—— ᠤᠷᠳᠤᠰ ᠬᠤᠳᠠ ᠶᠢᠨ ᠰᠢᠬᠦᠬᠦ ᠬᠤᠷᠢᠶᠠᠨ ᠤ ᠣᠨᠴᠠᠯᠢᠭ ᠪᠦᠬᠦᠢ ᠰᠤᠶᠤᠯ ᠤᠨ ᠪᠦᠲᠦᠭᠡᠨ ᠪᠠᠢᠭᠤᠯᠤᠯᠲᠠ ᠪᠠᠷ ᠬᠠᠷᠠᠭ᠎ᠠ ᠪᠣᠯᠭᠠᠭᠰᠠᠨ
【ᠳᠤᠪᠴᠢ】ᠬᠤᠳᠠ ᠶᠢᠨ ᠨᠠᠮ ᠤᠨ ᠬᠤᠷᠢᠶᠠᠨ ᠤ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠤᠳᠠᠭᠠᠨ ᠤ ᠪᠦᠬᠦ ᠬᠡᠰᠢᠬᠦᠨ(ᠥᠷᠭᠡᠳᠭᠡᠭᠰᠡᠨ) ᠦ ᠬᠤᠷᠠᠯ ᠠᠴᠠ ᠪᠦᠬᠦ ᠬᠤᠳᠠ ᠶᠢᠨ ᠬᠡᠯᠪᠡᠷᠢ ᠪᠡᠨ ᠬᠤᠪᠢᠷᠠᠭᠤᠯᠤᠨ ᠬᠦᠭᠵᠢᠬᠦ ᠳᠦ ᠳᠤᠳᠤᠷᠬᠠᠢ ᠱᠠᠭᠠᠷᠳᠠᠯᠭ᠎ᠠ ᠳᠤᠷᠠᠳᠪᠠ ᠃ ᠰᠤᠶᠤᠯ ᠤᠨ ᠪᠦᠲᠦᠬᠡᠨ ᠪᠠᠢᠭᠤᠯᠤᠯᠲᠠ ᠨᠢ ᠬᠡᠯᠪᠡᠷᠢ ᠬᠤᠪᠢᠷᠠᠭᠤᠯᠤᠨ ᠬᠦᠭᠵᠢᠬᠦ ᠳᠦᠯᠬᠢᠨ ᠠᠬᠢᠭᠤᠯᠬᠤ ᠳᠤᠳᠤᠭᠠᠳᠤ ᠬᠥᠳᠡᠯᠭᠡᠬᠦ ᠬᠦᠴᠦᠨ ᠪᠠᠢᠵᠤ ᠂ 《ᠰᠡᠳᠬᠢᠯ ᠨᠢᠬᠡᠳᠬᠡᠨ ᠬᠦᠴᠦᠨ ᠬᠠᠮᠳᠤᠷᠠᠯᠴᠠᠬᠤ》᠂ ᠵᠢᠩᠬᠢᠨᠢ ᠪᠡᠷ ᠬᠡᠯᠪᠡᠷᠢ ᠪᠡᠨ ᠬᠤᠪᠢᠷᠠᠭᠤᠯᠤᠨ ᠬᠦᠭᠵᠢᠬᠦ ᠶᠢ《ᠳᠤᠳᠤᠭᠠᠳᠤ ᠠᠴᠠ ᠨᠢ ᠬᠤᠪᠢᠷᠠᠭᠤᠯᠬᠤ》 ᠶᠢᠨ ᠴᠢᠬᠤᠯᠠ ᠪᠠᠳᠤᠯᠭ᠎ᠠ ᠮᠦᠨ ᠃ ᠤᠳᠤᠬᠠᠨ ᠳᠤ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠪᠤᠯᠤᠨ ᠤᠷᠳᠤᠰ ᠤᠨ ᠬᠡᠯᠪᠡᠷᠢ ᠪᠡᠨ ᠬᠤᠪᠢᠷᠠᠭᠤᠯᠵᠤ ᠬᠦᠭᠵᠢᠬᠦ ᠶᠢᠨ ᠭᠠᠵᠠᠷ ᠤᠷᠤᠨ ᠤ ᠰᠤᠶᠤᠯ ᠨᠢ ᠠᠶᠠᠨᠳᠠᠭᠠᠨ ᠪᠦᠳᠦᠬᠦ ᠴᠢᠨᠠᠷ ᠳᠠᠢ ᠶᠤᠮ ᠃ ᠭᠠᠵᠠᠷ ᠤᠷᠤᠨ ᠤ ᠤᠨᠴᠠᠯᠢᠭ ᠳᠠᠢ ᠪᠤᠯᠤᠨ ᠦᠨᠳᠦᠰᠦᠲᠡᠨ ᠦ ᠬᠡᠪ ᠨᠠᠮᠪᠠ ᠳᠠᠢ ᠰᠢᠬᠦᠬᠦ ᠬᠤᠷᠢᠶᠠᠨ ᠤ ᠰᠤᠶᠤᠯ ᠢ ᠪᠦᠲᠦᠭᠡᠨ ᠪᠠᠢᠭᠤᠯᠬᠤ ᠨᠢ ᠤᠷᠳᠤᠰ ᠤᠨ ᠬᠦᠭᠵᠢᠯᠲᠡ ᠰᠢᠨ᠎ᠠ ᠬᠢᠯᠠᠯᠵᠠᠭᠰᠠᠨ ᠠᠮᠵᠢᠯᠲᠠ ᠤᠯᠬᠤ ᠳᠤ ᠴᠢᠬᠤᠯᠠ ᠠᠴᠠ ᠬᠤᠯᠪᠤᠭᠳᠠᠯ ᠳᠠᠢ ᠶᠤᠮ ᠃ ᠥᠭᠦᠯᠡᠯ ᠨᠢ ᠤᠷᠳᠤᠰ ᠤᠨ ᠰᠤᠶᠤᠯ ᠤᠨ ᠠᠭᠤᠯᠭ᠎ᠠ ᠪᠠ ᠤᠨᠴᠠᠯᠢᠭ ᠢ ᠵᠠᠳᠠᠯᠬᠤ ᠪᠠᠷ ᠳᠠᠮᠵᠢᠵᠤ᠂ ᠤᠷᠳᠤᠰ ᠤᠨ ᠰᠤᠶᠤᠯ ᠨᠢ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠳᠤ ᠴᠢᠬᠤᠯᠠ ᠠᠴᠠ ᠬᠤᠯᠪᠤᠭᠳᠠᠯ ᠳᠠᠢ ᠭᠡᠰᠡᠨ ᠢ ᠵᠢᠭᠠᠵᠤ ᠭᠠᠷᠭᠠᠵᠤ ᠂ ᠡᠭᠦᠨ ᠦ ᠤᠯᠠᠮ ᠠᠴᠠ ᠤᠷᠳᠤᠰ ᠤᠨ ᠰᠤᠶᠤᠯ ᠤᠨ ᠤᠨᠴᠠᠯᠢᠭ ᠳᠠᠢ ᠤᠶᠠᠯᠳᠤᠭᠤᠯᠵᠤ ᠂ ᠭᠠᠵᠠᠷ ᠤᠷᠤᠨ ᠤ ᠤᠨᠴᠠᠯᠢᠭ ᠳᠠᠢ ᠪᠤᠯᠤᠨ ᠦᠨᠳᠦᠰᠦᠲᠡᠨ ᠦ ᠬᠡᠪ ᠨᠠᠮᠪᠠ ᠳᠠᠢ ᠤᠷᠳᠤᠰ ᠰᠢᠬᠦᠬᠦ ᠬᠤᠷᠢᠶᠠᠨ ᠤ ᠰᠤᠶᠤᠯ ᠢ ᠪᠦᠲᠦᠭᠡᠨ ᠪᠠᠢᠭᠤᠯᠬᠤ ᠪᠤᠳᠠᠳᠠᠢ ᠠᠷᠭ᠎ᠠ ᠵᠠᠮ ᠢ ᠳᠤᠷᠠᠳᠪᠠ ᠃
【ᠵᠠᠩᠭᠢᠯᠠᠭ᠎ᠠ ᠶᠢᠨ ᠦᠬᠡ】ᠤᠷᠳᠤᠰ ᠰᠤᠶᠤᠯ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠭᠠᠵᠠᠷ ᠤᠷᠤᠨ ᠤ ᠤᠨᠴᠠᠯᠢᠭ ᠦᠨᠳᠦᠰᠦᠲᠡᠨ ᠦ ᠭᠡᠪ ᠨᠠᠮᠪᠠ
ᠰᠢᠬᠦᠬᠦ ᠬᠤᠷᠢᠶᠠᠨ ᠤ ᠰᠤᠶᠤᠯ ᠪᠤᠯ ᠰᠢᠬᠦᠬᠦ ᠬᠤᠷᠢᠶ᠎ᠠ ᠤᠷᠳᠤ ᠬᠤᠭᠤᠴᠠᠭᠠᠨ ᠤ ᠰᠢᠬᠦᠨ ᠲᠠᠰᠤᠯᠤᠯᠲᠠ ᠶᠢᠨ ᠦᠢᠯᠡᠳᠦᠯᠭᠡ ᠪᠠ ᠬᠠᠮᠢᠶᠠᠷᠤᠯᠲᠠ ᠶᠢᠨ ᠬᠥᠳᠡᠯᠭᠡᠭᠡᠨ ᠳᠤᠮᠳᠠ ᠪᠤᠢ ᠪᠤᠯᠤᠭᠰᠠᠨ ᠨᠢᠬᠡ ᠵᠦᠢᠯ ᠦᠨ ᠨᠡᠢᠳᠡᠯᠢᠭ ᠵᠤᠷᠢᠭ ᠰᠠᠨᠨᠠᠭᠠ ᠂ ᠲᠡᠭᠦᠨ ᠳᠦ ᠯᠡ ᠤᠨᠴᠠ ᠪᠠᠢᠳᠠᠭ ᠂ ᠬᠠᠮᠳᠤ ᠪᠠᠷ ᠵᠢᠷᠤᠮᠯᠠᠳᠠᠭ ᠨᠢᠬᠡ ᠵᠦᠢᠯ ᠦᠨ ᠦᠷᠳᠡᠭ ᠦᠨ ᠦᠵᠡᠯ ᠂ ᠰᠡᠳᠬᠢᠬᠦ ᠬᠡᠯᠪᠡᠷᠢ ᠂ ᠦᠢᠯᠡ ᠠᠵᠢᠯᠯᠠᠭᠠᠨ ᠤ ᠪᠠᠷᠢᠮᠵᠢᠶ᠎ᠠ ᠵᠢᠴᠢ ᠲᠡᠭᠦᠨ ᠳᠠᠢ ᠬᠤᠯᠪᠤᠭᠳᠠᠯ ᠳᠠᠢ ᠪᠤᠳᠠᠰ ᠤᠨ ᠢᠯᠡᠷᠡᠯ ᠦᠨ ᠨᠡᠢᠯᠡᠪᠦᠷᠢ ᠮᠦᠨ ᠃ ᠲᠡᠷᠡ ᠨᠢ ᠪᠠᠭᠠᠵᠢ ᠬᠡᠷᠡᠭᠰᠡᠯ ᠵᠡᠷᠬᠡ ᠪᠤᠳᠠᠰ ᠤᠨ ᠬᠦᠷᠢᠶᠡᠨ ᠵᠦᠢᠯ ᠪᠠᠢᠬᠤ ᠪᠠᠷ ᠪᠠᠷᠠᠬᠤ ᠦᠬᠡᠢ ᠪᠠᠰᠠ ᠤᠶᠤᠨ ᠰᠠᠨᠠᠭᠠᠨ ᠤ ᠵᠦᠢᠯ ᠪᠠᠢᠳᠠᠭ᠂ ᠪᠤᠳᠠᠰ ᠤᠨ ᠪᠤᠯᠪᠠᠰᠤᠨ ᠪᠠ ᠤᠶᠤᠨ ᠰᠠᠨᠠᠭᠠᠨ ᠤ ᠪᠤᠯᠪᠠᠰᠤᠨ ᠤ ᠰᠠᠭᠤᠷᠢᠨ ᠳᠡᠭᠡᠷ᠎ᠠ ᠪᠣᠢᠵᠢᠭᠰᠠᠨ ᠪᠠᠢᠭᠤᠯᠤᠮᠵᠢ ᠶᠢᠨ ᠪᠤᠯᠪᠠᠰᠤᠨ ᠪᠠᠢᠵᠤ ᠂ ᠪᠣᠳᠠᠰ ᠪᠠ ᠤᠶᠤᠨ ᠰᠠᠨᠠᠨᠭᠠᠨ ᠤ ᠠᠶᠠᠨᠳᠠᠭᠠᠨ ᠤ ᠪᠦᠷᠢᠳᠦᠯ ᠮᠦᠨ ᠃ ᠰᠢᠬᠦᠬᠦ ᠬᠤᠷᠢᠶᠠᠨ ᠤ ᠰᠤᠶᠤᠯ ᠨᠢ ᠤᠯᠠᠨ ᠡᠰᠢᠲᠦ ᠰᠤᠶᠤᠯ ᠤᠨ ᠳᠤᠮᠳᠠᠬᠢ ᠨᠢᠬᠡ ᠬᠡᠰᠡᠭ ᠪᠤᠯᠤᠭᠰᠠᠨ ᠤ ᠬᠤᠪᠢ ᠳᠤ ᠂ ᠲᠡᠭᠦᠨ ᠦ ᠳᠤᠰ ᠪᠡᠶ᠎ᠠ ᠶᠢᠨ ᠬᠦᠭᠵᠢᠯᠲᠡ ᠨᠢ ᠲᠡᠤᠬᠡ ᠶᠢ ᠵᠠᠯᠭᠠᠮᠵᠢᠯᠠᠬᠤ ᠴᠢᠨᠠᠷ ᠳᠠᠢ ᠂ ᠡᠨᠡᠬᠦ ᠵᠠᠯᠭᠠᠮᠵᠢᠯᠠᠬᠤ ᠴᠢᠨᠠᠷ ᠨᠢ ᠲᠡᠭᠦᠨ ᠦ ᠭᠠᠵᠠᠷ ᠤᠷᠤᠨ ᠤ ᠤᠯᠠᠮᠵᠢᠯᠠᠯᠲᠤ ᠰᠤᠶᠤᠯ ᠪᠠ ᠤᠨᠴᠠᠯᠢᠭ ᠪᠦᠬᠦᠢ ᠰᠤᠶᠤᠯ ᠤᠨ ᠨᠦᠯᠦᠭᠡ ᠡᠴᠡ ᠰᠠᠯᠵᠤ ᠴᠢᠳᠠᠬᠤ ᠦᠬᠡᠢ ᠶᠤᠮ ᠃ ᠡᠢᠮᠦ ᠡᠴᠡ ᠂ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠨᠢ ᠡᠷᠭᠡᠪᠰᠢ ᠭᠠᠵᠠᠷ ᠤᠷᠤᠨ ᠤ ᠤᠨᠴᠠᠯᠢᠭ ᠪᠠ ᠦᠨᠳᠦᠰᠦᠲᠡᠨ ᠦ ᠬᠡᠪ ᠨᠠᠮᠪᠠ ᠳᠠᠢ ᠰᠤᠶᠤᠯ ᠤᠨ ᠤᠬᠢ ᠰᠢᠯᠢᠳᠡᠭ ᠪᠠ ᠦᠷ᠎ᠠ ᠪᠦᠲᠦᠮᠵᠢ ᠶᠢ ᠵᠠᠯᠭᠠᠮᠵᠢᠯᠠᠬᠤ ᠬᠡᠷᠡᠭᠲᠡᠢ ᠂ ᠡᠭᠦᠨ ᠦ ᠤᠯᠠᠮ ᠠᠴᠠ ᠢᠯᠡ ᠳᠤᠳᠤ ᠥᠪᠡᠷᠮᠢᠴᠡ ᠴᠢᠨᠠᠷ ᠳᠠᠢ ᠰᠢᠬᠦᠬᠦ ᠬᠤᠷᠢᠶᠠᠨ ᠤ ᠰᠤᠶᠤᠯ ᠤᠨ ᠰᠢᠰᠲ᠋ᠧᠮ ᠢ ᠬᠦᠮᠦᠵᠢᠬᠦᠯᠬᠦ ᠪᠠ ᠬᠥᠭᠵᠢᠭᠦᠯᠦᠨ᠎ᠡ ᠃
ᠨᠢᠬᠡ ᠂ ᠤᠷᠳᠤᠰ ᠰᠤᠶᠤᠯ ᠤᠨ ᠠᠭᠤᠯᠤᠭᠳᠠᠬᠤᠨ ᠪᠠ ᠤᠨᠴᠠ ᠴᠢᠨᠠᠷ
ᠤᠷᠳᠤᠰ ᠪᠤᠯ ᠬᠦᠮᠦᠨ ᠲᠦᠷᠦᠯᠬᠢᠲᠡᠨ ᠦ ᠪᠤᠯᠪᠠᠰᠤᠨ ᠡᠭᠦᠰᠦᠭᠰᠡᠨ ᠭᠠᠵᠠᠷ ᠮᠦᠨ ᠃ 7 ᠲᠦᠮᠡᠨ ᠵᠢᠯ ᠦᠨ ᠡᠮᠦᠨ᠎ᠠ ᠂ ᠡᠷᠲᠡᠨ ᠦ ᠪᠤᠷᠳᠤᠬᠤᠢ ᠬᠦᠮᠦᠨ ᠰᠢᠷᠠᠤ᠋ᠰᠤ ᠶᠢᠨ ᠰᠠᠪᠠ ᠭᠠᠵᠠᠷ ᠦᠷᠡᠵᠢᠨ ᠠᠮᠢᠳᠤᠷᠠᠵᠤ ᠂ ᠠᠯᠳᠠᠷᠳᠤ ᠪᠤᠷᠳᠤᠬᠤᠢ ᠶᠢᠨ ᠰᠤᠶᠤᠯ ᠢ ᠡᠭᠦᠳᠦᠨ ᠪᠦᠲᠦᠭᠡᠵᠠᠢ ᠃ ᠮᠦᠨᠴᠦ ᠾᠦᠩᠨᠦ᠂ ᠲᠶᠦᠷᠺ᠂ ᠮᠤᠩᠭᠤᠯ ᠵᠡᠷᠬᠡ ᠤᠮᠠᠷᠠᠳᠤ ᠶᠢᠨ ᠪᠠᠷᠤᠭ ᠪᠦᠬᠦᠢᠯᠡ ᠴᠦᠬᠡᠨ ᠳᠤᠭᠠᠳᠤ ᠦᠨᠳᠦᠰᠦᠲᠡᠨ ᠦ ᠤᠯᠠ ᠮᠦᠷ ᠢ ᠦᠯᠡᠳᠡᠭᠡᠭᠰᠡᠨ ᠪᠠᠢᠨ᠎ᠠ ᠃ ᠳᠠᠷᠢᠶᠠᠯᠠᠬᠤ ᠰᠤᠶᠤᠯ ᠪᠠ ᠮᠠᠯᠵᠢᠬᠤ ᠰᠤᠶᠤᠯ ᠨᠢ ᠡᠨᠡ ᠭᠠᠵᠠᠷ ᠬᠠᠷᠭᠤᠯᠳᠤᠵᠤ ᠂ ᠬᠠᠷᠢᠯᠴᠠᠨ ᠠᠭᠤᠰᠤᠯᠴᠠᠵᠤ ᠂ ᠳᠠᠯ᠎ᠠ ᠨᠤᠳᠤᠭ ᠤᠨ ᠰᠤᠶᠤᠯ ᠪᠠ ᠬᠠᠳᠤᠨ ᠭᠤᠤᠯ ᠤᠨ ᠰᠤᠶᠤᠯ ᠬᠠᠷᠢᠯᠴᠠᠨ ᠨᠡᠢᠯᠡᠵᠦ ᠂ ᠤᠷᠳᠤᠰ ᠤᠨ ᠥᠪᠡᠷᠮᠢᠴᠡ ᠭᠠᠵᠠᠷ ᠤᠷᠤᠨ ᠤ ᠰᠤᠶᠤᠯ ᠪᠤᠢ ᠪᠤᠯᠵᠤ ᠂ ᠬᠦᠮᠦᠨ ᠲᠦᠷᠦᠯᠬᠢᠲᠡᠨ ᠦ ᠬᠦᠭᠵᠢᠯᠲᠡ ᠶᠢᠨ ᠲᠡᠤᠬᠡᠨ ᠳᠡᠭᠡᠷᠡᠬᠢ ᠬᠠᠮᠤᠭ ᠬᠡᠷᠡᠯ ᠰᠠᠴᠤᠷᠠᠭᠰᠠᠨ ᠰᠤᠪᠤᠳ ᠤᠨ ᠨᠢᠬᠡ ᠪᠤᠯᠤᠭᠰᠠᠨ ᠪᠠᠢᠨ᠎ᠠ ᠃ ᠤᠷᠳᠤᠰ ᠰᠤᠶᠤᠯ ᠤᠨ ᠲᠡᠤᠬᠡ ᠤᠷᠳᠤ ᠤᠳᠠᠭᠠᠨ ᠂ ᠠᠭᠤᠯᠤᠭᠳᠠᠬᠤᠨ ᠡᠯᠪᠡᠭ ᠪᠠᠶᠠᠯᠢᠭ ᠂ ᠦᠨᠳᠦᠰᠦᠲᠡᠨ ᠦ ᠠᠷᠠᠳ ᠲᠦᠮᠡᠨ ᠬᠠᠮᠳᠤ ᠪᠠᠷ ᠪᠤᠢᠵᠢᠭᠤᠯᠤᠭᠰᠠᠨ ᠨᠢᠬᠡ ᠵᠦᠢᠯ ᠦᠨ ᠤᠯᠠᠨ ᠡᠰᠢ ᠨᠡᠢᠯᠡᠭᠰᠡᠨ ᠂ ᠬᠡᠪ ᠨᠠᠮᠪᠠ ᠥᠪᠡᠷᠮᠢᠴᠡ ᠰᠤᠶᠤᠯ ᠪᠠᠢᠵᠤ ᠂ ᠮᠦᠨᠴᠦ ᠡᠨᠡᠬᠦ ᠦᠨᠳᠦᠰᠦᠲᠡᠨ ᠦ ᠰᠤᠶᠤᠯ ᠤᠨ ᠶᠡᠬᠡ ᠨᠡᠢᠯᠡᠯᠲᠡ ᠨᠢ ᠤᠷᠳᠤᠰ ᠤᠨ ᠴᠢᠯᠦᠭᠡᠲᠡᠢ ᠪᠠᠭᠳᠠᠭᠠᠮᠵᠢᠲᠠᠢ ᠂ ᠶᠠᠭᠤᠨ ᠠᠴᠠ ᠴᠤ ᠠᠶᠤᠬᠤ ᠦᠬᠡᠢ ᠂ ᠵᠤᠷᠢᠭ ᠳᠠᠢ ᠨᠡᠭᠡᠭᠡᠯᠲᠡ ᠬᠢᠬᠦ ᠰᠤᠶᠤᠯ ᠤᠨ ᠤᠨᠴᠠ ᠴᠢᠨᠠᠷ ᠪᠠ ᠬᠦᠮᠦᠨ ᠰᠤᠶᠤᠯ ᠤᠨ ᠵᠤᠷᠢᠭ ᠰᠠᠨᠠᠭ᠎ᠠ ᠶᠢ ᠬᠥᠮᠦᠵᠢᠭᠦᠯᠦᠭᠰᠡᠨ ᠪᠠᠢᠵᠤ ᠂ ᠡᠨᠡ ᠨᠢ ᠴᠤ ᠤᠷᠳᠤᠰ ᠤᠨ ᠠᠵᠤ ᠠᠬᠤᠢ ᠭᠠᠢᠬᠠᠮᠰᠢᠭ ᠡᠭᠦᠳᠦᠨ ᠪᠦᠲᠦᠭᠡᠬᠦ ᠳᠦ ᠬᠠᠮᠤᠭ ᠬᠦᠴᠦᠨ ᠳᠠᠢ ᠰᠤᠶᠤᠯ ᠤᠨ ᠲᠤᠯᠭᠠᠭᠤᠷᠢ ᠮᠦᠨ ᠃
(ᠨᠢᠬᠡ)ᠤᠷᠳᠤᠰ ᠰᠤᠶᠤᠯ ᠪᠤᠯ ᠮᠣᠩᠭᠤᠯ ᠰᠤᠶᠤᠯ ᠤᠨ ᠤᠯᠠᠮᠵᠢᠯᠠᠯ ᠪᠠ ᠬᠥᠭᠵᠢᠯᠲᠡ
ᠮᠣᠩᠭᠤᠯ ᠬᠦᠮᠦᠨ ᠪᠤᠯ ᠤᠷᠳᠤᠰ ᠰᠤᠶᠤᠯ ᠤᠨ ᠡᠭᠦᠳᠦᠨ ᠪᠦᠲᠦᠭᠡᠭᠴᠢ ᠶᠢᠨ ᠠᠴᠢᠶᠠᠯᠠᠭᠴᠢ ᠂ ᠨᠡᠩ ᠴᠤ ᠤᠷᠳᠤᠰ ᠰᠤᠶᠤᠯ ᠤᠨ ᠬᠥᠭᠵᠢᠯᠲᠡ ᠶᠢᠨ ᠠᠴᠢᠶᠠᠯᠠᠭᠴᠢ ᠮᠦᠨ ᠃ ᠮᠣᠩᠭᠤᠯ ᠠᠢᠮᠠᠭ ᠨᠡᠬᠦᠳᠡᠯᠡᠨ ᠮᠠᠯᠵᠢᠬᠤ ᠦᠢᠯᠡᠳᠪᠦᠷᠢᠯᠡᠯ ᠠᠮᠢᠳᠤᠷᠠᠯ ᠤᠨ ᠶᠠᠪᠤᠴᠠ ᠳᠤᠮᠳᠠ ᠂ 《ᠬᠦᠮᠦᠨ ᠲᠡᠭᠷᠢ ᠡᠶ᠎ᠠ ᠵᠤᠬᠢᠴᠠᠯ ᠳᠠᠢ᠂ ᠬᠦᠮᠦᠨ ᠦ ᠬᠠᠷᠢᠴᠠᠭ᠎ᠠ ᠡᠶ᠎ᠠ ᠵᠤᠬᠢᠴᠠᠯ ᠳᠠᠢ᠂ ᠵᠦᠢ ᠶᠤᠰᠤ ᠡᠶ᠎ᠠ ᠵᠤᠬᠢᠴᠠᠯ ᠳᠠᠢ》ᠤᠨᠴᠠᠯᠢᠭ ᠳᠠᠢ ᠮᠣᠩᠭᠤᠯ ᠰᠤᠶᠤᠯ ᠢ ᠡᠭᠦᠳᠦᠨ ᠪᠦᠲᠦᠭᠡᠪᠡ ᠃ ᠲᠡᠳᠡᠨᠡᠷ ᠰᠢᠯᠵᠢᠯᠲᠡ ᠶᠢᠨ ᠳᠤᠮᠳᠠ ᠡᠷᠬᠡ ᠴᠢᠯᠦᠬᠡ ᠪᠠ ᠡᠶ᠎ᠠ ᠵᠤᠬᠢᠴᠠᠯᠲᠤ ᠨᠡᠢᠬᠡᠮ ᠦᠨ ᠤᠬᠠᠮᠰᠠᠷ ᠢ ᠬᠥᠭᠡᠭᠡᠴᠡᠯᠳᠦᠵᠦ ᠂ ᠨᠡᠬᠦᠳᠡᠯᠡᠨ ᠮᠠᠯᠵᠢᠬᠤ ᠳᠤᠮᠳᠠ ᠦᠨᠡᠨ ᠢ ᠪᠠᠷᠢᠮᠳᠠᠯᠠᠬᠤ ᠴᠢᠨᠠᠷ ᠪᠠ ᠡᠭᠦᠳᠦᠨ ᠪᠦᠲᠦᠭᠡᠯᠴᠢ ᠴᠢᠨᠠᠷ ᠢ ᠬᠠᠷᠢᠯᠴᠠᠨ ᠨᠢᠬᠡᠳᠭᠡᠭᠰᠡᠨ ᠨᠡᠢᠬᠡᠮ ᠦᠨ ᠬᠦᠮᠦᠨ ᠴᠢᠨᠠᠷ ᠢ ᠬᠥᠭᠡᠭᠡᠴᠡᠯᠳᠦᠵᠦ ᠂ ᠨᠡᠭᠦᠳᠡᠯᠯᠡᠬᠦ ᠳᠤᠮᠳᠠ ᠰᠣᠩᠭᠤᠯᠲᠠ ᠶᠢᠨ ᠴᠢᠨᠠᠷ ᠪᠤᠯᠤᠨ ᠵᠤᠬᠢᠴᠠᠩᠭᠤᠢ ᠴᠢᠨᠠᠷ ᠢ ᠬᠠᠷᠢᠯᠴᠠᠨ ᠨᠢᠬᠡᠳᠬᠡᠬᠦ ᠨᠡᠢᠬᠡᠮ ᠦᠨ ᠰᠡᠳᠬᠢᠴᠡ ᠶᠢ ᠬᠥᠭᠡᠭᠡᠴᠡᠯᠳᠦᠳᠡᠭ ᠃ ᠶᠠᠭ ᠡᠨᠡᠬᠦ ᠤᠯᠠᠮᠵᠢᠯᠠᠯᠲᠤ ᠨᠡᠢᠬᠡᠮ ᠦᠨ ᠦᠵᠡᠯ ᠤᠬᠠᠮᠰᠠᠷ ᠨᠢ ᠬᠦᠮᠦᠨ ᠪᠦᠷᠢ ᠶᠢᠨ ᠦᠢᠯᠡ ᠠᠵᠢᠯᠯᠠᠭ᠎ᠠ ᠶᠢᠨ ᠲᠦᠷᠢᠮᠵᠢᠯ ᠪᠠ ᠤᠬᠠᠮᠰᠠᠷᠳᠤ ᠰᠠᠬᠢᠯᠭ᠎ᠠ ᠪᠤᠯᠤᠨ ᠬᠤᠪᠢᠷᠠᠵᠤ ᠂ ᠡᠭᠦᠨ ᠦ ᠤᠯᠠᠮ ᠠᠴᠠ ᠮᠣᠩᠭᠤᠯ ᠦᠨᠳᠦᠰᠦᠲᠡᠨ ᠦ ᠥᠪᠡᠷᠮᠢᠴᠡ ᠪᠠᠢᠳᠠᠭ ᠪᠠᠭᠠᠲᠤᠷᠯᠢᠭ ᠦᠵᠡᠯ ᠦᠨ ᠵᠤᠷᠢᠭ ᠰᠠᠨᠠᠭ᠎ᠠ ᠂ ᠶᠤᠰᠤ ᠲᠦᠷᠢᠮ ᠦᠨ ᠤᠬᠠᠮᠰᠠᠷ ᠂ ᠥᠷᠢᠰᠦᠯᠳᠦᠭᠡᠨ ᠦ ᠤᠬᠠᠮᠰᠠᠷ᠂ ᠦᠨᠡᠨᠴᠢ ᠬᠤᠳᠠᠯᠳᠤᠭᠠᠨ ᠤ ᠶᠤᠰᠤ ᠰᠤᠷᠳᠠᠬᠤᠨ ᠂ ᠤᠷᠤᠭᠰᠢᠯᠠᠨ ᠳᠠᠪᠰᠢᠬᠤ ᠤᠬᠠᠮᠰᠠᠷ ᠵᠡᠷᠬᠡ ᠰᠤᠶᠤᠯ ᠤᠨ ᠴᠢᠮᠦᠬᠡ ᠪᠦᠷᠢᠯᠳᠦᠭᠰᠡᠨ ᠪᠠᠢᠨ᠎ᠠ ᠃ ᠤᠷᠳᠤᠰ ᠰᠤᠶᠤᠯ ᠨᠢ ᠤᠯᠠᠮᠵᠢᠯᠠᠬᠤ ᠰᠠᠭᠤᠷᠢᠨ ᠳᠡᠭᠡᠷ᠎ᠠ ᠤᠯᠠᠮ ᠨᠢᠬᠡ ᠠᠯᠬᠤᠮ ᠡᠨᠡᠬᠦ ᠰᠢᠯᠢᠳᠡᠭ ᠰᠤᠶᠤᠯ ᠤᠨ ᠵᠠᠩ ᠴᠢᠨᠠᠷ ᠢ ᠪᠠᠳᠠᠷᠠᠭᠤᠯᠤᠨ ᠳᠡᠯᠭᠡᠷᠡᠬᠦᠯᠵᠦ ᠂ ᠨᠡᠬᠦᠳᠡᠯᠡᠨ ᠮᠠᠯᠵᠢᠬᠤ ᠰᠤᠶᠤᠯ ᠤᠨ ᠳᠤᠮᠳᠠᠬᠢ ᠡᠷᠡᠰ ᠰᠢᠭᠤᠷᠬᠠᠢ ᠰᠤᠶᠤᠯ ᠪᠠ ᠤᠨᠴᠠ ᠳᠤᠭᠳᠠᠭᠰᠠᠨ ᠲᠡᠤᠬᠡᠨ ᠡᠭᠦᠷᠬᠡ ᠳᠠᠢ ᠬᠠᠷᠢᠴᠠᠨ ᠤᠶᠠᠯᠳᠤᠭᠤᠯᠵᠤ᠂ ᠭᠠᠵᠠᠷ ᠤᠷᠤᠨ ᠤ ᠤᠨᠴᠠᠯᠢᠭ ᠪᠦᠬᠦᠢ ᠰᠤᠶᠤᠯ ᠤᠨ ᠠᠭᠤᠯᠤᠭᠳᠠᠬᠤᠨ ᠪᠤᠢ ᠪᠤᠯᠵᠤ ᠂ ᠤᠷᠳᠤᠰ ᠤᠨ ᠠᠳᠠᠯᠢ ᠪᠤᠰᠤ ᠬᠦᠭᠵᠢᠯᠲᠡ ᠶᠢᠨ ᠬᠤᠭᠤᠴᠠᠭᠠᠨ ᠳᠤ ᠠᠳᠠᠯᠢ ᠪᠤᠰᠤ ᠤᠷᠳᠤᠰ ᠰᠤᠶᠤᠯ ᠬᠦᠮᠦᠵᠢᠬᠦᠯᠵᠦ ᠂ ᠣᠷᠳᠤᠰ ᠬᠦᠮᠦᠨ ᠦ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠶᠢ ᠤᠳᠤᠷᠢᠳᠴᠤ ᠪᠠᠢᠨ᠎ᠠ ᠃
(ᠬᠤᠶᠠᠷ)ᠤᠷᠳᠤᠰ ᠰᠤᠶᠤᠯ ᠪᠤᠯ ᠤᠯᠠᠨ ᠦᠨᠳᠦᠰᠦᠲᠡᠨ ᠦ ᠰᠢᠯᠢᠳᠡᠭ ᠵᠠᠩ ᠴᠢᠨᠠᠷ ᠤᠨ ᠨᠡᠢᠯᠡᠯᠲᠡ
ᠤᠷᠳᠤᠰ ᠭᠠᠵᠠᠷ ᠪᠤᠯ ᠡᠷᠳᠡᠨ ᠡᠴᠡ ᠪᠡᠨ ᠤᠯᠠᠨ ᠦᠨᠳᠦᠰᠦᠲᠡᠨ ᠬᠠᠷᠢᠯᠴᠠᠨ ᠲᠦᠪᠯᠡᠷᠡᠭᠡᠰᠡᠨ ᠭᠠᠵᠠᠷ ᠤᠷᠤᠨ ᠪᠠᠢᠵᠤ ᠂ ᠪᠤᠰᠤᠳ ᠦᠨᠳᠦᠰᠦᠲᠡᠨ ᠰᠤᠶᠤᠯ ᠪᠦᠷᠢ ᠦᠪᠡᠷ ᠦᠪᠡᠷ ᠦᠨ ᠤᠨᠴᠠᠯᠢᠭ ᠳᠠᠢ ᠂ ᠲᠡᠳᠡᠨᠡᠷ ᠬᠡᠳᠦᠢᠪᠡᠷ ᠢᠳᠡᠷᠬᠡᠭ ᠦᠨᠳᠦᠰᠦᠲᠡᠨ ᠦ ᠡᠬᠦᠳᠦᠨ ᠪᠦᠲᠦᠭᠡᠭᠰᠡᠨ ᠰᠤᠶᠤᠯ ᠤᠨ ᠢᠳᠡᠷᠬᠡᠭ ᠢ ᠬᠦᠷᠬᠦ ᠦᠬᠡᠢ ᠪᠤᠯᠪᠠᠴᠤ ᠂ ᠪᠦᠷ ᠳᠤᠰ ᠳᠤᠰ ᠤᠨ ᠦᠨᠳᠦᠰᠦᠲᠡᠨ ᠦ ᠥᠪᠡᠷᠮᠢᠴᠡ ᠣᠨᠴᠠᠯᠢᠭ ᠢᠶᠠᠷ ᠢᠶᠠᠨ ᠤᠷᠤᠰᠢᠵᠤ ᠪᠠᠢᠳᠠᠭ ᠂ ᠲᠡᠳᠡᠨᠡᠷ ᠦᠨ ᠰᠤᠶᠤᠯ ᠨᠢ ᠢᠳᠡᠷᠬᠡᠭ ᠰᠤᠶᠤᠯ ᠤᠨ ᠨᠦᠯᠦᠭᠡᠨ ᠳᠤᠤᠷ᠎ᠠ ᠬᠦᠭᠵᠢᠵᠦ ᠂ ᠦᠭᠡᠷᠡᠴᠢᠯᠡᠵᠦ ᠂ ᠮᠦᠨᠴᠦ ᠮᠤᠩᠭᠤᠯ ᠰᠤᠶᠤᠯ ᠤᠨ ᠬᠥᠭᠵᠢᠯᠲᠡ ᠶᠢ ᠨᠦᠯᠦᠬᠡᠯᠡᠵᠦ ᠦᠭᠡᠷᠡᠴᠢᠯᠡᠭᠰᠡᠨ ᠶᠤᠮ ᠃ ᠬᠢᠳᠠᠳ ᠦᠨᠳᠦᠰᠦᠲᠡᠨ ᠢᠶᠡᠷ ᠲᠥᠯᠦᠭᠡᠯᠡᠭᠰᠡᠨ ᠳᠠᠷᠢᠶᠠᠯᠠᠬᠤ ᠰᠤᠶᠤᠯ ᠨᠢ《ᠪᠤᠳᠠᠳᠤ ᠠᠵᠢᠯᠯᠠᠭ᠎ᠠ ᠶᠢ ᠡᠷᠬᠢᠮᠯᠡᠬᠦ ᠨᠠᠷᠢᠯᠢᠭ ᠪᠦᠯᠬᠦᠮᠳᠡᠯ ᠳᠠᠢ》ᠵᠡᠷᠬᠡ ᠰᠡᠳᠬᠢᠬᠦ ᠠᠷᠭ᠎ᠠ ᠮᠠᠶᠢᠭ ᠪᠠ ᠦᠢᠯᠡ ᠠᠵᠢᠯᠯᠠᠭ᠎ᠠ ᠶᠢᠨ ᠬᠡᠯᠪᠡᠷᠢ ᠨᠢ ᠪᠦᠷ ᠤᠷᠳᠤᠰ ᠰᠤᠶᠤᠯ ᠳᠤ ᠬᠦᠯᠢᠶᠡᠭᠳᠡᠨ ᠠᠪᠴᠤ ᠂ ᠤᠷᠳᠤᠰ ᠰᠤᠶᠤᠯ ᠤᠨ ᠴᠢᠬᠤᠯᠠ ᠪᠦᠷᠢᠯᠳᠦᠬᠦᠨ ᠪᠤᠯᠵᠤ ᠂ ᠦᠭᠡᠷ᠎ᠠ ᠪᠠᠷ ᠬᠡᠯᠡᠪᠡᠯ ᠂ ᠤᠯᠠᠨ ᠦᠨᠳᠦᠰᠦᠲᠡᠨ ᠴᠤᠭᠯᠠᠷᠠᠨ ᠰᠠᠭᠤᠭᠤᠰᠠᠨ ᠤᠷᠳᠤᠰ ᠭᠠᠵᠠᠷ ᠤᠷᠤᠨ ᠤ ᠪᠤᠢ ᠪᠤᠯᠤᠭᠰᠠᠨ ᠤᠷᠳᠤᠰ ᠰᠤᠶᠤᠯ ᠪᠤᠯ ᠤᠯᠠᠨ ᠦᠨᠳᠦᠰᠦᠲᠡᠨ ᠦ ᠰᠢᠯᠢᠳᠡᠭ ᠵᠠᠩ ᠴᠢᠨᠠᠷ ᠤᠨ ᠨᠢᠬᠡᠳᠦᠯ ᠮᠦᠨ ᠂ ᠲᠡᠷᠡ ᠨᠢ ᠵᠦᠪᠬᠡᠨ ᠮᠣᠩᠭᠤᠯ ᠦᠨᠳᠦᠰᠦᠲᠡᠨ ᠦ ᠰᠤᠶᠤᠯ ᠤᠨ ᠴᠢᠮᠦᠬᠡ ᠶᠢ ᠤᠯᠠᠮᠵᠢᠯᠠᠬᠤ ᠪᠠ ᠬᠥᠭᠵᠢᠭᠦᠯᠬᠦ ᠪᠡᠷ ᠪᠠᠷᠠᠬᠤ ᠦᠬᠡᠢ᠂ ᠬᠠᠮᠳᠤ ᠪᠠᠰᠠ ᠪᠤᠰᠤᠳ ᠰᠤᠶᠤᠯ ᠣᠨᠴᠠᠭᠠᠢᠯᠠᠨ ᠬᠢᠳᠠᠳ ᠰᠤᠶᠤᠯ ᠤᠨ ᠰᠢᠯᠢᠳᠡᠭ ᠵᠠᠩ ᠴᠢᠨᠠᠷ ᠢ ᠠᠭᠤᠰᠬᠠᠭᠰᠠᠨ ᠪᠠ ᠤᠯᠠᠮᠵᠢᠯᠠᠭᠰᠠᠨ ᠪᠠᠢᠨ᠎ᠠ ᠃
(ᠭᠤᠷᠪᠠ)ᠤᠷᠳᠤᠰ ᠰᠤᠶᠤᠯ ᠤᠨ ᠤᠨᠴᠠᠯᠢᠭ ᠤᠨ ᠭᠣᠣᠯᠳᠠᠯᠭ᠎ᠠ ᠨᠢ ᠣᠳᠣᠬᠢᠴᠢ ᠴᠢᠨᠠᠷ ᠮᠦᠨ
ᠮᠤᠩᠭᠤᠯ ᠰᠤᠶᠤᠯ ᠢᠶᠠᠷ ᠭᠤᠤᠯ ᠴᠤᠭᠴᠠ ᠪᠤᠯᠭᠠᠭᠰᠠᠨ ᠤᠷᠳᠤᠰ ᠰᠤᠶᠤᠯ ᠬᠥᠭᠵᠢᠭᠡᠳ ᠤᠳᠤ ᠦᠶ᠎ᠠ ᠶᠢᠨ ᠤᠷᠳᠤᠰ ᠰᠤᠶᠤᠯ ᠪᠤᠯᠤᠭᠰᠠᠨ ᠨᠢ᠂ ᠠᠳᠠᠯᠢ ᠪᠤᠰᠤ ᠬᠦᠭᠵᠢᠯᠲᠡ ᠶᠢᠨ ᠬᠤᠭᠤᠴᠠᠭᠠᠨ ᠳᠤ ᠳᠤᠪᠤᠢᠭᠰᠠᠨ ᠨᠢ ᠲᠡᠭᠦᠨ ᠦ ᠤᠳᠤᠬᠢᠴᠢ ᠴᠢᠨᠠᠷ ᠪᠤᠯᠤᠨ᠎ᠠ ᠃ ᠮᠤᠩᠭᠤᠯ ᠰᠤᠶᠤᠯ ᠤᠨ ᠤᠷᠤᠭᠰᠢ ᠳᠠᠪᠰᠢᠬᠤ ᠵᠤᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ ᠂ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠤ ᠳᠠᠷᠠᠭ᠎ᠠ ᠂ ᠤᠷᠳᠤᠰ ᠰᠤᠶᠤᠯ ᠤᠨ ᠣᠳᠣᠬᠢᠴᠢ ᠴᠢᠨᠠᠷ ᠶᠠᠪᠤᠬᠤ ᠳᠤᠳᠤᠮ ᠢᠯᠡ ᠳᠤᠳᠤ ᠳᠣᠪᠤᠢᠭᠰᠠᠨ ᠪᠠᠢᠨ᠎ᠠ ᠃ 《ᠰᠢᠨ᠎ᠠ ᠡᠭᠦᠳᠦᠨ ᠪᠦᠲᠦᠭᠡᠯᠴᠢ ᠴᠢᠨᠠᠷ》᠂ 《ᠴᠢᠯᠦᠭᠡᠲᠡᠢ ᠰᠡᠳᠬᠢᠬᠦᠢ᠂ ᠨᠡᠭᠡᠭᠡᠯᠲᠡ ᠬᠢᠬᠦ ᠦᠢᠯᠡ ᠠᠵᠢᠯᠯᠠᠭ᠎ᠠ ᠶᠢᠨ ᠬᠡᠯᠪᠡᠷᠢ ᠮᠠᠶᠢᠭ》 ᠢ ᠬᠥᠭᠡᠭᠡᠴᠡᠯᠳᠦᠬᠦ ᠨᠢ ᠤᠷᠳᠤᠰ ᠰᠤᠶᠤᠯ ᠤᠨ ᠬᠦᠭᠵᠢᠯᠲᠡ ᠶᠢᠨ ᠭᠤᠤᠯ ᠶᠠᠪᠤᠳᠠᠯ ᠪᠤᠯᠪᠠ ᠃ ᠣᠨᠴᠠᠭᠠᠢᠯᠠᠨ ᠣᠢᠷ᠎ᠠ ᠶᠢᠨ ᠵᠢᠯ ᠳᠦ ᠤᠷᠳᠤᠰ ᠤᠨ ᠠᠵᠤ ᠠᠬᠤᠢ ᠦᠳᠳᠦᠷ ᠲᠦᠷᠭᠡᠨ ᠬᠦᠭᠵᠢᠬᠦ ᠶᠢ ᠳᠠᠭᠠᠯᠳᠤᠨ ᠂ ᠤᠷᠳᠤᠰ ᠰᠤᠶᠤᠯ ᠤᠨ ᠤᠳᠤᠬᠢᠴᠢ ᠴᠢᠨᠠᠷ ᠲᠤ ᠪᠦᠬᠦ ᠳᠠᠯ᠎ᠠ ᠳᠤ ᠬᠦᠢᠴᠡᠳ ᠨᠥᠬᠦᠴᠡᠯ ᠬᠠᠩᠭᠠᠵᠤ ᠂ ᠤᠷᠳᠤᠰ ᠰᠤᠶᠤᠯ ᠤᠨ ᠤᠳᠤᠬᠢᠴᠢ ᠴᠢᠨᠠᠷ ᠨᠢ ᠬᠦᠢᠴᠡᠳ ᠪᠠᠳᠠᠷᠠᠭᠤᠯᠵᠤ ᠂ 《ᠰᠢᠨ᠎ᠠ ᠶᠢ ᠡᠭᠦᠳᠦᠨ ᠨᠡᠭᠡᠭᠡᠯᠲᠡ ᠬᠢᠵᠦ ᠂ ᠲᠡᠷᠢᠬᠦᠨ ᠳᠦ ᠤᠷᠤᠬᠤ ᠪᠠᠷ ᠴᠢᠷᠮᠠᠢᠵᠤ ᠂ ᠦᠨᠡᠨ ᠢ ᠡᠷᠬᠢᠮᠯᠡᠨ ᠪᠤᠳᠠᠳᠤ ᠠᠵᠢᠯᠯᠠᠭ᠎ᠠ ᠶᠢ ᠡᠷᠬᠢᠮᠯᠡᠬᠦ ᠂ ᠪᠦᠯᠬᠦᠮᠳᠡᠨ ᠬᠠᠮᠵᠢᠯᠴᠠᠵᠤ ᠂ ᠴᠠᠭ ᠤᠨ ᠤᠷᠤᠰᠬᠠᠯ ᠢ ᠬᠥᠭᠡᠭᠡᠴᠡᠯᠳᠦᠬᠦ》ᠨᠢ ᠤᠷᠳᠤᠰ ᠰᠤᠶᠤᠯ ᠤᠨ ᠤᠳᠤᠬᠢᠴᠢ ᠴᠢᠨᠠᠷ ᠤᠨ ᠬᠠᠮᠤᠭ ᠳᠤᠳᠤ ᠢᠯᠡᠷᠡᠯ ᠮᠦᠨ ᠃ ᠬᠡᠳᠦᠢᠪᠡᠷ ᠤᠷᠳᠤᠰ ᠤᠨ ᠠᠵᠤ ᠠᠬᠤᠢ ᠨᠢ ᠤᠷᠢᠳ ᠭᠠᠷᠤᠭ᠎ᠠ ᠦᠬᠡᠢ ᠬᠦᠴᠢᠷᠳᠡᠯ ᠢᠶᠡᠷ ᠳᠤᠯᠭᠠᠷᠠᠵᠤ ᠪᠠᠢᠭ᠎ᠠ ᠪᠤᠯᠪᠠᠴᠤ ᠤᠷᠳᠤᠰ ᠰᠤᠶᠤᠯ ᠤᠨ ᠥᠪᠡᠷᠮᠢᠴᠡ ᠴᠢᠨᠠᠷ ᠨᠢ ᠯᠠᠪᠳᠠᠢ ᠤᠷᠳᠤᠰ ᠤᠨ ᠠᠵᠤ ᠠᠬᠤᠢ ᠬᠦᠴᠢᠷᠳᠡᠯ ᠡᠴᠡ ᠭᠠᠷᠭᠠᠵᠤ ᠳᠡᠢᠯᠬᠦ ᠶᠤᠮ ᠃
ᠬᠤᠶᠠᠷ᠂ ᠤᠷᠳᠤᠰ ᠰᠤᠶᠤᠯ ᠨᠢ ᠤᠷᠳᠤᠰ ᠤᠨ ᠤᠨᠴᠠᠯᠢᠭ ᠳᠠᠢ ᠰᠢᠬᠦᠬᠦ ᠬᠤᠷᠢᠶᠠᠨ ᠤ ᠰᠤᠶᠤᠯ ᠢ ᠪᠦᠲᠦᠭᠡᠨ ᠪᠠᠢᠭᠤᠯᠬᠤ ᠳᠤ ᠴᠢᠬᠤᠯᠠ ᠠᠴᠠ ᠬᠤᠯᠪᠤᠭᠳᠠᠯ ᠳᠠᠢ
ᠰᠢᠬᠦᠬᠦ ᠬᠤᠷᠢᠶᠠᠨ ᠤ ᠰᠤᠶᠤᠯ ᠨᠢ ᠳᠡᠭᠡᠳᠦ ᠳᠠᠪᠬᠤᠷᠭ᠎ᠠ ᠶᠢᠨ ᠨᠡᠢᠬᠡᠮ ᠦᠨ ᠦᠵᠡᠯ ᠤᠬᠠᠮᠰᠠᠷ ᠤᠨ ᠴᠢᠬᠤᠯᠠ ᠪᠦᠷᠢᠯᠳᠦᠬᠦᠨ ᠪᠤᠯᠤᠭᠰᠠᠨ ᠤ ᠬᠤᠪᠢ ᠳᠤ᠂ ᠤᠳᠤ ᠦᠶ᠎ᠠ ᠶᠢᠨ ᠬᠠᠤᠯᠢ ᠴᠠᠭᠠᠵᠠ ᠶᠢᠨ ᠪᠤᠯᠪᠠᠰᠤᠨ ᠢ ᠪᠦᠲᠦᠭᠡᠨ ᠪᠠᠢᠭᠤᠯᠤᠯᠲᠠ ᠂ ᠨᠡᠢᠬᠡᠮ ᠵᠢᠷᠦᠮ ᠦᠨ ᠵᠤᠷᠢᠭ ᠰᠠᠨᠠᠭᠠᠨ ᠤ ᠪᠤᠯᠪᠠᠰᠤᠨ ᠪᠠ ᠬᠠᠤᠯᠢ ᠪᠠᠷ ᠵᠠᠰᠠᠬᠤ ᠡᠬᠡ ᠤᠯᠤᠰ ᠤᠨ ᠪᠦᠲᠦᠬᠡᠨ ᠪᠠᠢᠭᠤᠯᠭ᠎ᠠ ᠶᠢ ᠲᠦᠯᠬᠢᠨ ᠠᠬᠢᠭᠤᠯᠬᠤ ᠳᠤ ᠣᠷᠤᠯᠠᠭᠤᠯᠵᠤ ᠪᠤᠯᠤᠰᠢ ᠦᠭᠡᠢ ᠦᠷᠳᠡᠭ ᠪᠠ ᠦᠢᠯᠡᠳᠦᠯ ᠳᠠᠢ ᠶᠤᠮ ᠃ ᠰᠢᠬᠦᠬᠦ ᠬᠤᠷᠢᠶᠠᠨ ᠤ ᠣᠨᠴᠠᠯᠢᠭ ᠪᠦᠬᠦᠢ ᠰᠤᠶᠤᠯ ᠤᠨ ᠪᠦᠲᠦᠭᠡᠨ ᠪᠠᠢᠭᠤᠯᠤᠯᠲᠠ ᠳᠤᠮᠳᠠ ᠂ ᠭᠠᠵᠠᠷ ᠤᠷᠤᠨ ᠤ ᠰᠤᠶᠤᠯ ᠤᠨ ᠬᠦᠴᠦᠷᠭᠡᠭ ᠶᠡᠬᠡ ᠠᠮᠢᠵᠢᠷᠠᠯ ᠤᠨ ᠦᠷᠭᠦᠯᠵᠢᠯᠡᠯᠲᠦ ᠬᠦᠴᠦᠨ ᠪᠤᠯᠤᠨ ᠡᠳᠦᠷ ᠳᠤᠳᠤᠮ ᠲᠣᠳᠤᠷᠬᠠᠢ ᠨᠡᠢᠬᠡᠮ ᠦᠨ ᠦᠨ᠎ᠠ ᠥᠷᠲᠡᠭ ᠨᠢ ᠰᠢᠬᠦᠬᠦ ᠬᠤᠷᠢᠶᠠᠨ ᠤ ᠤᠨᠴᠠᠯᠢᠭ ᠪᠦᠬᠦᠢ ᠰᠤᠶᠤᠯ ᠤᠨ ᠪᠦᠲᠦᠭᠡᠨ ᠪᠠᠢᠭᠤᠯᠤᠯᠲᠠ ᠶᠢᠨ ᠴᠢᠬᠤᠯᠠ ᠲᠦᠯᠬᠢᠬᠦ ᠬᠦᠴᠦᠨ ᠪᠠ ᠰᠢᠨ᠎ᠠ ᠡᠬᠢ ᠪᠤᠯᠠᠭ ᠪᠤᠯᠬᠤ ᠨᠢ ᠵᠠᠢᠯᠠᠰᠢ ᠦᠬᠡᠢ ᠃ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠭᠤᠤᠯ ᠴᠤᠭᠴᠠ ᠪᠤᠯ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠂ ᠤᠷᠳᠤ ᠬᠤᠭᠤᠴᠠᠭ᠎ᠠ ᠪᠠᠷ ᠤᠷᠳᠤᠰ ᠲᠤ ᠠᠮᠢᠳᠤᠷᠠᠭᠰᠠᠨ ᠰᠢᠬᠦᠬᠦ ᠬᠤᠷᠢᠶᠠᠨ ᠤ ᠺᠠᠳᠠᠷ ᠴᠠᠭᠳᠠᠭ᠎ᠠ᠂ ᠰᠤᠶᠤᠯ ᠪᠣᠯᠪᠠᠰᠤᠷᠠᠯ ᠂ ᠶᠤᠰᠤ ᠰᠤᠷᠳᠠᠬᠤᠨ ᠤ ᠦᠵᠡᠯ ᠰᠡᠳᠬᠢᠯᠬᠡ ᠪᠠ ᠰᠡᠳᠬᠢᠬᠦ ᠬᠡᠯᠪᠡᠷᠢ ᠵᠡᠷᠬᠡ ᠳᠠᠯ᠎ᠠ ᠪᠠᠷ ᠯᠠᠪᠳᠠᠢ ᠭᠠᠵᠠᠷ ᠤᠷᠤᠨ ᠤ ᠰᠤᠶᠤᠯ ᠤᠨ ᠰᠢᠮᠡᠳᠦᠯ ᠪᠠ ᠨᠥᠯᠦᠭᠡᠯᠡᠯ ᠬᠦᠷᠳᠡᠵᠦ᠂ ᠡᠭᠦᠨ ᠦ ᠤᠯᠠᠮ ᠠᠴᠠ ᠤᠷᠳᠤᠰ ᠤᠨ ᠰᠢᠬᠦᠬᠦ ᠬᠤᠷᠢᠶᠠᠨ ᠤ ᠰᠤᠶᠤᠯ ᠨᠢ ᠤᠨᠴᠠ ᠭᠠᠵᠠᠷ ᠤᠷᠤᠨ ᠤ ᠤᠨᠴᠠᠯᠢᠭ ᠳᠠᠢ ᠪᠠᠢᠳᠠᠭ ᠃ ᠡᠭᠦᠨ ᠦ ᠬᠠᠮᠳᠤ ᠪᠠᠰᠠ ᠂ ᠰᠢᠬᠦᠬᠦ ᠬᠤᠷᠢᠶᠠᠨ ᠤ ᠰᠤᠶᠤᠯ ᠲᠠᠰᠤᠷᠠᠯᠲᠠ ᠦᠬᠡᠢ ᠬᠦᠭᠵᠢᠯᠲᠡ ᠨᠢ ᠬᠠᠤᠯᠢ ᠴᠠᠭᠠᠵᠠ ᠶᠢᠨ ᠵᠢᠭᠠᠯᠲᠠ ᠂ ᠦᠨᠡᠯᠡᠯᠲᠡ ᠶᠢᠨ ᠴᠢᠳᠠᠮᠵᠢ ᠪᠠᠷ ᠭᠠᠵᠠᠷ ᠤᠷᠤᠨ ᠤ ᠤᠨᠴᠠᠯᠢᠭ ᠪᠦᠬᠦᠢ ᠰᠤᠶᠤᠯ ᠤᠨ ᠬᠦᠭᠵᠢᠯᠲᠡ ᠶᠢ ᠲᠦᠯᠬᠢᠨ ᠠᠬᠢᠭᠤᠯᠳᠠᠭ ᠃
(ᠨᠢᠬᠡ)ᠤᠷᠳᠤᠰ ᠰᠤᠶᠤᠯ ᠤᠨ ᠵᠤᠷᠢᠭ ᠰᠠᠨᠠᠭᠠᠨ ᠤ ᠠᠭᠤᠯᠤᠭᠳᠠᠬᠤᠨ ᠨᠢ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠳᠤ ᠵᠢᠭᠠᠯᠲᠠ ᠶᠢᠨ ᠦᠢᠯᠡᠳᠦᠯ ᠳᠠᠢ
ᠰᠢᠬᠦᠬᠦ ᠬᠤᠷᠢᠶᠠᠨ ᠤ ᠦᠵᠡᠯ ᠰᠠᠨᠠᠭᠠᠨ ᠤ ᠰᠤᠶᠤᠯ ᠪᠤᠯ ᠰᠢᠬᠦᠬᠦ ᠬᠤᠷᠢᠶ᠎ᠠ ᠤᠷᠳᠤ ᠬᠤᠭᠤᠴᠠᠭᠠᠨ ᠤ ᠰᠢᠬᠦᠨ ᠳᠠᠰᠤᠯᠤᠯᠲᠠ ᠪᠠ ᠬᠠᠮᠢᠶᠠᠷᠤᠯᠲᠠ ᠶᠢᠨ ᠦᠢᠯᠡᠳᠦᠯᠭᠡ ᠳᠤᠮᠳᠠ ᠰᠢᠬᠦᠬᠦ ᠬᠤᠷᠢᠶᠠᠨ ᠤ ᠬᠦᠭᠵᠢᠯᠲᠡ ᠶᠢᠨ ᠬᠠᠷᠠᠯᠳᠠ ᠶᠢ ᠪᠡᠶᠡᠯᠡᠬᠦᠯᠬᠦ ᠂ ᠰᠢᠬᠦᠬᠦ ᠬᠤᠷᠢᠶᠠᠨ ᠤ ᠤᠯᠠᠨ ᠴᠤᠭᠴᠠ ᠬᠠᠮᠳᠤᠪᠡᠷ ᠡᠭᠦᠳᠦᠨ ᠪᠦᠲᠦᠭᠡᠵᠦ ᠂ ᠴᠤᠭᠴᠠ ᠶᠢᠨ ᠬᠡᠰᠢᠬᠦᠨ ᠦ ᠬᠠᠮᠳᠤᠪᠡᠷ ᠵᠢᠷᠤᠮᠯᠠᠬᠤ ᠪᠠ ᠬᠠᠮᠳᠤᠪᠡᠷ ᠮᠡᠳᠡᠷᠡᠭᠰᠡᠨ ᠬᠠᠮᠳᠤ ᠶᠢᠨ ᠤᠬᠠᠮᠰᠠᠷ ᠮᠦᠨ ᠃ ᠲᠡᠷᠡ ᠪᠤᠯ ᠰᠡᠳᠬᠢᠴᠡ᠂ ᠣᠢᠯᠭᠠᠭᠳᠠᠬᠤᠨ᠂ ᠤᠨᠤᠯ ᠤᠨ ᠬᠡᠯᠪᠡᠷᠢ ᠪᠡᠷ ᠤᠷᠤᠰᠢᠵᠤ ᠪᠠᠢᠳᠠᠭ ᠰᠢᠬᠦᠬᠦ ᠬᠤᠷᠢᠶᠠᠨ ᠤ ᠰᠤᠶᠤᠯ ᠪᠠᠢᠵᠤ ᠂ ᠰᠤᠶᠤᠯ ᠤᠨ ᠪᠦᠲᠦᠭᠡᠨ ᠪᠠᠢᠭᠤᠯᠤᠯᠲᠠ ᠶᠢᠨ ᠭᠤᠤᠯ ᠪᠠᠢᠷᠢᠨ ᠳᠤ ᠪᠠᠢᠳᠠᠭ ᠃ ᠲᠡᠷᠡ ᠨᠢ ᠰᠢᠬᠦᠬᠦ ᠬᠤᠷᠢᠶᠠᠨ ᠤ ᠬᠦᠮᠦᠨ ᠪᠦᠬᠦᠨ ᠬᠠᠮᠳᠤ ᠶᠢᠨ ᠣᠢᠯᠭᠠᠯᠲᠠ ᠪᠠ ᠬᠥᠭᠡᠭᠡᠴᠡᠯᠳᠦᠯ ᠢ ᠳᠤᠰᠬᠠᠵᠤ ᠂ ᠰᠢᠬᠦᠬᠦ ᠬᠤᠷᠢᠶᠠᠨ ᠤ ᠰᠤᠶᠤᠯ ᠤᠨ ᠮᠦᠨ ᠴᠢᠨᠠᠷ ᠢ ᠳᠤᠭᠳᠠᠭᠠᠪᠠ ᠃ ᠤᠷᠳᠤᠰ ᠰᠤᠶᠤᠯ ᠤᠨ ᠤᠯᠠᠮᠵᠢᠯᠠᠯ ᠪᠠ ᠬᠦᠭᠵᠢᠯᠲᠡ ᠶᠢᠨ ᠶᠠᠪᠤᠴᠠ ᠳᠤᠮᠳᠠ ᠂ ᠬᠢᠳᠠᠳ ᠰᠤᠶᠤᠯ ᠤᠨ ᠨᠦᠯᠦᠭᠡ ᠪᠠ ᠤᠯᠠᠨ ᠡᠰᠢᠲᠦ ᠰᠤᠶᠤᠯ ᠤᠨ ᠨᠡᠢᠯᠡᠯᠲᠡ ᠶᠢᠨ ᠰᠠᠢᠨ ᠢᠶᠠᠷ ᠤᠷᠳᠤᠰ ᠰᠤᠶᠤᠯ ᠬᠡᠵᠢᠶᠡᠳᠡ ᠶᠤᠰᠤ ᠰᠤᠷᠳᠠᠯ ᠤᠨ ᠤᠬᠠᠮᠰᠠᠷ ᠪᠠ ᠤᠷᠤᠭᠰᠢ ᠳᠠᠪᠰᠢᠬᠤ ᠵᠤᠷᠢᠭ ᠰᠠᠨᠠᠭ᠎ᠠ ᠶᠢ ᠬᠦᠨᠳᠦᠳᠭᠡᠨ ᠦᠵᠡᠵᠦ ᠂ ᠤᠷᠢᠳᠤ ᠮᠤᠩᠭᠤᠯ ᠶᠤᠸᠠᠨ ᠸᠠᠩᠲᠤ ᠲᠦᠷᠦ ᠶᠢᠨ ᠦᠶᠡᠰ᠂ ᠨᠣᠶᠠᠷᠬᠠᠭᠴᠢ ᠳᠠᠷᠤᠢ《ᠰᠤᠶᠤᠯ ᠢᠶᠠᠷ ᠵᠠᠰᠠᠬᠤ》 ᠶᠢ ᠤᠷᠢᠶᠠᠯᠠᠵᠤ 《ᠬᠢᠳᠠᠳ ᠶᠤᠰᠤ》 ᠪᠠᠷ ᠲᠦᠷᠦ ᠵᠠᠰᠠᠬᠤ ᠤᠨᠤᠯ ᠢ ᠬᠡᠷᠡᠭᠯᠡᠵᠦ ᠂ 《ᠬᠢᠳᠠᠳ ᠶᠤᠰᠤ》 ᠶᠢ ᠶᠠᠪᠤᠭᠳᠠᠭᠤᠯᠬᠤ ᠬᠡᠪᠡᠯ ᠪᠢᠴᠢᠭ᠌ ᠦᠨ ᠰᠤᠷᠭᠠᠯ ᠢ ᠶᠠᠪᠤᠭᠳᠠᠭᠤᠯᠨᠠ ᠃ ᠬᠤᠪᠢᠯᠠᠢ ᠬᠠᠭᠠᠨ 《ᠰᠤᠶᠤᠯ ᠢᠶᠠᠷ ᠵᠠᠰᠠᠬᠤ》 ᠶᠢᠨ ᠲᠦᠯᠦᠬᠡ ᠪᠢᠴᠢᠭ᠌ ᠦᠨ ᠰᠤᠷᠭᠠᠯ ᠢ ᠬᠦᠨᠳᠦᠳᠭᠡᠬᠦ ᠠᠷᠭ᠎ᠠ ᠠᠪᠴᠢᠯ ᠠᠪᠴᠤ ᠂ ᠵᠢᠱᠢᠶᠡᠯᠡᠪᠡᠯ ᠡᠯ᠎ᠠ ᠭᠠᠵᠠᠷ ᠪᠢᠴᠢᠭ᠌ ᠦᠨ ᠰᠤᠷᠭᠠᠯ ᠤᠷᠢᠶᠠᠯᠠᠬᠤ ᠰᠦᠮ᠎ᠠ ᠪᠠᠢᠭᠤᠯᠬᠤ ᠂ ᠡᠯ᠎ᠠ ᠳᠡᠰ ᠦᠨ ᠭᠠᠵᠠᠷ ᠤᠷᠤᠨ ᠤ ᠠᠯᠪᠠᠨ ᠰᠤᠷᠭᠠᠭᠤᠯᠢ ᠶᠢᠨ ᠰᠡᠷᠬᠦᠬᠡᠬᠦ ᠪᠤᠶᠤ ᠰᠢᠨ᠎ᠠ ᠪᠠᠷ ᠪᠠᠢᠭᠤᠯᠵᠤ ᠂ ᠲᠦᠪ ᠦᠨ ᠤᠯᠤᠰ ᠤᠨ ᠬᠦᠪᠡᠭᠦᠳ ᠦᠨ ᠰᠤᠷᠭᠠᠭᠤᠯᠢ ᠪᠠᠢᠭᠤᠯᠬᠤ ᠂ ᠪᠢᠴᠢᠭᠳᠡᠨ ᠦ ᠡᠷᠦᠬᠡ ᠶᠢᠨ ᠲᠦᠷᠢᠮ ᠢ ᠡᠮᠬᠢᠳᠬᠡᠬᠦ ᠪᠠ ᠶᠠᠪᠤᠭᠳᠠᠭᠤᠯᠤᠭᠰᠠᠨ ᠵᠡᠷᠬᠡ ᠃ ᠴᠸᠩᠽᠦᠩ ᠲᠡᠮᠦᠷ ᠬᠠᠭᠠᠨ ᠵᠠᠷᠯᠢᠭ ᠪᠠᠭᠤᠯᠭᠠᠨ ᠳᠣᠲᠤᠭᠠᠳᠤ ᠭᠠᠳᠠᠭᠠᠳᠤ ᠺᠦᠩᠽᠢ ᠶᠢ ᠬᠦᠨᠳᠦᠳᠬᠡᠨ ᠂ ᠳᠠᠢᠳᠤ ᠳᠤ ᠪᠢᠴᠢᠭ᠌ ᠦᠨ ᠰᠤᠷᠭᠠᠯ ᠤᠷᠢᠶᠠᠯᠠᠬᠤ ᠰᠦᠮ᠎ᠠ ᠪᠠᠢᠭᠤᠯᠤᠨ᠎ᠠ ᠃ ᠡᠳᠡᠭᠡᠷ《ᠰᠤᠶᠤᠯ ᠢᠶᠠᠷ ᠵᠠᠰᠠᠬᠤ》ᠠᠷᠭ᠎ᠠ ᠠᠪᠴᠢᠯ ᠨᠢ ᠮᠣᠩᠭᠤᠯ ᠶᠤᠸᠠᠨ ᠤ ᠰᠤᠶᠤᠯ ᠤᠨ ᠶᠤᠰᠤ ᠲᠦᠷᠢᠮ ᠦᠨ ᠰᠤᠷᠭᠠᠨ ᠬᠦᠮᠦᠵᠢᠯ ᠦᠨ ᠳᠠᠯ᠎ᠠ ᠪᠠᠷ ᠳᠡᠯᠭᠡᠷᠡᠩᠭᠦᠢ ᠬᠦᠭᠵᠢᠯᠲᠡ ᠳᠠᠢ ᠪᠤᠯᠵᠤ ᠂ ᠴᠢᠨᠠᠭᠰᠢᠯᠠᠨ ᠣᠷᠳᠤᠨ ᠤ ᠶᠤᠰᠤ ᠲᠦᠷᠢᠮ ᠳᠡᠭᠡᠷ᠎ᠠ ᠴᠤ ᠬᠢᠳᠠᠳ ᠰᠤᠶᠤᠯ ᠤᠨ ᠣᠢᠯᠭᠠᠯᠲᠠ ᠪᠤᠢ ᠪᠤᠯᠪᠠ ᠃
(ᠬᠤᠶᠠᠷ)ᠤᠷᠳᠤᠰ ᠰᠤᠶᠤᠯ ᠤᠨ ᠢᠯᠡᠳᠬᠡᠬᠦ ᠬᠯᠪᠡᠷᠢ ᠨᠢ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠴᠢᠬᠤᠯᠠ ᠠᠴᠢᠶᠠᠯᠠᠭᠴᠢ ᠪᠤᠯᠬᠤ ᠶᠤᠮ
ᠤᠷᠳᠤᠰ ᠰᠤᠶᠤᠯ ᠤᠨ ᠤᠯᠠᠮᠵᠢᠯᠠᠯ ᠪᠠ ᠤᠷᠳᠤ ᠬᠤᠭᠤᠴᠠᠭᠠᠨ ᠤ ᠬᠦᠭᠵᠢᠯᠲᠡ ᠶᠢᠨ ᠶᠠᠪᠤᠴᠠ ᠳᠤ ᠂ ᠰᠠᠯᠠᠭ᠎ᠠ ᠤᠰᠤ ᠰᠤᠶᠤᠯ ᠂ ᠵᠣ᠋ ᠰᠤᠪᠠᠭ ᠰᠤᠶᠤᠯ ᠂ ᠤᠷᠳᠤᠰ ᠬᠦᠷᠡᠯ ᠬᠡᠷᠡᠭᠰᠡᠯ ᠦᠨ ᠰᠤᠶᠤᠯ ᠂ ᠠᠷᠵᠠᠢ ᠴᠢᠯᠠᠭᠤᠨ ᠠᠭᠤᠢ ᠶᠢᠨ ᠰᠤᠶᠤᠯ ᠂ ᠮᠤᠩᠭᠤᠯ ᠦᠨᠳᠦᠰᠦᠲᠡᠨ ᠦ ᠤᠪᠤᠭᠠᠨ ᠰᠤᠶᠤᠯ ᠂ ᠮᠤᠩᠭᠤᠯ ᠶᠤᠸᠠᠨ ᠤ ᠰᠤᠶᠤᠯ ᠂ ᠮᠣᠩᠭᠤᠯ ᠦᠨᠳᠦᠰᠦᠲᠡᠨ ᠦ ᠢᠵᠠᠭᠤᠷᠳᠠᠨ ᠤ ᠣᠷᠳᠤᠨ ᠤ ᠰᠤᠶᠤᠯ ᠵᠢᠴᠢ ᠲᠠᠬᠢᠯᠭ᠎ᠠ ᠶᠢᠨ ᠰᠤᠶᠤᠯ ᠂ ᠤᠷᠳᠤᠰ ᠤᠨ ᠳᠠᠭᠤᠤ ᠪᠦᠵᠢᠭ ᠦᠨ ᠰᠤᠶᠤᠯ ᠵᠡᠷᠬᠡ ᠳᠡᠯᠡᠬᠡᠢ ᠳᠦ ᠠᠯᠳᠠᠷᠰᠢᠭᠰᠠᠨ ᠤᠨᠴᠠᠯᠢᠭ ᠪᠦᠬᠦᠢ ᠰᠤᠶᠤᠯ ᠨᠢ ᠬᠠᠷᠢᠯᠴᠠᠨ ᠲᠤᠰᠠᠭᠠᠷ ᠮᠦᠷᠲᠡᠭᠡᠨ ᠬᠠᠷᠢᠯᠴᠠᠨ ᠨᠥᠯᠦᠭᠡᠯᠡᠯ ᠳᠤᠮᠳᠠ ᠠᠭᠠᠵᠢᠮ ᠢᠶᠠᠷ ᠤᠷᠳᠤᠰ ᠤᠨ ᠤᠨᠴᠠᠯᠢᠭ ᠳᠠᠢ ᠰᠤᠶᠤᠯ ᠤᠨ ᠰᠢᠰᠲ᠋ᠧᠮ ᠪᠦᠷᠢᠯᠳᠦᠪᠡ ᠃ ᠣᠨᠴᠠᠭᠠᠢᠯᠠᠨ ᠤᠢᠷ᠎ᠠ ᠶᠢᠨ ᠵᠢᠯ ᠳᠦ ᠂ ᠤᠷᠳᠤᠰ ᠤᠨ ᠠᠵᠤ ᠠᠬᠤᠢ ᠶᠢᠨ ᠦᠳᠳᠦᠷ ᠲᠦᠷᠭᠡᠨ ᠬᠦᠭᠵᠢᠯᠲᠡ ᠶᠢ ᠳᠠᠭᠠᠯᠳᠤᠨ ᠂ ᠤᠷᠳᠤᠰ ᠬᠤᠳᠠ ᠶᠢᠨ ᠵᠠᠰᠠᠭ ᠤᠨ ᠤᠷᠳᠤᠨ ᠤᠳᠠᠭ᠎ᠠ ᠳᠠᠷᠠᠭᠠᠯᠠᠨ《ᠢᠮᠠᠭ᠎ᠠ ᠨᠡᠬᠦᠷᠡᠰᠦ ᠰᠢᠷᠦᠢ ᠪᠠᠢᠭᠠᠯᠢ ᠶᠢᠨ ᠰᠢᠲᠠᠮᠠᠬᠠᠢ ᠬᠡᠢ》ᠡᠬᠢ ᠪᠠᠶᠠᠯᠢᠭ ᠤᠨ ᠳᠠᠪᠠᠭᠤᠯᠢᠭ ᠳᠡᠭᠡᠷ᠎ᠡ ᠳᠤᠭᠳᠠᠬᠤ ᠭᠠᠵᠠᠷ ᠤᠷᠤᠨ ᠤ ᠤᠨᠴᠠᠯᠢᠭ ᠪᠦᠬᠦᠢ ᠣᠳᠣᠬᠢᠴᠢᠯᠠᠭᠰᠠᠨ ᠨᠡᠭᠦᠷᠡᠰᠦᠨ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠬᠦ ᠪᠠᠢᠯᠳᠤᠬᠤ ᠪᠣᠳᠤᠯᠭ᠎ᠠ ᠳᠤᠷᠠᠳᠴᠤ ᠂ ᠠᠽᠢᠶ᠎ᠠ ᠶᠢᠨ ᠤᠷᠠᠯᠢᠭ ᠤᠨ ᠪᠠᠶᠠᠷ ᠪᠠ ᠤᠯᠠᠨ ᠤᠯᠤᠰ ᠤᠨ ᠨᠠᠭᠠᠳᠤᠮ ᠤᠨ ᠬᠤᠷᠠᠯ ᠳᠠᠢ ᠤᠶᠠᠯᠳᠤᠭᠤᠯᠵᠤ ᠂ ᠢᠳᠡᠪᠬᠢᠳᠠᠢ ᠪᠠᠷ《ᠲᠤᠯᠤᠭᠠᠨ ᠬᠤᠳᠠ ᠶᠢᠨ ᠬᠠᠮᠳᠤ ᠪᠠᠷ ᠡᠭᠦᠳᠬᠦ》ᠠᠵᠢᠯ ᠢ ᠦᠷᠨᠢᠬᠦᠯᠵᠦ ᠂ ᠤᠷᠳᠤᠰ ᠢ ᠪᠠᠢᠭᠠᠯᠢ ᠶᠢᠨ ᠤᠷᠴᠢᠨ ᠳᠤᠭᠤᠷᠢᠨ ᠰᠠᠢᠨ ᠂ ᠰᠡᠯᠡᠬᠦᠴᠡᠯ ᠳᠠᠢ ᠴᠢᠨᠠᠷ ᠳᠡᠰ ᠦᠨᠳᠦᠷ ᠂ ᠠᠮᠢᠳᠤᠷᠠᠯ ᠤᠨ ᠴᠢᠨᠠᠷ ᠴᠢᠨᠰᠠᠭ᠎ᠠ ᠰᠠᠢᠨ ᠂ ᠰᠤᠶᠤᠯ ᠤᠨ ᠤᠷᠴᠢᠨ ᠰᠠᠢᠨ ᠪᠠᠷᠠᠭᠤᠨ ᠤᠷᠤᠨ ᠤ《ᠠᠮᠢ ᠠᠬᠤᠢ ᠶᠢᠨ ᠰᠡᠯᠡᠬᠦᠴᠡᠯ ᠦᠨ ᠵᠢᠭᠤᠴᠢᠯᠠᠯ ᠤᠨ ᠤᠷᠤᠨ》ᠪᠤᠯᠭᠠᠬᠤ ᠪᠠᠷ ᠴᠢᠷᠮᠠᠢᠵᠤ ᠂ ᠤᠷᠳᠤᠰ ᠰᠤᠶᠤᠯ ᠲᠠᠰᠤᠷᠠᠯᠲᠠ ᠦᠬᠡᠢ ᠦᠷᠭᠡᠨ ᠳᠡᠯᠭᠡᠷᠡᠬᠦ ᠶᠢ ᠲᠦᠯᠬᠢᠨ ᠠᠬᠢᠭᠤᠯᠨᠠ ᠃ ᠰᠤᠶᠤᠯ ᠤᠨ ᠤᠯᠠᠮᠵᠢᠯᠠᠯ ᠱᠠᠭᠠᠷᠳᠠᠭᠰᠠᠨ ᠨᠢ ᠰᠤᠶᠤᠯ ᠤᠨ ᠪᠦᠲᠦᠭᠡᠨ ᠪᠠᠢᠭᠤᠯᠤᠯᠲᠠ ᠶᠢᠨ ᠶᠠᠪᠤᠴᠠ ᠳᠤ ᠤᠷᠢᠳᠤ ᠶᠢᠨ ᠬᠦᠮᠦᠨ ᠦ ᠰᠢᠯᠢᠳᠡᠭ ᠰᠤᠶᠤᠯ ᠤᠨ ᠦᠷ᠎ᠠ ᠪᠦᠲᠦᠮᠵᠢ ᠪᠠ ᠤᠯᠠᠮᠵᠢᠯᠠᠯ ᠢ ᠵᠠᠯᠭᠠᠮᠵᠢᠯᠠᠵᠤ ᠂ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠮᠦᠨᠴᠦ ᠠᠳᠠᠯᠢ ᠶᠤᠮ ᠃ ᠳᠤᠭᠳᠠᠭᠰᠠᠨ ᠭᠠᠵᠠᠷ ᠤᠷᠤᠨ ᠳᠤ ᠪᠠᠢᠬᠤ ᠰᠢᠬᠦᠬᠦ ᠬᠤᠷᠢᠶ᠎ᠠ ᠪᠦᠷᠢ ᠯᠠᠪᠳᠠᠢ ᠳᠤᠬᠠᠢ ᠶᠢᠨ ᠭᠠᠵᠠᠷ ᠤᠨ ᠳᠡᠤᠬᠡᠨ ᠰᠤᠶᠤᠯ ᠂ ᠭᠠᠵᠠᠷ ᠤᠨ ᠪᠠᠢᠷᠢᠰᠢᠯ ᠂ ᠨᠤᠳᠤᠰ ᠤᠰᠤᠨ ᠤ ᠵᠠᠩ ᠠᠭᠠᠯᠢ ᠶᠢᠨ ᠨᠦᠯᠦᠭᠡ ᠶᠢ ᠬᠦᠷᠲᠡᠵᠦ ᠪᠠᠢᠭ᠎ᠠ ᠭᠠᠵᠠᠷ ᠤᠨ ᠣᠨᠴᠠᠯᠢᠭ ᠳᠠᠢ ᠪᠠᠢᠵᠤ ᠂ ᠡᠢᠮᠦ ᠡᠴᠡ ᠤᠷᠳᠤᠰ ᠤᠨ ᠰᠢᠬᠦᠬᠦ ᠬᠤᠷᠢᠶ᠎ᠠ ᠦᠪᠡᠷ ᠦᠨ ᠤᠨᠴᠠᠯᠢᠭ ᠪᠦᠬᠦᠢ ᠰᠢᠬᠦᠬᠦ ᠬᠤᠷᠢᠶᠠᠨ ᠤ ᠰᠤᠶᠤᠯ ᠪᠠᠢᠭᠤᠯᠬᠤ ᠬᠡᠪᠡᠯ ᠰᠠᠯᠠᠭ᠎ᠠ ᠤᠰᠤ ᠰᠤᠶᠤᠯ ᠂ ᠵᠣ᠋ ᠰᠤᠪᠠᠭ ᠰᠤᠶᠤᠯ ᠂ ᠤᠷᠳᠤᠰ ᠬᠦᠷᠡᠯ ᠬᠡᠷᠡᠭᠰᠡᠯ ᠦᠨ ᠰᠤᠶᠤᠯ ᠂ ᠠᠷᠵᠠᠢ ᠴᠢᠯᠠᠭᠤᠨ ᠠᠭᠤᠢ ᠶᠢᠨ ᠰᠤᠶᠤᠯ ᠂ ᠮᠤᠩᠭᠤᠯ ᠦᠨᠳᠦᠰᠦᠲᠡᠨ ᠦ ᠤᠪᠤᠭᠠᠨ ᠰᠤᠶᠤᠯ ᠂ ᠮᠤᠩᠭᠤᠯ ᠶᠤᠸᠠᠨ ᠤ ᠰᠤᠶᠤᠯ ᠂ ᠮᠣᠩᠭᠤᠯ ᠦᠨᠳᠦᠰᠦᠲᠡᠨ ᠦ ᠢᠵᠠᠭᠤᠷᠳᠠᠨ ᠤ ᠣᠷᠳᠤᠨ ᠤ ᠰᠤᠶᠤᠯ ᠵᠢᠴᠢ ᠲᠠᠬᠢᠯᠭ᠎ᠠ ᠶᠢᠨ ᠰᠤᠶᠤᠯ ᠂ ᠤᠷᠳᠤᠰ ᠤᠨ ᠳᠠᠭᠤᠤ ᠪᠦᠵᠢᠭ ᠦᠨ ᠰᠤᠶᠤᠯ ᠵᠡᠷᠬᠡ ᠭᠠᠵᠠᠷ ᠤᠷᠤᠨ ᠤ ᠤᠨᠴᠠᠯᠢᠭ ᠳᠠᠢ ᠰᠤᠶᠤᠯ ᠢ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠳᠤ ᠤᠷᠤᠭᠤᠯᠵᠤ ᠂ ᠲᠡᠭᠦᠨ ᠢ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠠᠴᠢᠶᠠᠯᠠᠭᠴᠢ ᠪᠤᠯᠭᠠᠨ᠎ᠠ ᠃
(ᠭᠤᠷᠪᠠ)ᠤᠷᠳᠤᠰ ᠰᠤᠶᠤᠯ ᠤᠨ ᠤᠷᠴᠢᠨ ᠳᠤᠭᠤᠷᠢᠨ ᠨᠢ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠶᠢ ᠦᠯᠦ ᠮᠡᠳᠡᠭᠳᠡᠮ᠎ᠡ ᠪᠡᠷ ᠨᠦᠯᠦᠭᠡᠯᠡᠵᠦ ᠪᠠᠢᠳᠠᠭ
ᠭᠠᠵᠠᠷ ᠤᠷᠤᠨ ᠤ ᠰᠤᠶᠤᠯ ᠨᠢ ᠳᠤᠰ ᠭᠠᠵᠠᠷ ᠤᠷᠤᠨ ᠳᠤ ᠪᠠᠢᠬᠤ ᠠᠷᠠᠳ ᠲᠦᠮᠡᠨ ᠦ ᠵᠠᠩ ᠴᠢᠨᠠᠷ ᠤᠨ ᠪᠤᠢ ᠪᠤᠯᠬᠤ ᠂ ᠬᠦᠮᠦᠨ ᠰᠤᠶᠤᠯ ᠤᠨ ᠦᠵᠡᠯ ᠰᠠᠨᠠᠭ᠎ᠠ ᠂ ᠦᠷᠳᠡᠭ ᠦᠨ ᠦᠵᠡᠯᠲᠡ ᠂ ᠦᠢᠯᠡ ᠠᠵᠢᠯᠯᠠᠭᠠᠨ ᠤ ᠬᠡᠯᠪᠡᠷᠢ ᠮᠠᠶᠢᠭ ᠵᠢᠴᠢ ᠳᠠᠳᠬᠠᠯ ᠳᠤ ᠬᠦᠨ ᠬᠦᠨᠵᠡᠭᠡᠢ ᠨᠦᠯᠦᠭᠡ ᠳᠠᠢ ᠪᠠᠢᠳᠠᠭ ᠃ ᠰᠢᠬᠦᠬᠦ ᠬᠤᠷᠢᠶᠠᠨ ᠤ ᠰᠤᠶᠤᠯ ᠨᠢ ᠭᠣᠣᠯᠳᠠᠭᠤ ᠰᠢᠬᠦᠬᠦ ᠬᠤᠷᠢᠶᠠᠨ ᠤ ᠤᠯᠠᠨ ᠨᠡᠢᠲᠡ ᠶᠢᠨ ᠦᠷᠲᠡᠭ ᠦᠨ ᠦᠵᠡᠯᠲᠡ ᠂ ᠬᠠᠤᠯᠢ ᠴᠠᠭᠠᠵᠠ ᠶᠢᠨ ᠣᠢᠯᠭᠠᠯᠲᠠ ᠂ ᠳᠤᠰᠬᠠᠢ ᠠᠵᠢᠯ ᠤᠨ ᠰᠤᠷᠳᠠᠬᠤᠨ ᠂ ᠲᠤᠬᠠᠢᠯᠠᠭᠰᠠᠨ ᠠᠵᠢᠯ ᠤᠨ ᠬᠢᠷᠢ ᠲᠦᠪᠰᠢᠨ ᠂ ᠰᠣᠶᠤᠯ ᠤᠨ ᠴᠢᠨᠠᠷ ᠳᠡᠰ ᠵᠡᠷᠬᠡ ᠳᠠᠯ᠎ᠠ ᠪᠠᠷ ᠢᠯᠡᠷᠡᠳᠡᠭ ᠂ ᠰᠢᠬᠦᠬᠦ ᠬᠤᠷᠢᠶᠠᠨ ᠤ ᠤᠯᠠᠨ ᠨᠡᠢᠲᠡ ᠶᠢᠨ ᠲᠤᠰᠬᠠᠶᠢᠵᠢᠭᠤᠯᠤᠯᠲᠠ ᠶᠢᠨ ᠭᠠᠳᠠᠭᠠᠳᠤ ᠢᠯᠡᠷᠡᠯ᠂ ᠶᠠᠷᠢᠶᠠᠨ ᠦᠬᠡᠢ ᠰᠢᠬᠦᠭᠴᠢ ᠶᠢᠨ ᠬᠦᠮᠦᠨ ᠰᠤᠶᠤᠯ ᠤᠨ ᠬᠡᠪ ᠴᠢᠨᠠᠷ ᠠᠴᠠ ᠰᠠᠯᠵᠤ ᠴᠢᠳᠠᠬᠤ ᠦᠬᠡᠢ ᠶᠤᠮ ᠃ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠭᠴᠢ ᠪᠠ ᠤᠷᠤᠯᠴᠠᠭᠴᠢ ᠪᠤᠯᠤᠭᠰᠠᠨ ᠤ ᠬᠤᠪᠢ ᠳᠤ ᠂ ᠳᠤᠭᠳᠠᠭᠰᠠᠨ ᠰᠤᠶᠤᠯ ᠤᠨ ᠭᠠᠵᠠᠷ ᠤᠷᠤᠨ ᠳᠤ ᠪᠠᠢᠭ᠎ᠠ ᠰᠢᠬᠦᠭᠴᠢ ᠨᠢ ᠯᠠᠪᠳᠠᠢ ᠭᠠᠵᠠᠷ ᠤᠷᠤᠨ ᠤ ᠤᠷᠴᠢᠨ ᠳᠤᠭᠤᠷᠢᠨ ᠤ ᠨᠦᠯᠦᠭᠡ ᠶᠢ ᠬᠦᠷᠲᠡᠳᠡᠭ ᠂ ᠬᠠᠮᠤᠭ ᠡᠴᠦᠰ ᠲᠦ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠳᠤ ᠦᠢᠯᠡᠳᠦᠯ ᠦᠡᠵᠬᠦᠯᠳᠡᠭ ᠃ ᠨᠢᠬᠡ ᠳᠠᠯ᠎ᠠ ᠪᠠᠷ ᠂ ᠤᠷᠳᠤᠰ ᠰᠤᠶᠤᠯ ᠨᠢ ᠤᠷᠳᠤᠰ ᠤᠨ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠶᠢᠨ ᠦᠵᠡᠯ ᠰᠠᠨᠠᠭ᠎ᠠ ᠵᠠᠩ ᠰᠤᠷᠳᠠᠯ ᠂ ᠦᠢᠯᠡ ᠠᠵᠢᠯᠯᠠᠭ᠎ᠠ ᠶᠢᠨ ᠲᠦᠷᠢᠮᠵᠢᠯᠡᠯ ᠪᠤᠯᠤᠨ ᠠᠮᠢᠳᠤᠷᠠᠯ ᠤᠨ ᠬᠡᠯᠪᠡᠷᠢ ᠮᠠᠶᠢᠭ ᠤᠨ ᠰᠣᠩᠭᠤᠯᠲᠠ ᠶᠢ ᠬᠦᠨᠵᠡᠭᠡᠢ ᠨᠦᠯᠦᠭᠡ ᠳᠠᠢ ᠪᠠᠢᠵᠤ ᠂ ᠰᠢᠬᠦᠭᠴᠢ ᠶᠢᠨ ᠬᠤᠪᠢ ᠬᠦᠮᠦᠨ ᠦ ᠦᠷᠳᠡᠭ ᠦᠨ ᠦᠵᠡᠯᠲᠡ ᠂ ᠬᠦᠮᠦᠨ ᠰᠤᠶᠤᠯ ᠤᠨ ᠦᠵᠡᠯ ᠰᠠᠨᠠᠭ᠎ᠠ ᠂ ᠦᠢᠯᠡ ᠠᠵᠢᠯᠯᠠᠭ᠎ᠠ ᠶᠢᠨ ᠬᠡᠯᠪᠡᠷᠢ ᠮᠠᠶᠢᠭ ᠤᠨ ᠪᠤᠢ ᠪᠤᠯᠬᠤ ᠳᠤ ᠦᠯᠦ ᠮᠡᠳᠡᠭᠳᠡᠬᠦ ᠨᠦᠯᠦᠭᠡ ᠳᠠᠢ ᠂ ᠨᠦᠬᠦᠬᠡ ᠳᠠᠯ᠎ᠠ ᠪᠠᠷ ᠰᠢᠬᠦᠭᠴᠢ ᠬᠠᠤᠯᠢ ᠴᠠᠭᠠᠵᠠ ᠶᠢᠨ ᠶᠠᠪᠤᠭᠳᠠᠭᠤᠯᠬᠤ ᠶᠠᠪᠤᠴᠠ ᠳᠤ ᠤᠷᠳᠤᠰ ᠰᠤᠶᠤᠯ ᠤᠨ ᠭᠣᠣᠯᠯᠠᠬᠤ ᠳᠤᠤᠷ᠎ᠠ ᠪᠤᠢ ᠪᠤᠯᠤᠭᠰᠠᠨ ᠭᠠᠵᠠᠷ ᠤᠷᠤᠨ ᠤ ᠠᠷᠠᠳ ᠤᠨ ᠵᠠᠩ ᠳᠠᠳᠬᠠᠯ ᠢ ᠬᠦᠨᠳᠦᠳᠬᠡᠵᠦ ᠂ ᠭᠠᠵᠠᠷ ᠤᠷᠤᠨ ᠤ ᠰᠤᠶᠤᠯ ᠤᠨ ᠵᠦᠷᠢᠶ᠎ᠠ ᠶᠢ ᠬᠦᠨᠵᠡᠭᠡᠢ ᠤᠢᠯᠭᠠᠵᠤ ᠂ ᠬᠠᠤᠯᠢ ᠴᠠᠭᠠᠵᠠ ᠶᠢᠨ ᠦᠢᠯᠡᠳᠦᠯᠭᠡ ᠳᠤᠮᠳᠠ ᠬᠠᠤᠯᠢ ᠴᠠᠭᠠᠵᠠ ᠶᠢᠨ ᠦᠷ᠎ᠠ ᠪᠦᠲᠦᠮᠵᠢ ᠪᠠ ᠨᠡᠢᠬᠡᠮ ᠦᠨ ᠦᠷ᠎ᠠ ᠪᠦᠲᠦᠮᠵᠢ ᠶᠢ ᠨᠢᠭᠡᠳᠭᠡᠨ᠎ᠡ ᠃
ᠭᠤᠷᠪᠠ ᠂ ᠤᠳᠤᠬᠠᠨ ᠤ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠬᠡᠨ ᠪᠠᠢᠭᠤᠯᠤᠯᠲᠠ ᠳᠤ ᠤᠷᠤᠰᠢᠵᠤ ᠪᠠᠢᠭ᠎ᠠ ᠠᠰᠠᠭᠤᠳᠠᠯ
ᠮᠠᠨ ᠤ ᠤᠯᠤᠰ ᠤᠨ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠭᠦᠨᠵᠡᠭᠡᠢᠷᠡᠬᠦ ᠶᠢ ᠳᠠᠭᠠᠯᠳᠤᠨ ᠂ ᠰᠢᠬᠦᠬᠦ ᠬᠤᠷᠢᠶᠠᠨ ᠤ ᠰᠤᠶᠤᠯ ᠢ ᠠᠭᠠᠵᠢᠮ ᠢᠶᠠᠷ ᠴᠢᠬᠤᠯᠴᠢᠯᠠᠵᠤ ᠂ ᠤᠷᠳᠤᠰ ᠤᠨ ᠰᠢᠬᠦᠬᠦ ᠬᠤᠷᠢᠶ᠎ᠠ ᠰᠤᠶᠤᠯ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠦᠷᠨᠢᠬᠦᠯᠬᠦ ᠳᠤᠬᠠᠢ ᠰᠡᠳᠬᠢᠯ ᠬᠦᠴᠦ ᠪᠡᠨ ᠳᠠᠯᠪᠢᠭᠰᠠᠨ ᠪᠠᠢᠨ᠎ᠠ ᠃ ᠣᠨᠴᠠᠭᠠᠢᠯᠠᠨ ᠵᠠᠩ ᡁᠢ ᠮᠢᠨ ᠨᠦᠬᠦᠷ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠪᠤᠯᠤᠭᠰᠠᠨ ᠤ ᠳᠠᠷᠠᠭ᠎ᠠ᠂ ᠰᠤᠶᠤᠯ ᠤᠨ ᠪᠦᠲᠦᠬᠡᠨ ᠪᠠᠢᠭᠤᠯᠤᠯᠲᠠ ᠶᠢ ᠳᠡᠭᠡᠳᠦ ᠬᠡᠮᠵᠢᠶ᠎ᠠ ᠪᠠᠷ ᠴᠢᠬᠤᠯᠴᠢᠯᠠᠵᠤ ᠂ 《ᠪᠢᠴᠢᠭ᠌ ᠦᠨ ᠰᠤᠷᠪᠤᠯᠵᠢᠳᠠᠨ ᠰᠢᠬᠦᠬᠦ ᠬᠤᠷᠢᠶ᠎ᠠ ᠶᠢ ᠪᠠᠢᠭᠤᠯᠵᠤ ᠂ ᠯᠠᠪᠳᠠᠭᠤᠨ ᠳᠤᠭᠳᠠᠭᠤᠨ ᠰᠢᠬᠦᠭᠴᠢ ᠪᠤᠯᠤᠶ᠎ᠠ》ᠬᠡᠰᠡᠨ ᠠᠵᠢᠯ ᠤᠨ ᠬᠠᠷᠠᠯᠲᠠ ᠶᠢ ᠳᠤᠷᠠᠳᠴᠤ ᠂ ᠡᠯ᠎ᠠ ᠲᠦᠷᠦᠯ ᠦᠨ ᠲᠦᠷᠢᠮ ᠳᠤᠭᠳᠠᠭᠠᠯ ᠢ ᠵᠠᠰᠠᠪᠤᠷᠢ ᠤᠷᠤᠭᠤᠯᠤᠨ ᠲᠡᠭᠦᠯᠳᠡᠷᠵᠢᠭᠦᠯᠵᠦ ᠂ ᠲᠦᠷᠢᠮ ᠦᠨ ᠡᠮᠬᠢᠳᠬᠡᠯ ᠭᠠᠷᠭᠠᠭᠰᠠᠨ ᠢᠶᠠᠷ ᠪᠠᠷᠠᠬᠤ ᠦᠬᠡᠢ ᠪᠠᠰᠠ ᠤᠷᠳᠤᠰ ᠤᠨ ᠰᠢᠬᠦᠬᠦ ᠬᠤᠷᠢᠶᠠᠨ ᠤ ᠰᠢᠰᠲ᠋ᠧᠮ ᠦᠨ ᠰᠡᠳᠭᠦᠯ——《ᠤᠷᠳᠤᠰ ᠤᠨ ᠰᠢᠬᠦᠨ ᠳᠠᠰᠤᠯᠤᠯᠲᠠ》 ᠶᠢ ᠭᠠᠷᠭᠠᠵᠤ᠂ ᠰᠤᠶᠤᠯ ᠤᠨ ᠪᠦᠲᠦᠭᠡᠨ ᠪᠠᠢᠭᠤᠯᠤᠯᠲᠠ ᠶᠢᠨ ᠤᠷᠢᠶᠠᠯᠠᠬᠤ ᠳᠠᠪᠴᠠᠩ ᠢ ᠴᠢᠩᠭᠠᠳᠬᠠᠪᠠ ᠃ ᠤᠳᠠᠭ᠎ᠠ ᠳᠠᠷᠠᠭᠠᠯᠠᠨ ᠥᠪᠡᠷᠲᠡᠭᠡᠨ ᠵᠠᠰᠠᠬᠤ ᠤᠷᠤᠨ ᠤ ᠵᠤᠬᠢᠶᠠᠯᠴᠢᠳ ᠤᠨ ᠡᠪᠯᠡᠯ ᠦᠨ ᠲᠡᠷᠢᠭᠦᠯᠡᠭᠴᠢ᠂ ᠲᠦᠪ ᠦᠨ ᠲᠧᠯᠸᠢᠰ ᠬᠤᠷᠢᠶᠠᠨ ᠤ ᠬᠠᠤᠯᠢ ᠪᠠᠷ ᠵᠠᠰᠠᠬᠤ ᠫᠷᠤᠭ᠍ᠷᠠᠮ ᠤᠨ ᠬᠥᠲᠦᠯᠦᠭᠴᠢ ᠂ ᠰᠡᠳᠬᠢᠯ ᠦᠨ ᠳᠤᠭᠤᠵᠢᠰ ᠤᠨ ᠵᠤᠬᠢᠶᠠᠯᠴᠢ ᠵᠡᠷᠬᠡ ᠨᠡᠢᠬᠡᠮ ᠦᠨ ᠨᠡᠷᠡᠲᠦ ᠬᠦᠮᠦᠨ ᠢ ᠤᠷᠢᠵᠤ ᠰᠢᠬᠦᠬᠦ ᠬᠤᠷᠢᠶᠠᠨ ᠳᠤ ᠶᠠᠷᠢᠶ᠎ᠠ ᠢᠯᠡᠳᠬᠡᠯ ᠬᠢᠵᠦ ᠂ ᠦᠷᠭᠡᠨ ᠤᠯᠠᠨ ᠺᠠᠳᠠᠷ ᠴᠠᠭᠳᠠᠭ᠎ᠠ ᠶᠢᠨ ᠰᠤᠶᠤᠯ ᠤᠨ ᠬᠡᠪ ᠴᠢᠨᠠᠷ ᠢ ᠳᠡᠭᠡᠭᠰᠢᠯᠡᠭᠦᠯᠪᠡ ᠃ ᠪᠦᠬᠦ ᠬᠤᠳᠠ ᠶᠢᠨ ᠰᠢᠬᠦᠬᠦ ᠬᠤᠷᠢᠶᠠᠨ ᠤ ᠲᠡᠷᠢᠭᠦᠨ ᠦ ᠨᠡᠢᠳᠡᠯᠢᠭ ᠵᠢᠱᠢᠶ᠎ᠠ ᠶᠢ ᠢᠯᠡᠷᠡᠬᠦᠯᠬᠦ ᠤᠷᠢᠶᠠᠯᠠᠬᠤ ᠬᠦᠮᠦᠵᠢᠬᠦᠯᠬᠦ ᠪᠠ ᠱᠤᠭᠤᠬᠤ ᠰᠠᠭᠤᠳᠠᠯ ᠤᠨ ᠬᠤᠷᠠᠯ ᠬᠤᠷᠠᠯᠳᠤᠭᠤᠯᠵᠤ ᠂《ᠤᠷᠳᠤᠰ ᠤᠨ ᠰᠢᠬᠦᠬᠦ ᠬᠤᠷᠢᠶᠠᠨ ᠤ ᠴᠤᠭ ᠵᠢᠪᠬᠤᠭ᠎ᠠ ᠶᠢᠨ ᠳᠡᠮᠳᠡᠭᠯᠡᠯ》 ᠶᠢ ᠡᠮᠬᠢᠳᠬᠡᠨ ᠬᠡᠪᠯᠡᠬᠦᠯᠵᠦ ᠂ ᠨᠡᠢᠳᠡᠯᠢᠭ ᠵᠢᠱᠢᠶ᠎ᠠ ᠪᠠᠷ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠤᠳᠤᠷᠢᠳᠤᠨ ᠲᠦᠯᠬᠢᠨ ᠠᠬᠢᠭᠤᠯᠬᠤ ᠰᠢᠨ᠎ᠠ ᠬᠡᠯᠪᠡᠷᠢ ᠮᠠᠶᠢᠭ ᠪᠤᠢ ᠪᠤᠯᠪᠠ ᠃ ᠪᠦᠬᠦ ᠬᠤᠳᠠ ᠶᠢᠨ ᠰᠢᠬᠦᠬᠦ ᠬᠤᠷᠢᠶ᠎ᠠ ᠨᠢ ᠰᠤᠶᠤᠯ ᠤᠨ ᠪᠦᠲᠦᠭᠡᠨ ᠪᠠᠢᠭᠤᠯᠤᠯᠲᠠ ᠪᠠᠷ ᠡᠩᠨᠡᠭᠡᠨ ᠦ ᠰᠢᠬᠦᠨ ᠳᠠᠰᠤᠯᠤᠯᠲᠠ ᠶᠢᠨ ᠴᠢᠨᠠᠷ ᠪᠦᠲᠦᠮᠵᠢ ᠶᠢ ᠶᠡᠷᠦᠩᠬᠡᠢᠯᠡᠨ ᠵᠠᠬᠢᠷᠠᠬᠤ ᠰᠢᠯᠢᠳᠡᠭ ᠳᠠᠳᠬᠠᠯ ᠳᠠᠢ ᠪᠤᠯᠵᠤ ᠂ ᠰᠤᠶᠤᠯ ᠤᠨ ᠪᠦᠲᠦᠭᠡᠨ ᠪᠠᠢᠭᠤᠯᠤᠯᠲᠠ ᠶᠢᠨ ᠬᠢᠷᠢ ᠲᠦᠪᠰᠢᠨ ᠮᠡᠳᠡᠭᠳᠡᠮ᠎ᠠ ᠳᠡᠭᠡᠭᠰᠢᠯᠡᠪᠡ ᠃ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠠᠭᠤᠷᠢᠶᠠᠯ ᠪᠠ ᠲᠦᠯᠬᠢᠯᠲᠡ ᠳᠤᠤᠷ᠎ᠠ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠳᠤᠰᠬᠠᠢ ᠰᠤᠶᠤᠯ ᠤᠨ ᠪᠦᠲᠦᠭᠡᠨ ᠪᠠᠢᠭᠤᠯᠤᠯᠲᠠ ᠶᠢᠨ ᠤᠳᠤᠷᠢᠳᠬᠤ ᠳᠤᠭᠤᠢᠯᠠᠩ ᠪᠠᠢᠭᠤᠯᠵᠤ ᠂ ᠰᠢᠬᠦᠬᠦ ᠬᠤᠷᠢᠶᠠᠨ ᠤ ᠪᠤᠳᠠᠰ ᠤᠨ ᠰᠤᠶᠤᠯ ᠤᠨ ᠪᠦᠲᠦᠭᠡᠨ ᠪᠠᠢᠭᠤᠯᠤᠯᠲᠠ ᠶᠢᠨ ᠳᠠᠯ᠎ᠠ ᠶᠢᠨ ᠣᠷᠤᠭᠤᠯᠤᠯᠲᠠ ᠶᠢ ᠴᠢᠩᠭᠠᠳᠭᠠᠪᠠ ᠃ ᠦᠤᠰᠢᠨ ᠬᠤᠰᠢᠭᠤᠨ ᠤ ᠰᠢᠬᠦᠬᠦ ᠬᠤᠷᠢᠶ᠎ᠠ ᠠᠯᠪᠠᠨ ᠬᠡᠷ ᠦᠨ ᠠᠰᠠᠷ ᠤᠨ ᠭᠤᠳᠤᠮ ᠢ ᠠᠰᠢᠭᠯᠠᠨ《ᠰᠤᠶᠤᠯ ᠤᠨ ᠤᠷᠳᠤ ᠭᠤᠳᠤᠮ》ᠪᠠᠢᠭᠤᠯᠵᠤ ᠂ ᠰᠤᠶᠤᠯ ᠤᠨ ᠪᠦᠲᠦᠭᠡᠨ ᠪᠠᠢᠭᠤᠯᠤᠯᠲᠠ ᠶᠢᠨ ᠤᠶᠤᠨ ᠤᠬᠠᠭᠠᠨ ᠤ ᠳᠠᠪᠴᠠᠩ ᠢ ᠪᠠᠢᠭᠤᠯᠪᠠ ᠃ ᠤᠳᠤᠭ ᠤᠨ ᠡᠮᠦᠨᠡᠲᠦ ᠬᠤᠰᠢᠭᠤᠨ ᠤ ᠰᠢᠬᠦᠬᠦ ᠬᠤᠷᠢᠶ᠎ᠠ ᠪᠠᠢᠭᠤᠯᠭ᠎ᠠ ᠶᠢᠨ ᠰᠤᠷᠳᠠᠯ ᠢ ᠬᠢᠨᠠᠨ ᠪᠠᠢᠴᠠᠭᠠᠬᠤ ᠤᠳᠤᠷᠢᠳᠬᠤ ᠳᠤᠭᠤᠢᠯᠠᠩ ᠪᠠᠢᠭᠤᠯᠵᠤ ᠂ ᠪᠠᠢᠭᠤᠯᠭ᠎ᠠ ᠶᠢᠨ ᠰᠤᠷᠳᠠᠯ ᠪᠠ ᠲᠢᠩᠬᠢᠮ ᠦᠨ ᠰᠢᠬᠦᠯᠲᠡ ᠶᠢᠨ ᠬᠠᠤᠯᠢ ᠴᠠᠭᠠᠵᠠ ᠶᠢᠨ ᠶᠤᠰᠤ ᠲᠦᠷᠢᠮ ᠦᠨ ᠬᠢᠨᠠᠨ ᠪᠠᠢᠴᠠᠭᠠᠯᠲᠠ ᠶᠢ ᠴᠢᠩᠭᠠᠳᠭᠠᠪᠠ ᠃ ᠵᠦᠩᠭᠠᠷ ᠬᠤᠰᠢᠭᠤᠨ ᠤ ᠰᠢᠬᠦᠬᠦ ᠬᠤᠷᠢᠶ᠎ᠠ ᠠᠵᠢᠯᠳᠠᠨ ᠤ ᠬᠤᠭᠤᠯᠠᠨ ᠬᠡᠷ ᠰᠢᠨ᠎ᠠ ᠪᠠᠷ ᠪᠠᠢᠭᠤᠯᠵᠤ ᠂ ᠤᠯᠠᠮ ᠨᠢᠬᠡ ᠠᠯᠬᠤᠮ ᠺᠠᠳᠠᠷ ᠴᠠᠭᠳᠠᠭᠠᠨ ᠤ ᠬᠠᠷᠭᠠᠯᠵᠠᠯ ᠢ ᠴᠢᠩᠭᠠᠳᠭᠠᠪᠠ ᠃ ᠬᠠᠩᠭᠢᠨ ᠬᠤᠰᠢᠭᠤᠨ ᠤ ᠰᠢᠬᠦᠬᠦ ᠬᠤᠷᠢᠶ᠎ᠠ ᠂ ᠤᠳᠤᠭ ᠬᠤᠰᠢᠭᠤᠨ ᠤ ᠰᠢᠬᠦᠬᠦ ᠬᠤᠷᠢᠶ᠎ᠠ ᠂ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶ᠎ᠠ ᠂ ᠳᠠᠯᠠᠳ ᠬᠤᠰᠢᠭᠤᠨ ᠤ ᠰᠢᠬᠦᠬᠦ ᠬᠤᠷᠢᠶ᠎ᠠ ᠦᠪᠡᠷ ᠦᠨ ᠪᠠᠢᠳᠠᠯ ᠢᠶᠠᠨ ᠦᠨᠳᠦᠰᠦᠯᠡᠵᠦ ᠂ ᠤᠳᠠᠭ᠎ᠠ ᠳᠠᠷᠠᠭᠠᠯᠠᠨ ᠡᠳ᠋ ᠦᠨ ᠬᠦᠴᠦᠨ ᠢ ᠰᠤᠶᠤᠯ ᠤᠨ ᠪᠦᠲᠦᠭᠡᠨ ᠪᠠᠢᠭᠤᠯᠤᠯᠲᠠ ᠳᠤ ᠰᠢᠯᠵᠢᠬᠦᠯᠵᠦ ᠂ ᠪᠦᠬᠦ ᠬᠤᠳᠠ ᠶᠢᠨ ᠰᠢᠬᠦᠬᠦ ᠬᠤᠷᠢᠶ᠎ᠠ ᠰᠤᠶᠤᠯ ᠤᠨ ᠪᠦᠲᠦᠭᠡᠨ ᠪᠠᠢᠭᠤᠯᠤᠯᠲᠠ ᠶᠢ ᠬᠠᠮᠳᠤᠪᠡᠷ ᠠᠳᠬᠤᠵᠤ ᠬᠠᠮᠢᠶᠠᠷᠬᠤ ᠠᠵᠢᠯ ᠤᠨ ᠪᠠᠢᠳᠠᠯ ᠳᠠᠢ ᠪᠤᠯᠪᠠ ᠃
ᠭᠡᠲᠡᠯ᠎ᠡ᠂ ᠤᠷᠳᠤᠰ ᠰᠤᠶᠤᠯ ᠢ ᠤᠯᠠᠮᠵᠢᠯᠠᠬᠤ ᠪᠠ ᠵᠠᠯᠭᠠᠬᠤ ᠳᠡᠭᠡᠷ᠎ᠠ ᠂ ᠤᠷᠳᠤᠰ ᠤᠨ ᠰᠢᠬᠦᠬᠦ ᠬᠤᠷᠢᠶ᠎ᠠ ᠶᠢᠨ ᠰᠤᠶᠤᠯ ᠤᠨ ᠪᠦᠲᠦᠭᠡᠨ ᠪᠠᠢᠭᠤᠯᠤᠯᠲᠠ ᠪᠠᠰᠠ ᠴᠢᠬᠤᠯᠠ ᠪᠦᠬᠦᠢ ᠨᠢᠭᠡᠳᠦᠯᠲᠡᠢ ᠲᠥᠯᠦᠪᠯᠡᠭᠡ ᠳᠤᠳᠠᠵᠤ ᠂ ᠪᠦᠬᠦᠯᠢ ᠴᠤᠭᠴᠠ ᠪᠠᠷ ᠲᠦᠯᠬᠢᠨ ᠠᠬᠢᠭᠤᠯᠬᠤ ᠤᠬᠠᠮᠰᠠᠷ ᠳᠤᠳᠠᠵᠤ᠂ ᠤᠷᠳᠤᠰ ᠰᠤᠶᠤᠯ ᠤᠨ ᠵᠤᠷᠢᠭ ᠰᠠᠨᠠᠭ᠎ᠠ ᠶᠢᠨ ᠠᠭᠤᠯᠤᠭᠳᠠᠬᠤᠨ ᠪᠠ ᠰᠤᠶᠤᠯ ᠤᠨ ᠴᠤᠭ ᠰᠦᠯᠳᠡ ᠶᠢ ᠬᠦᠢᠴᠡᠳ ᠢᠯᠡᠷᠡᠭᠦᠯᠦᠭᠰᠡᠨ ᠦᠬᠡᠢ ᠪᠠᠢᠵᠤ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠬᠦᠭᠵᠢᠯᠲᠡ ᠶᠢᠨ ᠠᠯᠬᠤᠮ ᠢ ᠳᠤᠱᠠᠭᠰᠠᠨ ᠪᠠᠢᠨ᠎ᠠ ᠃ ᠪᠤᠳᠠᠳᠠᠢ ᠢᠯᠡᠷᠡᠯ ᠄
ᠨᠢᠬᠡ ᠳᠦ ᠰᠤᠶᠤᠯ ᠤᠨ ᠪᠦᠲᠦᠭᠡᠨ ᠪᠠᠢᠭᠤᠯᠤᠯᠲᠠ ᠶᠢᠨ ᠴᠢᠬᠤᠯᠠ ᠴᠢᠨᠠᠷ ᠤᠨ ᠳᠠᠨᠢᠯᠲᠠ ᠳᠤᠳᠠᠮᠠᠭ ᠃ ᠵᠠᠷᠢᠮ ᠰᠢᠬᠦᠭᠴᠢ ᠶᠢᠨᠦᠵᠡᠬᠦ ᠪᠡᠷ ᠂ ᠰᠢᠬᠦᠭᠴᠢ ᠨᠢ ᠬᠡᠷᠡᠭ ᠰᠢᠢᠳᠪᠦᠷᠢᠯᠡᠬᠦ ᠪᠡᠷ ᠲᠡᠷᠢᠬᠦᠨ ᠡᠬᠦᠷᠭᠡ ᠪᠤᠯᠭᠠᠵᠤ ᠂ ᠰᠤᠶᠤᠯ ᠤᠨ ᠪᠦᠲᠦᠭᠡᠨ ᠪᠠᠢᠭᠤᠯᠤᠯᠲᠠ ᠬᠢᠬᠦ ᠴᠠᠭ ᠪᠠ ᠬᠦᠴᠦ ᠳᠠᠮᠢᠷ ᠦᠬᠡᠢ ᠂ ᠰᠤᠶᠤᠯ ᠤᠨ ᠪᠦᠲᠦᠭᠡᠨ ᠪᠠᠢᠭᠤᠯᠤᠯᠲᠠ ᠪᠤᠯ ᠤᠯᠤᠰ ᠲᠦᠷᠦ ᠶᠢᠨ ᠠᠵᠢᠯ ᠤᠨ ᠬᠡᠯᠳᠡᠰ ᠦᠨ ᠡᠬᠦᠷᠭᠡ ᠪᠠᠢᠵᠤ ᠂ ᠦᠪᠡᠷ ᠦᠨ ᠪᠡᠶ᠎ᠠ ᠳᠤ ᠬᠤᠯᠪᠤᠭᠳᠠᠭᠰᠠᠨ ᠰᠤᠶᠤᠯ ᠤᠨ ᠪᠦᠲᠦᠭᠡᠨ ᠪᠠᠢᠭᠤᠯᠤᠯᠲᠠ ᠶᠢ ᠵᠠᠢᠯᠠᠵᠤ ᠳᠡᠢᠯᠪᠡᠯ ᠵᠠᠢᠯᠠᠵᠤ ᠂ ᠳᠠᠢᠯᠬᠦ ᠦᠬᠡᠢ ᠪᠤᠯ ᠠᠯᠪᠠ ᠬᠠᠰᠢᠵᠤ ᠪᠠᠢᠨ᠎ᠠ ᠃ ᠤᠳᠤᠷᠢᠳᠤᠯᠭ᠎ᠠ ᠺᠠᠳᠠᠷ ᠤᠨ ᠳᠤᠮᠳᠠ ᠴᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠳᠠᠨᠢᠯᠲᠠ ᠬᠦᠢᠴᠡᠳ ᠪᠤᠰᠤ ᠦᠵᠡᠭᠳᠡᠯ ᠤᠷᠤᠰᠢᠵᠤ ᠂ ᠰᠢᠬᠦᠬᠦ ᠬᠤᠷᠢᠶᠠᠨ ᠤ ᠭᠤᠤᠯ ᠠᠵᠢᠯ ᠪᠤᠯ ᠰᠢᠬᠦᠨ ᠳᠠᠰᠤᠯᠤᠯᠲᠠ ᠪᠠᠢᠵᠤ ᠂ ᠰᠤᠶᠤᠯ ᠤᠨ ᠪᠦᠲᠦᠭᠡᠨ ᠪᠠᠢᠭᠤᠯᠤᠯᠲᠠ ᠪᠤᠯ《ᠬᠡᠢ ᠬᠤᠭᠤᠰᠤᠨ ᠠᠵᠢᠯ》ᠬᠡᠵᠦ ᠦᠵᠡᠵᠦ ᠪᠠᠢᠨ᠎ᠠ ᠃ ᠳᠤᠳᠤᠭᠠᠳᠤ ᠠᠴᠠ ᠪᠠᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠴᠢᠬᠤᠯᠠ ᠴᠢᠨᠠᠷ ᠢ ᠬᠦᠨᠵᠡᠬᠡᠢ ᠣᠢᠯᠭᠠᠭᠰᠠᠨ ᠦᠬᠡᠢ ᠂ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠴᠢᠬᠤᠯᠴᠢᠯᠠᠨ ᠦᠵᠡᠬᠦ ᠶᠤᠰᠤᠲᠠᠢ ᠪᠠᠢᠷᠢᠨ ᠳᠤ ᠳᠠᠯᠪᠢᠭᠰᠠᠨ ᠦᠬᠡᠢ ᠂ ᠨᠡᠩ ᠴᠤ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠭᠠᠵᠠᠷ ᠤᠷᠤᠨ ᠤ ᠰᠤᠶᠤᠯ ᠲᠠᠢ ᠵᠠᠯᠭᠠᠬᠤ ᠶᠢ ᠪᠤᠳᠤᠯᠬᠢᠯᠠᠭᠰᠠᠨ ᠦᠬᠡᠢ ᠃ ᠡᠨᠡ ᠨᠢ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠨᠢ ᠳᠤᠬᠠᠢ ᠭᠠᠵᠠᠷ ᠤᠨ ᠨᠡᠢᠬᠡᠮ ᠦᠨ ᠪᠠᠢᠳᠠᠯ ᠂ ᠠᠷᠠᠳ ᠤᠨ ᠰᠠᠨᠠᠯ ᠂ ᠵᠠᠩ ᠳᠠᠳᠬᠠᠯ ᠠᠴᠠ ᠰᠠᠯᠤᠩᠬᠢᠷᠠᠯ ᠢ ᠪᠤᠢ ᠪᠤᠯᠠᠭᠰᠠᠨ ᠪᠠᠢᠨ᠎ᠠ ᠃ ᠰᠤᠶᠤᠯ ᠤᠨ ᠪᠦᠲᠦᠭᠡᠨ ᠪᠠᠢᠭᠤᠯᠤᠯᠲᠠ ᠶᠢ ᠦᠷᠨᠢᠬᠦᠯᠬᠦ ᠪᠠ ᠨᠠᠢᠳᠠᠪᠤᠷᠢᠵᠢᠭᠤᠯᠬᠤ ᠶᠢ ᠬᠦᠨᠳᠦ ᠨᠤᠴᠢᠳᠠᠢ ᠨᠦᠯᠦᠬᠡᠯᠡᠭᠰᠡᠨ ᠪᠠᠢᠨ᠎ᠠ ᠃
ᠬᠤᠶᠠᠷ ᠲᠤ ᠺᠠᠳᠠᠷ ᠴᠠᠭᠳᠠᠭ᠎ᠠ ᠶᠢᠨ ᠭᠤᠤᠯ ᠴᠤᠭᠴᠠ ᠶᠢᠨ ᠪᠠᠢᠷᠢ ᠰᠠᠭᠤᠷᠢ ᠶᠢ ᠣᠮᠲᠤᠭᠠᠢᠯᠠᠭᠰᠠᠨ ᠪᠠᠢᠨ᠎ᠠ ᠃ ᠤᠷᠳᠤᠰ ᠤᠨ ᠰᠢᠬᠦᠬᠦ ᠬᠤᠷᠢᠶᠠᠨ ᠤ ᠺᠠᠳᠠᠷ ᠴᠠᠭᠳᠠᠭ᠎ᠠ ᠪᠤᠯ ᠣᠷᠳᠤᠰ ᠤᠨ ᠤᠯᠤᠰ ᠲᠦᠷᠦ ᠬᠠᠤᠯᠢ ᠴᠠᠭᠠᠵᠠ ᠶᠢᠨ ᠬᠦᠢᠴᠡᠳᠭᠡᠭᠴᠢ ᠂ ᠮᠦᠨᠴᠦ ᠤᠷᠳᠤᠰ ᠰᠤᠶᠤᠯ ᠤᠨ ᠵᠠᠯᠭᠠᠮᠵᠢᠯᠠᠨ ᠠᠪᠤᠭᠴᠢ᠂ ᠺᠠᠳᠠᠷ ᠴᠠᠭᠳᠠᠭ᠎ᠠ ᠶᠢᠨ ᠰᠤᠶᠤᠯ ᠤᠨ ᠪᠦᠲᠦᠭᠡᠨ ᠪᠠᠢᠭᠤᠯᠤᠯᠲᠠ ᠳᠤᠮᠳᠠᠬᠢ ᠭᠤᠤᠯ ᠴᠤᠭᠴᠠ ᠶᠢᠨ ᠪᠠᠢᠷᠢ ᠰᠠᠭᠤᠷᠢ ᠶᠢ ᠣᠮᠲᠤᠭᠠᠢᠯᠠᠭᠰᠠᠨ ᠠᠴᠠ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠨᠢ ᠬᠡᠯᠪᠡᠷᠢ ᠶᠢᠨ ᠳᠡᠳᠦᠢ ᠪᠤᠯᠤᠭᠰᠠᠨ ᠨᠢ ᠤᠳᠤᠬᠠᠨ ᠤ ᠤᠷᠳᠤᠰ ᠤᠨ ᠰᠢᠬᠦᠬᠦ ᠬᠤᠷᠢᠶᠠᠨ ᠤ ᠤᠨᠴᠠᠯᠢᠭ ᠪᠦᠬᠦᠢ ᠰᠤᠶᠤᠯ ᠤᠨ ᠪᠦᠲᠦᠭᠡᠨ ᠪᠠᠢᠭᠤᠯᠤᠯᠲᠠ ᠳᠤ ᠤᠷᠤᠰᠢᠵᠤ ᠪᠠᠢᠭ᠎ᠠ ᠴᠢᠬᠤᠯᠠ ᠠᠰᠠᠭᠤᠳᠠᠯ ᠮᠦᠨ ᠃ ᠤᠳᠤᠬᠠᠨ ᠤ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠨᠢ ᠺᠠᠳᠠᠷ ᠴᠠᠭᠳᠠᠭ᠎ᠠ ᠶᠢ ᠬᠠᠯᠠᠭᠤᠮᠰᠤᠭ ᠢᠶᠠᠷ ᠳᠠᠢᠴᠢᠯᠠᠭᠰᠠᠨ ᠦᠬᠡᠢ ᠡᠴᠡ ᠪᠤᠯᠵᠤ ᠂ ᠰᠤᠶᠤᠯ ᠤᠨ ᠪᠦᠲᠦᠭᠡᠨ ᠪᠠᠢᠭᠤᠯᠤᠯᠲᠠ ᠳᠤ ᠪᠦᠬᠦ ᠠᠵᠢᠯᠲᠠᠨ ᠤᠷᠤᠯᠴᠠᠭᠰᠠᠨ ᠪᠠᠢᠳᠠᠯ ᠦᠬᠡᠢ ᠪᠠᠢᠵᠤ ᠂ ᠰᠤᠶᠤᠯ ᠤᠨ ᠪᠦᠲᠦᠭᠡᠨ ᠪᠠᠢᠭᠤᠯᠤᠯᠲᠠ ᠨᠢ ᠵᠦᠪᠬᠡᠨ ᠤᠯᠤᠰ ᠲᠦᠷᠦ ᠶᠢᠨ ᠠᠵᠢᠯ ᠤᠨ ᠬᠡᠯᠳᠡᠰ ᠦᠨ ᠭᠠᠷᠭᠠᠭᠰᠠᠨ ᠲᠥᠯᠦᠪᠯᠡᠭᠡ ᠳᠡᠭᠡᠷ᠎ᠠ ᠵᠤᠭᠰᠤᠩᠭᠢᠷᠠᠪᠠ ᠃ ᠴᠢᠨᠠᠭᠰᠢᠯᠠᠨ ᠵᠠᠷᠢᠮ ᠺᠠᠳᠠᠷ ᠴᠠᠭᠳᠠᠭ᠎ᠠ ᠰᠤᠶᠤᠯ ᠤᠨ ᠪᠦᠲᠦᠭᠡᠨ ᠪᠠᠢᠭᠤᠯᠤᠯᠲᠠ ᠨᠢ ᠬᠡᠳᠦ ᠤᠳᠠᠭᠠᠨ ᠤ ᠤᠷᠠᠨ ᠪᠢᠴᠢᠯᠭᠡ ᠤᠷᠠᠨ ᠵᠢᠷᠤᠭ ᠤᠨ ᠳᠡᠯᠭᠡᠨ ᠦᠵᠡᠬᠦᠯᠬᠡ᠂ ᠬᠡᠳᠦ ᠤᠳᠠᠭᠠᠨ ᠤ ᠳᠠᠮᠢᠷ ᠤᠨ ᠬᠥᠳᠡᠯᠭᠡᠭᠡᠨ᠂ ᠰᠤᠶᠤᠯ ᠤᠨ ᠫᠠᠢᠰᠠ ᠪᠠ ᠤᠷᠢᠶ᠎ᠠ ᠡᠯᠬᠦᠬᠦ ᠶᠢ ᠵᠤᠬᠢᠶᠠᠨ ᠪᠠᠢᠭᠤᠯᠬᠤ ᠪᠠᠷ ᠤᠢᠯᠭᠠᠵᠤ ᠂ ᠰᠤᠶᠤᠯ ᠤᠨ ᠪᠦᠲᠦᠭᠡᠨ ᠪᠠᠢᠭᠤᠯᠤᠯᠲᠠ ᠶᠢ《ᠲᠦᠷᠢ ᠲᠦᠷᠬᠦ ᠶᠢᠨ ᠢᠨᠵᠧᠨᠧᠷᠢᠩ》ᠪᠤᠯᠤᠨ《ᠦᠵᠡᠮᠵᠢ ᠶᠢᠨ ᠢᠨᠵᠧᠨᠧᠷᠢᠩ》 ᠢᠶᠡᠷ ᠦᠵᠡᠵᠦ ᠂ ᠡᠨᠡ ᠨᠢ ᠰᠤᠶᠤᠯ ᠤᠨ ᠪᠦᠲᠦᠭᠡᠨ ᠪᠠᠢᠭᠤᠯᠤᠯᠲᠠ ᠶᠢ ᠬᠦᠨᠵᠡᠬᠡᠢ ᠪᠦᠬᠦ ᠳᠠᠯ᠎ᠠ ᠪᠠᠷ ᠪᠠᠳᠠᠷᠠᠭᠤᠯᠵᠤ ᠳᠡᠢᠯᠬᠦ ᠦᠬᠡᠢ ᠪᠠᠢᠵᠤ ᠂ ᠨᠡᠩ ᠴᠤ ᠰᠢᠬᠦᠬᠦ ᠬᠤᠷᠢᠶᠠᠨ ᠤ ᠰᠤᠶᠤᠯ ᠨᠢ ᠭᠠᠵᠠᠷ ᠤᠷᠤᠨ ᠤ ᠰᠤᠶᠤᠯ ᠂ ᠦᠨᠳᠦᠰᠦᠲᠡᠨ ᠦ ᠰᠤᠶᠤᠯ ᠳᠠᠢ ᠠᠭᠤᠰᠤᠯᠴᠠᠬᠤ ᠶᠢ ᠪᠤᠳᠤᠯᠬᠢᠯᠠᠬᠤ ᠪᠣᠯᠤᠯᠴᠠᠭ᠎ᠠ ᠦᠬᠡᠢ ᠪᠠᠢᠵᠤ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠬᠦᠭᠵᠢᠯᠲᠡ ᠶᠢ ᠬᠦᠨᠳᠦ ᠨᠤᠴᠢᠳᠠᠢ ᠬᠢᠵᠠᠭᠠᠷᠯᠠᠭᠰᠠᠨ ᠪᠠᠢᠨ᠎ᠠ ᠃
ᠭᠤᠷᠪᠠ ᠳᠤ ᠪᠤᠳᠠᠳᠠᠢ ᠲᠣᠳᠤᠷᠬᠠᠢ ᠬᠦᠭᠵᠢᠯᠲᠡ ᠶᠢᠨ ᠲᠥᠯᠦᠪᠯᠡᠭᠡ ᠦᠬᠡᠢ ᠃ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠨᠢ ᠬᠠᠷᠢᠯᠴᠠᠨ ᠬᠤᠯᠪᠤᠭ᠎ᠠ ᠳᠠᠢ ᠮᠦᠷᠲᠡᠭᠡᠨ ᠦᠪᠡᠷ ᠦᠨ ᠣᠨᠴᠠᠯᠢᠭ ᠳᠠᠢ ᠶᠤᠮ ᠃ᠡᠢᠮᠦ ᠡᠴᠡ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠶᠠᠪᠤᠴᠠ ᠳᠤ ᠂ ᠪᠤᠳᠠᠳᠠᠢ ᠳᠠᠢ ᠤᠶᠠᠯᠳᠠᠭᠤᠯᠵᠤ ᠂ ᠤᠷᠳᠤᠰ ᠤᠨ ᠭᠠᠵᠠᠷ ᠤᠷᠤᠨ ᠤ ᠰᠤᠶᠤᠯ ᠤᠨ ᠤᠨᠴᠠᠯᠢᠭ ᠪᠠ ᠦᠨᠳᠦᠰᠦᠲᠡᠨ ᠵᠠᠩ ᠳᠠᠳᠬᠠᠯ ᠢ ᠳᠤᠪᠤᠢᠯᠠᠭᠠᠵᠤ ᠂ ᠰᠣᠩᠭᠤᠯᠲᠠ ᠪᠠ ᠳ᠋ᠦᠩᠨᠡᠯᠲᠡ ᠶᠢ ᠴᠢᠩᠭᠠᠳᠭᠠᠵᠤ ᠂ ᠭᠠᠵᠠᠷ ᠤᠷᠤᠨ ᠤ ᠤᠨᠴᠠᠯᠢᠭ ᠪᠠ ᠦᠨᠳᠦᠰᠦᠲᠡᠨ ᠦ ᠵᠠᠩ ᠳᠠᠳᠬᠠᠯ ᠳᠠᠢ ᠣᠷᠳᠤᠰ ᠤᠨ ᠰᠢᠬᠦᠬᠦ ᠬᠤᠷᠢᠶᠠᠨ ᠤ ᠰᠤᠶᠤᠯ ᠢ ᠪᠤᠢ ᠪᠤᠯᠭᠠᠨ᠎ᠠ ᠃ ᠦᠢᠯᠡᠳᠦᠯᠭᠡ ᠳᠤᠮᠳᠠ ᠂ ᠵᠠᠷᠢᠮ ᠳᠤᠰ ᠪᠡᠶ᠎ᠠ ᠶᠢᠨ ᠪᠤᠳᠠᠳᠤ ᠪᠠᠢᠳᠠᠯ ᠠᠴᠠ ᠰᠠᠯᠤᠩᠭᠢᠷᠠᠭᠰᠠᠨ ᠂ ᠶᠠᠮᠠᠷᠴᠤ ᠬᠠᠷᠠᠯᠳᠠ ᠦᠬᠡᠢ ᠰᠤᠬᠤᠷ ᠪᠠᠯᠠᠢ ᠪᠠᠷ ᠳᠠᠭᠤᠷᠢᠶᠠᠬᠤ ᠨᠢ ᠰᠤᠶᠤᠯ ᠤᠨ ᠪᠦᠲᠦᠭᠡᠨ ᠪᠠᠢᠭᠤᠯᠤᠯᠲᠠ ᠰᠠᠨᠠᠭᠠᠨ ᠳᠠᠪᠠ ᠪᠠᠷ ᠢᠶᠠᠨ ᠪᠠ ᠡᠮᠬᠢ ᠵᠠᠮᠪᠠᠷᠠᠭ᠎ᠠ ᠦᠬᠡᠢ ᠪᠠᠢᠳᠠᠯ ᠳᠠᠢ ᠪᠤᠯᠳᠠᠭ ᠃ ᠰᠤᠬᠤᠷ ᠪᠠᠯᠠᠢ ᠪᠠᠷ ᠪᠤᠰᠤᠳ ᠭᠠᠵᠠᠷ ᠤᠨ ᠰᠢᠬᠦᠬᠦ ᠬᠤᠷᠢᠶ᠎ᠠ ᠶᠢ ᠳᠠᠭᠤᠷᠢᠶᠠᠵᠤ ᠂ ᠦᠪᠡᠷ ᠦᠨ ᠤᠨᠴᠠᠯᠢᠭ ᠢᠶᠠᠨ ᠤᠮᠳᠤᠭᠤᠢᠯᠠᠵᠤ ᠂ ᠠᠯᠪᠠ ᠪᠠᠷ ᠵᠠᠯᠭᠠᠬᠤ ᠨᠢ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠬᠡᠪ ᠦᠨ ᠪᠤᠰᠤ ᠪᠠ ᠣᠨᠳᠣᠣᠰᠢᠯ ᠢ ᠪᠤᠢ ᠪᠤᠯᠭᠠᠳᠠᠭ ᠃ ᠵᠠᠷᠢᠮ ᠰᠢᠬᠦᠬᠦ ᠬᠤᠷᠢᠶ᠎ᠠ ᠰᠤᠶᠤᠯ ᠤᠨ ᠪᠦᠲᠦᠭᠡᠨ ᠪᠠᠢᠭᠤᠯᠤᠯᠲᠠ ᠶᠢᠨ ᠵᠢᠮ᠎ᠡ ᠬᠠᠤᠯᠢ ᠶᠢ ᠣᠮᠲᠤᠭᠠᠢᠯᠠᠵᠤ ᠂ ᠰᠤᠬᠤᠷ ᠪᠠᠯᠠᠢ ᠪᠠᠷ ᠰᠤᠶᠤᠯ ᠤᠨ ᠪᠦᠲᠦᠭᠡᠨ ᠪᠠᠢᠭᠤᠯᠤᠯᠲᠠ ᠶᠢᠨ ᠡᠬᠦᠷᠭᠡ ᠪᠠ ᠭᠦᠢᠴᠡᠳᠬᠡᠬᠦ ᠳᠤᠭ᠎ᠠ ᠭᠠᠷᠭᠠᠵᠤ ᠂ ᠰᠠᠨᠠᠭᠠᠨ ᠳᠠᠪᠠ ᠪᠠᠷ ᠢᠶᠠᠨ ᠪᠦᠲᠦᠭᠡᠨ ᠪᠠᠢᠭᠤᠯᠤᠯᠲᠠ ᠶᠢᠨ ᠴᠠᠭ ᠬᠤᠭᠤᠴᠠᠭ᠎ᠠ ᠶᠢ ᠳᠤᠭᠳᠠᠭᠠᠵᠤ ᠂ ᠰᠤᠶᠤᠯ ᠤᠨ ᠪᠦᠲᠦᠭᠡᠨ ᠪᠠᠢᠭᠤᠯᠤᠯᠲᠠ ᠳᠤ《ᠲᠤᠭ᠎ᠠ ᠪᠠᠷᠢᠮᠳᠠ ᠶᠢᠨ ᠬᠢᠨᠠᠨ ᠰᠢᠯᠭᠠᠯᠲᠠ》ᠬᠢᠵᠦ ᠂ ᠰᠢᠬᠦᠬᠦ ᠬᠤᠷᠢᠶᠠᠨ ᠤ ᠰᠤᠶᠤᠯ ᠢ ᠵᠦᠢ ᠵᠤᠬᠢᠰᠠᠲᠠᠢ ᠬᠦᠭᠵᠢᠬᠦᠯᠬᠦ ᠦᠷ᠎ᠡ ᠳ᠋ᠦᠩ ᠤᠯᠤᠭᠰᠠᠨ ᠦᠬᠡᠢ ᠪᠡᠷ ᠪᠠᠷᠠᠬᠤ ᠦᠬᠡᠢ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠴᠢᠭᠯᠡᠯ ᠢᠶᠡᠨ ᠠᠯᠳᠠᠵᠤ ᠂ ᠪᠤᠷᠤᠭᠤ ᠵᠠᠮ ᠳᠤ ᠤᠷᠤᠭᠰᠠᠨ ᠪᠠᠢᠨ᠎ᠠ ᠃
ᠲᠦᠷᠪᠡ ᠂ ᠭᠠᠵᠠᠷ ᠤᠷᠤᠨ ᠤ ᠤᠨᠴᠠᠯᠢᠭ ᠳᠠᠢ ᠪᠠ ᠦᠨᠳᠦᠰᠦᠲᠡᠨ ᠦ ᠬᠡᠪ ᠨᠠᠮᠪᠠ ᠳᠠᠢ ᠤᠷᠳᠤᠰ ᠤᠨ ᠰᠢᠬᠦᠬᠦ ᠬᠤᠷᠢᠶᠠᠨ ᠤ ᠰᠤᠶᠤᠯ ᠢ ᠪᠦᠲᠦᠭᠡᠨ ᠪᠠᠢᠭᠤᠯᠬᠤ ᠶᠢᠨ ᠪᠤᠳᠠᠳᠠᠢ ᠵᠠᠮ
ᠰᠢᠬᠦᠬᠦ ᠬᠤᠷᠢᠶᠠᠨ ᠤ ᠰᠤᠶᠤᠯ ᠨᠢ ᠰᠣᠶᠤᠯ ᠤᠨ ᠰᠢᠰᠲ᠋ᠧᠮ ᠦᠨ ᠨᠢᠬᠡᠨ ᠰᠠᠯᠪᠤᠷᠢ ᠪᠤᠯᠤᠭᠰᠠᠨ ᠤ ᠬᠤᠪᠢ ᠳᠤ ᠂ ᠦᠵᠡᠯ ᠰᠠᠨᠠᠭᠠᠨ ᠤ ᠡᠯᠧᠮᠧᠨ᠋ᠲ᠂ ᠦᠢᠯᠡ ᠠᠵᠢᠯᠯᠠᠭ᠎ᠠ ᠶᠢᠨ ᠡᠯᠧᠮᠧᠨ᠋ᠲ᠂ ᠪᠣᠳᠠᠰ ᠤᠨ ᠡᠯᠧᠮᠧᠨ᠋ᠲ ᠪᠠ ᠪᠠᠢᠭᠤᠯᠤᠯ ᠤᠨ ᠡᠯᠧᠮᠧᠨ᠋ᠲ ᠵᠡᠷᠬᠡ ᠠᠳᠠᠯᠢ ᠪᠤᠰᠤ ᠵᠦᠢᠯ ᠡᠴᠡ ᠪᠦᠷᠢᠯᠳᠦᠵᠠᠢ ᠃ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠴᠢᠩᠭᠠᠳᠭᠠᠬᠤ ᠳᠦ ᠶᠠᠷᠢᠶᠠᠨ ᠦᠬᠡᠢ ᠣᠷᠳᠤᠰ ᠤᠨ ᠭᠠᠵᠠᠷ ᠤᠷᠤᠨ ᠤ ᠣᠨᠴᠠᠯᠢᠭ ᠪᠠ ᠦᠨᠳᠦᠰᠦᠲᠡᠨ ᠦ ᠬᠡᠪ ᠨᠠᠮᠪᠠ ᠵᠡᠷᠬᠡ ᠡᠯᠧᠮᠧᠨ᠋ᠲ ᠢ ᠰᠢᠩᠭᠡᠭᠡᠬᠦ ᠪᠠ ᠤᠯᠠᠮᠵᠢᠯᠠᠵᠤ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠢ ᠤᠯᠠᠮ ᠤᠨᠴᠠᠯᠢᠭ ᠳᠠᠢ ᠂ ᠤᠯᠠᠮ ᠠᠮᠢᠵᠢᠷᠠᠯ ᠤᠨ ᠬᠦᠴᠦᠨ ᠳᠠᠢ ᠪᠤᠯᠭᠠᠬᠤ ᠬᠡᠷᠡᠭᠲᠡᠢ ᠃
(ᠨᠢᠬᠡ)ᠤᠷᠳᠤᠰ ᠰᠤᠶᠤᠯ ᠤᠨ ᠤᠶᠤᠨ ᠰᠠᠨᠠᠭᠠᠨ ᠤ ᠠᠭᠤᠯᠤᠭᠳᠠᠬᠤᠨ ᠢᠶᠠᠷ ᠰᠢᠬᠦᠬᠦ ᠬᠤᠷᠢᠶᠠᠨ ᠤ ᠤᠶᠤᠨ ᠰᠠᠨᠠᠭᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠵᠢᠯᠤᠭᠤᠳᠴᠤ ᠂ ᠭᠤᠤᠯ ᠬᠠᠤᠯᠢ ᠴᠠᠭᠠᠵᠠ ᠶᠢᠨ ᠣᠢᠯᠭᠠᠭᠳᠠᠬᠤᠨ ᠢ ᠪᠤᠢ ᠪᠤᠯᠭᠠᠨ᠎ᠠ
ᠰᠢᠬᠦᠬᠦ ᠬᠤᠷᠢᠶᠠᠨ ᠤ ᠤᠶᠤᠨ ᠰᠠᠨᠠᠭᠠᠨ ᠤ ᠰᠤᠶᠤᠯ ᠤᠨ ᠪᠦᠲᠦᠭᠡᠨ ᠪᠠᠢᠭᠤᠯᠤᠯᠲᠠ ᠨᠢ ᠤᠯᠠᠮᠵᠢᠯᠠᠯᠲᠤ ᠰᠢᠯᠢᠳᠡᠭ ᠰᠤᠶᠤᠯ ᠤᠨ ᠦᠨᠳᠦᠰᠦ ᠰᠤᠷᠪᠤᠯᠵᠢ ᠶᠢᠨ ᠲᠤᠯᠭᠠᠭᠤᠷᠢ ᠶᠢ ᠱᠠᠭᠠᠷᠳᠠᠨ᠎ᠠ ᠃ ᠤᠷᠳᠤᠰ ᠰᠤᠶᠤᠯ ᠤᠨ ᠤᠨᠴᠠ ᠪᠠᠢᠳᠠᠭ ᠪᠠᠭᠠᠲᠤᠷᠯᠢᠭ ᠦᠵᠡᠯ ᠦᠨ ᠵᠤᠷᠢᠭ ᠰᠠᠨᠠᠭ᠎ᠠ ᠂ ᠶᠤᠰᠤ ᠲᠦᠷᠢᠮ ᠦᠨ ᠤᠬᠠᠮᠰᠠᠷ ᠂ ᠥᠷᠢᠰᠦᠯᠳᠦᠭᠡᠨ ᠦ ᠤᠬᠠᠮᠰᠠᠷ ᠂ ᠤᠷᠤᠭᠰᠢ ᠳᠠᠪᠰᠢᠬᠤ ᠵᠤᠷᠢᠭ ᠰᠠᠨᠠᠭ᠎ᠠ ᠵᠡᠷᠬᠡ ᠰᠤᠶᠤᠯ ᠤᠨ ᠳᠤᠳᠤᠭᠠᠳᠤ ᠴᠦᠮ᠎ᠠ ᠨᠢ ᠤᠷᠳᠤᠰ ᠭᠠᠵᠠᠷ ᠤᠨ ᠰᠤᠶᠤᠯ ᠤᠨ ᠨᠠᠨᠳᠢᠨ ᠬᠥᠷᠦᠩᠭᠡ ᠪᠡᠷ ᠪᠠᠷᠠᠬᠤ ᠦᠬᠡᠢ ᠮᠦᠨᠴᠦ ᠤᠷᠳᠤᠰ ᠤᠨ ᠰᠢᠬᠦᠬᠦ ᠬᠤᠷᠢᠶᠠᠨ ᠤ ᠤᠶᠤᠨ ᠰᠠᠨᠨᠠᠭᠠᠨ ᠤ ᠰᠤᠶᠤᠯ ᠤᠯᠠᠮᠵᠢᠯᠠᠬᠤ ᠪᠠ ᠪᠠᠷᠢᠮᠳᠠᠯᠠᠬᠤ ᠴᠢᠬᠤᠯᠠ ᠠᠭᠤᠯᠤᠭᠳᠠᠬᠤᠨ ᠮᠦᠨ ᠃ ᠡᠢᠮᠦ ᠡᠴᠡ᠂ ᠤᠷᠳᠤᠰ ᠤᠨ ᠰᠢᠬᠦᠬᠦ ᠬᠤᠷᠢᠶᠠᠨ ᠤ ᠤᠶᠤᠨ ᠰᠠᠨᠠᠭᠠᠨ ᠤ ᠪᠦᠲᠦᠭᠡᠨ ᠪᠠᠢᠭᠤᠯᠤᠯᠲᠠ ᠶᠢᠨ ᠶᠠᠪᠤᠴᠠ ᠳᠤ ᠡᠯ᠎ᠠ ᠵᠦᠢᠯ ᠦᠨ ᠬᠡᠯᠪᠡᠷᠢ ᠪᠡᠷ ᠳᠠᠮᠵᠢᠵᠤ ᠤᠷᠳᠤᠰ ᠰᠤᠶᠤᠯ ᠤᠨ ᠤᠶᠤᠨ ᠰᠠᠨᠠᠭᠠᠨ ᠤ ᠠᠭᠤᠯᠤᠭᠳᠠᠬᠤᠨ ᠢ ᠤᠯᠠᠮᠵᠢᠯᠠᠬᠤ ᠪᠠ ᠤᠷᠢᠶᠠᠯᠠᠨ᠎ᠠ ᠃ ᠨᠢᠬᠡ ᠳᠦ ᠭᠤᠤᠯ ᠰᠡᠳᠦᠪᠲᠦ ᠦᠢᠯᠡᠳᠦᠯᠭᠡ ᠳᠠᠢ ᠤᠶᠠᠯᠳᠤᠭᠤᠯᠵᠤ ᠂ ᠬᠤᠪᠢᠰᠬᠠᠯ ᠤᠨ ᠲᠡᠤᠬᠡ ᠶᠢᠨ ᠨᠡᠷᠡᠲᠦ ᠬᠦᠮᠦᠨ ᠦ ᠵᠢᠱᠢᠶᠡᠴᠢ ᠦᠢᠯᠡᠳᠦᠯ ᠢ ᠴᠢᠬᠤᠯᠴᠢᠯᠠᠨ᠎ᠠ ᠃ ᠤᠷᠳᠤᠰ ᠤᠨ ᠬᠤᠪᠢᠰᠬᠠᠯ ᠤᠨ ᠤᠷᠳᠤ ᠤᠳᠠᠭᠠᠨ ᠲᠡᠤᠬᠡᠨ ᠶᠠᠪᠤᠴᠠ ᠳᠤ ᠂ ᠨᠢᠬᠡ ᠪᠦᠯᠦᠭ ᠰᠢᠨ᠎ᠡ ᠯᠠᠮᠠ᠂ ᠸᠠᠨᠵᠢᠯᠨᠢᠮᠠ᠂ ᠵᠦᠩᠭᠠᠷ ᠬᠤᠰᠢᠭᠤᠨ ᠤ ᠬᠤᠶᠠᠳᠤᠭᠠᠷ ᠠᠬᠢ ᠷᠠᠪᠳᠠᠨ ᠵᠢᠴᠢ ᠱᠠᠭᠳᠤᠷᠵᠠᠪ ᠵᠡᠷᠬᠡ ᠴᠢᠩ ᠵᠤᠷᠢᠭᠳᠠᠨ ᠢᠯᠡᠷᠡᠭᠰᠡᠨ ᠪᠠᠢᠨ᠎ᠠ ᠃ ᠭᠤᠤᠯ ᠰᠡᠳᠦᠪᠲᠦ ᠰᠤᠷᠭᠠᠨ ᠬᠥᠮᠦᠵᠢᠯ ᠦᠨ ᠦᠢᠯᠡᠳᠦᠯᠭᠡ ᠳᠤᠮᠳᠠ ᠂ ᠡᠳᠡᠭᠡᠷ ᠬᠦᠮᠦᠰ ᠦᠨ ᠰᠢᠯᠢᠳᠡᠭ ᠵᠠᠩ ᠰᠤᠷᠳᠠᠯ ᠪᠠ ᠤᠯᠤᠰ ᠢᠶᠠᠨ ᠬᠠᠢᠷᠠᠯᠠᠬᠤ ᠵᠤᠷᠢᠭ ᠰᠠᠨᠠᠭ᠎ᠠ ᠶᠢ ᠰᠤᠷᠤᠯᠴᠠᠬᠤ ᠳᠠᠢ ᠤᠶᠠᠯᠳᠤᠭᠤᠯᠬᠤ ᠨᠢ ᠰᠢᠬᠦᠭᠴᠢ ᠶᠢᠨ ᠠᠷᠠᠳ ᠲᠤ ᠦᠨᠡᠨᠴᠢ ᠰᠢᠳᠤᠷᠭᠤ ᠂ ᠭᠤᠶᠠᠴᠢ ᠦᠬᠡᠢ ᠡᠷᠬᠦᠬᠦ ᠂ ᠵᠤᠷᠢᠭᠳᠠᠢ ᠬᠠᠷᠢᠭᠤᠴᠠᠯᠭ᠎ᠠ ᠡᠬᠦᠷᠭᠡᠯᠡᠬᠦ ᠬᠠᠤᠯᠢ ᠴᠠᠭᠠᠵᠠ ᠶᠢᠨ ᠵᠠᠩ ᠰᠤᠷᠳᠠᠯ ᠢ ᠪᠤᠢ ᠪᠣᠯᠭᠠᠬᠤ ᠳᠤ ᠳᠤᠰᠠᠳᠠᠢ ᠃ ᠬᠣᠶᠠᠷ ᠲᠤ ᠴᠢᠯᠦᠭᠡᠲᠡᠢ ᠪᠠᠭᠳᠠᠭᠠᠮᠵᠢᠲᠠᠢ ᠰᠤᠶᠤᠯ ᠤᠨ ᠵᠠᠩ ᠴᠢᠨᠠᠷ ᠢ ᠪᠠᠳᠠᠷᠠᠭᠤᠯᠤᠨ᠎ᠠ ᠃ ᠤᠯᠠᠮᠵᠢᠯᠠᠬᠤ ᠪᠠᠷ ᠪᠠᠷᠠᠬᠤ ᠦᠬᠡᠢ ᠳᠤᠯᠢ ᠪᠤᠯᠭᠠᠬᠤ ᠶᠢ ᠨᠡᠩ ᠴᠢᠬᠤᠯᠴᠢᠯᠠᠨ ᠂ ᠪᠤᠰᠤᠳ ᠭᠠᠵᠠᠷ ᠤᠷᠤᠨ ᠤ ᠂ ᠪᠤᠰᠤᠳ ᠰᠢᠬᠦᠬᠦ ᠬᠤᠷᠢᠶᠠᠨ ᠤ ᠰᠢᠯᠢᠳᠡᠭ ᠳᠤᠷᠰᠢᠯᠭ᠎ᠠ ᠶᠢ ᠰᠢᠩᠭᠡᠭᠡᠵᠦ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠳᠤ ᠰᠢᠨ᠎ᠠ ᠰᠤᠷᠭᠤᠭ ᠬᠦᠴᠦᠨ ᠨᠡᠮᠡᠭᠳᠡᠭᠦᠯᠦᠨ᠎ᠡ ᠃ ᠤᠷᠳᠤᠰ ᠰᠤᠶᠤᠯ ᠤᠨ ᠬᠦᠭᠵᠢᠯᠲᠡ ᠶᠢᠨ ᠲᠡᠤᠬᠡ ᠪᠤᠯ ᠮᠤᠩᠭᠤᠯ ᠶᠤᠸᠠᠨ ᠰᠤᠶᠤᠯ ᠢ ᠤᠯᠠᠮᠵᠢᠯᠠᠬᠤ ᠪᠠ ᠪᠤᠰᠤᠳ ᠦᠨᠳᠦᠰᠦᠲᠡᠨ ᠦ ᠳᠠᠪᠰᠢᠭᠰᠠᠨ ᠰᠤᠶᠤᠯ ᠢ ᠨᠡᠢᠯᠡᠬᠦᠯᠦᠭᠰᠡᠨ ᠬᠥᠭᠵᠢᠩᠭᠦᠢ ᠬᠤᠪᠢᠰᠤᠯ ᠤᠨ ᠲᠡᠤᠬᠡ ᠮᠦᠨ ᠂ ᠡᠷᠢᠮᠦ ᠡᠴᠡ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠳᠡᠭᠡᠷ᠎ᠠ ᠂ ᠪᠦᠬᠦᠳᠡ ᠶᠢ ᠪᠠᠭᠳᠠᠭᠠᠵᠤ ᠂ ᠤᠯᠠᠮᠵᠢᠯᠠᠬᠤ ᠪᠠ ᠳᠤᠯᠢ ᠪᠤᠯᠭᠠᠬᠤ ᠶᠢ ᠴᠢᠬᠤᠯᠴᠢᠯᠠᠵᠤ ᠂ ᠰᠢᠬᠦᠭᠴᠢ ᠶᠢ ᠤᠳᠤᠷᠢᠳᠤᠨ ᠰᠤᠷᠤᠯᠴᠠᠬᠤ ᠲᠤᠷᠠᠳᠠᠢ ᠂ ᠰᠤᠷᠤᠯᠴᠠᠬᠤ ᠬᠤᠷᠤᠬᠠᠢ ᠳᠠᠢ ᠂ ᠰᠤᠷᠤᠯᠴᠠᠬᠤ ᠳᠤ ᠭᠠᠷᠮᠠᠭᠠᠢ ᠰᠤᠶᠤᠯ ᠤᠨ ᠤᠷᠴᠢᠨ ᠳᠤᠭᠤᠷᠢᠨ ᠪᠤᠢ ᠪᠤᠯᠭᠠᠨ᠎ᠠ ᠃ 《ᠰᠢᠬᠦᠬᠦ ᠬᠤᠷᠢᠶᠠᠨ ᠤ ᠰᠤᠷᠭᠠᠯ》ᠰᠣᠩᠭᠤᠯᠲᠠ ᠳᠡᠭᠡᠷ᠎ᠠ ᠂ ᠬᠠᠤᠯᠢ ᠴᠠᠭᠠᠵᠠ ᠶᠢᠨ ᠭᠤᠤᠯ ᠦᠷᠲᠡᠭ ᠦᠨ ᠦᠵᠡᠯ ᠳᠦ ᠲᠦᠪᠯᠡᠷᠡᠬᠦ ᠪᠡᠷ ᠪᠠᠷᠠᠬᠤ ᠦᠬᠡᠢ ᠪᠠᠰᠠ ᠤᠷᠳᠤᠰ ᠰᠤᠶᠤᠯ ᠤᠨ ᠤᠯᠠᠮᠵᠢᠯᠠᠯ ᠳᠠᠢ ᠨᠡᠢᠯᠡᠵᠦ ᠂ ᠤᠷᠳᠤᠰ ᠤᠨ ᠰᠢᠬᠦᠬᠦ ᠬᠤᠷᠢᠶᠠᠨ ᠤ ᠤᠨᠴᠠᠯᠢᠭ ᠪᠦᠬᠦᠢ ᠰᠤᠶᠤᠯ ᠤᠨ ᠳᠡᠮᠳᠡᠭ ᠢ ᠪᠤᠢ ᠪᠤᠯᠭᠠᠨ᠎ᠠ ᠃《ᠪᠢᠴᠢᠭ᠌ ᠦᠨ ᠰᠤᠷᠪᠤᠯᠵᠢᠳᠠᠨ ᠰᠢᠬᠦᠬᠦ ᠬᠤᠷᠢᠶ᠎ᠠ》ᠪᠠᠢᠭᠤᠯᠬᠤ ᠳᠠᠢ ᠤᠶᠠᠯᠳᠤᠭᠤᠯᠤᠨ ᠂ ᠨᠡᠢᠬᠡᠮ ᠦᠨ ᠨᠡᠷᠡᠲᠦ ᠬᠦᠮᠦᠨ ᠢ ᠤᠷᠢᠵᠤ ᠶᠠᠷᠢᠶ᠎ᠠ ᠢᠯᠡᠳᠬᠡᠯ ᠶᠠᠪᠤᠭᠳᠠᠭᠤᠯᠵᠤ ᠂ ᠶᠠᠷᠢᠶ᠎ᠠ ᠢᠯᠡᠳᠬᠡᠯ ᠦᠨ ᠠᠭᠤᠯᠭ᠎ᠠ ᠨᠢ ᠬᠠᠤᠯᠢ ᠴᠠᠭᠠᠵᠠ ᠶᠢᠨ ᠬᠠᠯᠠᠮᠵᠢ ᠠᠰᠠᠭᠤᠳᠠᠯ ᠂ ᠬᠦᠴᠢᠷᠳᠡᠯ ᠳᠦ ᠪᠠᠷᠢᠭᠳᠠᠵᠤ ᠪᠤᠯᠬᠤ ᠦᠬᠡᠢ ᠂ ᠴᠢᠨᠠᠭᠰᠢᠯᠠᠨ ᠭᠠᠵᠠᠷ ᠤᠷᠤᠨ ᠤ ᠰᠤᠶᠤᠯ ᠪᠤᠯᠤᠨ ᠦᠨᠳᠦᠰᠦᠲᠡᠨ ᠦ ᠰᠤᠶᠤᠯ ᠵᠡᠷᠬᠡ ᠳᠡᠭᠡᠷ᠎ᠠ ᠪᠠᠢᠵᠤ ᠂ ᠺᠠᠳᠠᠷ ᠴᠠᠭᠳᠠᠭ᠎ᠠ ᠳᠤ ᠤᠷᠳᠤᠰ ᠰᠤᠶᠤᠯ ᠤᠨ ᠷᠢᠳᠢ ᠰᠢᠳᠢ ᠶᠢ ᠵᠢᠩᠬᠢᠨᠢ ᠪᠡᠷ ᠣᠢᠯᠠᠭᠠᠭᠤᠯᠵᠤ ᠂ ᠤᠷᠳᠤᠰ ᠤᠨ ᠰᠢᠬᠦᠬᠦ ᠬᠤᠷᠢᠶᠠᠨ ᠳᠤ ᠠᠵᠢᠯᠯᠠᠭᠰᠠᠨ ᠳᠤ ᠪᠠᠨ ᠤᠮᠤᠭᠰᠢᠬᠤ ᠪᠠ ᠬᠠᠯᠠᠭᠤᠨ ᠰᠠᠨᠠᠭᠳᠠᠭᠤᠯᠤᠨ᠎ᠠ ᠃ ᠴᠠᠭ ᠳᠤᠬᠢᠷᠠᠭᠤᠯᠤᠨ《ᠰᠢᠬᠦᠭᠴᠢ ᠶᠢᠨ ᠴᠤᠭ ᠵᠢᠪᠬᠤᠭ᠎ᠠ ᠶᠢᠨ ᠲᠡᠮᠳᠡᠭᠯᠡᠯ》ᠪᠤᠯᠤᠨ《ᠰᠡᠳᠬᠢᠯ ᠠᠮᠠᠷᠠᠬᠤ ᠪᠠ ᠶᠤᠰᠤ ᠤᠯᠬᠤ ᠶᠢᠨ ᠰᠤᠳᠤᠯᠠᠯ ᠤᠨ ᠲᠡᠭᠦᠪᠦᠷᠢ》 ᠶᠢ ᠡᠮᠬᠢᠳᠬᠡᠨ ᠬᠡᠪᠯᠡᠵᠦ ᠂ ᠤᠷᠳᠤᠰ ᠤᠨ ᠰᠢᠬᠦᠬᠦ ᠬᠤᠷᠢᠶᠠᠨ ᠤ ᠤᠨᠴᠠᠯᠢᠭ ᠪᠦᠬᠦᠢ ᠰᠤᠶᠤᠯ ᠤᠨ ᠪᠦᠲᠦᠭᠡᠨ ᠪᠠᠢᠭᠤᠯᠤᠯᠲᠠ ᠶᠢᠨ ᠠᠴᠢᠶᠠᠯᠠᠭᠴᠢ ᠶᠢ ᠨᠢᠬᠡᠨ ᠰᠢᠨ᠎ᠠ ᠲᠦᠪᠰᠢᠨ ᠳᠦ ᠬᠦᠷᠭᠡᠵᠦ ᠂ ᠤᠷᠳᠤᠰ ᠤᠨ ᠰᠢᠬᠦᠬᠦ ᠬᠤᠷᠢᠶᠠᠨ ᠤ ᠰᠢᠬᠦᠨ ᠲᠠᠰᠤᠷᠠᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ ᠃
(ᠬᠤᠶᠠᠷ)ᠤᠷᠳᠤᠰ ᠰᠤᠶᠤᠯ ᠤᠨ ᠦᠢᠯᠡ ᠠᠵᠢᠯᠯᠠᠭ᠎ᠠ ᠶᠢᠨ ᠦᠯᠢᠭᠡᠷ ᠦᠨ ᠬᠡᠪ ᠢᠶᠡᠷ ᠰᠢᠬᠦᠬᠦ ᠬᠤᠷᠢᠶᠠᠨ ᠤ ᠦᠢᠯᠡ ᠠᠵᠢᠯᠯᠠᠭᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠲᠦᠷᠢᠮᠵᠢᠬᠦᠯᠵᠦ ᠂ ᠰᠢᠯᠢᠳᠡᠭ ᠬᠠᠤᠯᠢ ᠴᠠᠭᠠᠵᠠ ᠶᠢᠨ ᠲᠦᠷᠢ ᠲᠦᠷᠬᠦ ᠶᠢ ᠪᠤᠢ ᠪᠣᠯᠭᠠᠨ᠎ᠠ
ᠰᠢᠭᠦᠬᠦ ᠬᠤᠷᠢᠶᠠᠨ ᠤ ᠦᠢᠯᠡ ᠠᠵᠢᠯᠯᠠᠭ᠎ᠠ ᠶᠢᠨ ᠰᠤᠶᠤᠯ ᠪᠤᠯ ᠠᠷᠠᠳ ᠤᠨ ᠰᠢᠬᠦᠬᠦ ᠬᠤᠷᠢᠶᠠᠨ ᠤ ᠠᠷᠠᠳ ᠤᠨ ᠲᠦᠯᠦᠬᠡ ᠬᠠᠤᠯᠢ ᠪᠠᠷᠢᠬᠤ ᠰᠢᠨ᠎ᠠ ᠲᠦᠷᠢ ᠲᠦᠷᠬᠦ ᠪᠠ ᠰᠢᠬᠦᠭᠴᠢ ᠶᠢᠨ ᠰᠢᠯᠢᠳᠡᠭ ᠳᠤᠰᠬᠠᠢ ᠠᠵᠢᠯ ᠤᠨ ᠬᠡᠪ ᠰᠤᠷᠳᠠᠯ ᠢ ᠢᠯᠡᠷᠡᠭᠦᠯᠬᠦ ᠴᠢᠬᠤᠯᠠ ᠠᠴᠢᠶᠠᠯᠠᠭᠴᠢ ᠮᠦᠨ ᠃ ᠲᠡᠷᠡ ᠨᠢ ᠰᠢᠬᠦᠬᠦ ᠬᠤᠷᠢᠶᠠᠨ ᠤ ᠰᠤᠶᠤᠯ ᠤᠨ ᠬᠥᠳᠡᠯᠭᠡᠭᠡᠨᠲᠦ ᠢᠯᠡᠷᠡᠯ ᠮᠦᠨ ᠃ ᠲᠡᠭᠦᠨ ᠦ ᠭᠠᠳᠠᠨ᠎ᠠ ᠪᠠᠢᠬᠤ ᠬᠡᠯᠪᠡᠷᠢ ᠨᠢ ᠰᠢᠬᠦᠭᠴᠢ ᠶᠢᠨ ᠲᠦᠷᠢ ᠲᠦᠷᠬᠦ ᠶᠢ ᠪᠦᠲᠦᠭᠡᠬᠦ ᠪᠡᠷ ᠪᠠᠢᠨ᠎ᠠ ᠃ ᠤᠷᠳᠤᠰ ᠰᠤᠶᠤᠯ ᠢ ᠤᠯᠠᠮᠵᠢᠯᠠᠬᠤ ᠨᠢ ᠨᠡᠭᠦᠳᠡᠯᠡᠨ ᠮᠠᠯᠵᠢᠬᠤ ᠰᠤᠶᠤᠯ ᠤᠨ ᠮᠤᠩᠭᠤᠯ ᠶᠤᠸᠠᠨ ᠰᠤᠶᠤᠯ ᠠᠴᠠ ᠡᠬᠢᠯᠡᠵᠦ ᠂ ᠲᠡᠭᠦᠨ ᠦ ᠰᠢᠭᠤᠳ ᠣᠨᠴᠠᠯᠢᠭ ᠨᠢ ᠪᠦᠯᠬᠦᠮᠳᠡᠯ ᠳᠠᠢ ᠪᠠ ᠬᠦᠴᠢᠷᠳᠡᠯ ᠢ ᠳᠤᠭᠤᠯᠬᠤ ᠵᠣᠷᠢᠭ ᠰᠦᠰᠦ ᠳᠠᠢ ᠪᠠᠢᠬᠤ ᠪᠤᠯᠤᠨ᠎ᠠ ᠃ ᠬᠡᠪᠡᠴᠦ ᠦᠨᠳᠦᠰᠦᠲᠡᠨ ᠦ ᠰᠤᠶᠤᠯ ᠤᠨ ᠨᠡᠢᠯᠡᠯᠲᠡ ᠶᠢᠨ ᠶᠡᠬᠡ ᠤᠷᠤᠰᠬᠠᠯ ᠤᠨ ᠨᠦᠯᠦᠭᠡ ᠪᠡᠷ ᠤᠷᠳᠤᠰ ᠰᠤᠶᠤᠯ ᠨᠢ ᠶᠤᠰᠤ ᠰᠤᠷᠳᠠᠯ ᠢ ᠬᠦᠨᠳᠦᠳᠬᠡᠬᠦ ᠂ ᠪᠢᠴᠢᠭ᠌ ᠦᠨ ᠰᠤᠷᠭᠠᠯ ᠢ ᠬᠦᠨᠳᠦᠳᠬᠡᠬᠦ ᠰᠤᠶᠤᠯ ᠤᠨ ᠤᠬᠠᠮᠰᠠᠷ ᠪᠠᠢᠳᠠᠭ ᠃ ᠤᠯᠠᠮᠵᠢᠯᠠᠯᠲᠤ ᠪᠢᠴᠢᠭ᠌ ᠦᠨ ᠰᠤᠷᠭᠠᠯ ᠤᠨ ᠶᠤᠰᠤ ᠵᠦᠢ ᠦᠵᠡᠯ ᠰᠠᠨᠠᠭ᠎ᠠ ᠨᠢ ᠬᠦᠮᠦᠨ ᠦ ᠶᠤᠰᠤ ᠮᠤᠷᠠᠯ ᠤᠨ ᠰᠤᠷᠭᠠᠯ ᠢ ᠴᠢᠬᠤᠯᠴᠢᠯᠠᠵᠤ ᠂ ᠪᠦᠷᠢᠨ ᠳᠡᠬᠦᠯᠳᠡᠷ ᠤᠨᠤᠯ ᠦᠵᠡᠯ ᠰᠠᠨᠠᠭᠠᠨ ᠤ ᠰᠢᠰᠲ᠋ᠧᠮ ᠳᠠᠢ ᠪᠤᠯᠵᠤ ᠂ ᠡᠨᠡ ᠨᠢ ᠤᠷᠳᠤᠰ ᠰᠤᠶᠤᠯ ᠤᠨ ᠬᠦᠭᠵᠢᠯᠲᠡ ᠶᠢᠨ ᠲᠡᠤᠬᠡ ᠳᠡᠭᠡᠷ᠎ᠠ ᠬᠦᠢᠴᠡᠳ ᠢᠯᠡᠷᠡᠵᠦ ᠪᠠᠢᠳᠠᠭ ᠃ ᠤᠷᠳᠤᠰ ᠰᠤᠶᠤᠯ ᠤᠨ ᠦᠢᠯᠡ ᠠᠵᠢᠯᠯᠠᠭ᠎ᠠ ᠶᠢᠨ ᠰᠤᠶᠤᠯ ᠤᠨ ᠪᠠᠷᠢᠮᠵᠢᠶ᠎ᠠ ᠨᠢ ᠰᠢᠬᠦᠭᠴᠢ ᠶᠢ ᠲᠦᠷᠢᠮᠵᠢᠬᠦᠯᠵᠦ ᠂ ᠲᠡᠷᠢᠬᠦᠨ ᠡᠬᠦᠷᠭᠡ ᠪᠤᠯ ᠤᠷᠳᠤᠰ ᠰᠤᠶᠤᠯ ᠤᠨ ᠳᠤᠮᠳᠠᠬᠢ ᠪᠦᠯᠬᠦᠮᠳᠡᠯ ᠂ ᠬᠦᠴᠢᠷᠳᠡᠯ ᠢ ᠵᠤᠷᠢᠭᠳᠠᠢ ᠳᠤᠭᠤᠯᠬᠤ ᠪᠤᠯᠤᠨ ᠶᠤᠰᠤ ᠵᠢᠷᠦᠮ ᠦᠨ ᠵᠤᠷᠢᠭ ᠰᠠᠨᠠᠭ᠎ᠠ ᠶᠢ ᠰᠢᠬᠦᠮᠵᠢᠯᠡᠯ ᠳᠠᠢ ᠤᠯᠠᠮᠵᠢᠯᠠᠵᠤ ᠂ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠶᠢᠨ ᠠᠵᠢᠯ ᠦᠢᠯᠡᠰ ᠪᠠ ᠰᠢᠬᠦᠭᠴᠢ ᠶᠢᠨ ᠡᠩᠨᠡᠭᠡ ᠶᠢ ᠤᠳᠤᠷᠢᠳᠤᠨ ᠡᠷᠡᠬᠦᠯ ᠢᠶᠡᠷ ᠬᠦᠭᠵᠢᠬᠦ ᠰᠤᠶᠤᠯ ᠤᠨ ᠤᠭ ᠦᠨᠳᠦᠰᠦ ᠶᠢ ᠤᠯᠠᠮᠵᠢᠯᠠᠬᠤ ᠭᠣᠣᠯᠳᠠᠯᠭ᠎ᠠ ᠪᠤᠯᠭᠠᠵᠤ ᠂ ᠤᠷᠳᠤᠰ ᠰᠤᠶᠤᠯ ᠤᠨ ᠳᠤᠮᠳᠠᠬᠢ ᠶᠤᠰᠤ ᠮᠤᠷᠠᠯ ᠰᠤᠷᠭᠠᠨ ᠬᠦᠮᠦᠵᠢᠯ ᠦᠨ ᠴᠢᠳᠠᠮᠵᠢ ᠳᠠᠢ ᠵᠦᠢᠯ ᠢ ᠤᠬᠠᠭᠤᠯᠵᠤ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠤᠷᠤᠭᠰᠢ ᠳᠠᠪᠰᠢᠬᠤ ᠶᠢ ᠲᠦᠯᠬᠢᠨ ᠠᠬᠢᠭᠤᠯᠤᠨ᠎ᠠ ᠃ ᠨᠢᠬᠡ ᠳᠠᠯ᠎ᠠ ᠪᠠᠷ ᠂ ᠤᠷᠳᠤᠰ ᠰᠤᠶᠤᠯ ᠤᠨ ᠤᠯᠠᠮᠵᠢᠯᠠᠯᠲᠤ ᠶᠤᠰᠤ ᠰᠤᠷᠳᠠᠯ ᠂ ᠦᠢᠯᠡ ᠠᠵᠢᠯᠯᠠᠭ᠎ᠠ ᠶᠢᠨ ᠲᠦᠷᠢᠮᠵᠢᠯ ᠵᠡᠷᠬᠡ ᠳᠠᠯ᠎ᠠ ᠶᠢᠨ ᠪᠠᠢᠭᠤᠯᠤᠯ ᠢᠶᠠᠷ ᠳᠤᠯᠢ ᠪᠤᠯᠭᠠᠵᠤ ᠂ ᠺᠠᠳᠠᠷ ᠴᠠᠭᠳᠠᠭ᠎ᠠ ᠶᠢᠨ ᠲᠦᠷᠢ ᠲᠦᠷᠬᠦ ᠂ ᠦᠬᠡ ᠶᠠᠷᠢᠶ᠎ᠠ ᠂ ᠦᠢᠯᠡ ᠬᠦᠳᠡᠯᠦᠯ ᠂ ᠬᠠᠷᠢᠯᠴᠠᠭ᠎ᠠ ᠶᠢ ᠳᠦᠷᠢᠮᠵᠢᠭᠦᠯᠬᠦ ᠶᠢ ᠴᠢᠬᠤᠯᠠᠴᠢᠯᠠᠵᠤ ᠂ ᠺᠠᠳᠠᠷ ᠴᠠᠭᠳᠠᠭ᠎ᠠ ᠶᠢᠨ ᠠᠵᠢᠯ ᠤᠨ ᠭᠠᠳᠠᠨᠠᠬᠢ ᠬᠥᠳᠡᠯᠭᠡᠭᠡᠨ ᠢ ᠬᠢᠵᠠᠭᠠᠷᠯᠠᠵᠤ ᠂ ᠺᠠᠳᠠᠷ ᠴᠠᠭᠳᠠᠭ᠎ᠠ ᠲᠤᠬᠠᠢᠯᠠᠭᠰᠠᠨ ᠠᠵᠢᠯ ᠤᠨ ᠱᠠᠭᠠᠷᠳᠠᠯᠭ᠎ᠠ ᠳᠤ ᠨᠡᠢᠴᠡᠭᠰᠡᠨ ᠦᠢᠯᠡ ᠠᠵᠢᠯᠯᠠᠭ᠎ᠠ ᠶᠢᠨ ᠬᠡᠯᠪᠡᠷᠢ ᠶᠢ ᠴᠢᠷᠮᠠᠢᠨ ᠬᠥᠮᠦᠵᠢᠭᠦᠯᠵᠦ ᠂ ᠬᠠᠤᠯᠢ ᠴᠠᠭᠠᠵᠠ ᠶᠢᠨ ᠰᠤᠷᠳᠠᠯ ᠪᠠ ᠬᠠᠤᠯᠢ ᠴᠠᠭᠠᠵᠠ ᠶᠢᠨ ᠲᠦᠷᠢ ᠲᠦᠷᠬᠦ ᠶᠢ ᠰᠠᠢᠵᠢᠷᠠᠭᠤᠯᠤᠨ᠎ᠠ ᠃ ᠨᠥᠭᠦᠭᠡ ᠳᠠᠯ᠎ᠠ ᠪᠠᠷ ᠂ ᠳᠡᠤᠬᠡ ᠶᠢᠨ ᠰᠤᠶᠤᠯ ᠢ ᠤᠯᠠᠮᠵᠢᠯᠠᠬᠤ ᠠᠳᠠᠯᠢ ᠂ ᠨᠡᠷ᠎ᠠ ᠬᠦᠨᠳᠦ ᠳᠠᠢ ᠰᠢᠬᠦᠭᠴᠢ ᠵᠠᠯᠠᠭᠤᠴᠤᠳ ᠲᠤ ᠤᠯᠠᠮᠵᠢᠯᠠᠬᠤ ᠬᠠᠪᠰᠤᠷᠬᠤ ᠳᠠᠭᠠᠭᠤᠯᠬᠤ ᠶᠢ ᠢᠳᠡᠪᠬᠢᠳᠠᠢ ᠦᠷᠨᠢᠬᠦᠯᠵᠦ ᠂ ᠬᠠᠤᠯᠢ ᠴᠠᠭᠠᠵᠠ ᠶᠢᠨ ᠰᠤᠶᠤᠯ ᠤᠨ ᠤᠯᠠᠮᠵᠢᠯᠠᠯ ᠢ ᠪᠡᠶᠡᠯᠡᠭᠦᠯᠦᠨ᠎ᠡ ᠃ ᠵᠠᠯᠠᠭᠤ ᠰᠢᠬᠦᠭᠴᠢ ᠶᠢᠨ ᠦᠨᠳᠦᠰᠦᠨ ᠱᠠᠳᠤᠨ ᠳᠤ ᠪᠠᠭᠤᠬᠤ ᠶᠢ ᠶᠡᠬᠡ ᠬᠦᠴᠦᠨ ᠢᠶᠡᠷ ᠲᠦᠯᠬᠢᠨ ᠠᠬᠢᠭᠤᠯᠵᠤ ᠂ ᠲᠡᠳᠡᠨ ᠦ ᠨᠡᠢᠬᠡᠮ ᠦᠨ ᠪᠠᠢᠳᠠᠯ ᠠᠷᠠᠳ ᠤᠨ ᠪᠠᠢᠳᠠᠯ ᠢ ᠣᠢᠯᠭᠠᠬᠤ ᠶᠢ ᠨᠡᠮᠡᠭᠳᠡᠬᠦᠯᠵᠦ ᠂ ᠤᠷᠳᠤᠰ ᠤᠨ ᠭᠠᠵᠠᠷ ᠤᠷᠤᠨ ᠤ ᠰᠤᠶᠤᠯ ᠪᠠ ᠦᠨᠳᠦᠰᠦᠲᠡᠨ ᠦ ᠤᠯᠠᠮᠵᠢᠯᠠᠯ ᠢ ᠤᠢᠯᠭᠠᠬᠤ ᠤᠷᠳᠤᠰ ᠤᠨ ᠰᠢᠬᠦᠬᠦ ᠬᠤᠷᠢᠶᠠᠨ ᠤ ᠰᠢᠬᠦᠭᠴᠢ ᠪᠤᠯᠤᠨ᠎ᠠ ᠃
(ᠭᠤᠷᠪᠠ)ᠤᠷᠳᠤᠰ ᠰᠤᠶᠤᠯ ᠤᠨ ᠡᠭᠦᠳᠦᠨ ᠪᠦᠲᠦᠭᠡᠬᠦ ᠵᠤᠷᠢᠭ ᠰᠠᠨᠠᠭ᠎ᠠ ᠪᠠᠷ ᠰᠢᠬᠦᠬᠦ ᠬᠤᠷᠢᠶᠠᠨ ᠤ ᠲᠦᠷᠢᠮ ᠦᠨ ᠰᠤᠶᠤᠯ ᠤᠨ ᠪᠦᠲᠦᠭᠡᠨ ᠪᠠᠢᠭᠤᠯᠤᠯᠲᠠ ᠶᠢ ᠲᠦᠯᠬᠢᠨ ᠠᠬᠢᠭᠤᠯᠵᠤ ᠂ ᠬᠠᠤᠯᠢ ᠴᠠᠭᠠᠵᠠ ᠶᠢᠨ ᠦᠢᠯᠡᠴᠢᠯᠡᠭᠡᠨ ᠦ ᠴᠢᠨᠠᠷ ᠪᠦᠲᠦᠮᠵᠢ ᠶᠢ ᠳᠡᠭᠡᠭᠰᠢᠯᠡᠭᠦᠯᠦᠨ᠎ᠡ
ᠰᠢᠬᠦᠬᠦ ᠬᠤᠷᠢᠶᠠᠨ ᠤ ᠲᠦᠷᠢᠮ ᠦᠨ ᠰᠤᠶᠤᠯ ᠤᠨ ᠢᠯᠡᠷᠡᠯ ᠦᠨ ᠠᠴᠢᠶᠠᠯᠠᠭᠴᠢ ᠨᠢ ᠰᠢᠬᠦᠬᠦ ᠬᠤᠷᠢᠶᠠᠨ ᠤ ᠤᠷᠳᠤ ᠬᠤᠭᠤᠴᠠᠭᠠᠨ ᠤ ᠰᠢᠬᠦᠨ ᠲᠠᠰᠤᠷᠠᠯᠲᠠ ᠶᠢᠨ ᠦᠢᠯᠡᠳᠦᠯᠭᠡ ᠳᠤᠮᠳᠠ ᠪᠤᠢ ᠪᠤᠯᠤᠭᠰᠠᠨ ᠰᠢᠬᠦᠨ ᠲᠠᠰᠤᠷᠠᠯᠲᠠ ᠶᠢᠨ ᠬᠠᠮᠢᠶᠠᠷᠤᠯᠲᠠ ᠶᠢ ᠬᠢᠵᠠᠭᠠᠷᠯᠠᠬᠤ ᠂ ᠡᠩᠨᠡᠭᠡᠨ ᠦ ᠪᠦᠲᠦᠬᠡᠨ ᠪᠠᠢᠭᠤᠯᠤᠯᠲᠠ ᠶᠢ ᠬᠢᠵᠠᠭᠠᠷᠯᠠᠬᠤ ᠵᠢᠴᠢ ᠵᠠᠰᠠᠭ ᠤᠨ ᠶᠠᠪᠤᠳᠠᠯ ᠤᠨ ᠬᠠᠮᠢᠶᠠᠷᠤᠯᠲᠠ ᠶᠢ ᠬᠢᠵᠠᠭᠠᠷᠯᠠᠬᠤ ᠵᠡᠷᠬᠡ ᠠᠵᠢᠯ ᠤᠨ ᠲᠦᠷᠢᠮᠵᠢᠭᠰᠡᠨ ᠮᠠᠲ᠋ᠧᠷᠢᠶᠠᠯ ᠤᠨ ᠶᠡᠷᠦᠩᠬᠡᠢ ᠳᠤᠭ᠎ᠠ ᠮᠦᠨ ᠃ ᠲᠦᠷᠢᠮ ᠦᠨ ᠰᠤᠶᠤᠯ ᠢ ᠴᠢᠩᠭᠠᠳᠭᠠᠵᠤ ᠳᠤ ᠯᠠᠪᠳᠠᠢ ᠲᠦᠷᠢᠮ ᠦᠨ ᠲᠦᠷᠢᠮᠵᠢᠯᠡᠯ ᠦᠨ ᠴᠢᠨᠠᠷ ᠪᠠ ᠬᠦᠢᠴᠡᠳᠭᠡᠵᠦ ᠪᠣᠯᠬᠤᠢᠴᠠ ᠴᠢᠨᠠᠷ ᠢ ᠱᠠᠭᠠᠷᠳᠠᠬᠤ ᠮᠦᠷᠲᠡᠭᠡᠨ ᠰᠢᠬᠦᠬᠦ ᠬᠤᠷᠢᠶᠠᠨ ᠤ ᠡᠯ᠎ᠠ ᠲᠦᠷᠦᠯ ᠦᠨ ᠠᠵᠢᠯ ᠢ ᠪᠦᠲᠦᠮᠵᠢᠲᠠᠢ ᠬᠠᠮᠢᠶᠠᠷᠴᠤ ᠂ ᠲᠡᠭᠦᠨ ᠢ ᠰᠢᠬᠦᠬᠦ ᠬᠤᠷᠢᠶᠠᠨ ᠤ ᠰᠢᠬᠦᠨ ᠲᠠᠰᠤᠯᠤᠯᠲᠠ ᠵᠢᠴᠢ ᠡᠯ᠎ᠠ ᠲᠦᠷᠦᠯ ᠦᠨ ᠠᠵᠢᠯ ᠢ ᠳᠡᠭᠡᠭᠰᠢᠯᠡᠭᠦᠯᠬᠦ ᠪᠦᠲᠦᠮᠵᠢᠲᠠᠢ ᠠᠴᠢᠶᠠᠯᠠᠭᠴᠢ ᠪᠤᠯᠭᠠᠨ᠎ᠠ ᠃ ᠤᠷᠳᠤᠰ ᠰᠢᠬᠦᠬᠦ ᠬᠤᠷᠢᠶᠠᠨ ᠤ ᠲᠦᠷᠢᠮ ᠦᠨ ᠰᠤᠶᠤᠯ ᠤᠨ ᠪᠦᠲᠦᠭᠡᠨ ᠪᠠᠢᠭᠤᠯᠤᠯᠲᠠ ᠨᠢ ᠤᠷᠳᠤᠰ ᠰᠤᠶᠤᠯ ᠤᠨ《ᠰᠢᠨ᠎ᠡ ᠶᠢ ᠡᠭᠦᠳᠦᠨ ᠪᠦᠲᠦᠭᠡᠬᠦ》ᠪᠤᠯᠤᠨ《ᠬᠦᠮᠦᠨ ᠦ ᠡᠮᠦᠨ᠎ᠠ ᠭᠠᠷᠬᠤ》ᠵᠤᠷᠢᠭ ᠰᠠᠨᠠᠭ᠎ᠠ ᠠᠴᠠ ᠰᠠᠯᠵᠤ ᠴᠢᠳᠠᠬᠤ ᠦᠬᠡᠢ ᠶᠤᠮ ᠃ ᠤᠷᠳᠤᠰ ᠰᠤᠶᠤᠯ ᠤᠨ ᠤᠯᠠᠮᠵᠢᠯᠠᠯ ᠤᠨ ᠤᠷᠳᠤ ᠤᠳᠠᠭᠠᠨ ᠲᠡᠤᠬᠡᠨ ᠶᠠᠪᠤᠴᠠ ᠳᠤ᠂《ᠨᠡᠭᠦᠳᠡᠯᠯᠡᠨ ᠮᠠᠯᠵᠢᠬᠤ ᠪᠤᠯᠪᠠᠰᠤᠨ》 ᠠᠴᠠ ᠡᠬᠢᠯᠡᠭᠰᠡᠨ ᠤᠷᠳᠤᠰ ᠬᠦᠮᠦᠨ ᠂ ᠥᠪᠡᠷ ᠦᠨ ᠦᠢᠯᠡᠳᠪᠦᠷᠢᠯᠡᠯ ᠠᠮᠢᠳᠤᠷᠠᠯ ᠤᠨ ᠲᠦᠯᠦᠭᠡ ᠂ᠦᠢᠯᠡᠳᠦᠯᠭᠡ ᠳᠤᠮᠳᠠ ᠮᠠᠰᠢ ᠴᠢᠩᠭ᠎ᠠ ᠨᠡᠬᠡᠬᠡᠯᠲᠡ ᠬᠢᠬᠦ ᠰᠢᠨ᠎ᠠ ᠶᠢ ᠡᠬᠦᠳᠬᠦ ᠴᠢᠳᠠᠪᠤᠷᠢ ᠶᠢ ᠬᠦᠮᠦᠵᠢᠬᠦᠯᠵᠦ ᠂ ᠮᠣᠩᠭᠤᠯ ᠶᠤᠸᠠᠨ ᠬᠠᠭᠠᠨᠳᠤ ᠤᠯᠤᠰ ᠤᠨ ᠪᠠᠢᠭᠤᠯᠤᠭᠳᠠᠭᠰᠠᠨ ᠠᠴᠠ ᠦᠪᠦᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠩᠬᠠᠨ ᠤ ᠡᠪ ᠬᠠᠮᠳᠤ ᠨᠠᠮ ᠤᠨ ᠡᠬᠦᠷ ᠪᠠᠢᠭᠤᠯᠤᠭᠳᠠᠭᠰᠠᠨ ᠬᠦᠷᠳᠡᠯ᠎ᠠ᠂ ᠤᠳᠤ ᠶᠢᠨ《ᠤᠷᠳᠤᠰ ᠦᠵᠡᠭᠳᠡᠯ》 ᠪᠤᠢ ᠪᠣᠯᠤᠭᠰᠠᠨ ᠬᠦᠷᠳᠡᠯ᠎ᠠ ᠂ ᠪᠦᠷ ᠤᠷᠳᠤᠰ ᠬᠦᠮᠦᠨ ᠦ ᠤᠯᠠᠨ ᠤ ᠡᠮᠦᠨ᠎ᠠ ᠭᠠᠷᠬᠤ ᠵᠤᠷᠢᠭᠳᠠᠢ ᠡᠭᠦᠳᠦᠨ ᠪᠦᠲᠦᠭᠡᠬᠦ ᠵᠤᠷᠢᠭ ᠰᠠᠨᠠᠭ᠎ᠠ ᠶᠢ ᠢᠯᠡᠷᠡᠭᠦᠯᠵᠦ ᠪᠠᠢᠨ᠎ᠠ ᠃ ᠡᠢᠮᠦ ᠡᠴᠡ ᠤᠷᠳᠤᠰ ᠤᠨ ᠰᠢᠬᠦᠬᠦ ᠬᠤᠷᠢᠶᠠᠨ ᠤ ᠲᠦᠷᠢᠮ ᠦᠨ ᠰᠤᠶᠤᠯ ᠤᠨ ᠪᠦᠲᠦᠭᠡᠨ ᠪᠠᠢᠭᠤᠯᠤᠯᠲᠠ ᠶᠢᠨ ᠬᠦᠷᠢᠶ᠎ᠡ ᠬᠡᠪᠴᠢᠶ᠎ᠠ ᠳᠤ ᠰᠢᠬᠦᠭᠴᠢ ᠶᠢᠨ ᠰᠤᠶᠤᠯ ᠤᠨ ᠤᠬᠠᠮᠰᠠᠷ ᠂ ᠨᠡᠭᠡᠭᠡᠯᠲᠡ ᠶᠢᠨ ᠤᠬᠠᠮᠰᠠᠷ ᠪᠠ ᠰᠢᠨ᠎ᠠ ᠶᠢ ᠡᠭᠦᠳᠬᠦ ᠵᠤᠷᠢᠭ ᠰᠠᠨᠠᠨᠭᠠᠨ ᠤ ᠰᠤᠷᠭᠠᠨ ᠬᠥᠮᠦᠵᠢᠯ ᠢ ᠴᠢᠩᠭ᠎ᠠ ᠪᠠᠷᠢᠬᠤ ᠨᠢ ᠴᠢᠬᠤᠯᠠ ᠪᠠᠢᠵᠤ ᠂ 《ᠨᠡᠭᠡᠭᠡᠯᠲᠡ ᠬᠢᠵᠦ ᠰᠢᠨ᠎ᠠ ᠶᠢ ᠡᠭᠦᠳᠬᠦ》 ᠶᠢ ᠰᠢᠬᠦᠬᠦ ᠬᠤᠷᠢᠶᠠᠨ ᠤ ᠰᠤᠶᠤᠯ ᠤᠨ ᠬᠦᠭᠵᠢᠯᠲᠡ ᠶᠢᠨ ᠬᠠᠮᠤᠭ ᠴᠢᠬᠤᠯᠠ ᠡᠬᠢ ᠪᠤᠯᠠᠭ ᠪᠤᠯᠭᠠᠵᠤ ᠂ ᠤᠯᠠᠮ ᠨᠢᠬᠡ ᠠᠯᠬᠤᠮ ᠰᠢᠬᠦᠬᠦ ᠬᠤᠷᠢᠶᠠᠨ ᠤ ᠲᠦᠷᠢᠮ ᠳᠤ ᠰᠢᠨ᠎ᠠ ᠶᠢ ᠡᠭᠦᠳᠬᠦ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠲᠦᠷᠢᠮ ᠢᠶᠡᠷ ᠰᠢᠬᠦᠬᠦ ᠬᠤᠷᠢᠶᠠᠨ ᠤ ᠰᠢᠬᠦᠨ ᠳᠠᠰᠤᠯᠤᠯᠲᠠ ᠂ ᠬᠠᠮᠢᠶᠠᠷᠤᠯᠲᠠ ᠵᠡᠷᠬᠡ ᠡᠯ᠎ᠠ ᠲᠦᠷᠦᠯ ᠦᠨ ᠠᠵᠢᠯ ᠤᠨ ᠲᠦᠷᠢᠮ ᠳᠦ ᠰᠢᠨ᠎ᠠ ᠶᠢ ᠡᠭᠦᠳᠴᠦ ᠂ ᠵᠠᠯᠭᠠᠯᠲᠠ ᠬᠦᠴᠦᠲᠠᠢ ᠂ ᠬᠢᠵᠠᠭᠠᠷᠯᠠᠯ ᠪᠦᠲᠦᠮᠵᠢ ᠳᠠᠢ ᠂ ᠤᠳᠤᠬᠢ ᠪᠠᠢᠳᠠᠯ ᠳᠤ ᠳᠤᠬᠢᠷᠠᠬᠤ ᠪᠤᠯᠤᠨ ᠬᠠᠤᠯᠢ ᠴᠠᠭᠠᠵᠠ ᠶᠢᠨ ᠲᠦᠷᠢᠮ ᠳᠤᠭᠳᠠᠭᠠᠯ ᠦᠨ ᠲᠦᠷᠢᠮ ᠦᠨ ᠰᠢᠰᠲ᠋ᠧᠮ ᠢ ᠪᠤᠢ ᠪᠤᠯᠭᠠᠵᠤ ᠂ ᠲᠦᠷᠢᠮ ᠢᠶᠡᠷ ᠬᠦᠮᠦᠨ ᠬᠠᠮᠢᠶᠠᠷᠬᠤ ᠂ ᠶᠠᠪᠤᠳᠠᠯ ᠬᠠᠮᠢᠶᠠᠷᠬᠤ ᠂ ᠬᠡᠷᠡᠭ ᠬᠠᠮᠢᠶᠠᠷᠬᠤ ᠰᠠᠢᠨ ᠲᠦᠷᠢ ᠲᠦᠷᠬᠦ ᠶᠢ ᠪᠤᠳᠠᠳᠠᠢ ᠪᠡᠶᠡᠯᠡᠭᠦᠯᠦᠨ᠎ᠡ ᠃
(ᠲᠦᠷᠪᠡ)ᠤᠷᠳᠤᠰ ᠰᠤᠶᠤᠯ ᠤᠨ ᠣᠨᠴᠠᠯᠢᠭ ᠳᠠᠢ ᠠᠴᠢᠶᠠᠯᠠᠭᠴᠢ ᠪᠠᠷ ᠰᠢᠬᠦᠬᠦ ᠬᠤᠷᠢᠶᠠᠨ ᠤ ᠪᠤᠳᠠᠰ ᠤᠨ ᠰᠤᠶᠤᠯ ᠤᠨ ᠪᠦᠲᠦᠭᠡᠨ ᠪᠠᠢᠭᠤᠯᠤᠯᠲᠠ ᠶᠢ ᠪᠠᠶᠠᠯᠢᠭᠵᠢᠭᠤᠯᠵᠤ ᠂ ᠠᠷᠠᠳ ᠤᠨ ᠲᠦᠯᠦᠭᠡ ᠬᠠᠤᠯᠢ ᠪᠠᠷᠢᠬᠤ ᠰᠠᠭᠤᠷᠢ ᠶᠢ ᠪᠡᠬᠢᠵᠢᠭᠦᠯᠦᠨ᠎ᠡ
ᠰᠢᠬᠦᠬᠦ ᠬᠤᠷᠢᠶᠠᠨ ᠤ ᠪᠤᠳᠠᠰ ᠤᠨ ᠰᠤᠶᠤᠯ ᠪᠤᠯ ᠰᠢᠬᠦᠬᠦ ᠬᠤᠷᠢᠶᠠᠨ ᠤ ᠰᠤᠶᠤᠯ ᠤᠨ ᠭᠠᠳᠠᠷ ᠲᠦᠷᠢ ᠂ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠦᠷ᠎ᠠ ᠪᠦᠲᠦᠮᠵᠢ ᠶᠢ ᠢᠯᠡᠷᠡᠭᠦᠯᠬᠦ ᠠᠴᠢᠶᠠᠯᠠᠭᠴᠢ ᠮᠦᠨ ᠃ ᠡᠢᠮᠦ ᠡᠴᠡ ᠰᠢᠬᠦᠬᠦ ᠬᠤᠷᠢᠶᠠᠨ ᠤ ᠪᠤᠳᠠᠰ ᠤᠨ ᠰᠤᠶᠤᠯ ᠤᠨ ᠪᠦᠲᠦᠭᠡᠨ ᠪᠠᠢᠭᠤᠯᠤᠯᠲᠠ ᠨᠢ ᠵᠦᠭᠡᠯᠡᠨ ᠬᠠᠳᠠᠭᠤ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ ᠰᠠᠢᠨ ᠬᠢᠬᠦ ᠡᠴᠡ ᠭᠠᠷ ᠤᠷᠤᠵᠤ ᠂ ᠰᠢᠬᠦᠬᠦ ᠬᠤᠷᠢᠶᠠᠨ ᠤ ᠰᠤᠶᠤᠯ ᠤᠨ ᠤᠷᠴᠢᠨ ᠲᠣᠭᠤᠷᠢᠨ ᠨᠢ ᠲᠡᠤᠬᠡ ᠰᠤᠶᠤᠯ ᠤᠨ ᠰᠠᠭᠤᠭᠳᠠᠯ ᠢ ᠢᠯᠡᠷᠡᠬᠦᠯᠵᠦ᠂ ᠣᠷᠴᠢᠨ ᠳᠤᠭᠤᠷᠢᠨ ᠂ ᠪᠠᠷᠢᠯᠭ᠎ᠠ ᠂ ᠳᠡᠯᠭᠡᠨ ᠦᠵᠡᠭᠦᠯᠦᠯᠭᠡ ᠵᠢᠴᠢ ᠤᠷᠴᠢᠨ ᠪᠠᠢᠳᠠᠯ ᠢᠶᠠᠷ ᠳᠠᠮᠵᠢᠵᠤ ᠦᠯᠦ ᠮᠡᠳᠡᠭᠳᠡᠬᠦ ᠰᠤᠷᠭᠠᠨ ᠬᠥᠮᠦᠵᠢᠯ ᠦᠨ ᠦᠷ᠎ᠠ ᠪᠦᠲᠦᠮᠵᠢ ᠳᠦ ᠬᠦᠷᠦᠨ᠎ᠠ ᠃ ᠤᠷᠢᠳᠠᠪᠡᠷ ᠂ ᠪᠤᠳᠠᠰ ᠤᠨ ᠪᠦᠲᠦᠭᠡᠨ ᠪᠠᠢᠭᠤᠯᠤᠯᠲᠠ ᠳᠦ ᠤᠷᠳᠤᠰ ᠰᠤᠶᠤᠯ ᠤᠨ ᠦᠨᠳᠦᠰᠦ ᠰᠤᠷᠪᠤᠯᠵᠢ ᠶᠢ ᠢᠯᠡᠷᠡᠬᠦᠯᠦᠨ᠎ᠠ ᠃《ᠬᠡᠪᠴᠢᠶ᠎ᠠ ᠳᠤᠬᠢᠷᠠᠮᠵᠢᠲᠠᠢ᠂ ᠲᠦᠪ ᠶᠡᠬᠡᠮᠰᠦᠭ ᠪᠤᠳᠠᠳᠤ ᠬᠡᠷᠡᠭ ᠳᠠᠢ᠂ ᠪᠠᠢᠷᠢᠯᠠᠭᠤᠯᠤᠯᠲᠠ ᠵᠤᠬᠢᠰᠲᠠᠢ ᠂ ᠴᠢᠳᠠᠮᠵᠢ ᠪᠦᠷᠢᠨ᠂ ᠤᠨᠴᠠᠯᠢᠭ ᠲᠣᠪᠤᠢᠮ᠎ᠠ》ᠱᠠᠭᠠᠷᠳᠠᠯᠭ᠎ᠠ ᠶᠤᠰᠤᠭᠠᠷ ᠰᠢᠨ᠎ᠠ ᠪᠠᠢᠭᠤᠯᠤᠭᠳᠠᠭᠰᠠᠨ ᠠᠯᠪᠠᠨ ᠭᠡᠷ ᠦᠨ ᠠᠰᠠᠷ ᠢ ᠵᠠᠰᠠᠵᠤ ᠂ ᠰᠢᠬᠦᠬᠦ ᠬᠤᠷᠢᠶᠠᠨ ᠤ ᠤᠨᠴᠠᠯᠢᠭ ᠢ ᠢᠯᠡᠷᠡᠭᠦᠯᠬᠦ ᠪᠡᠷ ᠪᠠᠷᠠᠬᠤ ᠦᠬᠡᠢ ᠦᠨᠳᠦᠰᠦᠲᠡᠨ ᠦ ᠬᠡᠪ ᠨᠠᠮᠪᠠ ᠶᠢ ᠪᠠᠰᠠ ᠢᠯᠡᠷᠡᠭᠦᠯᠵᠦ᠂ ᠭᠠᠵᠠᠷ ᠤᠷᠤᠨ ᠤ ᠦᠨᠳᠦᠰᠦᠲᠡᠨ ᠦ ᠤᠨᠴᠠᠯᠢᠭ ᠳᠠᠢ ᠰᠢᠬᠦᠬᠦ ᠬᠤᠷᠢᠶᠠᠨ ᠤ ᠣᠷᠤᠨ ᠤᠷᠴᠢᠨ ᠪᠠᠢᠳᠠᠯ ᠢ ᠳᠣᠪᠤᠢᠯᠭᠠᠨᠠ ᠃ ᠰᠢᠬᠦᠬᠦ ᠬᠤᠷᠢᠶᠠᠨ ᠤ ᠬᠦᠷᠢᠶ᠎ᠠ ᠂ ᠰᠢᠬᠦᠨ ᠲᠠᠰᠤᠷᠠᠯᠲᠠ ᠶᠢᠨ ᠠᠰᠠᠷ ᠂ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ᠂ ᠬᠤᠷᠠᠯᠳᠤᠭᠠᠨ ᠤ ᠳᠠᠰᠤᠭ ᠵᠡᠷᠬᠡ ᠪᠠᠢᠷᠢᠯᠠᠭᠤᠯᠤᠯᠲᠠ ᠳᠤ ᠤᠷᠳᠤᠰ ᠰᠤᠶᠤᠯ ᠤᠨ ᠠᠭᠤᠯᠤᠭᠳᠠᠬᠤᠨ ᠵᠢᠴᠢ ᠬᠠᠤᠯᠢ ᠴᠠᠭᠠᠵᠠ ᠶᠢᠨ ᠰᠤᠷᠭᠠᠯ ᠦᠬᠡ ᠂ ᠵᠢᠷᠤᠭ ᠱᠤᠭᠤᠮᠠᠯ ᠢ ᠢᠯᠡᠷᠡᠭᠦᠯᠵᠦ ᠂ ᠤᠷᠤᠭᠰᠢ ᠳᠠᠪᠰᠢᠬᠤ ᠂ ᠪᠠᠭᠳᠠᠭᠠᠮᠵᠢᠲᠠᠢ ᠂ ᠦᠨᠡᠨᠴᠢ ᠢᠳᠡᠬᠡᠯ ᠳᠠᠢ ᠂ ᠰᠢᠨ᠎ᠠ ᠶᠢ ᠡᠭᠦᠳᠬᠦ ᠵᠡᠷᠬᠡ ᠦᠵᠡᠯᠲᠡ ᠶᠢ ᠴᠢᠮᠡᠭᠯᠡᠯ ᠪᠠ ᠰᠢᠬᠦᠬᠦ ᠲᠢᠩᠬᠢᠮ ᠦᠨ ᠪᠠᠢᠷᠢᠯᠠᠭᠤᠯᠤᠯᠲᠠ ᠳᠤ ᠤᠷᠤᠭᠤᠯᠵᠤ ᠂ ᠭᠠᠵᠠᠲ ᠤᠷᠤᠨ ᠤ ᠤᠨᠴᠠᠯᠢᠭ ᠳᠠᠢ ᠂ ᠰᠤᠶᠤᠯ ᠤᠨ ᠦᠨᠳᠦᠰᠦ ᠰᠤᠷᠪᠤᠯᠵᠢ ᠳᠠᠢ ᠂ ᠳᠡᠤᠬᠡ ᠶᠢᠨ ᠠᠭᠤᠯᠤᠭᠳᠠᠬᠤᠨ ᠳᠠᠢ ᠂ ᠬᠠᠤᠯᠢ ᠪᠠᠷ ᠵᠠᠰᠠᠬᠤ ᠵᠤᠷᠢᠭ ᠰᠠᠨᠠᠭ᠎ᠠ ᠳᠠᠢ ᠰᠢᠬᠦᠬᠦ ᠬᠤᠷᠢᠶᠠᠨ ᠤ ᠪᠠᠷᠢᠯᠭ᠎ᠠ ᠶᠢᠨ ᠬᠡᠪ ᠨᠠᠮᠪᠠ ᠪᠤᠢ ᠪᠣᠯᠭᠠᠨ᠎ᠠ ᠃ ᠳᠠᠷᠠᠭ᠎ᠠ ᠨᠢ᠂ ᠪᠤᠳᠠᠰ ᠤᠨ ᠰᠤᠶᠤᠯ ᠤᠨ ᠪᠦᠲᠦᠭᠡᠨ ᠪᠠᠢᠭᠤᠯᠤᠯᠲᠠ ᠨᠢ ᠦᠷᠬᠦᠯᠵᠢᠯᠡᠨ ᠳᠤᠬᠠᠢ ᠶᠢᠨ ᠭᠠᠵᠠᠷ ᠤᠨ ᠦᠨᠳᠦᠰᠦᠲᠡᠨ ᠦ ᠦᠨᠡᠨᠴᠢ ᠢᠳᠡᠬᠡᠯ ᠳᠠᠢ ᠂ ᠰᠢᠷᠭᠠᠭᠠᠤ ᠬᠠᠳᠠᠭᠤᠵᠢᠯᠲᠠᠢ ᠂ ᠴᠦᠬᠦᠷᠡᠯ ᠦᠬᠡᠢ ᠴᠢᠷᠮᠠᠢᠬᠤ ᠂ ᠰᠢᠨ᠎ᠠ ᠶᠢ ᠡᠭᠦᠳᠬᠦ ᠦᠨᠳᠦᠰᠦᠲᠡᠨ ᠦ ᠵᠤᠷᠢᠭ ᠰᠠᠨᠠᠭ᠎ᠠ ᠶᠢ ᠤᠯᠠᠮᠵᠢᠯᠠᠬᠤ ᠪᠠ ᠪᠠᠳᠠᠷᠠᠭᠤᠯᠵᠤ ᠂ ᠦᠨᠳᠦᠰᠦᠲᠡᠨ ᠦ ᠳᠠᠪᠰᠢᠭᠰᠠᠨ ᠵᠦᠢᠯ ᠢ ᠵᠦᠢ ᠵᠤᠬᠢᠰᠳᠠᠢ ᠰᠢᠩᠭᠡᠭᠡᠵᠦ ᠂ ᠲᠠᠰᠤᠷᠠᠯᠲᠠ ᠦᠬᠡᠢ ᠰᠢᠨᠡᠴᠢᠯᠡᠵᠦ ᠂ ᠰᠢᠬᠦᠬᠦ ᠬᠤᠷᠢᠶᠠᠨ ᠤ ᠰᠤᠶᠤᠯ ᠢ ᠨᠢᠭᠳᠠᠷᠠᠭᠤᠯᠬᠤ ᠪᠤᠳᠠᠰ ᠤᠨ ᠤᠷᠴᠢᠨ ᠪᠤᠢ ᠪᠤᠯᠭᠠᠵᠤ ᠂ ᠪᠤᠳᠠᠰ ᠤᠨ ᠬᠡᠯᠪᠡᠷᠢ ᠪᠡᠷ ᠨᠡᠢᠬᠡᠮ ᠨᠡᠢᠳᠡ ᠳᠦ ᠦᠯᠦ ᠮᠡᠳᠡᠭᠳᠡᠬᠦ ᠨᠥᠯᠦᠭᠡ ᠦᠵᠡᠬᠦᠯᠵᠦ ᠂ ᠤᠷᠳᠤᠰ ᠤᠨ ᠰᠢᠬᠦᠬᠦ ᠬᠤᠷᠢᠶᠠᠨ ᠤ ᠰᠤᠶᠤᠯ ᠢ ᠤᠷᠳᠤᠰ ᠤᠨ ᠵᠤᠷᠢᠭ ᠰᠠᠨᠠᠨᠭᠠᠨ ᠤ ᠲᠦᠯᠦᠭᠡᠯᠡᠭᠴᠢ ᠪᠤᠯᠭᠠᠨ᠎ᠠ ᠃ ᠳᠡᠭᠡᠷ᠎ᠠ ᠳᠤᠷᠠᠳᠤᠭᠰᠠᠨ ᠪᠣᠳᠠᠰ ᠤᠨ ᠬᠡᠯᠪᠡᠷᠢ ᠶᠢᠨ ᠪᠦᠲᠦᠭᠡᠨ ᠪᠠᠢᠭᠤᠯᠤᠯᠲᠠ ᠨᠢ ᠡᠳ᠋ ᠦᠨ ᠵᠠᠰᠠᠭ ᠳᠤᠰᠬᠠᠢ ᠲᠦᠰᠦᠪ ᠦᠨ ᠣᠷᠤᠭᠤᠯᠤᠯᠲᠠ ᠠᠴᠠ ᠰᠠᠯᠵᠤ ᠳᠡᠢᠯᠬᠦ ᠦᠬᠡᠢ ᠶᠤᠮ ᠃ ᠡᠢᠮᠦ ᠡᠴᠡ ᠤᠷᠳᠤᠰ ᠤᠨ ᠰᠢᠬᠦᠬᠦ ᠬᠤᠷᠢᠶᠠᠨ ᠤ ᠪᠤᠳᠠᠰ ᠤᠨ ᠰᠤᠶᠤᠯ ᠤᠨ ᠪᠦᠲᠦᠭᠡᠨ ᠪᠠᠢᠭᠤᠯᠤᠯᠲᠠ ᠶᠢᠨ ᠳᠤᠰᠬᠠᠢ ᠣᠷᠤᠭᠤᠯᠤᠯᠲᠠ ᠶᠢ ᠪᠠᠳᠤᠯᠠᠬᠤ ᠨᠢ ᠰᠤᠶᠤᠯ ᠤᠨ ᠪᠦᠲᠦᠭᠡᠨ ᠪᠠᠢᠭᠤᠯᠤᠯᠲᠠ ᠬᠥᠭᠵᠢᠯᠲᠡ ᠶᠢ ᠭᠦᠨᠵᠡᠭᠡᠢᠷᠡᠭᠦᠯᠬᠦ ᠶᠢ ᠲᠦᠯᠬᠢᠨ ᠠᠬᠢᠭᠤᠯᠬᠤ ᠭᠣᠣᠯᠳᠠᠯᠭ᠎ᠠ ᠮᠦᠨ ᠃
ᠰᠢᠬᠦᠬᠦ ᠬᠤᠷᠢᠶᠠᠨ ᠤ ᠰᠤᠶᠤᠯ ᠨᠢ ᠲᠡᠤᠬᠡ ᠶᠢᠨ ᠮᠦᠨᠴᠦ ᠤᠳᠤ ᠦᠶ᠎ᠠ ᠶᠢᠨ ᠮᠦᠨ᠃ ᠴᠢᠯᠦᠭᠡᠲᠡᠢ ᠤᠯᠠᠨ ᠡᠰᠢᠲᠦ ᠮᠦᠷᠲᠡᠭᠡᠨ ᠭᠠᠵᠠᠷ ᠤᠷᠤᠨ ᠢᠶᠠᠷ ᠢᠯᠭᠠᠭ᠎ᠠ ᠳᠠᠢ ᠪᠠᠢᠳᠠᠭ ᠃ ᠡᠢᠮᠦ ᠡᠴᠡ ᠳᠠᠪᠰᠢᠭᠰᠠᠨ ᠪᠦᠭᠡᠳ ᠦᠨᠳᠦᠰᠦᠲᠡᠨ ᠪᠠ ᠭᠠᠵᠠᠷ ᠤᠷᠤᠨ ᠤ ᠤᠨᠴᠠᠯᠢᠭ ᠳᠠᠢ ᠰᠢᠬᠦᠬᠦ ᠬᠤᠷᠢᠶᠠᠨ ᠤ ᠰᠤᠶᠤᠯ ᠢ ᠪᠦᠲᠦᠭᠡᠨ ᠪᠠᠢᠭᠤᠯᠬᠤ ᠳᠤ ᠂ ᠰᠢᠯᠢᠳᠡᠭ ᠰᠢᠬᠦᠬᠦ ᠬᠤᠷᠢᠶᠠᠨ ᠤ ᠳᠤᠷᠰᠢᠯᠭ᠎ᠠ ᠪᠠᠷ ᠳᠤᠯᠢ ᠪᠤᠯᠭᠠᠬᠤ ᠪᠠᠷ ᠪᠠᠷᠠᠬᠤ ᠦᠬᠡᠢ ᠪᠠᠰᠠ ᠦᠪᠡᠷ ᠦᠨ ᠰᠤᠶᠤᠯ ᠤᠨ ᠬᠦᠭᠵᠢᠯᠲᠡ ᠶᠢᠨ ᠬᠤᠭᠤᠴᠠᠭᠠᠲᠤ ᠴᠢᠨᠠᠷ ᠲᠤ ᠨᠡᠢᠴᠡᠬᠦ ᠬᠡᠷᠡᠭᠲᠡᠢ᠃ ᠤᠯᠠᠮᠵᠢᠯᠠᠬᠤ ᠪᠠ ᠰᠢᠨ᠎ᠠ ᠶᠢ ᠡᠭᠦᠳᠬᠦ ᠶᠢ ᠪᠠᠷᠢᠮᠳᠠᠯᠠᠬᠤ ᠮᠦᠷᠲᠡᠭᠡᠨ ᠨᠡᠢᠲᠡᠯᠢᠭ ᠴᠢᠨᠠᠷ ᠪᠠ ᠳᠣᠪᠤᠢᠭᠰᠠᠨ ᠣᠨᠴᠠᠯᠢᠭ ᠢ ᠨᠡᠢᠯᠡᠭᠦᠯᠬᠦ ᠶᠢ ᠪᠠᠷᠢᠮᠳᠠᠯᠠᠬᠤ ᠬᠡᠷᠡᠭᠲᠡᠢ ᠃ ᠤᠷᠳᠤᠰ ᠤᠨ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠡᠯᠪᠡᠭ ᠪᠠᠶᠠᠯᠢᠭ ᠪᠤᠯᠭᠠᠵᠤ ᠂ ᠤᠷᠳᠤᠰ ᠤᠨ ᠠᠵᠤ ᠠᠬᠤᠢ ᠦᠷᠬᠦᠯᠵᠢᠯᠡᠨ ᠬᠦᠭᠵᠢᠬᠦ ᠬᠦᠴᠦᠷᠭᠡᠭ ᠳᠦᠯᠬᠢᠬᠦ ᠬᠦᠴᠦᠨ ᠪᠤᠯᠵᠤ ᠂ ᠤᠷᠳᠤᠰ ᠤᠨ ᠰᠡᠷᠭᠦᠨ ᠮᠠᠨᠳᠤᠯᠲᠠ ᠳᠤᠭᠳᠠᠭᠤᠨ ᠢᠶᠠᠷ ᠬᠦᠭᠵᠢᠬᠦ ᠶᠢ ᠵᠢᠩᠬᠢᠨᠢ ᠪᠡᠷ ᠪᠡᠶᠡᠯᠡᠭᠦᠯᠬᠦ ᠳᠦ ᠵᠤᠬᠢᠬᠤ ᠦᠢᠯᠡᠳᠦᠯ ᠢᠶᠡᠨ ᠪᠠᠳᠠᠷᠠᠭᠤᠯᠨᠠ ᠃
ᠯᠠᠪᠯᠠᠯᠲᠠ ᠪᠤᠯᠭᠠᠭᠰᠠᠨ ᠪᠢᠴᠢᠭ᠌ ᠮᠠᠲ᠋ᠧᠷᠢᠶᠠᠯ᠄
【1】 ᠵᠤᠤ ᠨᠢᠶᠠᠨ᠄ 《ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢᠨ ᠳᠤᠬᠠᠢ ᠬᠡᠳᠦᠨ ᠰᠡᠳᠭᠢᠯᠲᠡ》᠂《ᠪᠠᠷᠠᠭᠤᠨ ᠤᠷᠤᠨ ᠤ ᠬᠠᠤᠯᠢ ᠪᠠᠷ ᠵᠠᠰᠠᠬᠤ ᠰᠤᠨᠢᠨ》 ᠠᠴᠠ ᠰᠢᠯᠵᠢᠭᠦᠯᠪᠡ᠂ 2006 ᠤᠨ ᠤ 6 ᠰᠠᠷᠠᠢᠨ 29 ᠤ ᠡᠳᠦᠷ ᠦᠨ ᠭᠤᠷᠪᠠᠳᠤᠭᠠᠷ ᠬᠡᠪᠯᠡᠯ
【2】 ᠡᠦ ᠶᠢᠩ ᠵᠦᠩ᠄ 《ᠦᠨᠳᠦᠰᠦᠨ ᠱᠠᠳᠤᠨ ᠤ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠲᠦᠬᠦᠮ ᠦᠬᠦᠯᠡᠬᠦ ᠨᠢ》᠂ ᠳᠤᠮᠳᠠᠳᠤ ᠤᠯᠤᠰ ᠤᠨ ᠰᠢᠭᠦᠬᠦ ᠬᠤᠷᠢᠶᠠᠨ ᠠᠴᠠ ᠰᠢᠯᠵᠢᠭᠦᠯᠪᠡ᠂ 2012 ᠤᠨ 9 ᠰᠠᠷᠠᠢᠨ 26 ᠤ ᠡᠳᠦᠷ ᠦᠨ ᠰᠤᠷᠪᠤᠯᠵᠢᠯᠠᠭ᠎ᠠ ᠃
【3】 ᠶᠠᠩ ᠯᠢ ᠸᠸᠢ ᠂ ᠸᠠᠩ ᠢᠦᠢ ᠵᠦᠸᠸ᠄ 《ᠨᠡᠭᠦᠷᠡᠰᠦ ᠤᠬᠤᠬᠤ ᠠᠴᠠ ᠰᠤᠶᠤᠯ ᠤᠬᠤᠬᠤ ᠳᠡᠰᠢ ᠬᠤᠪᠢᠷᠠᠬᠤ》᠂《ᠦᠪᠦᠷ ᠮᠤᠩᠭᠤᠯ ᠤᠨ ᠡᠳᠦᠷ ᠦᠨ ᠰᠤᠨᠢᠨ》 ᠠᠴᠠ ᠰᠢᠯᠵᠢᠭᠦᠯᠪᠡ᠂ 2012 ᠤᠨ ᠤ 10 ᠰᠠᠷᠠᠢᠨ 23 ᠤ ᠡᠳᠦᠷ ᠃
【4】ᠵᠸᠩ ᠭᠠᠩ᠄《ᠰᠢᠭᠦᠭᠴᠢ ᠶᠢᠨ ᠬᠡᠪ ᠴᠢᠨᠠᠷ ᠤᠨ ᠰᠤᠶᠤᠯ ᠤᠨ ᠬᠥᠮᠦᠵᠢᠯ ᠦᠨ ᠳᠤᠬᠠᠢ ᠮᠢᠨᠤ ᠦᠵᠡᠯᠲᠡ》᠂ ᠠᠨᠾᠦ᠋ᠢ ᠮᠤᠵᠢ ᠶᠢᠨ ᠬᠤᠩᠱᠠᠨ ᠬᠤᠳᠠ ᠶᠢᠨ ᠳ᠋ᠦᠨ ᠰᠢ ᠳᠤᠭᠤᠷᠢᠭ ᠤᠨ ᠰᠢᠬᠦᠬᠦ ᠬᠤᠷᠢᠶᠠᠨ ᠤ ᠰᠦᠯᠵᠢᠶ᠎ᠡ ᠡᠴᠡ ᠰᠢᠯᠵᠢᠭᠦᠯᠪᠡ᠂ 2012 ᠤᠨ ᠤ 9 ᠰᠠᠷᠠᠢᠨ 27 ᠤ ᠡᠳᠦᠷ ᠦᠨ ᠰᠤᠷᠪᠤᠯᠵᠢᠯᠠᠭ᠎ᠠ
【5】 ᠭᠤᠤ ᠱᠸᠩ ᠮᠢᠨ᠄《ᠭᠠᠵᠠᠷ ᠤᠷᠤᠨ ᠤ ᠰᠤᠶᠤᠯ ᠤᠨ ᠰᠢᠮᠡᠲᠦ ᠬᠦᠷᠦᠰᠦᠨ ᠳᠦ ᠦᠨᠳᠦᠰᠦᠯᠡᠵᠦ ᠤᠨᠴᠠᠯᠢᠭ ᠪᠦᠬᠦᠢ ᠰᠢᠬᠦᠬᠦ ᠬᠤᠷᠢᠶᠠᠨ ᠤ ᠰᠤᠶᠤᠯ ᠪᠠᠢᠭᠤᠯᠤᠨ᠎ᠠ》᠂ ᠭᠤᠸᠠᠩ ᠮᠢᠩ ᠰᠦᠯᠵᠢᠶᠡᠨ ᠦ ᠠᠷᠠᠳ ᠤᠨ ᠰᠢᠬᠦᠬᠦ ᠬᠤᠷᠢᠶᠠᠨ ᠤ ᠰᠤᠪᠠᠭ ᠠᠴᠠ ᠰᠢᠯᠵᠢᠭᠦᠯᠪᠡ᠂ 2012 ᠤᠨ ᠤ 11 ᠰᠠᠷᠠᠢᠨ 6 ᠤ ᠡᠳᠦᠷ ᠦᠨ ᠰᠤᠷᠪᠤᠯᠵᠢᠯᠠᠭ᠎ᠠ᠃
【6】 ᠴᠸ ᡁᠢ ᠫᠢᠩ᠄《ᠭᠠᠵᠠᠷ ᠤᠷᠤᠨ ᠤ ᠳᠠᠳᠬᠠᠯ ᠢ ᠳᠠᠭᠠᠭᠠᠬᠤ᠄ ᠰᠢᠬᠦᠬᠦ ᠬᠤᠷᠢᠶᠠᠨ ᠤ ᠰᠤᠶᠤᠯ ᠤᠨ ᠪᠦᠲᠦᠭᠡᠨ ᠪᠠᠢᠭᠤᠯᠤᠯᠲᠠ ᠶᠢ ᠨᠤᠳᠤᠭᠴᠢᠯᠠᠬᠤ ᠵᠠᠮ》᠂《ᠨᠡᠢᠬᠡᠮ ᠵᠢᠷᠦᠮ ᠦᠨ ᠬᠠᠤᠯᠢ ᠴᠠᠭᠠᠵᠠ ᠶᠢᠨ ᠲᠦᠷᠢᠮ ᠳᠤᠭᠳᠠᠭᠠᠯ ᠢ ᠰᠦᠪᠡᠭᠴᠢᠯᠡᠬᠦ ᠪᠤᠯᠤᠨ ᠢᠷᠭᠡᠨ ᠠᠷᠠᠯᠵᠢᠶ᠎ᠠ ᠬᠤᠳᠠᠯᠳᠤᠭᠠᠨ ᠤ ᠬᠡᠷᠡᠭ ᠦᠨ ᠬᠠᠤᠯᠢ ᠶᠢᠨ ᠲᠦᠷᠢᠮ ᠢ ᠲᠡᠭᠦᠯᠳᠡᠷᠵᠢᠭᠦᠯᠬᠦ ᠰᠤᠳᠤᠯᠤᠯᠲᠠ 》 ᠶᠢᠨ 218 ᠳ᠋ᠤᠭᠠᠷ ᠨᠢᠭᠤᠷ ᠂ ᠠᠷᠠᠳ ᠤᠨ ᠰᠢᠬᠦᠬᠦ ᠬᠤᠷᠢᠶᠠᠨ ᠤ ᠬᠡᠪᠯᠡᠯ ᠦᠨ ᠬᠤᠷᠢᠶᠠᠨ ᠤ 2011 ᠤᠨ ᠤ ᠬᠡᠪᠯᠡᠯ ᠡᠴᠡ ᠰᠢᠯᠵᠢᠭᠦᠯᠪᠡ ᠃
【7】ᠨᠠᠷᠠᠰᠤ᠄ 《ᠤᠷᠳᠤᠰ ᠰᠤᠳᠤᠯᠤᠯ ᠪᠤᠯᠤᠨ ᠤᠷᠳᠤᠰ ᠰᠤᠶᠤᠯ ᠤᠨ ᠤᠨᠴᠠᠯᠢᠭ ᠤᠨ ᠳᠤᠬᠠᠢ ᠰᠤᠳᠤᠯᠤᠯ》᠂《ᠮᠤᠩᠭᠤᠯ ᠰᠤᠳᠤᠯᠤᠯ ᠤᠨ ᠡᠮᠬᠢᠳᠬᠡᠯ》 ᠡᠴᠡ ᠰᠢᠯᠵᠢᠭᠦᠯᠪᠡ ᠂ 2004 ᠤᠨ ᠤ 4 ᠳ᠋ᠦᠭᠡᠷ ᠬᠤᠭᠤᠴᠠᠭ᠎ᠠ᠃
ᠦᠨᠡᠯᠡᠬᠦ 0ᠦᠨᠡᠯᠡᠯᠲᠡ᠎ᠲᠠᠢ