ᠲᠠᠰᠤᠷᠠᠯᠲᠠ ᠦᠬᠡᠢ ᠰᠦᠪᠡᠭᠴᠢᠯᠡᠯ ᠂ ᠨᠠᠷᠢᠨ ᠬᠢᠨᠠᠮᠠᠭᠠᠢ ᠲᠥᠯᠦᠪᠯᠡᠭᠡ ᠂ ᠬᠦᠢᠴᠡᠳ ᠶᠠᠷᠢᠯᠴᠠᠬᠤ ᠪᠠᠷ ᠳᠠᠮᠵᠢᠵᠤ᠂ 《ᠤᠳᠤᠭ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠦᠨ ᠥᠭᠡᠷᠡᠴᠢᠯᠡᠯᠲᠡ ᠶᠢ ᠬᠡᠷᠡᠭᠵᠢᠭᠦᠯᠬᠦ ᠲᠦᠰᠦᠯ(ᠳᠤᠷᠰᠢᠨ ᠶᠠᠪᠤᠭᠳᠠᠭᠤᠯᠬᠤ)》 ᠶᠢ ᠨᠡᠢᠳᠡᠯᠡᠵᠦ ᠂ 2016 ᠤᠨ ᠤ 12 ᠰᠠᠷ᠎ᠠ ᠶᠢᠨ ᠰᠡᠭᠦᠯ ᠳᠦ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠠ ᠬᠣᠰᠢᠭᠤᠨ ᠤ ᠨᠠᠮ ᠤᠨ ᠬᠤᠷᠢᠶᠠᠨ ᠤ ᠵᠦᠪᠰᠢᠶᠡᠷᠡᠯ ᠢ ᠤᠯᠵᠤ ᠬᠡᠷᠡᠭᠵᠢᠭᠦᠯᠪᠡ ᠃ 2017 ᠤᠨ ᠤ 1 ᠰᠠᠷᠠᠢᠨ 3 ᠤ ᠡᠳᠦᠷ ᠂ ᠤᠳᠤᠭ ᠬᠤᠰᠢᠭᠤᠨ ᠤ ᠰᠢᠬᠦᠬᠦ ᠬᠤᠷᠢᠶ᠎ᠠ ᠬᠡᠷᠡᠭᠵᠢᠭᠦᠯᠬᠦ ᠲᠦᠰᠦᠪ ᠦᠨ ᠱᠠᠭᠠᠷᠳᠠᠯᠭ᠎ᠠ ᠶᠤᠰᠤᠭᠠᠷ᠂ ᠤᠷᠢᠳᠠᠪᠡᠷ ᠡᠩᠨᠡᠭᠡᠨ ᠦ ᠲᠦᠷᠢᠮ ᠦᠨ ᠥᠭᠡᠷᠡᠴᠢᠯᠡᠯᠲᠡ ᠶᠠᠪᠤᠭᠳᠠᠭᠤᠯᠪᠠ ᠃
ᠳᠤᠰ ᠤᠳᠠᠭᠠᠨ ᠤ ᠡᠩᠨᠡᠭᠡᠨ ᠦ ᠲᠦᠷᠢᠮ ᠦᠨ ᠥᠭᠡᠷᠡᠴᠢᠯᠡᠯᠲᠡ ᠨᠡᠢᠲᠡ ᠪᠤᠳᠤᠯᠢᠶᠠᠨᠳᠠᠢ ᠬᠡᠷᠡᠭ ᠢ ᠵᠢᠭᠠᠨ ᠵᠢᠯᠤᠭᠤᠳᠬᠤ ᠠᠩᠭᠢ 1᠂ ᠳᠡᠳ᠋ ᠬᠤᠷᠢᠶᠠᠨ ᠳᠠᠷᠤᠭ᠎ᠠ ᠶᠢᠨ ᠠᠩᠭᠢ3᠂ ᠰᠢᠬᠦᠨ ᠲᠠᠰᠤᠯᠬᠤ ᠺᠤᠮᠢᠰ ᠤᠨ ᠳᠤᠰᠬᠠᠢ ᠬᠡᠰᠢᠬᠦᠨ ᠦ ᠠᠩᠭᠢ 2 ᠵᠢᠴᠢ 20 ᠰᠢᠬᠦᠨ ᠲᠠᠰᠤᠯᠬᠤ ᠠᠩᠭᠢ ᠂ 9 ᠬᠦᠢᠴᠡᠳᠬᠡᠬᠦ ᠠᠩᠭᠢ ᠪᠠ 15 ᠵᠠᠰᠠᠭ ᠵᠠᠬᠢᠷᠭᠠᠨ ᠤ ᠠᠩᠭᠢ ᠵᠤᠬᠢᠶᠠᠨ ᠪᠠᠢᠭᠤᠯᠵᠤ ᠂ ᠨᠡᠢᠲᠡ 50 ᠠᠩᠭᠢ ᠃ ᠡᠭᠦᠨ ᠦ ᠳᠤᠮᠳᠠ ᠂ ᠰᠢᠬᠦᠬᠦ ᠭᠦᠢᠴᠡᠳᠬᠡᠬᠦ ᠠᠩᠬᠢ ᠨᠢ ᠤᠤᠯ ᠤᠨ ᠪᠠᠢᠭᠰᠠᠨ ᠰᠢᠬᠦᠬᠦ ᠬᠦᠢᠴᠡᠳᠬᠡᠬᠦ ᠬᠡᠯᠳᠡᠰ ᠦᠨ ᠰᠠᠭᠤᠷᠢᠨ ᠳᠡᠭᠡᠷ᠎ᠠ ᠂ ᠳᠤᠭᠠᠨ ᠳᠤ ᠤᠷᠤᠭᠰᠠᠨ ᠰᠢᠬᠦᠭᠴᠢ ᠶᠢ ᠪᠠᠭ ᠤᠨ ᠳᠠᠷᠤᠭ᠎ᠠ ᠪᠠᠷ ᠳᠤᠮᠢᠯᠠᠵᠤ ᠂ 《1+N+N》ᠬᠡᠯᠪᠡᠷᠢ ᠪᠡᠷ ᠰᠢᠬᠦᠭᠴᠢ ᠶᠢᠨ ᠬᠠᠪᠰᠤᠷᠤᠭᠴᠢ(ᠭᠦᠢᠴᠡᠳᠬᠡᠬᠦ ᠶᠢᠨ ᠬᠠᠪᠰᠤᠷᠤᠭᠴᠢ)ᠪᠤᠯᠤᠨ ᠲᠡᠮᠳᠡᠭᠯᠡᠭᠴᠢ ᠳᠠᠭᠠᠷᠠᠭᠤᠯᠵᠤ ᠂ ᠬᠠᠷᠢᠴᠠᠩᠭᠤᠢ ᠳᠤᠭᠳᠠᠭᠰᠠᠨ ᠳᠤᠰᠬᠠᠢᠵᠢᠭᠰᠠᠨ ᠰᠢᠬᠦᠬᠦ ᠭᠦᠢᠴᠡᠳᠬᠡᠬᠦ ᠡᠩᠨᠡᠭᠡ ᠵᠤᠬᠢᠶᠠᠨ ᠪᠠᠢᠭᠤᠯᠪᠠ ᠃ ᠵᠠᠰᠠᠭ ᠵᠠᠬᠢᠷᠭᠠᠨ ᠤ ᠠᠩᠭᠢ ᠪᠤᠯ ᠳᠤᠳᠤᠭᠠᠳᠤ ᠪᠠᠢᠭᠤᠯᠤᠮᠵᠢ ᠶᠢᠨ ᠥᠭᠡᠷᠡᠴᠢᠯᠡᠯᠲᠡ ᠳᠠᠢ ᠤᠶᠠᠯᠳᠤᠭᠤᠯᠵᠤ ᠂ ᠤᠤᠯ ᠤᠨ ᠪᠠᠢᠭᠰᠠᠨ ᠵᠠᠰᠠᠭ ᠵᠠᠬᠢᠷᠭᠠᠨ ᠤ ᠬᠡᠯᠳᠡᠰ ᠢ ᠡᠮᠬᠢᠳᠬᠡᠨ 4 ᠪᠤᠯᠭᠠᠵᠤ ᠂ ᠠᠵᠢᠯ ᠤᠨ ᠱᠠᠭᠠᠷᠳᠠᠯᠭ᠎ᠠ ᠳᠤᠤᠷ᠎ᠠ ᠬᠢᠨᠠᠨ ᠪᠠᠢᠴᠠᠭᠠᠬᠤ ᠂ ᠵᠠᠰᠠᠭ ᠤᠨ ᠶᠠᠪᠤᠳᠠᠯ ᠂ ᠡᠳ᠋ ᠦᠨ ᠶᠠᠪᠤᠳᠠᠯ ᠂ ᠬᠠᠤᠯᠢ ᠶᠢᠨ ᠬᠠᠪᠰᠤᠷᠤᠭᠴᠢ᠂ ᠦᠨᠡᠯᠡᠨ ᠪᠠᠢᠴᠠᠭᠠᠬᠤ 15 ᠵᠠᠰᠠᠭ ᠵᠠᠬᠢᠷᠭᠠᠨ ᠤ ᠠᠩᠭᠢ ᠪᠠᠢᠭᠤᠯᠪᠠ ᠃
ᠡᠩᠨᠡᠭᠡ ᠵᠤᠬᠢᠶᠠᠨ ᠪᠠᠢᠭᠤᠯᠬᠤ ᠶᠠᠪᠤᠴᠠ ᠳᠤᠮᠳᠠ ᠂ ᠠᠵᠢᠯᠲᠠᠨ ᠤ ᠬᠤᠪᠢᠶᠠᠷᠢᠯᠠᠯ ᠨᠢ ᠬᠠᠷᠢᠯᠴᠠᠨ ᠰᠢᠯᠢᠬᠦ ᠪᠠᠷ ᠭᠤᠤᠯ ᠪᠤᠯᠭᠠᠵᠤ ᠂ ᠨᠠᠮ ᠤᠨ ᠤᠳᠤᠷᠢᠳᠬᠤ ᠳᠤᠭᠤᠢᠯᠠᠩ ᠤᠨ ᠳᠤᠭᠳᠠᠭᠠᠬᠤ ᠪᠠᠷ ᠬᠠᠪᠰᠤᠷᠤᠯᠭ᠎ᠠ ᠪᠤᠯᠭᠠᠬᠤ ᠵᠠᠷᠴᠢᠮ ᠢ ᠪᠠᠷᠢᠮᠳᠠᠯᠠᠵᠤ ᠂ ᠴᠢᠳᠠᠬᠤ ᠶᠢᠨ ᠳᠤᠳᠤᠷ᠎ᠠ ᠺᠠᠳᠠᠷ ᠴᠠᠭᠳᠠᠭ᠎ᠠ ᠪᠦᠷᠢ ᠶᠢ ᠲᠡᠭᠦᠨ ᠦ ᠬᠠᠮᠤᠭ ᠰᠠᠢᠨ ᠮᠡᠳᠡᠳᠡᠭ ᠂ ᠴᠢᠳᠠᠪᠤᠷᠢ ᠪᠠᠨ ᠬᠠᠮᠤᠭ ᠰᠠᠢᠨ ᠪᠠᠳᠠᠷᠠᠭᠤᠯᠵᠤ ᠳᠡᠢᠯᠬᠦ ᠡᠩᠨᠡᠭᠡᠨ ᠳᠦ ᠲᠣᠬᠢᠷᠠᠭᠤᠯᠤᠨ᠎ᠠ ᠃ ᠬᠠᠷᠢᠯᠴᠠᠨ ᠰᠢᠯᠢᠬᠦ ᠂ ᠨᠠᠮ ᠤᠨ ᠤᠳᠤᠷᠢᠳᠬᠤ ᠳᠤᠭᠤᠢᠯᠠᠩ ᠤᠨ ᠰᠤᠳᠤᠯᠤᠯᠲᠠ᠂ ᠨᠡᠷᠡᠰ ᠢ ᠨᠡᠢᠳᠡᠯᠡᠬᠦ ᠵᠡᠷᠬᠡ ᠠᠯᠬᠤᠮ ᠳᠠᠷᠠᠭ᠎ᠠ ᠪᠠᠷ ᠳᠠᠮᠵᠢᠵᠤ ᠂ 1 ᠰᠠᠷᠠᠢᠨ 15 ᠤ ᠡᠳᠦᠷ ᠂ ᠤᠳᠤᠭ ᠬᠤᠰᠢᠭᠤᠨ ᠤ ᠰᠢᠬᠦᠬᠦ ᠬᠤᠷᠢᠶᠠᠨ ᠤ ᠡᠩᠨᠡᠭᠡᠨ ᠦ ᠲᠦᠷᠢᠮ ᠦᠨ ᠥᠭᠡᠷᠡᠴᠢᠯᠡᠯᠲᠡ ᠪᠦᠬᠦ ᠳᠠᠯ᠎ᠠ ᠪᠠᠷ ᠪᠡᠶᠡᠯᠡᠬᠦᠯᠪᠡ ᠃ 1 ᠰᠠᠷᠠᠢᠨ 20 ᠤ ᠡᠳᠦᠷ ᠂ ᠡᠯ᠎ᠠ ᠠᠩᠭᠢ ᠂ ᠠᠵᠢᠯᠳᠠᠨ ᠠᠵᠢᠯ ᠢᠶᠠᠨ ᠳᠤᠰᠢᠶᠠᠵᠤ ᠲᠤᠰᠴᠤ ᠪᠠᠷᠠᠵᠤ ᠂ ᠰᠢᠨ᠎ᠠ ᠠᠵᠢᠯ ᠤᠨ ᠪᠠᠢᠷᠢ ᠳᠤ ᠪᠠᠨ ᠬᠦᠷᠪᠡ ᠃ 2 ᠰᠠᠷᠠᠢᠨ 3 ᠤ ᠡᠳᠦᠷ ᠂ ᠥᠭᠡᠷᠡᠴᠢᠯᠡᠯᠲᠡ ᠶᠢᠨ ᠳᠠᠷᠠᠭᠠᠬᠢ ᠰᠢᠨ᠎ᠠ ᠲᠦᠷᠢᠮ ᠪᠠᠢᠭᠤᠯᠤᠮᠵᠢ ᠶᠢᠨ ᠶᠤᠰᠤᠭᠠᠷ ᠠᠵᠢᠯ ᠢᠶᠠᠨ ᠡᠬᠢᠯᠡᠬᠦᠯᠪᠡ ᠃
ᠳᠤᠰ ᠤᠳᠠᠭᠠᠨ ᠤ ᠡᠩᠨᠡᠭᠡᠨ ᠦ ᠲᠦᠷᠢᠮ ᠦᠨ ᠥᠭᠡᠷᠡᠴᠢᠯᠡᠯᠲᠡ ᠨᠢ ᠂ ᠰᠢᠬᠦᠭᠴᠢ ᠶᠢᠨ ᠭᠤᠤᠯ ᠪᠠᠢᠷᠢ ᠶᠢ ᠳᠤᠪᠤᠢᠯᠭᠠᠵᠤ ᠂ ᠰᠢᠬᠦᠨ ᠲᠠᠰᠤᠯᠬᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠠᠢᠵᠢᠷᠠᠭᠤᠯᠵᠤ ᠂ ᠰᠢᠬᠦᠭᠴᠢ ᠶᠢᠨ ᠳᠤᠬᠠᠢᠯᠠᠭᠰᠠᠨ ᠠᠵᠢᠯ ᠤᠨ ᠭᠣᠣᠯᠳᠠᠯᠭ᠎ᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ ᠂ ᠪᠤᠰᠤᠳ ᠠᠵᠢᠯᠳᠠᠨ ᠤ ᠢᠳᠡᠪᠬᠢ ᠴᠢᠨᠠᠷ ᠢ ᠬᠦᠪᠴᠢᠯᠡᠵᠦ ᠂ ᠪᠦᠬᠦᠯᠢ ᠴᠤᠭᠴᠠ ᠶᠢᠨ ᠬᠠᠮᠲᠤᠷᠠᠭᠰᠠᠨ ᠬᠦᠴᠦᠨ ᠢ ᠪᠦᠷᠢᠯᠳᠦᠬᠦᠯᠵᠦ ᠂ ᠬᠡᠷᠡᠭ ᠦᠨ ᠴᠢᠨᠠᠷ ᠢ ᠳᠡᠭᠡᠭᠰᠢᠯᠡᠭᠦᠯᠪᠡ ᠂ ᠡᠭᠦᠨ ᠦ ᠬᠠᠮᠳᠤ ᠂ ᠰᠢᠬᠦᠬᠦ ᠬᠤᠷᠢᠶᠠᠨ ᠤ ᠠᠵᠢᠯᠳᠠᠨ ᠤ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠭᠠᠵᠤ ᠂ ᠳᠤᠬᠠᠢᠯᠠᠭᠰᠠᠨ ᠠᠵᠢᠯ ᠢᠶᠠᠨ ᠰᠤᠳᠤᠯᠠᠵᠤ ᠂ ᠲᠡᠷᠢᠬᠦᠨ ᠳᠦ ᠤᠷᠤᠬᠤ ᠪᠠᠷ ᠴᠢᠷᠮᠠᠢᠬᠤ ᠂ ᠭᠤᠶᠠᠴᠢ ᠦᠬᠡᠢ ᠵᠢᠳᠭᠦᠬᠦ ᠰᠠᠢᠨ ᠦᠢᠷᠢᠰᠦᠯᠳᠦᠬᠦ ᠪᠠᠢᠭᠤᠯᠤᠮᠵᠢ ᠪᠦᠷᠢᠯᠳᠦᠵᠦ ᠂ ᠰᠢᠭᠦᠭᠴᠢ ᠶᠢᠨ ᠡᠩᠨᠡᠭᠡ ᠵᠢᠩᠬᠢᠨᠢᠴᠢᠯᠡᠬᠦ ᠂ ᠳᠤᠰᠬᠠᠢᠵᠢᠯᠠᠯᠲᠠ ᠶᠢᠨ ᠪᠦᠲᠦᠭᠡᠨ ᠪᠠᠢᠭᠤᠯᠤᠯᠲᠠ ᠶᠢ ᠳᠦᠯᠬᠢᠨ ᠠᠬᠢᠭᠤᠯᠤᠨ᠎ᠠ ᠃
ᠦᠨᠡᠯᠡᠬᠦ 0ᠦᠨᠡᠯᠡᠯᠲᠡ᠎ᠲᠠᠢ