ᠦᠤᠰᠢᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠬᠡᠷᠡᠭ ᠭᠦᠢᠴᠡᠳᠬᠡᠬᠦ ᠠᠯᠬᠤᠮ ᠳᠠᠷᠠᠭ᠎ᠠ ᠮᠡᠳᠡᠬᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠶᠢᠨ ᠴᠢᠳᠠᠪᠤᠷᠢ ᠶᠢ ᠰᠢᠯᠭᠠᠬᠤ
2017.03.03 ᠲᠣᠰ ᠥᠷᠲᠡᠭᠡᠨ ᠦ ᠨᠠᠢᠷᠠᠭᠤᠯᠤᠭᠴᠢ

ᠦᠤᠰᠢᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠬᠡᠷᠡᠭ ᠭᠦᠢᠴᠡᠳᠬᠡᠬᠦ ᠠᠯᠬᠤᠮ ᠳᠠᠷᠠᠭ᠎ᠠ ᠮᠡᠳᠡᠬᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠶᠢᠨ ᠴᠢᠳᠠᠪᠤᠷᠢ ᠶᠢ ᠰᠢᠯᠭᠠᠬᠤ ᠬᠦᠳᠡᠯᠭᠡᠭᠡᠨ ᠦᠷᠨᠢᠬᠦᠯᠪᠡ

 

    ᠪᠦᠬᠦ ᠭᠦᠢᠴᠡᠳᠬᠡᠬᠦ ᠺᠠᠳᠠᠷ ᠴᠠᠭᠳᠠᠭ᠎ᠠ ᠶᠢᠨ ᠮᠡᠳᠡᠭᠡ ᠵᠠᠩᠭᠢᠴᠢᠯᠠᠯᠲᠠ ᠶᠢᠨ ᠬᠡᠷᠡᠭᠯᠡᠯᠲᠡ ᠶᠢᠨ ᠬᠢᠷᠢ ᠲᠦᠪᠰᠢᠨ ᠢ ᠤᠯᠠᠮ ᠨᠢᠬᠡ ᠠᠯᠬᠤᠮ ᠳᠡᠭᠡᠭᠰᠢᠯᠡᠭᠦᠯᠵᠦ ᠂ ᠭᠦᠢᠴᠡᠳᠬᠡᠬᠦ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠶᠢᠨ ᠲᠦᠯᠦᠭᠡ ᠂ 2 ᠰᠠᠷᠠᠢᠨ 16  ᠤ ᠡᠳᠦᠷ ᠂ ᠦᠤᠰᠢᠨ ᠬᠤᠰᠢᠭᠤᠨ ᠤ ᠰᠢᠬᠦᠬᠦ ᠬᠤᠷᠢᠶ᠎ᠠ ᠬᠡᠷᠡᠭ ᠭᠦᠢᠴᠡᠳᠬᠡᠬᠦ ᠠᠯᠬᠤᠮ ᠳᠠᠷᠠᠭ᠎ᠠ ᠮᠡᠳᠡᠬᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠶᠢᠨ ᠴᠢᠳᠠᠪᠤᠷᠢ ᠶᠢ ᠰᠢᠯᠭᠠᠬᠤ ᠬᠦᠳᠡᠯᠭᠡᠭᠡᠨ ᠦᠷᠨᠢᠬᠦᠯᠵᠦ ᠂ ᠪᠦᠬᠦ ᠬᠦᠢᠴᠡᠳᠬᠡᠬᠦ ᠺᠠᠳᠠᠷ ᠴᠠᠭᠳᠠᠭ᠎ᠠ ᠰᠢᠯᠭᠠᠯᠲᠠ ᠳᠤ ᠤᠷᠤᠯᠴᠠᠪᠠ ᠃

    ᠰᠢᠯᠭᠠᠯᠲᠠ ᠨᠡᠩ ᠪᠤᠳᠠᠳᠠᠢ ᠠᠵᠢᠯ ᠳᠠᠢ ᠤᠶᠠᠯᠳᠤᠭᠤᠯᠵᠤ ᠂ ᠨᠡᠩ ᠰᠢᠨᠵᠢᠯᠡᠬᠦ ᠤᠬᠠᠭᠠᠨᠴᠢ ᠪᠤᠯᠭᠠᠬᠤ ᠶᠢᠨ ᠲᠦᠯᠦᠭᠡ ᠂ ᠦᠤᠰᠢᠨ ᠬᠤᠰᠢᠭᠤᠨ ᠤ ᠰᠢᠬᠦᠬᠦ ᠬᠣᠷᠢᠶ᠎ᠠ ᠬᠢᠨᠠᠨ ᠰᠢᠯᠭᠠᠬᠤ ᠤᠳᠤᠷᠢᠳᠤᠯᠭ᠎ᠠ ᠶᠢᠨ ᠳᠤᠭᠤᠢᠯᠠᠩ ᠪᠠᠢᠭᠤᠯᠵᠤ ᠂ ᠳᠤᠰᠬᠠᠢ ᠬᠤᠷᠠᠯ ᠶᠠᠪᠤᠭᠳᠠᠭᠤᠯᠵᠤ 《ᠦᠤᠰᠢᠨ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠬᠡᠷᠡᠭ ᠭᠦᠢᠴᠡᠳᠬᠡᠬᠦ ᠠᠯᠬᠤᠮ ᠳᠠᠷᠠᠭ᠎ᠠ ᠮᠡᠳᠡᠬᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠶᠢᠨ ᠴᠢᠳᠠᠪᠤᠷᠢ ᠶᠢ ᠰᠢᠯᠭᠠᠬᠤ ᠳᠤᠬᠠᠢ ᠲᠦᠰᠦᠪ 》ᠵᠢᠴᠢ《ᠬᠡᠷᠡᠭ ᠭᠦᠢᠴᠡᠳᠬᠡᠬᠦ ᠠᠯᠬᠤᠮ ᠳᠠᠷᠠᠭ᠎ᠠ ᠮᠡᠳᠡᠬᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠳᠡᠭᠡᠷ᠎ᠠ ᠱᠠᠳᠤᠨ ᠤ ᠰᠢᠯᠭᠠᠯᠲᠠ ᠶᠢᠨ ᠦᠷ᠎ᠡ ᠳ᠋ᠦᠩ ᠦᠨ ᠪᠦᠷᠢᠳᠬᠡᠯ ᠦᠨ ᠬᠦᠰᠦᠨᠦᠭᠲᠦ 》 ᠶᠢ ᠳᠤᠭᠳᠠᠭᠠᠵᠤ ᠂ ᠤᠯᠠᠨ ᠤᠳᠠᠭ᠎ᠠ ᠺᠠᠳᠠᠷ ᠴᠠᠭᠳᠠᠭ᠎ᠠ  ᠶᠢ ᠵᠤᠬᠢᠶᠠᠨ ᠪᠠᠢᠭᠤᠯᠵᠤ ᠬᠠᠮᠢᠶ᠎ᠠ ᠪᠦᠬᠦᠢ ᠪᠣᠯᠪᠠᠰᠤᠷᠠᠯ ᠳᠤ ᠤᠷᠤᠯᠴᠠᠭᠤᠯᠵᠤ ᠂ ᠰᠢᠯᠭᠠᠯᠲᠠ ᠶᠢᠨ ᠬᠦᠳᠡᠯᠭᠡᠭᠡᠨ ᠪᠤᠳᠠᠳᠠᠢ ᠦᠷ᠎ᠠ ᠪᠦᠲᠦᠮᠵᠢ ᠤᠯᠬᠤ ᠶᠢ ᠪᠠᠳᠤᠯᠠᠨ᠎ᠠ ᠃

     ᠳᠤᠬᠠᠢ ᠶᠢᠨ ᠳᠠᠯᠠᠪᠤᠷ ᠲᠤ ᠂ 7 ᠬᠢᠨᠠᠨ ᠰᠢᠯᠭᠠᠬᠤ ᠳᠤᠭᠤᠢᠯᠠᠩ ᠳᠤᠰᠪᠤᠷᠢ ᠭᠤᠷᠪᠠᠨ ᠬᠦᠢᠴᠡᠳᠬᠡᠬᠦ ᠳᠤᠪᠴᠢᠶᠠᠨ ᠤ 35 ᠨᠡᠷᠡᠰ ᠺᠠᠳᠠᠷ ᠴᠠᠭᠳᠠᠭ᠎ᠠ ᠪᠦᠷᠢ  ᠶᠢ ᠺᠣᠮᠫᠢᠦ᠋ᠲ᠋ᠧᠷ ᠳᠡᠭᠡᠷ᠎ᠠ ᠰᠢᠯᠭᠠᠭᠤᠯᠵᠤ ᠂ ᠰᠢᠯᠭᠠᠯᠲᠠ ᠳᠤ ᠤᠷᠤᠯᠴᠠᠭᠰᠠᠨ ᠺᠠᠳᠠᠷ ᠴᠠᠭᠳᠠᠭ᠎ᠠ ᠨᠠᠷᠢᠨ ᠨᠢᠮᠪᠠᠢ ᠰᠢᠯᠭᠠᠵᠤ ᠂ ᠠᠵᠢᠯ  ᠳᠤ ᠪᠠᠨ ᠬᠠᠯᠠᠭᠤᠮᠰᠤᠭ ᠂ ᠴᠢᠷᠮᠠᠢᠨ ᠳᠠᠪᠰᠢᠬᠤ ᠳᠤᠬᠠᠢᠯᠠᠭᠰᠠᠨ ᠠᠵᠢᠯ ᠤᠨ ᠬᠡᠪ ᠴᠢᠨᠠᠷ ᠢ ᠢᠯᠡᠷᠡᠬᠦᠯᠪᠡ ᠃ ᠬᠠᠮᠤᠭ ᠰᠡᠭᠦᠯ ᠳᠦ ᠂ ᠨᠢᠬᠡ ᠡᠳᠦᠷ ᠦᠨ ᠰᠢᠯᠭᠠᠯᠲᠠ ᠪᠠᠷ ᠳᠠᠮᠵᠢᠵᠤ ᠂ 22 ᠬᠦᠮᠦᠨ ᠤᠨᠴᠠ ᠳᠡᠰ ᠢᠶᠡᠷ ᠦᠨᠡᠯᠡᠭᠳᠡᠵᠦ ᠂ 63%  ᠶᠢ ᠡᠵᠡᠯᠡᠵᠦ ᠂ 10 ᠬᠦᠮᠦᠨ ᠰᠢᠯᠢᠳᠡᠭ ᠳᠡᠰ ᠢᠶᠡᠷ ᠦᠨᠡᠯᠡᠭᠳᠡᠵᠦ ᠂ 28.5%  ᠶᠢ ᠡᠵᠡᠯᠡᠵᠦ ᠂ 3 ᠬᠦᠮᠦᠨ ᠡᠩ ᠦᠨ ᠳᠡᠰ ᠢᠶᠡᠷ ᠦᠨᠡᠯᠡᠭᠳᠡᠵᠦ ᠂ 8.5% ᠡᠵᠡᠯᠡᠨ᠎ᠡ ᠃

    ᠳᠤᠰ ᠤᠳᠠᠭᠠᠨ ᠤ ᠬᠡᠷᠡᠭ ᠭᠦᠢᠴᠡᠳᠬᠡᠬᠦ ᠠᠯᠬᠤᠮ ᠳᠠᠷᠠᠭ᠎ᠠ ᠮᠡᠳᠡᠬᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠶᠢᠨ ᠴᠢᠳᠠᠪᠤᠷᠢ  ᠶᠢᠨ ᠰᠢᠯᠭᠠᠯᠲᠠ ᠪᠠᠷ ᠳᠠᠮᠵᠢᠵᠤ ᠂ ᠦᠤᠰᠢᠨ ᠬᠤᠰᠢᠭᠤᠨ ᠤ ᠰᠢᠬᠦᠬᠦ ᠬᠤᠷᠢᠶ᠎ᠠ ᠶᠢᠨ ᠦᠷᠭᠡᠨ ᠤᠯᠠᠨ ᠺᠠᠳᠠᠷ ᠴᠠᠭᠳᠠᠭ᠎ᠠ ᠭᠦᠢᠴᠡᠳᠬᠡᠬᠦ  ᠶᠢᠨ ᠮᠡᠳᠡᠬᠡ ᠵᠠᠩᠭᠢᠴᠢᠯᠠᠯᠲᠠ ᠶᠢᠨ ᠴᠢᠬᠤᠯᠠ ᠴᠢᠨᠠᠷ ᠢ ᠬᠦᠨᠵᠡᠭᠡᠢ ᠤᠢᠯᠭᠠᠵᠤ ᠂ ᠺᠠᠳᠠᠷ ᠴᠠᠭᠳᠠᠭ᠎ᠠ ᠬᠡᠷᠡᠭ ᠬᠦᠢᠴᠡᠳᠭᠡᠬᠦ ᠠᠯᠬᠤᠮ ᠳᠠᠷᠠᠭ᠎ᠠ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ  ᠢ ᠰᠠᠢᠳᠤᠷ ᠡᠵᠡᠮᠰᠢᠵᠦ ᠂ ᠠᠵᠢᠯ  ᠤᠨ ᠪᠦᠲᠦᠮᠵᠢ ᠶᠢ ᠳᠡᠭᠡᠭᠰᠢᠯᠡᠭᠦᠯᠬᠦ ᠳᠦ ᠲᠦᠯᠬᠢᠨ ᠠᠬᠢᠭᠤᠯᠬᠤ ᠦᠢᠯᠡᠳᠦᠯ ᠦᠵᠡᠬᠦᠯᠪᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )