ᠨᠢᠬᠡᠨ ᠬᠠᠯᠠᠮ ᠤᠳᠠᠰᠤᠨ ᠤ ᠬᠠᠤᠯᠢ ᠴᠠᠭᠠᠵᠠ ᠶᠢᠨ ᠬᠠᠯᠠᠭᠤᠨ ᠳᠤᠯᠠᠭᠠᠨ—— ᠦᠤᠰᠢᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ 12368 ᠠᠷᠠᠳ ᠲᠤ ᠲᠦᠬᠦᠮ ᠵᠠᠷᠭᠤ ᠶᠢᠨ ᠦᠢᠯᠡᠴᠢᠯᠡᠭᠡᠨ ᠢ ᠬᠠᠯᠠᠮ ᠤᠳᠠᠰᠤ ᠨᠡᠪᠲᠡᠷᠡᠪᠡ
ᠬᠠᠤᠯᠢ ᠴᠠᠭᠠᠵᠠ ᠶᠢ ᠤᠯᠠᠮ ᠨᠢᠬᠡ ᠠᠯᠬᠤᠮ ᠢᠯᠡ ᠪᠤᠯᠭᠠᠵᠤ ᠂ ᠠᠷᠠᠳ ᠤᠨ ᠲᠦᠯᠦᠬᠡ ᠬᠠᠤᠯᠢ ᠪᠠᠷᠢᠬᠤ ᠶᠢ ᠨᠠᠢᠳᠠᠪᠤᠷᠢᠵᠢᠭᠤᠯᠬᠤ ᠂ ᠬᠠᠤᠯᠢ ᠴᠠᠭᠠᠵᠠ ᠶᠢᠨ ᠦᠢᠯᠡᠴᠢᠯᠡᠭᠡᠨ ᠢ ᠰᠢᠨᠵᠢᠯᠡᠬᠦ ᠮᠡᠷᠬᠡᠵᠢᠯ ᠪᠠ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠵᠦ ᠂ ᠠᠷᠠᠳ ᠤᠨ ᠰᠢᠬᠦᠬᠦ ᠬᠤᠷᠢᠶ᠎ᠠ ᠠᠷᠠᠳ ᠲᠦᠮᠡᠨ ᠳᠠᠢ ᠬᠠᠷᠢᠴᠠᠬᠤ ᠶᠢ ᠰᠠᠭᠠᠳ ᠦᠬᠡᠢ ᠪᠣᠯᠭᠠᠬᠤ ᠶᠢᠨ ᠲᠦᠯᠦᠭᠡ ᠂ ᠣᠢᠷ᠎ᠠ ᠶᠢᠨ ᠡᠳᠦᠷ ᠲᠦ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠰᠢᠬᠦᠬᠦ ᠬᠤᠷᠢᠶᠠᠨ ᠤ ᠨᠢᠭᠡᠳᠦᠯᠲᠡᠢ ᠲᠣᠬᠢᠷᠠᠭᠤᠯᠤᠯᠲᠠ ᠳᠤᠤᠷ᠎ᠠ᠂ ᠮᠠᠨ ᠬᠤᠷᠢᠶ᠎ᠠ ᠵᠢᠩᠬᠢᠨᠢ ᠪᠡᠷ 12368 ᠠᠷᠠᠳ ᠲᠤ ᠲᠦᠬᠦᠮ ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠨᠡᠪᠲᠡᠷᠡᠬᠦᠯᠪᠡ ᠃
ᠨᠡᠪᠲᠡᠷᠡᠭᠦᠯᠦᠭᠰᠡᠨ《12368》ᠠᠷᠠᠳ ᠲᠤ ᠲᠦᠬᠦᠮ ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠨᠢ ᠵᠠᠷᠭᠤ ᠶᠢᠨ ᠦᠢᠯᠡᠴᠢᠯᠡᠭᠡᠨ ᠦ ᠴᠠᠭ ᠳᠤᠬᠠᠢ ᠳᠤᠨᠢ ᠬᠠᠷᠢᠭᠤᠯᠬᠤ ᠳᠠᠪᠴᠠᠩ ᠂ ᠬᠡᠷᠡᠭ ᠦᠨ ᠳᠤᠬᠠᠢ ᠶᠢᠨ ᠬᠦᠮᠦᠨ ᠵᠢᠴᠢ ᠵᠠᠷᠭᠤ ᠶᠢᠨ ᠨᠠᠢᠳᠠᠭᠰᠠᠨ ᠲᠦᠯᠦᠭᠡᠯᠡᠭᠴᠢ ᠠᠵᠢᠯ ᠤᠨ ᠴᠠᠭ ᠲᠤ ᠤᠳᠠᠰᠤ ᠢᠷᠡᠬᠦᠯᠦᠭᠰᠡᠨ ᠦ ᠳᠠᠷᠠᠭ᠎ᠠ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠬᠦᠮᠦᠨ ᠦ ᠬᠦᠴᠦᠨ ᠦ ᠳᠠᠮᠵᠢᠭᠤᠯᠤᠨ ᠵᠠᠯᠭᠠᠬᠤ ᠪᠠᠷ ᠳᠠᠮᠵᠢᠵᠤ ᠂ ᠰᠢᠬᠦᠬᠦ ᠬᠤᠷᠢᠶᠠᠨ ᠤ ᠳᠤᠭᠳᠠᠭᠰᠠᠨ ᠰᠢᠭᠦᠭᠴᠢ ᠳᠠᠢ ᠬᠠᠷᠢᠯᠴᠠᠵᠤ ᠂ ᠬᠡᠷᠡᠭ ᠢ ᠬᠦᠯᠢᠶᠡᠨ ᠠᠪᠤᠭᠰᠠᠨ ᠡᠰᠡᠬᠦ ᠂ ᠡᠶᠡᠳᠡᠭᠦᠯᠬᠦ ᠲᠢᠩᠬᠢᠮ ᠦᠨ ᠬᠡᠰᠢᠬᠦᠨ ᠂ ᠲᠢᠩᠬᠢᠮ ᠡᠬᠢᠯᠡᠬᠦ ᠴᠠᠭ ᠂ ᠬᠡᠷᠡᠭ ᠰᠢᠢᠳᠪᠦᠷᠢᠯᠡᠭᠰᠡᠨ ᠠᠬᠢᠴᠠ ᠂ ᠰᠢᠢᠳᠪᠦᠷᠢᠯᠡᠭᠰᠡᠨ ᠦᠷ᠎ᠠ ᠳ᠋ᠦᠩ ᠵᠡᠷᠬᠡ ᠮᠡᠳᠡᠭᠡ ᠵᠠᠩᠭᠢ ᠵᠢᠴᠢ ᠪᠤᠰᠤᠳ ᠵᠠᠷᠭᠤ ᠶᠢᠨ ᠠᠯᠬᠤᠮ ᠶᠠᠪᠤᠴᠠ ᠶᠢᠨ ᠠᠰᠠᠭᠤᠳᠠᠯ ᠢ ᠰᠤᠷᠠᠭᠯᠠᠵᠤ ᠪᠤᠯᠤᠨ᠎ᠠ ᠂ ᠬᠡᠷᠡᠭ ᠦᠨ ᠬᠡᠰᠡᠭ ᠮᠡᠳᠡᠭᠡ ᠵᠠᠩᠬᠢ ᠶᠢ ᠪᠠᠰᠠ 24 ᠴᠠᠭ ᠤᠨ ᠬᠡᠯᠡᠨ ᠦ ᠪᠡᠶ᠎ᠠ ᠪᠠᠨ ᠳᠦᠰᠢᠵᠦ ᠰᠤᠷᠠᠭᠯᠠᠵᠤ ᠂ ᠠᠷᠠᠳ ᠲᠦᠮᠡᠨ ᠦ ᠵᠠᠷᠭᠤ ᠬᠢᠬᠦ ᠳᠦ ᠲᠦᠬᠦᠮ ᠪᠤᠯᠤᠭᠰᠠᠨ ᠪᠠᠢᠨ᠎ᠠ ᠃
ᠠᠷᠠᠳ ᠲᠤ ᠲᠦᠬᠦᠮ ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠶᠢᠨ ᠳᠠᠪᠴᠠᠩ ᠤᠨ ᠴᠢᠳᠠᠮᠵᠢ ᠶᠢ ᠪᠠᠳᠠᠷᠠᠭᠤᠯᠬᠤ ᠶᠢᠨ ᠲᠦᠯᠦᠭᠡ ᠂ ᠮᠠᠨ ᠤ ᠬᠤᠷᠢᠶ᠎ᠠ ᠵᠠᠷᠭᠤ ᠶᠢᠨ ᠦᠢᠯᠡᠴᠢᠯᠡᠭᠡᠨ ᠦ ᠲᠦᠪ ᠦᠨ ᠪᠦᠲᠦᠭᠡᠨ ᠪᠠᠢᠭᠤᠯᠤᠯᠲᠠ ᠳᠠᠢ ᠤᠶᠠᠯᠳᠤᠭᠤᠯᠵᠤ ᠂ ᠬᠡᠷᠡᠭ ᠳᠠᠩᠰᠠᠯᠠᠬᠤ ᠲᠢᠩᠬᠢᠮ ᠳᠦ ᠬᠠᠯᠠᠮ ᠤᠳᠠᠰᠤ ᠶᠢ ᠳᠤᠰᠬᠤ ᠴᠡᠭ ᠭᠠᠷᠭᠠᠵᠤ ᠂ ᠳᠤᠰᠬᠠᠢ ᠬᠦᠮᠦᠨ ᠬᠠᠷᠢᠭᠤᠴᠠᠵᠤ ᠂ ᠪᠠᠰᠠ ᠠᠯᠪᠠᠨ ᠤ ᠺᠣᠮᠫᠢᠦ᠋ᠲ᠋ᠧᠷ ᠪᠠ ᠤᠳᠠᠰᠤ ᠳᠤᠬᠢᠷᠠᠭᠤᠯᠪᠠ ᠃ ᠡᠭᠦᠨ ᠦ ᠬᠠᠮᠳᠤ 12368 ᠶᠢᠨ ᠠᠵᠢᠯᠳᠠᠨ ᠂ ᠮᠡᠷᠬᠡᠵᠢᠯᠲᠡᠨ ᠂ ᠵᠠᠰᠠᠬᠤ ᠠᠵᠢᠯᠳᠠᠨ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠢ ᠵᠤᠬᠢᠶᠠᠨ ᠪᠠᠢᠭᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠵᠤᠬᠢᠶᠠᠨ ᠪᠠᠢᠭᠤᠯᠤᠯᠭᠰᠠᠨ ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠶᠢ ᠳᠤᠰᠬᠤ ᠂ ᠬᠠᠷᠢᠭᠤᠯᠬᠤ ᠵᠡᠷᠬᠡ ᠬᠡᠷᠡᠭᠯᠡᠬᠦ ᠬᠡᠯᠪᠡᠷᠢ ᠪᠠ ᠵᠠᠰᠠᠨ ᠬᠠᠮᠠᠭᠠᠯᠠᠬᠤ ᠠᠷᠭ᠎ᠠ ᠪᠠᠷᠢᠯ ᠤᠨ ᠳᠤᠰᠬᠠᠢ ᠪᠤᠯᠪᠠᠰᠤᠷᠠᠯ ᠬᠢᠪᠡ ᠃
《12368》ᠠᠷᠠᠳ ᠲᠤ ᠲᠦᠬᠦᠮ ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠪᠤᠯ ᠤᠶᠤᠨ ᠤᠬᠠᠭᠠᠨᠳᠤ ᠰᠢᠬᠦᠬᠦ ᠬᠤᠷᠢᠶ᠎ᠠ ᠶᠢ ᠪᠦᠲᠦᠭᠡᠨ ᠪᠠᠢᠭᠤᠯᠬᠤ ᠶᠢᠨ ᠴᠢᠬᠤᠯᠠ ᠠᠷᠭ᠎ᠠ ᠠᠪᠴᠢᠯ ᠂ ᠰᠢᠬᠦᠬᠦ ᠬᠤᠷᠢᠶᠠᠨ ᠤ ᠪᠦᠲᠦᠭᠡᠨ ᠪᠠᠢᠭᠤᠯᠤᠯᠲᠠ ᠶᠢᠨ ᠨᠡᠢᠬᠡᠮ ᠳᠦ ᠬᠠᠨᠳᠤᠭᠤᠯᠤᠭᠰᠠᠨ ᠤᠯᠠᠨ ᠱᠤᠭᠤᠮ ᠳᠠᠢ ᠂ ᠨᠢᠬᠡ ᠦᠷᠲᠡᠭᠡᠲᠦ ᠂ ᠶᠡᠷᠦᠩᠬᠡᠢ ᠴᠢᠨᠠᠷ ᠳᠠᠢ ᠵᠠᠷᠭᠤ ᠶᠢᠨ ᠦᠢᠯᠡᠴᠢᠯᠡᠭᠡᠨ ᠦ ᠮᠡᠳᠡᠭᠡ ᠵᠠᠩᠭᠢᠴᠢᠯᠠᠯᠲᠠ ᠶᠢᠨ ᠥᠷᠭᠡᠳᠭᠡᠯ ᠮᠦᠨ ᠂ ᠬᠤᠵᠢᠮ ᠮᠠᠨ ᠬᠤᠷᠢᠶ᠎ᠠ ᠦᠷᠬᠦᠯᠵᠢᠯᠡᠨ ᠬᠠᠮᠢᠶ᠎ᠠ ᠪᠦᠬᠦᠢ ᠠᠵᠢᠯ ᠪᠠᠢᠭᠤᠯᠤᠮᠵᠢ ᠶᠢ ᠲᠡᠭᠦᠯᠳᠡᠷᠵᠢᠭᠦᠯᠵᠦ ᠂ 《12368》ᠠᠷᠠᠳ ᠲᠤ ᠲᠦᠬᠦᠮ ᠵᠠᠷᠭᠤ ᠶᠢᠨ ᠦᠢᠯᠡᠴᠢᠯᠡᠭᠡᠨ ᠦ ᠬᠠᠯᠠᠮ ᠤᠳᠠᠰᠤ ᠶᠢᠨ ᠦᠢᠯᠡᠳᠦᠯ ᠢ ᠪᠠᠳᠠᠷᠠᠭᠤᠯᠵᠤ ᠂ ᠲᠠᠰᠤᠷᠠᠯᠲᠠ ᠦᠬᠡᠢ ᠬᠠᠤᠯᠢ ᠴᠠᠭᠠᠵᠠ ᠶᠢᠨ ᠦᠢᠯᠡᠴᠢᠯᠡᠭᠡᠨ ᠦ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ