ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠤᠳᠤᠯᠠᠬᠤ ᠳᠠᠰᠤᠭ ᠤᠨ ᠤᠳᠤᠷᠢᠳᠤᠯᠭ᠎ᠠ ᠮᠠᠨ ᠤ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠲᠦ
2017.02.17 ᠲᠣᠰ ᠥᠷᠲᠡᠭᠡᠨ ᠦ ᠨᠠᠢᠷᠠᠭᠤᠯᠤᠭᠴᠢ

ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠤᠳᠤᠯᠠᠬᠤ ᠳᠠᠰᠤᠭ ᠤᠨ ᠤᠳᠤᠷᠢᠳᠤᠯᠭ᠎ᠠ ᠮᠠᠨ ᠤ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠲᠦ ᠰᠠᠭᠠᠳᠠᠵᠤ ᠳᠤᠭᠤᠷᠢᠨ ᠦᠵᠡᠵᠦ ᠵᠢᠭᠠᠨ ᠵᠢᠯᠤᠭᠤᠳᠪᠠ

 

 

 

 

    2 ᠰᠠᠷᠠᠢᠨ 16  ᠤ ᠡᠳᠦᠷ  ᠦᠨ ᠦᠳᠡ ᠶᠢᠨ ᠬᠤᠢᠨ᠎ᠠ ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠰᠤᠳᠤᠯᠠᠬᠤ ᠳᠠᠰᠤᠭ ᠤᠨ ᠡᠷᠬᠢᠯᠡᠭᠴᠢ ᠯᠢ ᠴᠢᠶᠤᠸᠠᠨ ᠰᠦᠸᠸ᠂ ᠰᠤᠳᠤᠯᠠᠬᠤ ᠳᠠᠰᠤᠭ ᠤᠨ ᠰᠤᠳᠤᠯᠠᠬᠤ ᠰᠠᠯᠠᠭᠠᠨ ᠤ ᠳᠠᠷᠤᠭ᠎ᠠ ᠬᠤᠸᠠᠩ ᠺᠠᠢ ᠵᠢᠴᠢ ᠰᠣᠳᠤᠯᠠᠬᠤ ᠳᠠᠰᠤᠭ ᠤᠨ ᠺᠠᠳᠠᠷ ᠯᠢ ᠷᠠᠨ ᠵᠡᠷᠬᠡ ᠬᠦᠮᠦᠰ ᠮᠠᠨ ᠤ ᠬᠤᠷᠢᠶᠠᠨ ᠤ ᠵᠠᠷᠭᠤ ᠶᠢᠨ ᠦᠢᠯᠡᠴᠢᠯᠡᠭᠡᠨ ᠦ ᠲᠦᠪ ᠲᠦ ᠬᠦᠷᠴᠦ ᠳᠤᠭᠤᠷᠢᠨ ᠦᠵᠡᠵᠦ ᠵᠢᠭᠠᠨ ᠵᠢᠯᠤᠭᠤᠳᠬᠤ ᠠᠵᠢᠯ ᠬᠢᠪᠠ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠤᠷᠤᠯᠠᠭᠴᠢ ᠬᠤᠷᠢᠶᠠᠨ ᠳᠠᠷᠤᠭ᠎ᠠ ᠯᠢ ᠾᠦᠩ ᠶᠠᠨ ᠂ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠳᠡᠳ᠋ ᠬᠤᠷᠢᠶᠠᠨ ᠳᠠᠷᠤᠭ᠎ᠠ ᠠᠢ ᠹᠸᠢ ᠵᠢᠴᠢ ᠰᠢᠬᠦᠨ ᠳᠠᠰᠤᠯᠠᠬᠤ ᠺᠤᠮᠢᠰ ᠤᠨ ᠳᠤᠰᠬᠠᠢ ᠳᠤᠰᠢᠶᠠᠯᠳᠠᠨ ᠭᠧ ᠵᠦᠩ ᠫᠢᠩ ᠳᠠᠢ ᠬᠠᠮᠳᠤ ᠬᠡᠷᠡᠭ ᠳᠠᠩᠰᠠᠯᠠᠬᠤ ᠦᠢᠯᠡᠴᠢᠯᠡᠭᠡᠨ ᠦ ᠳᠤᠭᠤᠷᠢᠭ ᠂ ᠠᠷᠠᠳ ᠲᠤ ᠲᠦᠬᠦᠮ ᠦᠢᠯᠡᠴᠢᠯᠡᠭᠡᠨ ᠢ ᠳᠤᠭᠤᠷᠢᠭ ᠂ ᠵᠠᠭᠠᠯᠳᠤᠬᠤ ᠡᠶᠡᠳᠡᠭᠦᠯᠬᠦ ᠳᠤᠭᠤᠷᠢᠭ ᠪᠠ ᠵᠠᠬᠢᠳᠠᠯ ᠰᠤᠷᠪᠤᠯᠵᠢᠯᠠᠭ᠎ᠠ ᠶᠢᠨ ᠦᠢᠯᠡᠴᠢᠯᠡᠭᠡᠨ ᠦ ᠳᠤᠭᠤᠷᠢᠭ ᠢ ᠳᠤᠭᠤᠷᠢᠨ ᠦᠵᠡᠵᠦ ᠂ ᠦᠢᠯᠡᠴᠢᠯᠡᠬᠦ ᠲᠦᠪ ᠦᠨ ᠠᠵᠢᠯᠳᠠᠨ ᠤ  ᠦᠢᠯᠡᠴᠢᠯᠡᠬᠦ ᠲᠦᠪ ᠦᠷᠭᠡᠳᠬᠡᠨ ᠪᠠᠢᠭᠤᠯᠤᠭᠰᠠᠨ ᠤ ᠳᠠᠷᠠᠭᠠᠬᠢ ᠠᠵᠢᠯ ᠤᠨ ᠪᠠᠢᠳᠠᠯ ᠤᠨ ᠲᠠᠨᠢᠯᠴᠠᠭᠤᠯᠭ᠎ᠠ ᠶᠢ ᠰᠤᠨᠤᠰᠴᠤ ᠂ ᠦᠢᠯᠡᠴᠢᠯᠡᠬᠦ ᠲᠦᠪ ᠦᠨ ᠮᠡᠳᠡᠬᠡ ᠵᠠᠩᠭᠢᠴᠢᠯᠠᠯᠲᠠ ᠶᠢᠨ ᠲᠦᠬᠦᠭᠡᠷᠦᠮᠵᠢ ᠶᠢᠨ ᠠᠵᠢᠯᠯᠠᠬᠤ ᠶᠢ ᠦᠵᠡᠪᠡ ᠃

     ᠳᠤᠭᠤᠷᠢᠨ ᠦᠵᠡᠵᠦ ᠳᠠᠭᠤᠰᠤᠭᠰᠠᠨ ᠤ ᠳᠠᠷᠠᠭ᠎ᠠ ᠯᠢ ᠡᠷᠬᠢᠯᠡᠭᠴᠢ ᠵᠡᠷᠬᠡ ᠬᠦᠮᠦᠰ ᠵᠠᠷᠭᠤ ᠶᠢᠨ ᠦᠢᠯᠡᠴᠢᠯᠡᠭᠡᠨ ᠢ ᠲᠦᠪ ᠦᠨ ᠪᠦᠲᠦᠭᠡᠨ ᠪᠠᠢᠭᠤᠯᠤᠯᠲᠠ  ᠳᠤ ᠨᠤᠳᠠᠯᠠᠯᠲᠠ ᠦᠭᠴᠦ ᠂ ᠮᠠᠨ ᠤ ᠦᠢᠯᠡᠴᠢᠯᠡᠬᠦ ᠲᠦᠪ ᠬᠤᠵᠢᠮ ᠤᠨ ᠠᠵᠢᠯ ᠳᠤᠮᠳᠠ ᠦᠷᠬᠦᠯᠵᠢᠯᠡᠨ ᠪᠤᠯᠪᠠᠰᠤᠨ ᠬᠠᠯᠠᠭᠤᠮᠰᠤᠭ ᠠᠵᠢᠯ ᠤᠨ ᠤᠪᠤᠷ ᠳᠠᠢ ᠪᠠᠢᠵᠤ ᠂ ᠤᠯᠠᠮ ᠨᠢᠬᠡ ᠠᠯᠬᠤᠮ ᠳᠤᠬᠠᠢᠯᠠᠭᠰᠠᠨ ᠠᠵᠢᠯ ᠤᠨ ᠴᠢᠳᠠᠪᠤᠷᠢ ᠪᠠᠨ ᠦᠷᠭᠡᠳᠬᠡᠵᠦ ᠂ ᠵᠠᠷᠭᠤ ᠬᠢᠵᠦ ᠪᠠᠢᠭ᠎ᠠ ᠠᠷᠠᠳ ᠲᠦᠮᠡᠨ ᠪᠠ ᠰᠢᠬᠦᠨ ᠲᠠᠰᠤᠯᠤᠯᠲᠠ ᠶᠢᠨ ᠠᠵᠢᠯ ᠳᠤ ᠴᠢᠨᠠᠷ ᠰᠠᠢᠲᠠᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠶᠢ ᠬᠦᠰᠡᠪᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )