ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶ᠎ᠠ ᠶᠢᠨ《ᠬᠠᠪᠤᠷ ᠤᠨ ᠠᠶᠤᠩᠭ᠎ᠠ ᠠᠵᠢᠯᠯᠠᠭ᠎ᠠ》ᠱᠠᠳᠤ ᠦᠶ᠎ᠠ ᠶᠢᠨ ᠴᠢᠨᠠᠷᠳᠠᠢ ᠢᠯᠠᠯᠲᠠ ᠤᠯᠪᠠ
2017.03.03 ᠲᠣᠰ ᠥᠷᠲᠡᠭᠡᠨ ᠦ ᠨᠠᠢᠷᠠᠭᠤᠯᠤᠭᠴᠢ

    2 ᠰᠠᠷᠠᠢᠨ 15  ᠤ ᠡᠳᠦᠷ  ᠡᠴᠡ ᠡᠬᠢᠯᠡᠵᠦ《ᠬᠠᠪᠤᠷ ᠤᠨ ᠠᠶᠤᠩᠭ᠎ᠠ ᠠᠵᠢᠯᠯᠠᠭ᠎ᠠ》ᠳᠤᠰᠬᠠᠢ ᠬᠦᠢᠴᠡᠳᠬᠡᠬᠦ ᠠᠵᠢᠯᠯᠠᠭ᠎ᠠ ᠡᠬᠢᠯᠡᠭᠰᠡᠨ ᠡᠴᠡ ᠨᠠᠰᠢ ᠂ ᠡᠵᠡᠨ ᠬᠤᠷᠤᠭ᠎ᠠ ᠬᠤᠰᠢᠭᠤᠨ ᠤ ᠰᠢᠬᠦᠬᠦ ᠬᠤᠷᠢᠶ᠎ᠠ ᠲᠠᠰᠤᠷᠠᠯᠲᠠ ᠦᠬᠡᠢ ᠭᠦᠢᠴᠡᠳᠬᠡᠬᠦ ᠡᠷᠴᠢᠮ ᠢᠶᠡᠨ ᠴᠢᠩᠭᠠᠳᠭᠠᠵᠤ ᠂ ᠵᠤᠷᠢᠭᠳᠠᠢ ᠡᠷᠡᠰ ᠭᠦᠢᠴᠡᠳᠬᠡᠵᠦ ᠂ ᠵᠤᠷᠢᠭᠳᠠᠢ ᠡᠷᠬᠦᠵᠦ ᠂ ᠺᠠᠳᠠᠷ ᠴᠠᠭᠳᠠᠭ᠎ᠠ ᠠᠵᠢᠯ ᠤᠨ ᠬᠠᠯᠠᠭᠤᠨ ᠰᠡᠳᠬᠢᠯ ᠢᠶᠡᠨ ᠭᠦᠢᠴᠡᠳᠬᠡᠬᠦ ᠠᠵᠢᠯ ᠤᠨ ᠳᠤᠮᠳᠠ ᠢᠳᠡᠪᠬᠢᠳᠠᠢ ᠤᠷᠤᠭᠤᠯᠵᠤ ᠂ ᠨᠢᠬᠡ ᠪᠦᠯᠦᠭ ᠬᠦᠴᠢᠷᠳᠠᠢ ᠬᠡᠷᠡᠭ  ᠢ ᠠᠮᠵᠢᠯᠲᠠ ᠳᠠᠢ ᠰᠢᠢᠳᠪᠦᠷᠢᠯᠡᠪᠡ ᠃

    ᠭᠦᠢᠴᠡᠳᠬᠡᠬᠦ ᠳᠤᠮᠳᠠ ᠂ ᠰᠢᠬᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠂ ᠭᠦᠢᠴᠡᠳᠬᠡᠬᠦ ᠳᠤᠪᠴᠢᠶᠠᠨ ᠤ ᠳᠤᠪᠴᠢᠶᠠᠨ ᠳᠠᠷᠤᠭ᠎ᠠ᠂ ᠮᠥᠩᠭᠦᠨ ᠭᠦᠢᠯᠭᠡᠭᠡᠨ ᠦ ᠬᠦᠢᠴᠡᠳᠬᠡᠬᠦ ᠳᠤᠪᠴᠢᠶᠠᠨ ᠤ ᠳᠤᠪᠴᠢᠶᠠᠨ ᠳᠠᠷᠤᠭ᠎ᠠ᠂ ᠡᠷᠡᠭᠦᠦ ᠶᠢᠨ ᠬᠡᠷᠡᠭ  ᠳᠦ ᠬᠤᠯᠪᠤᠭᠳᠠᠭᠰᠠᠨ ᠡᠳ᠋ ᠬᠥᠷᠦᠩᠭᠡ ᠶᠢ ᠰᠢᠢᠳᠪᠦᠷᠢᠯᠡᠬᠦ ᠳᠤᠪᠴᠢᠶᠠᠨ ᠤ ᠳᠤᠪᠴᠢᠶᠠᠨ ᠳᠠᠷᠤᠭ᠎ᠠ ᠪᠤᠯᠤᠨ ᠡᠯ᠎ᠠ ᠭᠦᠢᠴᠡᠳᠬᠡᠬᠦ ᠳᠠᠷᠤᠭ᠎ᠠ ᠦᠪᠡᠷ ᠦᠨ ᠪᠡᠶ᠎ᠠ ᠪᠠᠷ ᠬᠦᠳᠡᠯᠵᠦ ᠂ ᠲᠣᠬᠢᠷᠠᠭᠤᠯᠤᠯᠲᠠ ᠶᠢ ᠠᠳᠬᠤᠵᠤ ᠂ ᠦᠪᠡᠷ ᠦᠨ ᠪᠡᠶ᠎ᠠ ᠪᠠᠷ ᠬᠡᠷᠡᠭ ᠰᠢᠢᠳᠪᠦᠷᠢᠯᠡᠵᠦ ᠂ ᠭᠦᠢᠴᠡᠳᠬᠡᠬᠦ ᠠᠵᠢᠯ ᠤᠨ ᠨᠢᠬᠡᠳᠦᠭᠡᠷ ᠹᠷᠣᠨᠲ ᠳᠤ ᠬᠦᠷᠴᠦ ᠵᠢᠭᠠᠨ ᠵᠢᠯᠤᠭᠤᠳᠤᠨ ᠂ ᠬᠦᠢᠴᠡᠳᠬᠡᠬᠦ ᠺᠠᠳᠠᠷ ᠴᠠᠭᠳᠠᠭ᠎ᠠ ᠶᠢ ᠬᠠᠪᠰᠤᠷᠴᠤ ᠪᠤᠳᠠᠳᠠᠢ ᠠᠰᠠᠭᠤᠳᠠᠯ ᠢ ᠰᠢᠢᠳᠪᠦᠷᠢᠯᠡᠨ ᠂ ᠺᠠᠳᠠᠷ ᠴᠠᠭᠳᠠᠭ᠎ᠠ ᠶᠢᠨ ᠢᠳᠡᠪᠬᠢ ᠴᠢᠨᠠᠷ ᠢ ᠬᠦᠢᠴᠡᠳ ᠬᠦᠪᠴᠢᠯᠡᠵᠦ ᠂ ᠮᠠᠰᠢ ᠰᠠᠢᠨ ᠭᠦᠢᠴᠡᠳᠬᠡᠬᠦ ᠤᠷᠴᠢᠨ ᠢ ᠪᠤᠢ ᠪᠤᠯᠭᠠᠪᠠ ᠃

    ᠪᠦᠬᠦ ᠭᠦᠢᠴᠡᠳᠬᠡᠬᠦ ᠺᠠᠳᠠᠷ ᠴᠠᠭᠳᠠᠭ᠎ᠠ ᠠᠮᠠᠷᠠᠯᠲᠠ ᠶᠢᠨ ᠡᠳᠦᠷ ᠢᠶᠡᠨ ᠳᠠᠶᠠᠭᠳᠠᠵᠤ ᠂ ᠬᠡᠷᠡᠭ ᠰᠢᠢᠳᠪᠦᠷᠢᠯᠡᠬᠦ ᠪᠦᠲᠦᠮᠵᠢ ᠪᠡᠨ ᠴᠢᠷᠮᠠᠢᠨ ᠳᠡᠭᠡᠭᠰᠢᠯᠡᠬᠦᠯᠵᠦ ᠂ ᠬᠡᠷᠡᠭ ᠰᠢᠢᠳᠪᠦᠷᠢᠯᠡᠬᠦ ᠴᠢᠨᠠᠷ ᠢ ᠪᠠᠳᠤᠯᠠᠪᠠ ᠃ ᠦᠳᠡ ᠪᠠ ᠤᠷᠤᠢ ᠶᠢᠨ ᠴᠠᠭ  ᠢ ᠠᠰᠢᠭᠯᠠᠨ ᠬᠡᠷᠡᠭ ᠢ ᠰᠤᠳᠤᠯᠤᠨ ᠂ ᠪᠢᠴᠢᠭ᠌ ᠮᠠᠲ᠋ᠧᠷᠢᠶᠠᠯ ᠨᠠᠢᠷᠠᠭᠤᠯᠵᠤ ᠂ ᠬᠡᠷᠡᠭ ᠦᠨ ᠲᠠᠩᠰᠠ ᠶᠢ ᠦᠳᠡᠪᠡ ᠃ ᠳᠠᠶᠠᠭᠠᠷ ᠭᠡᠷ ᠪᠦᠯᠢ ᠂ ᠠᠮᠢᠳᠤᠷᠠᠯ ᠵᠡᠷᠬᠡ ᠳᠠᠯ᠎ᠠ  ᠶᠢᠨ ᠬᠦᠴᠢᠷ ᠢᠯᠠᠨ ᠳᠠᠪᠠᠵᠤ ᠂ ᠪᠦᠬᠦ ᠰᠡᠳᠬᠢᠯ ᠢᠶᠡᠷ ᠭᠦᠢᠴᠡᠳᠬᠡᠬᠦ ᠠᠵᠢᠯ ᠳᠤ ᠲᠥᠪᠯᠡᠷᠡᠪᠡ ᠃

    2 ᠰᠠᠷᠠᠢᠨ 22  ᠤ ᠡᠳᠦᠷ ᠪᠣᠯᠲᠠᠯ᠎ᠠ ᠂ ᠪᠦᠬᠦ ᠬᠤᠷᠢᠶ᠎ᠠ 503 ᠬᠡᠷᠡᠭ ᠬᠦᠯᠢᠶᠡᠨ ᠠᠪᠴᠤ ᠭᠦᠢᠴᠡᠳᠬᠡᠵᠦ ᠂ ᠭᠦᠢᠴᠡᠳᠬᠡᠬᠦ ᠬᠠᠷᠠᠯᠳᠠ  2160 ᠭᠠᠷᠤᠢ ᠲᠦᠮᠡᠨ ᠲᠦᠬᠦᠷᠢᠭ ᠂ 32 ᠭᠦᠢᠴᠡᠳᠬᠡᠭᠳᠡᠭᠴᠢ  ᠶᠢ ᠠᠯᠪᠠᠳᠠᠨ ᠳᠠᠭᠤᠳᠠᠵᠤ ᠂ ᠳᠠᠰᠤᠯᠤᠨ ᠳᠤᠭᠳᠠᠭᠰᠠᠨ ᠡᠬᠦᠷᠭᠡ ᠶᠢ ᠬᠦᠢᠴᠡᠳᠬᠡᠬᠦ ᠦᠬᠡᠢ ᠬᠦᠢᠴᠡᠳᠬᠡᠭᠳᠡᠭᠴᠢ ᠶᠢ ᠬᠠᠤᠯᠢ ᠶᠤᠰᠤᠭᠠᠷ 20 ᠬᠦᠮᠦᠨ ᠬᠤᠷᠢᠵᠤ ᠂ 59 ᠪᠠᠢᠭᠠᠯᠢ ᠬᠦᠮᠦᠨ ᠪᠠ ᠠᠵᠤ ᠠᠬᠤᠢ ᠶᠢ ᠢᠳᠡᠬᠡᠯ ᠠᠯᠳᠠᠭᠰᠠᠨ ᠢᠶᠠᠷ ᠨᠡᠢᠲᠡᠯᠡᠪᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )