ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠢᠨᠠᠨ ᠰᠢᠯᠭᠠᠬᠤ ᠳᠤᠭᠤᠢᠯᠠᠩ ᠤᠷᠳᠤᠰ ᠬᠤᠳᠠ ᠶᠢᠨ ᠵᠠᠷᠭᠤ ᠶᠢᠨ ᠦᠢᠯᠡᠴᠢᠯᠡᠭᠡᠨ ᠦ ᠲᠦᠪ ᠦᠨ ᠠᠵᠢᠯ ᠢ ᠪᠠᠢᠴᠠᠭᠠᠨ ᠵᠢᠯᠤᠭᠤᠳᠪᠠ
12 ᠰᠠᠷᠠᠢᠨ 29 ᠤ ᠡᠳᠦᠷ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠬᠡᠳᠦ ᠵᠡᠷᠬᠡ ᠶᠢᠨ ᠰᠢᠬᠦᠬᠦ ᠬᠤᠷᠢᠶᠠᠨ ᠤ ᠳᠠᠪᠤᠳᠤᠭᠠᠷ ᠬᠢᠨᠠᠨ ᠰᠢᠯᠭᠠᠬᠤ ᠳᠤᠭᠤᠢᠯᠠᠩ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠳᠤ ᠬᠦᠷᠴᠦ 2016 ᠤᠨ ᠤ ᠵᠢᠯ ᠦᠨ ᠬᠠᠷᠠᠯᠳᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠪᠠ ᠃ 12 ᠰᠠᠷᠠᠢᠨ 30 ᠤ ᠡᠳᠦᠷ ᠦᠨ ᠦᠳᠡ ᠶᠢᠨ ᠡᠮᠦᠨ᠎ᠠ ᠂ ᠬᠢᠨᠠᠨ ᠰᠢᠯᠭᠠᠬᠤ ᠳᠤᠭᠤᠢᠯᠠᠩ ᠤᠨ ᠮᠠ ᠯᠢ ᠷᠦᠩ ᠳᠡᠳ᠋ ᠬᠤᠷᠢᠶᠠᠨ ᠳᠠᠷᠤᠭ᠎ᠠ ᠵᠡᠷᠬᠡ ᠬᠦᠮᠦᠰ ᠬᠤᠳᠠ ᠶᠢᠨ ᠠᠷᠠᠳ ᠤᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠵᠢᠴᠢ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠳᠡᠳ᠋ ᠬᠤᠷᠢᠶᠠᠨ ᠳᠠᠷᠤᠭ᠎ᠠ ᠯᠢ ᠵᠢᠩ ᠭᠦᠸᠸ ᠵᠡᠷᠭᠡ ᠤᠳᠤᠷᠢᠳᠤᠯᠭ᠎ᠠ ᠳᠠᠢ ᠬᠠᠮᠳᠤ ᠤᠷᠳᠤᠰ ᠬᠤᠳᠠ ᠶᠢᠨ ᠵᠠᠷᠭᠤ ᠶᠢᠨ ᠦᠢᠯᠡᠴᠢᠯᠡᠭᠡᠨ ᠦ ᠲᠦᠪ ᠦᠨ ᠠᠵᠢᠯ ᠢ ᠪᠠᠢᠴᠠᠭᠠᠨ ᠵᠢᠯᠤᠭᠤᠳᠪᠠ ᠃
ᠮᠠ ᠯᠢ ᠷᠦᠩ ᠳᠡᠳ᠋ ᠬᠤᠷᠢᠶᠠᠨ ᠳᠠᠷᠤᠭ᠎ᠠ ᠵᠡᠷᠬᠡ ᠬᠦᠮᠦᠰ ᠳᠤᠰᠪᠤᠷᠢ ᠦᠷᠭᠡᠳᠬᠡᠨ ᠪᠠᠢᠭᠤᠯᠤᠭᠰᠠᠨ ᠬᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠠᠷᠠᠳ ᠲᠤ ᠲᠦᠬᠦᠮ ᠦᠢᠯᠡᠴᠢᠯᠡᠭᠡᠨ ᠦ ᠳᠤᠭᠤᠷᠢᠭ ᠂ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠲᠦᠪ ᠵᠢᠴᠢ ᠵᠠᠷᠭᠤ ᠶᠢᠨ ᠦᠢᠯᠡᠴᠢᠯᠡᠭᠡᠨ ᠦ ᠳᠤᠭᠤᠷᠢᠭ ᠲᠦᠷᠪᠡᠨ ᠳᠤᠭᠤᠷᠢᠭ ᠢ ᠳᠤᠭᠤᠷᠢᠨ ᠦᠵᠡᠵᠦ ᠂ ᠭᠤᠤᠯ ᠲᠢᠩᠬᠢᠮ ᠦᠨ ᠬᠡᠢᠰᠪᠦᠷᠢ ᠵᠠᠷᠭᠤ ᠡᠵᠡᠮᠰᠢᠯ ᠦᠨ ᠮᠠᠰᠢᠨ ᠂ ᠪᠡᠶ᠎ᠠ ᠪᠠᠨ ᠲᠦᠰᠢᠵᠦ ᠦᠢᠯᠡᠴᠢᠯᠡᠬᠦ ᠳᠠᠭᠤᠰᠬᠤ ᠮᠠᠰᠢᠨ ᠂ ᠵᠠᠷᠭᠤ ᠶᠢᠨ ᠲᠦᠭᠰᠢᠭᠦᠷᠢ ᠶᠢ ᠦᠨᠡᠯᠡᠬᠦ ᠮᠠᠰᠢᠨ ᠂ ᠡᠯᠧᠺᠲ᠋ᠷᠣᠨ ᠬᠠᠤᠯᠢ ᠲᠦᠷᠢᠮ ᠦᠨ ᠲᠡᠤᠬᠡ ᠵᠡᠷᠬᠡ ᠮᠡᠳᠡᠭᠡ ᠵᠠᠩᠭᠢᠴᠢᠯᠠᠯᠲᠠ ᠶᠢᠨ ᠲᠥᠬᠦᠭᠡᠷᠦᠮᠵᠢ ᠶᠢᠨ ᠬᠡᠷᠡᠭᠯᠡᠯᠲᠡ ᠶᠢ ᠦᠵᠡᠪᠡ ᠃
ᠳᠤᠭᠤᠷᠢᠵᠤ ᠳᠠᠭᠤᠰᠤᠭᠰᠠᠨ ᠤ ᠳᠠᠷᠠᠭ᠎ᠠ ᠂ ᠬᠢᠨᠠᠨ ᠰᠢᠯᠭᠠᠬᠤ ᠳᠤᠭᠤᠢᠯᠠᠩ ᠵᠡᠷᠬᠡ ᠬᠦᠮᠦᠰ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶᠠᠨ ᠳᠤ ᠬᠦᠷᠴᠦ ᠬᠢᠨᠠᠨ ᠪᠠᠢᠴᠠᠭᠠᠬᠤ ᠵᠢᠭᠠᠨ ᠵᠢᠯᠤᠭᠤᠳᠪᠠ᠃
ᠦᠨᠡᠯᠡᠬᠦ 0ᠦᠨᠡᠯᠡᠯᠲᠡ᠎ᠲᠠᠢ