᠦᠩᠬᠡᠶᠢᠯᠡᠭᠰᠡᠨ ᠰᠢᠭᠦᠨ ᠲᠠᠰᠤᠯᠬᠤ ᠲᠢᠩᠬᠢᠮ ᠣᠷᠳᠣᠰ ᠬᠣᠲᠠ ᠶᠢᠨ ᠮᠣᠩᠭᠣᠯ ᠰᠤᠷᠭᠠᠭᠤᠯᠢ ᠲᠠᠢ ᠬᠠᠮᠲᠤᠷᠠᠨ᠂ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠶᠢᠰᠦᠳᠦᠭᠡᠷ ᠰᠢᠭᠦᠨ ᠲᠠᠰᠤᠯᠬᠤ ᠲᠢᠩᠬᠢᠮ ᠳᠤ ᠪᠠᠭ᠎ᠠ ᠰᠤᠷᠭᠠᠭᠤᠯᠢ ᠶᠢᠨ ᠰᠤᠷᠤᠭᠴᠢ ᠳᠤ ᠲᠠᠭᠤᠷᠢᠶᠠᠮᠠᠯ ᠰᠢᠭᠦᠬᠦ ᠲᠢᠩᠬᠢᠮ ᠦᠨ ᠰᠢᠭᠦᠯᠲᠡ ᠶᠢᠨ ᠠᠵᠢᠯᠯᠠᠭ᠎ᠠ ᠢ ᠲᠥᠯᠦᠪᠯᠡᠵᠦ ᠤᠷᠤᠯᠴᠠᠭᠤᠯᠪᠠ᠃
ᠠᠵᠢᠯᠯᠠᠭ᠎ᠠ ᠨᠢ ᠭᠣᠣᠯᠳᠠᠭᠤ ᠳᠠᠭᠤᠷᠢᠶᠠᠮᠠᠯ ᠲᠢᠩᠬᠢᠮ ᠦᠨ ᠰᠢᠭᠦᠯᠲᠡ ᠶᠢᠨ ᠵᠦᠴᠦᠭᠡ ᠶᠢᠨ ᠳᠣᠲᠣᠷᠠᠬᠢ ᠬᠥᠮᠦᠰ ᠦᠨ ᠲᠦᠷᠢ ᠲᠣᠭᠯᠠᠬᠤ ᠠᠷᠭ᠎ᠠ ᠮᠠᠶ᠋ᠢᠭ ᠢᠶᠡᠷ ᠶᠠᠪᠤᠭᠳᠠᠵᠤ ᠂ ᠰᠢᠭᠦᠨ ᠲᠠᠰᠤᠯᠬᠤ ᠳᠠᠷᠤᠭ᠎ᠠ ᠂ ᠰᠢᠭᠦᠭᠴᠢ ᠂ ᠪᠢᠴᠢᠭᠡᠴᠢ ᠂ ᠠᠯᠪᠠᠨ ᠵᠠᠭᠠᠯᠳᠤᠭᠴᠢ ᠂ ᠵᠠᠭᠠᠯᠳᠤᠭᠳᠠᠭᠴᠢ ᠪᠣᠯᠤᠨ ᠬᠠᠤᠯᠢ ᠪᠠᠷ ᠲᠣᠭᠲᠠᠭᠠᠭᠰᠠᠨ ᠣᠷᠣᠯᠠᠭᠴᠢ ᠂ ᠥᠮᠥᠭᠯᠡᠭᠴᠢ ᠵᠡᠷᠭᠡ ᠪᠤᠢ ᠪᠦᠬᠦᠢ ᠳᠦᠷᠢ ᠨᠢ ᠴᠥᠮ ᠰᠤᠷᠤᠭᠴᠢᠳ ᠡᠴᠡ ᠳᠤᠭᠯᠠᠵᠤ ᠂ ᠲᠣᠭᠯᠠᠯᠲᠠ ᠶᠢᠨ ᠠᠭᠤᠯᠭ᠎ᠠ ᠨᠢ ᠨᠠᠰᠤᠨ ᠳᠤ ᠦᠯᠦ ᠬᠦᠷᠦᠭᠰᠡᠦᠠ ᠦᠨ ᠶᠠᠯ᠎ᠠ ᠂ 《 ᠲᠢᠩᠬᠢᠮ ᠦᠨ ᠰᠢᠭᠦᠯᠲᠡ 》 ᠶᠢᠨ ᠪᠦᠬᠦ ᠶᠠᠪᠤᠴᠠ ᠳᠤ ᠴᠥᠮ ᠮᠣᠩᠭᠣᠯ ᠦᠭᠡ ᠬᠡᠯᠡ ᠶᠢ ᠬᠡᠷᠡᠭᠯᠡᠭᠰᠡᠨ ᠪᠠᠢᠨ᠎ᠠ᠃ ᠠᠬᠤᠶ ᠲᠠᠯᠠᠪᠠᠶ ᠶᠢᠨ ᠠᠭᠤᠷ ᠠᠮᠢᠰᠬᠤᠯ ᠪᠤᠰᠢᠭᠤ ᠱᠠᠯᠠᠮᠠᠭᠠᠶ ᠲᠥᠪ ᠴᠢᠩᠭ᠎ᠠ ᠂ ᠲᠢᠩᠬᠢᠮ ᠦᠨ ᠰᠢᠭᠦᠯᠲᠡ ᠳᠦ ᠣᠷᠣᠯᠴᠠᠭᠰᠠᠨ 《 ᠬᠠᠤᠯᠢ ᠶᠢᠨ ᠲᠤᠰᠢᠶᠠᠯᠲᠠᠨ 》 ᠵᠢᠴᠢ 《 ᠵᠠᠷᠭᠤᠯᠳᠤᠭᠠᠨ ᠳᠤ ᠣᠷᠣᠯᠴᠠᠭᠴᠢ ᠪᠤᠰᠤᠳ ᠬᠥᠮᠦᠨ 》 ᠭᠣᠭᠴᠣᠭ᠎ᠠ ᠨᠢᠭᠡᠪᠦᠷᠢ ᠨᠢ ᠴᠥᠮ ᠪᠣᠯᠪᠠᠰᠤᠷᠠᠩᠭᠤᠶ ᠂ ᠲᠢᠩᠬᠢᠮ ᠦᠨ ᠰᠢᠭᠦᠯᠲᠡ ᠶᠢᠨ ᠬᠡᠷᠡᠭ ᠦᠨ ᠲᠠᠯᠠᠪᠠᠢ ᠨᠢ ᠲᠤᠶᠢᠯ ᠤ ᠪᠤᠲᠠᠲᠠᠢ ᠪᠠᠢᠵᠤ ᠂ ᠲᠡᠨᠳᠡ ᠪᠠᠶᠢᠭᠰᠠᠨ ᠰᠤᠷᠤᠭᠴᠢ ᠪᠣᠯᠤᠨ ᠭᠡᠷ ᠦᠨ ᠠᠬᠠᠮᠠᠳ ᠤᠨ ᠰᠢᠭᠦᠬᠦ ᠲᠢᠩᠬᠢᠮ ᠦᠨ ᠰᠢᠭᠦᠯᠲᠡ ᠶᠢᠨ ᠵᠢᠷᠤᠮ ᠪᠠ ᠬᠣᠯᠪᠣᠭᠳᠠᠯ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠢᠯᠭᠠᠵᠤ ᠮᠡᠳᠡᠬᠦ ᠳᠤ ᠨᠢ ᠲᠤᠰᠠ ᠪᠣᠯᠪᠠ᠃
ᠲᠢᠩᠬᠢᠮ ᠦᠨ ᠰᠢᠭᠦᠯᠲᠡ ᠳᠠᠭᠤᠰᠤᠭᠰᠠᠨ ᠤ ᠳᠠᠷᠠᠭ᠎ᠠ ᠂ ᠳᠠᠭᠤᠷᠢᠶᠠᠮᠠᠯ ᠰᠢᠭᠦᠬᠦ ᠲᠢᠩᠬᠢᠮ ᠤᠨ ᠲᠢᠩᠬᠢᠮ ᠦᠨ ᠰᠢᠭᠦᠯᠲᠡ ᠳᠦ ᠣᠷᠣᠯᠴᠠᠭᠰᠠᠨ ᠰᠤᠷᠤᠭᠴᠢᠳ ᠡᠴᠡ ᠂ ᠥᠨᠥᠳᠦᠷ ᠦᠨ 《 ᠲᠢᠩᠬᠢᠮ ᠦᠨ ᠰᠢᠭᠦᠯᠲᠡ 》 ᠳᠤ ᠣᠷᠤᠯᠴᠠᠬᠤ ᠪᠡᠷ ᠳᠠᠮᠵᠢᠨ ᠬᠠᠤᠯᠢ ᠴᠠᠭᠠᠵᠠ ᠶᠢᠨ ᠮᠡᠳᠡᠯᠭᠡ ᠶᠢ ᠰᠤᠷᠴᠦ ᠮᠡᠳᠡᠭᠰᠡᠨ ᠢᠶᠡᠷ ᠪᠠᠷᠠᠬᠤ ᠦᠭᠡᠢ᠂ ᠪᠠᠰᠠ ᠬᠠᠤᠯᠢ ᠴᠠᠭᠠᠵᠠ ᠶᠢᠨ ᠰᠦᠷ ᠵᠢᠪᠬᠤᠯᠠᠩ ᠲᠠᠢ ᠶᠢ ᠤᠢᠯᠭᠠᠵᠤ ᠂ ᠡᠭᠦᠨ ᠦ ᠬᠠᠮᠲᠤ ᠴᠥᠭᠡᠨ ᠲᠣᠭᠠᠲᠤ ᠦᠨᠳᠦᠰᠦᠲᠡᠨ ᠦ ᠲᠤᠬᠠᠶ ᠶᠢᠨ ᠬᠥᠮᠦᠨ ᠨᠢ ᠲᠤᠰ ᠦᠨᠳᠦᠰᠦᠲᠡᠨ ᠦ ᠪᠡᠨ ᠦᠭᠡ ᠬᠡᠯᠡ ᠦᠰᠦᠭ ᠪᠢᠴᠢᠭ ᠢᠶᠡᠷ ᠵᠠᠷᠭᠤ ᠬᠢᠬᠦ ᠡᠷᠬᠡ ᠶᠢ ᠬᠠᠤᠯᠢ ᠴᠠᠭᠠᠵᠠ ᠠᠴᠠ ᠣᠯᠭᠣᠭᠰᠠᠨ ᠪᠠᠶᠢᠨ᠎ᠠ ᠭᠡᠳᠡᠭ ᠢ ᠣᠯᠵᠤ ᠮᠡᠳᠡᠪᠡ ᠭᠡᠵᠦ ᠢᠯᠡᠷᠬᠡᠢᠯᠡᠪᠡ ᠃ ᠰᠤᠷᠤᠭᠴᠢᠳ ᠡᠴᠡ ᠬᠣᠶᠢᠰᠢᠳᠠ ᠶᠢᠨ ᠦᠰᠦᠨ ᠪᠣᠢᠵᠢᠬᠤ ᠶᠠᠪᠤᠴᠠ ᠳᠤᠮᠳᠠ ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠨ ᠬᠠᠤᠯᠢ ᠶᠢ ᠰᠠᠬᠢᠵᠤ ᠂ ᠰᠠᠬᠢᠯᠭ᠎ᠠ ᠪᠠᠲᠤ ᠶᠢ ᠰᠠᠬᠢᠳᠠᠭ ᠪᠢᠴᠢᠬᠠᠨ ᠠᠷᠠᠳ ᠪᠣᠯᠤᠨ᠎ᠠ ᠭᠡᠵᠦ ᠢᠯᠡᠷᠬᠡᠢᠯᠡᠪᠡ᠃
ᠦᠨᠡᠯᠡᠬᠦ 0ᠦᠨᠡᠯᠡᠯᠲᠡ᠎ᠲᠠᠢ