ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ  ᠠᠴᠠ ᠪᠦᠬᠦ ᠬᠤᠳᠠ  ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠺᠠᠳᠠᠷ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠶᠡᠬᠡ
2017.02.08 ᠲᠣᠰ ᠥᠷᠲᠡᠭᠡᠨ ᠦ ᠨᠠᠢᠷᠠᠭᠤᠯᠤᠭᠴᠢ

ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ  ᠠᠴᠠ ᠪᠦᠬᠦ ᠬᠤᠳᠠ  ᠶᠢᠨ ᠰᠢᠬᠦᠬᠦ ᠬᠤᠷᠢᠶᠠᠨ ᠤ ᠤᠳᠤᠷᠢᠳᠤᠯᠭ᠎ᠠ ᠺᠠᠳᠠᠷ  ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠶᠡᠬᠡ ᠬᠤᠷᠠᠯ ᠬᠤᠷᠠᠯᠳᠤᠭᠤᠯᠪᠠ

 

 

 

 

 

 

 

 

 

 

 

 

 

 

 

 

 

    ᠤᠳᠤᠷᠢᠳᠤᠯᠭ᠎ᠠ ᠺᠠᠳᠠᠷ ᠤᠨ ᠬᠠᠷᠢᠭᠤᠴᠠᠯᠭ᠎ᠠ ᠡᠬᠦᠷᠭᠡᠯᠡᠬᠦ ᠤᠬᠠᠮᠰᠠᠷ ᠂ ᠠᠷᠢᠭᠤᠨ ᠴᠢᠬᠡᠴᠢ ᠪᠡᠶ᠎ᠠ ᠪᠠᠨ ᠪᠠᠷᠢᠬᠤ ᠤᠬᠠᠮᠰᠠᠷ  ᠢ ᠤᠯᠠᠮ ᠨᠢᠬᠡ ᠠᠯᠬᠤᠮ ᠴᠢᠩᠭᠠᠳᠭᠠᠵᠤ᠂ ᠪᠦᠬᠦ ᠬᠤᠳᠠ ᠶᠢᠨ ᠰᠢᠬᠦᠬᠦ ᠬᠤᠷᠢᠶᠠᠨ ᠤ ᠠᠵᠢᠯ  ᠢ ᠪᠤᠳᠠᠳᠠᠢ ᠲᠦᠯᠬᠢᠨ ᠠᠬᠢᠭᠤᠯᠵᠤ ᠰᠢᠨ᠎ᠠ ᠨᠢᠬᠡᠨ ᠳᠡᠭᠳᠡᠷ ᠲᠦ ᠭᠠᠷᠭᠠᠬᠤ  ᠶᠢᠨ ᠲᠦᠯᠦᠬᠡ ᠂ 1 ᠰᠠᠷᠠᠢᠨ 22  ᠤ ᠡᠳᠦᠷ ᠦᠨ ᠦᠳᠡ ᠶᠢᠨ ᠡᠮᠦᠨ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠤᠳᠤᠷᠢᠳᠤᠯᠭ᠎ᠠ ᠺᠠᠳᠠᠷ  ᠤᠨ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠶᠡᠬᠡ ᠬᠤᠷᠠᠯ ᠬᠤᠷᠠᠯᠳᠤᠭᠤᠯᠪᠠ ᠃ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠂ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠺᠠᠳᠠᠷ ᠴᠠᠭᠳᠠᠭ᠎ᠠ ᠭᠤᠤᠯ ᠬᠤᠷᠠᠯ ᠤᠨ ᠳᠠᠯᠠᠪᠤᠷ ᠲᠤ ᠬᠤᠷᠠᠯ ᠳᠤ ᠤᠷᠤᠯᠴᠠᠵᠤ ᠂ ᠡᠯ᠎ᠡ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠪᠤᠰᠤᠳ ᠤᠳᠤᠷᠢᠳᠬᠤ ᠪᠠᠭ ᠤᠨ ᠬᠡᠰᠢᠬᠦᠨ ᠪᠤᠯᠤᠨ ᠺᠠᠳᠠᠷ ᠴᠠᠭᠳᠠᠭ᠎ᠠ ᠬᠤᠪᠢᠶᠠᠷᠢ ᠬᠤᠷᠠᠯ ᠤᠨ ᠳᠠᠯᠠᠪᠤᠷ ᠲᠤ ᠬᠤᠷᠠᠯ ᠢ ᠰᠣᠨᠤᠰᠪᠠ ᠃

     ᠬᠤᠳᠠ ᠶᠢᠨ ᠠᠷᠠᠳ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠹᠠᠨ ᠶᠢᠦ ᠹᠠ ᠳᠡᠳ᠋ ᠬᠤᠷᠢᠶᠠᠨ ᠳᠠᠷᠤᠭ᠎ᠠ ᠬᠤᠷᠠᠯ ᠡᠷᠬᠢᠯᠡᠪᠡ ᠂ ᠲᠡᠷᠡ ᠵᠢᠭᠠᠵᠤ ᠭᠠᠷᠭᠠᠭᠰᠠᠨ ᠨᠢ᠂ ᠤᠳᠤᠷᠢᠳᠤᠯᠭ᠎ᠠ ᠺᠠᠳᠠᠷ ᠨᠠᠮ ᠤᠨ ᠵᠤᠬᠢᠶᠠᠨ ᠪᠠᠢᠭᠤᠯᠤᠯᠲᠠ ᠳᠤ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠮᠡᠳᠡᠭᠦᠯᠦᠯᠲᠡ ᠬᠢᠬᠦ ᠨᠢ《ᠳᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠳᠤᠳᠤᠭᠠᠳᠤ  ᠶᠢᠨ ᠬᠢᠨᠠᠨᠯᠲᠠ ᠳᠠᠯᠪᠢᠬᠤ ᠲᠦᠷᠢᠮ》《ᠰᠢᠨ᠎ᠠ ᠴᠠᠭ ᠦᠶ᠎ᠠ ᠶᠢᠨ ᠨᠠᠮ ᠤᠨ ᠳᠤᠳᠤᠷᠠᠬᠢ ᠤᠯᠤᠰ ᠲᠦᠷᠦ ᠶᠢᠨ ᠠᠮᠢᠳᠤᠷᠠᠯ ᠤᠨ ᠳᠤᠬᠠᠢ ᠪᠠᠷᠢᠮᠵᠢᠶ᠎ᠠ ᠨᠤᠭᠤᠳ》 ᠢ ᠨᠠᠢᠳᠠᠪᠤᠷᠢᠵᠢᠭᠤᠯᠵᠤ ᠨᠢᠬᠡᠨ ᠴᠢᠬᠤᠯᠠ ᠠᠷᠭ᠎ᠠ ᠠᠪᠴᠢᠯ ᠪᠠᠢᠵᠤ ᠂ ᠨᠠᠮ ᠤᠨ ᠳᠤᠳᠤᠭᠠᠳᠤ  ᠳᠤ ᠬᠢᠨᠠᠯᠲᠠ ᠳᠠᠯᠪᠢᠬᠤ ᠨᠢᠬᠡᠨ ᠵᠦᠢᠯ ᠦᠨ ᠪᠡᠶ᠎ᠠ ᠪᠠᠷ ᠪᠠᠷᠢᠬᠤ ᠪᠠᠢᠭᠤᠯᠤᠮᠵᠢ ᠂ ᠮᠦᠨᠴᠦ ᠨᠠᠮ ᠤᠨ ᠵᠤᠬᠢᠶᠠᠨ ᠪᠠᠢᠭᠤᠯᠤᠯᠲᠠ ᠴᠢᠩᠭ᠎ᠠ ᠬᠢᠨᠠᠯᠲᠠ ᠪᠤᠯᠤᠨ ᠨᠠᠮ ᠤᠨ ᠬᠡᠰᠢᠬᠦᠨ ᠺᠠᠳᠠᠷ ᠨᠠᠷᠢᠨ ᠬᠢᠨᠠᠮᠠᠭᠠᠢ ᠪᠡᠶ᠎ᠠ ᠪᠠᠨ ᠪᠠᠷᠢᠬᠤ ᠳᠠᠢ ᠤᠶᠠᠯᠳᠤᠭᠤᠯᠭᠰᠠᠨ ᠪᠦᠲᠦᠮᠵᠢᠲᠠᠢ ᠬᠡᠯᠪᠡᠷᠢ ᠮᠦᠨ ᠃ ᠤᠳᠤᠷᠢᠳᠤᠯᠭ᠎ᠠ ᠺᠠᠳᠠᠷ ᠤᠨ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠪᠠᠷ ᠳᠠᠮᠵᠢᠵᠤ ᠂ ᠨᠠᠮ ᠤᠨ ᠵᠤᠬᠢᠶᠠᠨ ᠪᠠᠢᠭᠤᠯᠤᠯᠲᠠ  ᠳᠤ ᠤᠳᠤᠷᠢᠳᠤᠯᠭ᠎ᠠ ᠺᠠᠳᠠᠷ ᠠᠵᠢᠯ ᠤᠨ ᠬᠠᠷᠢᠭᠤᠴᠠᠯᠭ᠎ᠠ ᠡᠬᠦᠷᠭᠡ ᠪᠠ ᠴᠢᠬᠡᠴᠢ ᠵᠠᠰᠠᠭ ᠤᠨ ᠪᠦᠲᠦᠭᠡᠨ ᠪᠠᠢᠭᠤᠯᠤᠯᠲᠠ ᠶᠢ ᠪᠠᠷᠢᠮᠲᠠᠯᠠᠵᠤ ᠪᠠᠢᠬᠤ ᠪᠠᠢᠳᠠᠯ ᠢ ᠣᠢᠯᠠᠭᠠᠭᠤᠯᠵᠤ ᠂ ᠡᠭᠦᠨ ᠦ ᠤᠯᠠᠮ ᠠᠴᠠ ᠲᠡᠭᠦᠨ ᠦ ᠳᠤᠰᠢᠶᠠᠯ ᠳᠤ ᠪᠠᠨ ᠳᠤᠬᠢᠷᠠᠵᠤ ᠪᠠᠢᠬᠤ ᠡᠰᠡᠬᠦ ᠳᠦ ᠪᠤᠰᠤᠳᠴᠢ ᠦᠨᠡᠯᠡᠯᠲᠡ ᠦᠭᠴᠦ ᠳᠡᠢᠯᠦᠨ᠎ᠠ ᠃ ᠡᠭᠦᠨ ᠦ ᠬᠠᠮᠳᠤ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠤᠳᠤᠷᠢᠳᠤᠯᠭ᠎ᠠ ᠺᠠᠳᠠᠷ  ᠦᠨ ᠰᠡᠳᠬᠢᠯ ᠢ ᠲᠠᠢᠪᠤᠰᠢᠷᠠᠭᠤᠯᠬᠤ ᠂ ᠦᠪᠡᠷ ᠦᠨ ᠥᠩᠭᠡᠷᠡᠭᠰᠡᠨ ᠨᠢᠬᠡ ᠵᠢᠯ ᠦᠨ ᠠᠵᠢᠯ ᠢᠶᠠᠨ ᠨᠠᠷᠢᠨ ᠬᠢᠨᠠᠮᠠᠭᠠᠢ ᠡᠷᠬᠢᠴᠡᠬᠦᠯᠬᠦ ᠪᠠ ᠪᠤᠳᠤᠯᠬᠢᠯᠠᠵᠤ ᠂ ᠬᠤᠵᠢᠮ ᠤᠨ ᠠᠵᠢᠯ ᠳᠤ ᠲᠦᠯᠦᠪᠯᠡᠬᠡ ᠭᠠᠷᠭᠠᠬᠤ ᠪᠠ ᠲᠦᠰᠦᠪᠯᠡᠨ ᠪᠤᠳᠤᠵᠤ ᠂ ᠡᠭᠦᠨ ᠦ ᠤᠯᠠᠮ ᠠᠴᠠ ᠳᠠᠪᠠᠭᠤᠯᠢᠭ ᠳᠠᠯ᠎ᠠ ᠪᠠᠨ ᠪᠠᠳᠠᠷᠠᠭᠤᠯᠵᠤ ᠂ ᠬᠦᠷᠦᠯᠴᠡᠬᠦ ᠦᠬᠡᠢ ᠳᠠᠯ᠎ᠠ ᠪᠠᠨ ᠰᠠᠢᠵᠢᠷᠠᠭᠤᠯᠵᠤ ᠂ ᠬᠠᠷᠢᠭᠤᠴᠠᠯᠭᠠᠲᠤ ᠰᠡᠳᠬᠢᠯᠬᠡ ᠪᠠ ᠳᠠᠷᠤᠯᠳᠠ ᠰᠡᠳᠬᠢᠯᠬᠡ ᠪᠡᠨ ᠴᠢᠩᠭᠠᠳᠬᠠᠵᠤ ᠂ ᠠᠵᠢᠯ ᠤᠨ ᠢᠳᠡᠪᠬᠢ ᠴᠢᠨᠠᠷ ᠂ ᠰᠠᠨᠠᠭᠠᠴᠢᠯᠠᠭᠠᠲᠤ ᠴᠢᠨᠠᠷ ᠢ ᠪᠠᠳᠠᠷᠠᠭᠤᠯᠤᠨ᠎ᠠ ᠃

     ᠬᠤᠷᠠᠯ ᠳᠡᠭᠡᠷ᠎ᠠ ᠂ ᠡᠯ᠎ᠠ ᠬᠤᠰᠢᠭᠤ ᠳᠤᠭᠤᠷᠢᠭ ᠤᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠳᠤᠰᠪᠤᠷᠢ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠮᠡᠳᠡᠭᠦᠯᠦᠯᠲᠡ ᠬᠢᠪᠡ ᠃ ᠬᠤᠳᠠ  ᠶᠢᠨ ᠠᠷᠠᠳ ᠳᠤᠮᠳᠠ ᠵᠡᠷᠬᠡ ᠰᠢᠬᠦᠬᠦ ᠬᠤᠷᠢᠶᠠᠨ ᠤ ᠡᠯ᠎ᠠ ᠬᠠᠮᠢᠶᠠᠷᠤᠯᠲᠠ ᠶᠢᠨ ᠳᠡᠳ᠋ ᠬᠤᠷᠢᠶᠠᠨ ᠳᠠᠷᠤᠭ᠎ᠠ ᠶᠡᠬᠡ ᠬᠤᠷᠠᠯ ᠳᠤ ᠬᠠᠷᠢᠭᠤᠴᠠᠯᠭ᠎ᠠ ᠳᠤᠭᠠᠴᠢᠬᠤ ᠴᠢᠬᠡᠴᠢ ᠳᠤᠭᠠᠴᠢᠬᠤ ᠮᠡᠳᠡᠭᠦᠯᠦᠯᠲᠡ ᠶᠢᠨ ᠪᠢᠴᠢᠭ᠌ ᠳᠤᠰᠢᠶᠠᠪᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )