ᠤᠳᠤᠭ ᠬᠤᠰᠢᠭᠤᠨ ᠤ ᠰᠢᠬᠦᠬᠦ ᠬᠤᠷᠢᠶ᠎ᠠ ᠠᠩᠬᠠᠳᠤᠭᠠᠷ ᠤᠳᠠᠭᠠᠨ ᠤ ᠰᠢᠬᠦᠭᠴᠢ ᠶᠢᠨ ᠬᠤᠷᠠᠯ ᠬᠤᠷᠠᠯᠳᠤᠪᠠ
2017.03.03 ᠲᠣᠰ ᠥᠷᠲᠡᠭᠡᠨ ᠦ ᠨᠠᠢᠷᠠᠭᠤᠯᠤᠭᠴᠢ

     ᠣᠢᠷ᠎ᠠ ᠳᠤ᠂ ᠤᠳᠤᠭ ᠬᠤᠰᠢᠭᠤᠨ ᠤ ᠰᠢᠬᠦᠬᠦ ᠬᠤᠷᠢᠶ᠎ᠠ ᠠᠩᠬᠠᠳᠤᠭᠠᠷ ᠤᠳᠠᠭᠠᠨ ᠤ ᠰᠢᠬᠦᠭᠴᠢ ᠶᠢᠨ ᠬᠤᠷᠠᠯ ᠬᠤᠷᠠᠯᠳᠤᠪᠠ ᠃ ᠪᠦᠬᠦ ᠰᠢᠬᠦᠭᠴᠢ ᠂ ᠬᠠᠪᠰᠤᠷᠠᠭᠴᠢ ᠠᠩᠬᠢ ᠶᠢᠨ ᠳᠠᠷᠤᠭ᠎ᠠ ᠂ ᠶᠡᠷᠦᠩᠬᠡᠢᠯᠡᠨ ᠦᠢᠯᠡᠴᠢᠯᠡᠬᠦ ᠠᠩᠭᠢ ᠶᠢᠨ ᠳᠠᠷᠤᠭ᠎ᠠ ᠂ ᠰᠢᠭᠦᠭᠴᠢ ᠶᠢᠨ ᠬᠠᠪᠰᠤᠷᠤᠭᠴᠢ ᠶᠢᠨ ᠲᠦᠯᠦᠭᠡᠯᠡᠭᠴᠢ ᠵᠢᠴᠢ ᠳᠡᠮᠳᠡᠭᠯᠡᠭᠴᠢ ᠶᠢᠨ ᠲᠦᠯᠦᠭᠡᠯᠡᠭᠴᠢ ᠬᠤᠷᠠᠯ ᠳᠤ ᠤᠷᠤᠯᠴᠠᠪᠠ ᠃

    ᠰᠢᠬᠦᠭᠴᠢ ᠶᠢᠨ ᠬᠤᠷᠠᠯ ᠪᠤᠯ ᠤᠳᠤᠭ ᠬᠤᠰᠢᠭᠤᠨ ᠤ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠰᠤᠳᠤᠯᠤᠨ ᠳᠤᠭᠳᠠᠭᠰᠠᠨ ᠨᠢᠬᠡᠨ ᠤᠳᠠᠭᠠᠨ ᠤ ᠴᠢᠬᠤᠯᠠ ᠬᠤᠷᠠᠯ ᠮᠦᠨ᠂ ᠪᠦᠬᠦ ᠬᠤᠷᠢᠶᠠᠨ ᠤ ᠰᠢᠬᠦᠨ ᠳᠠᠰᠤᠯᠤᠯᠲᠠ ᠬᠦᠢᠴᠡᠳᠬᠡᠬᠦ ᠠᠵᠢᠯ ᠢ ᠲᠦᠯᠬᠢᠨ ᠠᠬᠢᠭᠤᠯᠬᠤ ᠳᠤ ᠴᠢᠬᠤᠯᠠ ᠠᠴᠠ ᠬᠤᠯᠪᠤᠭᠳᠠᠯ ᠳᠠᠢ ᠶᠤᠮ ᠃ ᠬᠤᠷᠠᠯ ᠳᠡᠭᠡᠷ᠎ᠠ᠂ ᠬᠤᠷᠠᠯ  ᠳᠤ ᠣᠷᠤᠯᠴᠠᠭᠰᠠᠳ ᠬᠠᠮᠲᠤᠪᠠᠷ ᠵᠥᠪᠯᠡᠯᠳᠦᠨ ᠂ ᠢᠳᠡᠪᠭᠢᠳᠠᠢ ᠶᠠᠷᠢᠶ᠎ᠠ ᠳᠠᠯᠪᠢᠵᠤ ᠂ ᠤᠳᠤᠭ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠰᠢᠭᠦᠭᠴᠢ ᠶᠢᠨ ᠬᠤᠷᠠᠯ ᠤᠨ ᠲᠦᠷᠢᠮ ᠂ ᠬᠡᠷᠡᠭ ᠬᠤᠪᠢᠶᠠᠬᠤ ᠳᠤᠭᠳᠠᠭᠠᠯ ᠂ ᠰᠢᠬᠦᠨ ᠲᠠᠰᠤᠯᠤᠯᠲᠠ ᠶᠢᠨ ᠡᠩᠨᠡᠭᠡ ᠶᠢᠨ ᠠᠵᠢᠯ ᠤᠨ ᠬᠠᠷᠢᠭᠤᠴᠠᠯᠭ᠎ᠠ ᠂ ᠬᠠᠤᠯᠢ ᠴᠠᠭᠠᠵᠠ ᠶᠢᠨ ᠪᠢᠴᠢᠭ᠌ ᠮᠠᠲ᠋ᠧᠷᠢᠶᠠᠯ ᠳᠠᠷᠬᠠᠬᠤ ᠂ ᠮᠡᠳᠡᠭᠦᠯᠦᠯᠲᠡ ᠪᠡᠯᠡᠳᠬᠡᠯ ᠦᠨ ᠲᠦᠷᠢᠮ ᠵᠢᠴᠢ ᠡᠶᠡᠳᠡᠬᠦᠯᠬᠦ ᠲᠢᠩᠬᠢᠮ ᠵᠤᠬᠢᠶᠠᠨ ᠪᠠᠢᠭᠤᠯᠬᠤ ᠲᠦᠷᠢᠮ ᠵᠡᠷᠬᠡ ᠳᠠᠪᠤᠨ ᠲᠦᠷᠢᠮ ᠳᠤᠭᠳᠠᠭᠠᠯ ᠢ ᠶᠠᠷᠢᠯᠴᠠᠭᠰᠠᠨ ᠪᠦᠭᠡᠳ ᠰᠠᠨᠠᠯ ᠬᠤᠷᠢᠶᠠᠬᠤ ᠪᠠᠷ ᠳᠠᠮᠵᠢᠵᠤ ᠪᠠᠳᠤᠯᠠᠪᠠ ᠃

     ᠬᠤᠷᠠᠯ ᠳᠡᠭᠡᠷ᠎ᠠ᠂ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠂ ᠬᠤᠷᠢᠶᠠᠨ ᠳᠠᠷᠤᠭ᠎ᠠ ᠯᠢᠦ ᠶᠦᠩ ᠵᠢᠶᠦ᠋ᠨ ᠴᠢᠬᠤᠯᠠ ᠶᠠᠷᠢᠶ᠎ᠠ ᠳᠠᠯᠪᠢᠪᠠ ᠃ ᠲᠡᠷᠡ ᠵᠢᠭᠠᠵᠤ ᠭᠠᠷᠭᠠᠭᠰᠠᠨ ᠨᠢ ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠨᠢᠬᠡᠨᠲᠡ ᠬᠦᠴᠢᠷᠳᠡᠯ ᠰᠢᠢᠳᠪᠦᠷᠢᠯᠡᠬᠦ ᠬᠤᠭᠤᠴᠠᠭᠠᠨ ᠳᠤ ᠤᠷᠤᠵᠤ ᠂ ᠰᠢᠭᠦᠭᠴᠢ  ᠶᠢᠨ ᠬᠤᠷᠠᠯ ᠤᠨ ᠲᠦᠷᠢᠮ ᠡᠴᠡ ᠭᠠᠳᠠᠨ᠎ᠠ ᠂ ᠥᠭᠡᠷᠡᠴᠢᠯᠡᠯᠲᠡ ᠶᠢᠨ ᠠᠭᠤᠯᠭ᠎ᠠ ᠪᠠᠰᠠ ᠮᠠᠰᠢ ᠤᠯᠠᠨ ᠪᠠᠢᠵᠤ ᠂ ᠡᠭᠦᠷᠭᠡ ᠪᠠᠰᠠ ᠮᠠᠰᠢ ᠬᠦᠨᠳᠦ ᠶᠤᠮ ᠃ ᠤᠳᠤᠬᠠᠨ ᠤ ᠬᠠᠤᠯᠢ ᠴᠠᠭᠠᠵᠠ ᠶᠢᠨ ᠦᠢᠯᠡᠳᠦᠯᠭᠡ ᠡᠴᠡ ᠦᠵᠡᠬᠦ  ᠪᠠᠷ ᠰᠢᠬᠦᠭᠴᠢ ᠶᠢᠨ ᠬᠤᠷᠠᠯ ᠤᠨ ᠲᠦᠷᠢᠮ ᠪᠠᠢᠭᠤᠯᠬᠤ ᠨᠢ  ᠪᠣᠳᠠᠲᠠᠢ ᠵᠦᠢ ᠵᠤᠬᠢᠰᠳᠠᠢ ᠴᠢᠨᠠᠷ ᠪᠠ ᠴᠢᠬᠤᠯᠠ ᠴᠢᠨᠠᠷ ᠳᠠᠢ ᠃ ᠡᠨᠡ ᠤᠳᠠᠭᠠᠨ ᠤ ᠰᠢᠬᠦᠭᠴᠢ ᠶᠢᠨ ᠬᠤᠷᠠᠯ ᠤᠨ ᠳᠤᠬᠢᠶᠠᠯ ᠢ ᠠᠰᠢᠭᠯᠠᠨ ᠂ 《ᠨᠢᠬᠡ ᠬᠦᠯᠭᠡ ᠰᠢᠲᠠᠷ᠎ᠠ》ᠰᠡᠳᠭᠢᠬᠦᠢ ᠶᠢ ᠪᠠᠳᠤᠵᠢᠭᠤᠯᠵᠤ ᠂ ᠰᠠᠨᠠᠭᠤᠯᠭ᠎ᠠ ᠶᠢ ᠬᠦᠢᠴᠡᠳ ᠰᠤᠨᠤᠰᠤᠨ ᠂ ᠢᠳᠡᠪᠬᠢᠳᠠᠢ ᠳᠡᠮᠵᠢᠬᠦ  ᠪᠡᠷ ᠴᠢᠷᠮᠠᠢᠵᠤ ᠂ ᠪᠦᠬᠦᠯᠢ ᠴᠤᠭᠴᠠ ᠶᠢᠨ ᠬᠠᠮᠳᠤᠷᠠᠭᠰᠠᠨ ᠬᠦᠴᠦᠨ ᠢ ᠪᠦᠷᠢᠯᠳᠦᠭᠦᠯᠦᠨ᠎ᠡ ᠃ ᠢᠳᠡᠪᠬᠢᠳᠠᠢ ᠯᠠᠪᠳᠠᠭᠤᠨ ᠂ ᠨᠢᠭᠡᠳᠦᠯᠲᠡᠢ ᠳᠤᠬᠢᠷᠠᠭᠤᠯᠵᠤ ᠨᠡᠢᠳᠡᠮ  ᠳᠦ ᠨᠢ ᠬᠠᠷᠭᠠᠯᠵᠠᠵᠤ ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠥᠭᠡᠷᠡᠴᠢᠯᠡᠯᠲᠡ  ᠦᠨ ᠬᠠᠷᠠᠯᠳᠠ ᠦᠬᠡᠳᠡ ᠵᠠᠢᠯᠠᠰᠢ ᠦᠬᠡᠢ ᠴᠢᠷᠮᠠᠢᠬᠤ ᠪᠠᠷ ᠪᠠᠷᠠᠬᠤ ᠦᠬᠡᠢ ᠬᠠᠤᠯᠢ ᠴᠠᠭᠠᠵᠠ ᠶᠢᠨ ᠪᠠᠢᠭᠤᠯᠤᠮᠵᠢ ᠡᠯ᠎ᠠ ᠥᠭᠡᠷᠡᠴᠢᠯᠡᠯᠲᠡ ᠶᠢᠨ ᠡᠬᠦᠷᠭᠡ  ᠶᠢᠨ ᠪᠦᠬᠦᠯᠢ ᠴᠤᠭᠴᠠ ᠶᠢ ᠨᠠᠢᠳᠠᠪᠤᠷᠢᠵᠢᠭᠤᠯᠤᠨ᠎ᠠ ᠃ ᠬᠠᠤᠯᠢ ᠴᠠᠭᠠᠵᠠ ᠶᠢᠨ ᠥᠭᠡᠷᠡᠴᠢᠯᠡᠯᠲᠡ ᠪᠤᠯᠤᠨ ᠰᠢᠬᠦᠨ ᠳᠠᠰᠤᠯᠤᠯᠲᠠ ᠶᠢᠨ ᠠᠵᠢᠯ ᠤᠨ ᠬᠠᠷᠢᠴᠠᠭ᠎ᠠ ᠶᠢ ᠰᠠᠢᠳᠤᠷ ᠰᠢᠢᠳᠪᠦᠷᠢᠯᠡᠵᠦ ᠂ 《ᠬᠤᠶᠠᠷ ᠳᠠᠯ᠎ᠠ ᠶᠢ ᠠᠳᠬᠤᠵᠤ ᠂ ᠬᠤᠶᠠᠷ ᠳᠠᠯ᠎ᠠ ᠶᠢ ᠠᠬᠢᠭᠤᠯᠬᠤ》 ᠶᠢ ᠪᠠᠷᠢᠮᠳᠠᠯᠠᠵᠤ ᠂ ᠥᠭᠡᠷᠡᠴᠢᠯᠡᠯᠲᠡ ᠪᠡᠷ ᠠᠵᠢᠯ ᠢ ᠳᠦᠯᠬᠢᠨ ᠠᠬᠢᠭᠤᠯᠵᠤ ᠂ ᠠᠵᠢᠯ ᠤᠨ ᠪᠦᠲᠦᠮᠵᠢ ᠪᠡᠷ ᠥᠭᠡᠷᠡᠴᠢᠯᠡᠯᠲᠡ ᠶᠢᠨ ᠦᠷ᠎ᠠ ᠳ᠋ᠦᠩ  ᠢ ᠰᠢᠯᠭᠠᠵᠤ᠂ ᠮᠠᠨ ᠤ ᠬᠤᠷᠢᠶᠠᠨ ᠤ ᠬᠠᠤᠯᠢ ᠴᠠᠭᠠᠵᠠ ᠶᠢᠨ ᠴᠢᠳᠠᠪᠤᠷᠢ ᠪᠠ ᠬᠠᠤᠯᠢ ᠴᠠᠭᠠᠵᠠ ᠶᠢᠨ ᠨᠡᠢᠲᠡ ᠶᠢᠨ ᠢᠲᠡᠭᠡᠭᠦᠯᠬᠦ ᠬᠦᠴᠦᠨ ᠢ ᠲᠠᠰᠤᠷᠠᠯᠲᠠ ᠦᠬᠡᠢ ᠳᠡᠭᠡᠭᠰᠢᠯᠡᠭᠦᠯᠦᠨ᠎ᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )