ᠦᠨᠡᠨᠴᠢ ᠢᠳᠡᠭᠡᠮᠵᠢ ᠶᠢᠨ ᠰᠢᠰᠲ᠋ᠧᠮ  ᠦᠨ ᠪᠦᠲᠦᠭᠡᠨ ᠪᠠᠢᠭᠤᠯᠤᠯᠲᠠ ᠦᠪᠡᠷ ᠦᠨ ᠪᠡᠶ᠎ᠠ ᠠᠴᠠ ᠡᠬᠢᠯᠡᠵᠦ ᠬᠢᠨ᠎ᠡ
2017.01.12 ᠲᠣᠰ ᠥᠷᠲᠡᠭᠡᠨ᠎ᠦ ᠨᠠᠢᠷᠠᠭᠤᠯᠤᠭᠴᠢ

  —— ᠤᠷᠳᠤᠰ ᠬᠤᠳᠠ ᠶᠢᠨ ᠡᠯ᠎ᠠ ᠱᠠᠳᠤᠨ ᠤ ᠵᠠᠰᠠᠭ ᠵᠠᠬᠢᠷᠭᠠᠨ ᠤ ᠰᠠᠯᠠᠭ᠎ᠠ ᠮᠦᠴᠢᠷ ᠰᠢᠬᠦᠬᠦ ᠬᠤᠷᠢᠶᠠᠨ ᠤ ᠬᠦᠴᠦᠨ ᠳᠠᠢ ᠪᠤᠯᠤᠭᠰᠠᠨ ᠲᠠᠰᠤᠯᠤᠯᠲᠠ ᠰᠢᠢᠳᠪᠦᠷᠢ ᠳᠦ ᠢᠳᠡᠪᠬᠢᠳᠠᠢ ᠭᠦᠢᠴᠡᠳᠬᠡᠪᠡ

 

     ᠤᠷᠳᠤᠰ ᠤᠷᠤᠨ ᠤ ᠠᠵᠤ ᠠᠬᠤᠢ ᠳᠤᠷᠤᠭᠰᠢᠯᠠᠬᠤ ᠶᠢ ᠳᠠᠭᠠᠯᠳᠤᠨ ᠂ ᠣᠢᠷ᠎ᠠ ᠶᠢᠨ ᠵᠢᠯ  ᠳᠦ ᠪᠦᠬᠦ ᠬᠤᠳᠠᠨ ᠤ ᠬᠤᠶᠠᠷ ᠱᠠᠳᠤᠨ ᠤ ᠵᠠᠰᠠᠭ ᠤᠨ ᠣᠷᠳᠤᠨ ᠤ ᠡᠯ᠎ᠠ ᠰᠠᠯᠠᠭ᠎ᠠ ᠮᠦᠴᠢᠷ ᠳᠠᠢ ᠬᠤᠯᠪᠤᠭᠳᠠᠭᠰᠠᠨ ᠵᠠᠷᠭᠤ ᠪᠠ ᠭᠦᠢᠴᠡᠳᠬᠡᠬᠦ ᠬᠡᠷᠡᠭ ᠪᠠᠰᠠ ᠨᠡᠮᠡᠭᠳᠡᠵᠦ ᠂ ᠵᠦᠪᠬᠡᠨ 2016 ᠤᠨ ᠳᠤ ᠬᠤᠶᠠᠷ ᠱᠠᠳᠤᠨ ᠤ ᠵᠠᠰᠠᠭ ᠤᠨ ᠤᠷᠳᠤᠨ ᠤ ᠡᠯ᠎ᠠ ᠰᠠᠯᠠᠭ᠎ᠠ ᠮᠦᠴᠢᠷ ᠳᠠᠢ ᠬᠤᠯᠪᠤᠭᠳᠠᠭᠰᠠᠨ ᠬᠦᠢᠴᠡᠳᠬᠡᠬᠦ ᠬᠡᠷᠡᠭ 30 ᠪᠠᠢᠵᠤ ᠂ ᠬᠤᠶᠠᠷ ᠱᠠᠳᠤᠨ ᠤ ᠵᠠᠰᠠᠭ  ᠤᠨ ᠤᠷᠳᠤᠨ ᠤ ᠰᠠᠯᠠᠭ᠎ᠠ ᠮᠦᠴᠢᠷ ᠨᠢ ᠨᠠᠮ ᠤᠨ ᠬᠤᠷᠢᠶ᠎ᠠ ᠵᠠᠰᠠᠭ ᠤᠨ ᠤᠷᠳᠤᠨ ᠵᠢᠴᠢ ᠤᠯᠤᠰ ᠲᠦᠷᠦ ᠬᠠᠤᠯᠢ ᠴᠠᠭᠠᠵᠠ ᠵᠦᠪᠯᠡᠯ ᠦᠨ ᠤᠳᠤᠷᠢᠳᠤᠯᠭ᠎ᠠ ᠳᠤᠤᠷ᠎ᠠ ᠂ ᠰᠢᠬᠦᠬᠦ ᠬᠤᠷᠢᠶᠠᠨ ᠤ ᠬᠦᠴᠦᠨ ᠳᠠᠢ ᠪᠤᠯᠤᠭᠰᠠᠨ ᠬᠠᠤᠯᠢ ᠴᠠᠭᠠᠵᠠ ᠶᠢᠨ ᠪᠢᠴᠢᠭ᠌ ᠮᠠᠲ᠋ᠧᠷᠢᠶᠠᠯ ᠳᠤ ᠳᠤᠭᠳᠠᠭᠰᠠᠨ ᠡᠭᠦᠷᠭᠡ  ᠶᠢ ᠢᠳᠡᠪᠬᠢᠳᠠᠢ ᠲᠣᠯᠤᠭᠠᠢᠯᠠᠨ ᠭᠦᠢᠴᠡᠳᠬᠡᠵᠦ ᠂ ᠦᠨᠡᠨᠴᠢ ᠢᠳᠡᠬᠡᠮᠵᠢ ᠶᠢᠨ ᠰᠢᠰᠲ᠋ᠧᠮ ᠦᠨ ᠪᠦᠲᠦᠭᠡᠨ ᠪᠠᠢᠭᠤᠯᠤᠯᠲᠠ ᠶᠢ ᠦᠪᠡᠷ ᠦᠨ ᠪᠡᠶ᠎ᠠ ᠠᠴᠠ ᠪᠠᠨ ᠡᠬᠢᠯᠡᠵᠦ ᠬᠢᠬᠦ ᠲᠣᠯᠤᠭᠠᠢᠯᠠᠬᠤ ᠦᠢᠯᠡᠳᠦᠯ ᠳᠠᠢ ᠪᠤᠯᠪᠠ ᠃

    ᠨᠠᠮ ᠵᠠᠰᠠᠭ ᠤᠨ ᠤᠷᠳᠤᠨ ᠢᠳᠡᠪᠬᠢᠳᠠᠢ ᠪᠠᠷ ᠰᠢᠬᠦᠬᠦ ᠬᠤᠷᠢᠶᠠᠨ ᠤ ᠬᠦᠴᠦᠨ ᠳᠠᠢ ᠪᠤᠯᠤᠭᠰᠠᠨ ᠲᠠᠰᠤᠯᠤᠯᠲᠠ ᠰᠢᠢᠳᠪᠦᠷᠢ  ᠶᠢ ᠬᠦᠢᠴᠡᠳᠬᠡᠵᠦ ᠂  ᠵᠠᠰᠠᠭ ᠤᠨ ᠤᠷᠳᠤᠨ ᠤ ᠨᠡᠢᠳᠡ ᠶᠢᠨ ᠢᠳᠡᠬᠡᠮᠵᠢ ᠶᠢ ᠪᠤᠢ ᠪᠤᠯᠭᠠᠬᠤ ᠂ ᠦᠨᠡᠨᠴᠢ ᠢᠳᠡᠬᠡᠮᠵᠢᠲᠦ ᠨᠡᠢᠬᠡᠮ ᠢ ᠪᠠᠢᠭᠤᠯᠬᠤ ᠶᠢᠨ ᠵᠠᠩᠭᠢᠯᠠᠭ᠎ᠠ ᠨᠢ ᠨᠡᠢᠬᠡᠮ ᠵᠢᠷᠦᠮ ᠦᠨ ᠬᠠᠤᠯᠢ ᠪᠠᠷ ᠵᠠᠰᠠᠬᠤ ᠪᠦᠲᠦᠭᠡᠨ ᠪᠠᠢᠭᠤᠯᠤᠯᠲᠠ ᠪᠠ ᠬᠠᠤᠯᠢ ᠶᠤᠰᠤᠭᠠᠷ ᠤᠯᠤᠰ ᠵᠠᠰᠠᠬᠤ ᠶᠢᠨ ᠵᠠᠩᠭᠢᠯᠠᠭ᠎ᠠ ᠮᠦᠨ ᠃ ᠳᠤᠰ ᠵᠢᠯ ᠦᠨ ᠲᠦᠪ  ᠤᠨ ᠤᠯᠤᠰ ᠲᠦᠷᠦ ᠶᠢᠨ ᠵᠦᠪᠯᠡᠯ ᠪᠢᠴᠢᠭ᠌ ᠮᠠᠲ᠋ᠧᠷᠢᠶᠠᠯ ᠪᠠᠭᠤᠯᠭᠠᠬᠤ ᠡᠴᠡ ᠡᠮᠦᠨ᠎ᠠ ᠂ ᠮᠠᠨ ᠤ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠪᠠ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠬᠤᠳᠠ ᠶᠢᠨ ᠬᠤᠶᠠᠷ ᠱᠠᠳᠤᠨ ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠳᠠᠢ ᠬᠤᠯᠪᠤᠭᠳᠠᠭᠰᠠᠨ ᠰᠢᠬᠦᠬᠦ ᠬᠤᠷᠢᠶᠠᠨ ᠬᠦᠴᠦᠨ ᠳᠠᠢ ᠪᠤᠯᠤᠭᠰᠠᠨ ᠳᠠᠰᠤᠯᠤᠯᠲᠠ ᠰᠢᠢᠳᠪᠦᠷᠢ ᠶᠢ ᠰᠢᠢᠳᠪᠦᠷᠢᠯᠡᠬᠦ ᠠᠵᠢᠯ ᠢ ᠴᠢᠬᠤᠯᠴᠢᠯᠠᠨ ᠦᠵᠡᠵᠦ᠂ ᠪᠢᠴᠢᠭ᠌ ᠮᠠᠲ᠋ᠧᠷᠢᠶᠠᠯ ᠪᠠᠭᠤᠯᠭᠠᠵᠤ᠂ ᠱᠠᠭᠠᠷᠳᠠᠯᠭ᠎ᠠ ᠳᠤᠷᠠᠳᠪᠠ᠄ ᠨᠢᠬᠡ ᠳᠦ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠦᠯᠲᠡ ᠬᠢᠵᠦ ᠂ ᠬᠡᠷᠡᠭ ᠲᠦ ᠬᠤᠯᠪᠤᠭᠳᠠᠭᠰᠠᠨ ᠨᠢᠬᠡᠴᠡ ᠰᠠᠨᠠᠭᠠᠴᠢᠯᠠᠭ᠎ᠠ ᠠᠴᠠ ᠪᠠᠨ ᠨᠠᠮ ᠤᠨ ᠬᠤᠷᠢᠶ᠎ᠠ ᠂ ᠵᠠᠰᠠᠭ ᠤᠨ ᠤᠷᠳᠤᠨ ᠳᠤ ᠦᠷᠡᠳᠡᠵᠦ ᠪᠠᠢᠭ᠎ᠠ ᠰᠢᠯᠳᠠᠭᠠᠨ ᠢᠶᠠᠨ ᠮᠡᠳᠡᠭᠦᠯᠵᠦ ᠂ ᠡᠳ᠋ ᠦᠨ ᠵᠠᠰᠠᠭ ᠤᠨ ᠳᠡᠮᠵᠢᠯᠬᠡ ᠶᠢ ᠤᠯᠬᠤ ᠪᠠᠷ ᠴᠢᠷᠮᠠᠢᠨ᠎ᠠ ᠃ ᠬᠤᠶᠠᠷ ᠲᠤ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠂ ᠬᠡᠷᠡᠭ ᠲᠦ ᠬᠤᠯᠪᠤᠭᠳᠠᠭᠰᠠᠨ ᠨᠢᠬᠡᠴᠡ ᠰᠠᠨᠠᠭᠠᠴᠢᠯᠠᠭ᠎ᠠ ᠠᠴᠠ ᠪᠠᠨ ᠠᠪᠤᠴᠠᠭᠠᠨ ᠤ ᠬᠦᠮᠦᠨ ᠳᠠᠢ ᠬᠠᠷᠢᠯᠴᠠᠵᠤ ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠶᠢᠨ ᠵᠠᠭᠠᠭ ᠢ ᠡᠵᠡᠮᠳᠡᠵᠦ ᠂ ᠦᠷᠢ ᠪᠡᠨ ᠪᠤᠴᠠᠭᠠᠬᠤ ᠲᠥᠯᠦᠪᠯᠡᠭᠡ ᠳᠤᠷᠠᠳᠴᠤ ᠂ ᠡᠶᠡᠳᠡᠬᠦ ᠬᠡᠯᠡᠯᠴᠡᠭᠡᠷ ᠳᠤᠭᠳᠠᠬᠤ ᠪᠠᠷ ᠴᠢᠷᠮᠠᠢᠨ᠎ᠠ ᠃ ᠭᠤᠷᠪᠠ ᠳᠤ ᠡᠬᠡ ᠲᠠᠩᠰᠠ ᠪᠠᠢᠭᠤᠯᠵᠤ ᠂ ᠪᠦᠬᠦ ᠬᠤᠳᠠ ᠶᠢᠨ ᠵᠠᠰᠠᠭ ᠤᠨ ᠤᠷᠳᠤᠨ ᠳᠠᠢ ᠬᠤᠯᠪᠤᠭᠳᠠᠭᠰᠠᠨ ᠬᠡᠷᠡᠭ ᠢ ᠨᠢᠭᠡᠳᠦᠯᠲᠡᠢ ᠡᠬᠡ ᠲᠠᠩᠰᠠ ᠪᠠᠢᠭᠤᠯᠵᠤ ᠂ ᠪᠤᠳᠠᠳᠠᠢ ᠭᠦᠢᠴᠡᠳᠬᠡᠬᠦ ᠲᠦᠰᠦᠪ ᠳᠤᠭᠳᠠᠨ᠎ᠠ ᠃ ᠲᠦᠷᠪᠠ ᠳᠤ ᠤᠳᠤᠷᠢᠳᠤᠯᠭ᠎ᠠ ᠶᠢ ᠴᠢᠩᠭᠠᠳᠬᠠᠵᠤ ᠂ ᠡᠬᠦᠷᠭᠡ ᠶᠢ ᠳᠤᠳᠤᠷᠬᠠᠢ ᠪᠤᠯᠭᠠᠵᠤ ᠂ ᠵᠠᠰᠠᠭ ᠤᠨ ᠤᠷᠳᠤᠨ ᠤ ᠬᠤᠯᠪᠤᠭᠳᠠᠨᠰᠠᠨ ᠬᠡᠷᠡᠭ ᠢ ᠳᠤᠭᠳᠠᠭᠰᠠᠨ ᠬᠤᠭᠤᠴᠠᠭᠠᠨ ᠳᠤᠳᠤᠷ᠎ᠠ ᠭᠦᠢᠴᠡᠳᠬᠡᠵᠦ ᠳᠠᠭᠤᠰᠬᠠᠵᠤ ᠶᠢ ᠱᠠᠭᠠᠷᠳᠠᠵᠤ ᠂ ᠵᠠᠰᠠᠭ ᠤᠨ ᠤᠷᠳᠤᠨ ᠳᠠᠢ ᠬᠤᠯᠪᠤᠭᠳᠠᠭᠰᠠᠨ ᠬᠡᠷᠡᠭ ᠢ ᠰᠢᠢᠳᠪᠦᠷᠢᠯᠡᠬᠦ ᠠᠵᠢᠯ ᠪᠠ ᠵᠠᠰᠠᠭ ᠤᠨ ᠤᠷᠳᠤᠨ ᠤ ᠪᠤᠳᠠᠳᠠᠢ ᠬᠢᠨᠠᠨ ᠰᠢᠯᠭᠠᠯᠲᠠ ᠳᠠᠢ ᠬᠤᠯᠪᠤᠵᠤ ᠂ ᠬᠡᠷᠪᠡ ᠪᠡᠶᠡᠯᠡᠬᠦᠯᠵᠦ ᠳᠡᠢᠯᠬᠦ ᠦᠬᠡᠢ ᠪᠤᠯ ᠭᠤᠤᠯ ᠤᠳᠤᠷᠢᠳᠤᠯᠭ᠎ᠠ ᠶᠢ ᠳᠠᠭᠤᠳᠠᠨ ᠶᠠᠷᠢᠯᠴᠠᠨ᠎ᠠ ᠃ ᠳᠠᠪᠤ ᠳᠤ ᠪᠠᠢᠴᠠᠭᠠᠯᠲᠠ ᠶᠢ ᠱᠠᠯᠠᠮᠠᠳᠠᠬᠤ ᠶᠢ ᠴᠢᠩᠭᠠᠳᠭᠠᠵᠤ ᠂ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠪᠠ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠳᠤᠰ ᠵᠢᠯ ᠬᠤᠶᠠᠷ ᠤᠳᠠᠭ᠎ᠠ ᠡᠯ᠎ᠠ ᠬᠤᠰᠢᠭᠤ ᠳᠤᠭᠤᠷᠢᠭ ᠲᠤ ᠬᠦᠨᠵᠡᠭᠡᠢᠷᠡᠨ ᠵᠠᠰᠠᠭ ᠤᠨ ᠤᠷᠳᠤᠨ ᠳᠠᠢ ᠬᠤᠯᠪᠤᠭᠳᠠᠭᠰᠠᠨ ᠬᠡᠷᠡᠭ ᠢ ᠰᠢᠢᠳᠪᠦᠷᠢᠯᠡᠬᠦ ᠠᠵᠢᠯ ᠢ ᠬᠢᠨᠠᠨ ᠪᠠᠢᠴᠠᠭᠠᠵᠤ ᠵᠢᠭᠠᠨ ᠵᠢᠯᠤᠭᠤᠳᠤᠨ᠎ᠠ ᠃

     12 ᠰᠠᠷᠠᠢᠨ 30  ᠤ ᠡᠳᠦᠷ ᠪᠣᠯᠲᠠᠯ᠎ᠠ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ  30 ᠵᠠᠰᠠᠭ ᠤᠨ ᠤᠷᠳᠤᠨ ᠳᠠᠢ ᠬᠤᠯᠪᠤᠭᠳᠠᠭᠰᠠᠨ ᠬᠦᠢᠴᠡᠳᠬᠡᠬᠦ ᠬᠡᠷᠡᠭ ᠢ ᠰᠢᠢᠳᠪᠦᠷᠢᠯᠡᠵᠦ ᠳᠠᠭᠤᠰᠬᠠᠵᠤ ᠂ ᠡᠭᠦᠨ ᠦ ᠳᠤᠮᠳᠠ ᠄ ᠭᠦᠢᠴᠡᠳᠬᠡᠵᠦ ᠳᠠᠭᠤᠰᠬᠠᠭᠰᠠᠨ ᠪᠤᠶᠤ ᠡᠶᠡᠳᠡᠬᠦ ᠬᠡᠯᠡᠯᠴᠡᠭᠡᠷ ᠳᠤᠭᠳᠠᠭᠰᠠᠨ ᠬᠡᠷᠡᠭ 18 ᠪᠠᠢᠵᠤ ᠂ ᠳᠠᠭᠤᠰᠤᠭᠰᠠᠨ ᠬᠡᠷᠡᠭ 8 ᠪᠠᠢᠵᠤ ᠂ ᠳᠠᠬᠢᠨ ᠰᠢᠬᠦᠯᠲᠡ ᠳᠦ ᠤᠷᠤᠭᠰᠠᠨ ᠬᠡᠷᠡᠭ 2 ᠪᠠᠢᠵᠤ ᠂ ᠬᠠᠮᠳᠤ ᠨᠢᠬᠡᠴᠡ ᠶᠢᠨ ᠬᠢᠨᠠᠨ ᠪᠤᠳᠤᠬᠤ ᠠᠯᠬᠤᠮ ᠳᠤ ᠤᠷᠤᠭᠰᠠᠨ ᠬᠡᠷᠡᠭ 1 ᠪᠠᠢᠵᠤ ᠂  ᠭᠦᠢᠴᠡᠳᠬᠡᠬᠦ ᠳᠤᠬᠠᠢ ᠤᠨᠳᠤᠤ ᠰᠠᠨᠠᠯ ᠳᠤᠷᠠᠳᠤᠭᠰᠠᠨ ᠬᠡᠷᠡᠭ 1 ᠪᠠᠢᠨ᠎ᠠ ᠃

     ᠳᠤᠰᠬᠠᠢ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠤᠨ ᠶᠠᠪᠤᠴᠠ ᠳᠤ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠬᠦᠢᠴᠡᠳᠬᠡᠬᠦ ᠳᠤᠪᠴᠢᠶ᠎ᠠ ᠂ ᠭᠦᠢᠴᠡᠳᠬᠡᠬᠦ ᠬᠤᠶᠠᠳᠤᠭᠠᠷ ᠳᠤᠪᠴᠢᠶ᠎ᠠ ᠵᠢᠴᠢ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶ᠎ᠠ ᠴᠢᠳᠠᠮᠵᠢ ᠪᠠᠨ ᠬᠦᠢᠴᠡᠳ ᠪᠠᠳᠠᠷᠠᠭᠤᠯᠵᠤ ᠂ ᠠᠵᠢᠯ ᠤᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠵᠤ ᠂ ᠭᠦᠢᠴᠡᠳᠬᠡᠬᠦ ᠠᠷᠭ᠎ᠠ ᠠᠪᠴᠢᠯ ᠢ ᠴᠢᠩᠭᠠᠳᠬᠠᠵᠤ ᠂ ᠳᠤᠰᠬᠠᠢ ᠬᠦᠮᠦᠨ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ  ᠶᠢᠨ ᠰᠢᠬᠦᠬᠦ ᠬᠤᠷᠢᠶ᠎ᠠ ᠳᠤ  ᠠᠵᠢᠯ ᠤᠨ ᠪᠠᠢᠳᠠᠯ ᠢ ᠬᠠᠷᠢᠭᠤ ᠮᠡᠳᠡᠬᠦᠯᠵᠦ ᠂ ᠡᠯ᠎ᠠ ᠬᠡᠷᠡᠭ ᠦᠨ ᠦᠨᠳᠦᠰᠦᠨ ᠪᠠᠢᠳᠠᠯ ᠪᠠ ᠠᠰᠠᠭᠤᠳᠠᠯ ᠢ ᠨᠠᠷᠢᠯᠢᠭ ᠤᠢᠯᠭᠠᠭᠰᠠᠨ ᠤ ᠰᠠᠭᠤᠷᠢᠨ ᠳᠡᠭᠡᠷ᠎ᠠ ᠂ ᠬᠤᠳᠠ ᠶᠢᠨ ᠤᠯᠤᠰ ᠲᠦᠷᠦ ᠬᠠᠤᠯᠢ ᠴᠠᠭᠠᠵᠠ  ᠶᠢᠨ ᠵᠦᠪᠯᠡᠯ ᠦᠨ ᠬᠠᠪᠰᠤᠷᠠᠨ ᠵᠤᠬᠢᠴᠠᠭᠤᠯᠬᠤ ᠳᠤᠮᠳᠠ ᠂  ᠲᠦᠪᠡᠭᠲᠡᠢ ᠬᠡᠷᠡᠭ ᠲᠦ ᠵᠠᠳᠠᠯᠤᠯᠲᠠ ᠬᠢᠵᠦ ᠠᠷᠭ᠎ᠠ ᠬᠡᠮᠵᠢᠶ᠎ᠡ ᠳᠤᠷᠠᠳᠴᠤ ᠂ ᠢᠳᠡᠪᠬᠢᠲᠠᠢ ᠪᠠᠷ ᠳᠤᠬᠠᠢ ᠶᠢᠨ ᠬᠦᠮᠦᠨ ᠳᠠᠢ ᠬᠠᠷᠢᠯᠴᠠᠵᠤ ᠵᠦᠪᠳᠡᠯᠴᠡᠵᠦ ᠂ ᠬᠠᠮᠤᠭ ᠡᠴᠦᠰ ᠲᠦ 30 ᠭᠦᠢᠴᠡᠳᠬᠡᠬᠦ ᠬᠡᠷᠡᠭ ᠢ ᠳᠠᠭᠤᠰᠠᠬᠤ ᠶᠢ ᠲᠦᠯᠬᠢᠨ ᠠᠬᠢᠭᠤᠯᠪᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )