2017 ᠤᠨ ᠤ 1 ᠰᠠᠷᠠᠢᠨ 3 ᠤ ᠡᠳᠦᠷ ᠦᠨ ᠦᠳᠡ ᠶᠢᠨ ᠡᠮᠦᠨ᠎ᠠ ᠂ ᠭᠦᠢᠴᠡᠳᠬᠡᠬᠦ ᠲᠣᠪᠴᠢᠶ᠎ᠠ ᠪᠦᠬᠦ ᠺᠠᠳᠠᠷ ᠴᠠᠭᠳᠠᠭ᠎ᠠ ᠶᠢᠨ ᠬᠤᠷᠠᠯ ᠬᠤᠷᠠᠯᠳᠤᠭᠤᠯᠵᠤ ᠂ ᠬᠤᠷᠠᠯ ᠳᠡᠭᠡᠷ᠎ᠠ ᠮᠠᠨ ᠤ ᠬᠤᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢᠨ ᠲᠦᠰᠦᠪ(ᠰᠠᠨᠠᠯ ᠬᠤᠷᠢᠶᠠᠬᠤ ᠡᠬᠡ ᠪᠢᠴᠢᠭ᠌) ᠢ ᠨᠠᠷᠢᠨ ᠬᠢᠨᠠᠮᠠᠭᠠᠢ ᠰᠤᠷᠤᠯᠴᠠᠵᠤ ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠲᠦᠰᠦᠪ ᠲᠦ ᠬᠡᠰᠡᠭ ᠰᠠᠨᠠᠯ ᠪᠠ ᠰᠠᠨᠠᠭᠤᠯᠭ᠎ᠠ ᠳᠤᠷᠠᠳᠴᠤ ᠂ ᠣᠨᠴᠠᠭᠠᠢᠯᠠᠨ ᠭᠦᠢᠴᠡᠳᠬᠡᠬᠦ ᠠᠩᠭᠢ ᠶᠢᠨ ᠪᠦᠲᠦᠭᠡᠨ ᠪᠠᠢᠭᠤᠯᠤᠯᠲᠠ ᠳᠤ ᠪᠤᠳᠠᠳᠠᠢ ᠵᠠᠰᠠᠪᠤᠷᠢ ᠤᠷᠤᠭᠤᠯᠬᠤ ᠰᠠᠨᠠᠯ ᠳᠤᠷᠠᠳᠴᠤ᠂ ᠭᠦᠢᠴᠡᠳᠬᠡᠬᠦ ᠠᠩᠭᠢ ᠶᠢᠨ ᠪᠦᠲᠦᠭᠡᠨ ᠪᠠᠢᠭᠤᠯᠤᠯᠲᠠ ᠵᠢᠭᠠᠨ ᠵᠢᠯᠤᠭᠤᠳᠬᠤ ᠠᠩᠭᠢ ᠪᠠᠢᠬᠤ ᠬᠡᠷᠡᠭᠲᠡᠢ ᠂ ᠳᠡᠭᠡᠭᠰᠢ ᠮᠡᠳᠡᠬᠦᠯᠵᠦ ᠳᠤᠷᠤᠭᠰᠢ ᠳᠠᠮᠵᠢᠭᠤᠯᠬᠤ ᠶᠢ ᠬᠠᠷᠢᠭᠤᠴᠠᠵᠤ ᠂ ᠪᠦᠬᠦ ᠬᠤᠳᠠ ᠶᠢᠨ ᠭᠦᠢᠴᠡᠳᠬᠡᠬᠦ ᠠᠵᠢᠯ ᠢ ᠵᠢᠯᠤᠭᠤᠳᠴᠤ ᠂ ᠪᠦᠬᠦ ᠬᠤᠳᠠ ᠶᠢᠨ ᠭᠦᠢᠴᠡᠳᠬᠡᠬᠦ ᠠᠵᠢᠯ ᠤᠨ ᠲᠣᠬᠢᠷᠠᠭᠤᠯᠤᠯᠲᠠ ᠂ ᠳ᠋ᠦᠩᠨᠡᠯᠲᠡ ᠂ ᠮᠡᠳᠡᠭᠡ ᠵᠠᠩᠭᠢ ᠶᠢᠨ ᠳᠤᠪᠴᠢ ᠮᠡᠳᠡᠭᠡ ᠂ ᠤᠬᠠᠭᠤᠯᠬᠤ ᠠᠵᠢᠯ ᠢ ᠬᠠᠷᠢᠭᠤᠴᠠᠵᠤ ᠂ ᠪᠦᠬᠦ ᠬᠤᠳᠠ ᠶᠢᠨ ᠵᠠᠬᠢᠳᠠᠯ ᠰᠤᠷᠪᠤᠯᠵᠢᠯᠠᠭ᠎ᠠ ᠳᠤ ᠬᠤᠯᠪᠤᠭᠳᠠᠭᠰᠠᠨ ᠠᠵᠢᠯ ᠢ ᠬᠠᠷᠢᠭᠤᠴᠠᠵᠤ ᠂ ᠡᠬᠦᠨ ᠦ ᠬᠠᠮᠳᠤ ᠬᠠᠮᠠᠭᠠᠯᠠᠨ ᠬᠠᠳᠠᠭᠠᠯᠬᠤ ᠠᠩᠭᠢ ᠶᠢ ᠭᠦᠢᠴᠡᠳᠬᠡᠬᠦ ᠠᠩᠭᠢ ᠳᠤ ᠤᠷᠤᠭᠤᠯᠵᠤ ᠂ ᠵᠠᠷᠭᠤ ᠶᠢᠨ ᠡᠮᠦᠨ᠎ᠠ ᠂ ᠵᠠᠷᠭᠤ ᠶᠢᠨ ᠳᠤᠮᠳᠠᠬᠢ ᠡᠳ᠋ ᠬᠥᠷᠦᠩᠭᠡ ᠶᠢᠨ ᠬᠠᠮᠠᠭᠠᠯᠠᠬᠤ ᠬᠠᠳᠠᠭᠠᠯᠠᠬᠤ ᠂ ᠭᠦᠢᠴᠡᠳᠬᠡᠬᠦ ᠶᠢ ᠵᠢᠭᠠᠨ ᠵᠢᠯᠤᠭᠤᠳᠬᠤ ᠲᠦᠪ ᠦᠨ ᠠᠵᠢᠯ ᠤᠨ ᠡᠬᠡᠯᠵᠢ ᠪᠠ ᠭᠦᠢᠴᠡᠳᠬᠡᠬᠦ ᠬᠡᠷᠡᠭ ᠢ ᠪᠠᠢᠴᠠᠭᠠᠨ ᠡᠵᠡᠮᠳᠡᠬᠦ ᠶᠢ ᠬᠠᠷᠢᠭᠤᠴᠠᠵᠤ᠂ ᠲᠦᠬᠦᠮ ᠬᠡᠷᠡᠭ ᠦᠨ ᠭᠦᠢᠴᠡᠳᠬᠡᠬᠦ ᠶᠢ ᠬᠠᠷᠢᠭᠤᠴᠠᠨ᠎ᠠ ᠃
ᠬᠤᠷᠠᠯ ᠳᠡᠭᠡᠷ᠎ᠠ ᠂ ᠵᠠᠩ ᠶᠤᠸᠠᠢ ᠹᠸᠩ ᠳᠤᠪᠴᠢᠶᠠᠨ ᠳᠠᠷᠤᠭ᠎ᠠ 2016 ᠤᠨ ᠤ ᠮᠠᠨ ᠤ ᠬᠤᠳᠠ ᠶᠢᠨ ᠭᠦᠢᠴᠡᠳᠬᠡᠬᠦ ᠠᠵᠢᠯ ᠢ ᠡᠷᠬᠢᠴᠡᠬᠦᠯᠵᠦ ᠂ 2017 ᠤᠨ ᠤ ᠭᠦᠢᠴᠡᠳᠬᠡᠬᠦ ᠠᠵᠢᠯ ᠤᠨ ᠶᠠᠪᠤᠭᠳᠠᠬᠤ ᠶᠢ ᠪᠠᠷᠠᠯᠠᠵᠤ ᠂ ᠲᠡᠷᠡ ᠬᠡᠡᠯᠡᠭᠰᠡᠨ ᠨᠢ᠂ 2016 ᠤᠨ ᠳᠤ ᠮᠠᠨ ᠤ ᠬᠤᠳᠠ ᠶᠢᠨ ᠭᠦᠢᠴᠡᠳᠬᠡᠬᠦ ᠠᠵᠢᠯ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠪᠤᠯᠤᠨ ᠯᠢ ᠾᠦᠩ ᠶᠠᠨ ᠬᠤᠷᠢᠶᠠᠨ ᠳᠠᠷᠤᠭ᠎ᠠ ᠂ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠶᠢᠨ ᠤᠳᠤᠷᠢᠳᠤᠯᠭ᠎ᠠ ᠳᠤᠤᠷ᠎ᠠ᠂ ᠨᠢᠬᠡ ᠪᠦᠯᠦᠭ ᠳᠤᠰᠬᠠᠢ ᠠᠵᠢᠯᠯᠠᠭ᠎ᠠ ᠦᠷᠨᠢᠬᠦᠯᠵᠦ ᠂ ᠨᠡᠢᠬᠡᠮ ᠦᠨ ᠠᠩᠬᠠᠷᠤᠯ ᠢ ᠳᠠᠳᠠᠭᠰᠠᠨ ᠠᠮᠵᠢᠯᠲᠠ ᠤᠯᠵᠤ ᠂ ᠪᠦᠬᠦ ᠬᠤᠳᠠ ᠶᠢᠨ ᠬᠤᠶᠠᠷ ᠱᠠᠳᠤᠨ ᠤ ᠰᠢᠬᠦᠬᠦ ᠬᠤᠷᠢᠶ᠎ᠠ ᠨᠡᠢᠲᠡ 36000 ᠭᠠᠷᠤᠢ ᠬᠡᠷᠡᠭ ᠭᠦᠢᠴᠡᠳᠬᠡᠵᠦ ᠂ ᠮᠠᠨ ᠤ ᠳᠤᠪᠴᠢᠶ᠎ᠠ ᠪᠠᠰᠠ 3530 ᠭᠠᠷᠤᠢ ᠰᠢᠢᠳᠪᠦᠷᠢᠯᠡᠵᠦ ᠂ ᠪᠦᠷ ᠥᠩᠭᠡᠷᠡᠭᠰᠡᠨ ᠵᠢᠯ ᠦᠨ ᠠᠳᠠᠯᠢ ᠬᠤᠭᠤᠴᠠᠭ᠎ᠠ ᠠᠴᠠ ᠬᠤᠶᠠᠷ ᠳᠠᠬᠢᠨ ᠢᠯᠡᠬᠦᠦ ᠪᠠᠢᠵᠤ ᠂ ᠪᠦᠬᠦ ᠨᠡᠢᠬᠡᠮ ᠢᠶᠡᠷ ᠮᠡᠳᠡᠷᠡᠯᠲᠡ ᠶᠢ ᠤᠯᠪᠠ ᠂ ᠬᠡᠪᠡᠴᠦ ᠮᠠᠨ ᠤ ᠪᠦᠬᠦ ᠬᠤᠳᠠ ᠶᠢᠨ ᠭᠦᠢᠴᠡᠳᠬᠡᠬᠦ ᠠᠵᠢᠯ ᠳᠤ ᠳᠤᠯᠭᠠᠷᠠᠵᠤ ᠪᠠᠢᠭ᠎ᠠ ᠡᠬᠦᠷᠭᠡ ᠬᠦᠨᠳᠦ ᠪᠠᠢᠵᠤ ᠂ ᠪᠦᠬᠦ ᠬᠤᠳᠠ ᠳᠤ ᠪᠠᠰᠠ 30000 ᠭᠠᠷᠤᠢ ᠬᠡᠷᠡᠭ ᠪᠢᠳᠡᠨ ᠦ ᠰᠢᠢᠳᠪᠦᠷᠢᠯᠡᠬᠦ ᠶᠢ ᠬᠦᠯᠢᠶᠡᠵᠦ ᠪᠠᠢᠨ᠎ᠠ ᠂ ᠭᠦᠢᠴᠡᠳᠬᠡᠬᠦ ᠲᠣᠪᠴᠢᠶ᠎ᠠ ᠮᠢᠩᠭ᠎ᠠ ᠭᠠᠷᠤᠢ ᠬᠡᠷᠡᠭ ᠰᠢᠢᠳᠪᠦᠷᠢᠯᠡᠬᠡ ᠦᠬᠡᠢ ᠂ ᠭᠦᠢᠴᠡᠳᠬᠡᠬᠦ ᠳᠠᠷᠤᠯᠳᠠ ᠶᠡᠬᠡ ᠪᠠᠢᠵᠤ ᠂ ᠪᠢᠳᠡ ᠬᠠᠤᠯᠢ ᠴᠠᠭᠠᠵᠠ ᠶᠢᠨ ᠥᠭᠡᠷᠡᠴᠢᠯᠡᠯᠲᠡ ᠶᠢ ᠳᠠᠭᠠᠯᠳᠤᠭᠤᠯᠤᠨ ᠂ ᠭᠦᠢᠴᠡᠳᠬᠡᠬᠦ ᠠᠵᠢᠯ ᠢ ᠨᠡᠩ ᠰᠠᠢᠨ ᠪᠡᠶᠡᠯᠡᠭᠦᠯᠬᠦ ᠪᠡᠷ ᠴᠢᠷᠮᠠᠢᠵᠤ ᠂ 《ᠬᠤᠶᠠᠷ ᠠᠴᠠ ᠭᠤᠷᠪᠠᠨ ᠵᠢᠯ ᠦᠨ ᠳᠣᠲᠤᠷ᠎ᠠ ᠭᠦᠢᠴᠡᠳᠬᠡᠬᠦ ᠳᠦ ᠬᠦᠴᠢᠷ ᠠᠰᠠᠭᠤᠳᠠᠯ ᠢ ᠦᠨᠳᠦᠰᠦᠨ ᠡᠴᠡ ᠨᠢ ᠰᠢᠢᠳᠪᠦᠷᠢᠯᠡᠬᠦ》 ᠶᠢᠨ ᠲᠦᠯᠦᠭᠡ ᠰᠢᠷᠠᠭᠠᠭᠤ ᠴᠢᠷᠮᠠᠢᠨ᠎ᠠ ᠃
ᠭᠦᠢᠴᠡᠳᠬᠡᠬᠦ ᠪᠤᠳᠠᠳᠠᠢ ᠠᠵᠢᠯ ᠢ ᠶᠠᠷᠢᠬᠤ ᠦᠶᠡᠰ ᠂ ᠬᠦᠢᠴᠡᠳᠭᠡᠭᠴᠢ ᠬᠡᠷᠡᠭ ᠦᠨ ᠳᠤᠭ᠎ᠠ ᠶᠢ ᠳᠤᠳᠤ ᠣᠢᠯᠭᠠᠬᠤ ᠶᠢ ᠴᠢᠩᠭᠠᠳᠭᠠᠵᠤ ᠂ ᠡᠨᠡ ᠰᠠᠭᠤᠷᠢᠨ ᠳᠡᠭᠡᠷ᠎ᠠ ᠰᠢᠢᠳᠪᠦᠷᠢᠯᠡᠬᠦ ᠬᠡᠷᠡᠭ ᠪᠦᠷᠢ ᠳᠦ ᠪᠣᠳᠠᠲᠠᠢ ᠭᠦᠢᠴᠡᠳᠬᠡᠬᠦ ᠶᠢ ᠲᠥᠰᠦᠪᠯᠡᠵᠦ ᠂ ᠬᠦᠢᠴᠡᠳᠬᠡᠭᠴᠢ ᠪᠦᠷᠢ ᠡᠬᠡᠯᠵᠢᠯᠡᠨ ᠭᠦᠢᠴᠡᠳᠬᠡᠬᠦ ᠲᠥᠯᠦᠪᠯᠡᠭᠡ ᠳᠠᠢ ᠪᠠᠢᠵᠤ ᠂ ᠡᠭᠦᠨ ᠦ ᠬᠠᠮᠳᠤ ᠭᠦᠢᠴᠡᠳᠬᠡᠬᠦ ᠡᠴᠡ ᠵᠠᠢᠯᠠᠬᠤ ᠳᠤ ᠴᠢᠩᠭ᠎ᠠ ᠴᠤᠬᠢᠯᠲᠠ ᠦᠭᠴᠦ ᠂ ᠭᠦᠢᠴᠡᠳᠬᠡᠬᠦ ᠠᠵᠢᠯ ᠤᠨ ᠶᠠᠪᠤᠴᠠ ᠳᠤ ᠬᠦᠮᠦᠨ ᠡᠷᠢᠬᠦ ᠳᠦ ᠬᠦᠴᠢᠷ ᠂ ᠡᠳ᠋ ᠬᠥᠷᠦᠩᠭᠡ ᠡᠷᠢᠬᠦ ᠳᠦ ᠬᠦᠴᠢᠷ ᠪᠠᠢᠳᠠᠯ ᠢ ᠴᠢᠷᠮᠠᠢᠨ ᠰᠢᠢᠳᠪᠦᠷᠢᠯᠡᠨ᠎ᠡ ᠃
ᠦᠨᠡᠯᠡᠬᠦ 0ᠦᠨᠡᠯᠡᠯᠲᠡ ᠲᠠᠢ