ᠤᠳᠤᠭ ᠤᠨ ᠡᠮᠦᠨᠡᠳᠦ ᠬᠤᠰᠢᠭᠤᠨ ᠤ ᠰᠢᠬᠦᠬᠦ ᠬᠤᠷᠢᠶᠠᠨ ᠤ《ᠬᠠᠪᠤᠷ ᠠᠶᠤᠩᠭ᠎ᠠ ᠠᠵᠢᠯᠯᠠᠭ᠎ᠠ》ᠠᠮᠵᠢᠯᠲᠠ ᠳᠠᠢ ᠳᠡᠭᠦᠰᠪᠡ
2017.03.03 ᠲᠣᠰ ᠥᠷᠲᠡᠭᠡᠨ ᠦ ᠨᠠᠢᠷᠠᠭᠤᠯᠤᠭᠴᠢ

    ᠡᠨᠡ ᠵᠢᠯ ᠪᠤᠯ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ《ᠬᠤᠶᠠᠷ ᠠᠴᠠ ᠭᠤᠷᠪᠠᠨ ᠵᠢᠯ ᠦᠨ ᠬᠤᠭᠤᠴᠠᠭᠠᠨ ᠳᠤ ᠭᠦᠢᠴᠡᠳᠬᠡᠬᠦ ᠳᠦ ᠬᠦᠴᠢᠷ ᠢ ᠦᠨᠳᠦᠰᠦᠨ ᠡᠴᠡ ᠨᠢ ᠰᠢᠢᠳᠪᠦᠷᠢᠯᠡᠬᠦ》 ᠶᠢ ᠲᠣᠬᠢᠷᠠᠭᠤᠯᠤᠨ ᠦᠷᠨᠢᠬᠦᠯᠦᠭᠰᠡᠨ ᠰᠢᠪᠲᠤᠯᠤᠯᠲᠠ ᠶᠢᠨ ᠵᠢᠯ ᠂ ᠵᠠᠩᠭᠢᠯᠠᠭ᠎ᠠ ᠶᠢᠨ ᠵᠢᠯ᠂ ᠪᠦᠲᠦᠮᠵᠢ ᠭᠠᠷᠬᠤ ᠵᠢᠯ ᠮᠦᠨ ᠃ ᠤᠳᠤᠭ ᠤᠨ ᠡᠮᠦᠨᠡᠲᠦ ᠬᠤᠰᠢᠭᠤᠨ ᠤ ᠰᠢᠬᠦᠬᠦ ᠬᠤᠷᠢᠶ᠎ᠠ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠶᠡᠷᠦᠩᠬᠡᠢ ᠠᠵᠢᠯ ᠤᠨ ᠲᠣᠬᠢᠷᠠᠭᠤᠯᠤᠯᠲᠠ ᠶᠤᠰᠤᠭᠠᠷ᠂ 10 ᠡᠳᠦᠷ ᠦᠨ《ᠬᠠᠪᠤᠷ ᠤᠨ ᠠᠶᠤᠩᠭ᠎ᠠ ᠠᠵᠢᠯᠯᠠᠭ᠎ᠠ》ᠦᠷᠨᠢᠬᠦᠯᠪᠡ ᠃ ᠭᠤᠤᠯ ᠬᠦᠴᠦᠨ ᠢᠶᠡᠨ ᠲᠥᠪᠯᠡᠷᠡᠭᠦᠯᠦᠨ ᠭᠡᠨᠡᠳᠲᠡ ᠶᠢᠨ ᠴᠤᠬᠢᠯᠳᠠ ᠦᠭᠴᠦ ᠂ ᠨᠢᠬᠡ ᠪᠦᠯᠦᠭ ᠤᠷᠳᠤ ᠬᠤᠭᠤᠴᠠᠭ᠎ᠠ ᠪᠠᠷ ᠭᠦᠢᠴᠡᠳᠬᠡᠬᠦ ᠡᠴᠡ ᠵᠠᠢᠯᠠᠵᠤ ᠪᠠᠢᠭᠰᠠᠨ《ᠯᠤᠢᠪᠠᠷᠳᠠᠭᠴᠢ》 ᠶᠢ ᠪᠠᠷᠢᠵᠤ ᠂ ᠨᠢᠬᠡ ᠪᠦᠯᠦᠭ ᠳᠠᠷᠤᠭᠳᠠᠮᠠᠯ ᠬᠡᠷᠡᠭ  ᠂  ᠬᠦᠴᠢᠷ ᠬᠡᠷᠡᠭ  ᠢ ᠰᠢᠢᠳᠪᠦᠷᠢᠯᠡᠵᠦ ᠂ ᠠᠷᠠᠳ ᠲᠦᠮᠡᠨ ᠦ ᠳᠤᠰᠬᠠᠯ ᠬᠤᠷᠴᠠ ᠰᠢᠷᠦᠬᠦᠨ ᠂ ᠠᠷᠠᠳ ᠲᠦᠮᠡᠨ ᠳᠠᠢ ᠨᠢᠭᠳᠠ ᠬᠤᠯᠪᠤᠭ᠎ᠠ ᠳᠠᠢ ᠢᠷᠭᠡᠨ ᠦ ᠬᠡᠷᠡᠭ ᠢ ᠬᠦᠴᠦᠨ ᠳᠠᠯᠪᠢᠵᠤ ᠰᠢᠢᠳᠪᠦᠷᠢᠯᠡᠨ᠎ᠡ ᠃

    ᠳᠤᠰ ᠤᠳᠠᠭᠠᠨ ᠤ《ᠬᠠᠪᠤᠷ ᠤᠨ ᠠᠶᠤᠩᠭ᠎ᠠ ᠠᠵᠢᠯᠯᠠᠭ᠎ᠠ》ᠳᠤᠮᠳᠠ ᠂ ᠭᠤᠷᠪᠠᠨ ᠭᠦᠢᠴᠡᠳᠬᠡᠬᠦ ᠳᠤᠭᠤᠢᠯᠠᠩ ᠭᠠᠷᠠᠭ ᠤᠨ ᠠᠮᠠᠷᠠᠯᠳᠠ ᠪᠠᠨ ᠳᠠᠶᠠᠭᠳᠠᠵᠤ ᠂ ᠠᠩᠭᠢ ᠶᠢᠨ ᠳᠤᠳᠤᠷ ᠭᠠᠳᠠᠷ ᠢ ᠬᠤᠪᠢᠶᠠᠬᠤ ᠦᠬᠡᠢ ᠭᠦᠢᠴᠡᠳᠬᠡᠬᠦ ᠠᠵᠢᠯ ᠦᠷᠨᠢᠬᠦᠯᠵᠦ ᠂ ᠪᠦᠬᠦ ᠳᠠᠯ᠎ᠠ ᠪᠠᠷ ᠡᠵᠡᠮᠳᠡᠵᠦ  ᠪᠤᠯᠬᠤᠢᠴᠠ ᠡᠳ᠋ ᠬᠥᠷᠦᠩᠭᠡ ᠶᠢ ᠪᠠᠢᠴᠠᠭᠠᠵᠤ ᠂ ᠪᠦᠬᠦ ᠴᠠᠭ ᠢ ᠵᠠᠷᠤᠴᠠᠭᠤᠯᠤᠨ ᠭᠦᠢᠴᠡᠳᠬᠡᠬᠦ ᠡᠴᠡ ᠵᠠᠯᠠᠵᠤ ᠪᠠᠢᠭ᠎ᠠ《ᠯᠤᠢᠪᠠᠷᠳᠠᠭᠴᠢ》 ᠶᠢ ᠪᠠᠷᠢᠪᠴᠢᠯᠠᠵᠤ ᠂ ᠬᠠᠤᠯᠢ ᠴᠠᠭᠠᠵᠠ ᠶᠢᠨ ᠠᠷᠭ᠎ᠠ ᠠᠪᠴᠠᠯ ᠢ ᠬᠦᠢᠴᠡᠳ ᠬᠡᠷᠡᠭᠯᠡᠵᠦ ᠂ ᠠᠮᠢᠳᠤᠯᠢᠭ ᠬᠡᠷᠡᠭᠯᠡᠵᠦ ᠂ ᠤᠨᠤᠪᠴᠢᠳᠠᠢ ᠬᠡᠷᠡᠭᠯᠡᠪᠡ ᠃

    ᠬᠦᠯᠢᠴᠡᠩᠭᠦᠢ ᠪᠡᠷ ᠭᠦᠢᠴᠡᠳᠬᠡᠭᠳᠡᠭᠴᠢ ᠪᠡᠷ ᠬᠠᠤᠯᠢ ᠶᠤᠰᠤ ᠶᠢ ᠳᠠᠢᠯᠪᠤᠷᠢᠯᠠᠵᠤ ᠂ ᠬᠦᠢᠴᠡᠳᠬᠡᠭᠳᠡᠭᠴᠢ ᠰᠠᠨᠠᠭᠠᠴᠢᠯᠭ᠎ᠠ ᠠᠴᠠ ᠪᠠᠨ ᠡᠬᠦᠷᠭᠡ ᠪᠡᠨ ᠬᠦᠢᠴᠡᠳᠬᠡᠬᠦ ᠶᠢ ᠱᠠᠭᠠᠷᠳᠠᠬᠤ ᠶᠢᠨ ᠬᠠᠮᠳᠤ ᠂ ᠬᠠᠤᠯᠢ ᠶᠤᠰᠤᠭᠠᠷ ᠡᠬᠦᠷᠭᠡ ᠪᠡᠨ ᠭᠦᠢᠴᠡᠳᠬᠡᠬᠦ ᠶᠢ ᠳᠡᠪᠴᠢᠵᠦ ᠪᠠᠢᠬᠤ ᠬᠦᠢᠴᠡᠳᠭᠡᠭᠳᠡᠭᠴᠢ  ᠶᠢ ᠪᠠᠢᠴᠠᠭᠠᠨ ᠪᠢᠳᠡᠮᠵᠢᠬᠦᠯᠬᠦ ᠂ ᠬᠥᠯᠳᠡᠭᠡᠬᠦ ᠂ ᠢᠯᠡ ᠪᠡᠷ ᠨᠡᠢᠳᠡᠯᠡᠬᠦ ᠂ ᠬᠤᠷᠢᠬᠤ ᠵᠡᠷᠬᠡ ᠠᠷᠭ᠎ᠠ ᠠᠪᠴᠠᠯ ᠢᠶᠠᠷ ᠴᠤᠬᠢᠯᠳᠠ ᠦᠭᠬᠦ ᠡᠷᠴᠢᠮ ᠢᠶᠡᠨ ᠳᠡᠭᠡᠭᠰᠢᠯᠡᠭᠦᠯᠵᠦ ᠂ ᠭᠦᠢᠴᠡᠳᠬᠡᠬᠦ ᠡᠷᠬᠡ ᠰᠦᠷ ᠢ ᠨᠡᠮᠡᠭᠳᠡᠭᠦᠯᠦᠨ᠎ᠡ ᠃

    ᠳᠤᠰ ᠤᠳᠠᠭᠠᠨ  ᠤ《ᠬᠠᠪᠤᠷ ᠤᠨ ᠠᠶᠤᠩᠭ᠎ᠠ ᠠᠵᠢᠯᠯᠠᠭ᠎ᠠ》 ᠳᠤ ᠤᠷᠤᠯᠴᠠᠭᠰᠠᠨ ᠺᠠᠳᠠᠷ ᠴᠠᠭᠳᠠᠭ᠎ᠠ ᠪᠠᠭ᠎ᠠ ᠬᠡᠷ ᠢᠶᠡᠨ ᠤᠮᠠᠷᠳᠠᠵᠤ ᠂ ᠶᠡᠬᠡ ᠳᠠᠯ᠎ᠠ  ᠳᠤ ᠰᠡᠳᠬᠢᠯ ᠳᠠᠯᠪᠢᠵᠤ ᠂ ᠰᠠᠯᠬᠢ ᠴᠠᠰᠤ ᠬᠦᠢᠳᠡᠨ ᠢ ᠳᠡᠪᠴᠢᠨ ᠂ ᠠᠵᠢᠯᠯᠠᠬᠤ ᠴᠠᠭ ᠢᠶᠠᠨ ᠨᠡᠮᠡᠵᠦ ᠂ ᠡᠳᠦᠷ ᠰᠦᠨᠢ ᠦᠬᠡᠢ ᠡᠮᠦᠨ᠎ᠠ ᠹᠷᠣᠨᠲ ᠳᠤ ᠠᠵᠢᠯᠯᠠᠪᠠ ᠃ ᠬᠠᠷ᠎ᠠ ᠥᠷᠯᠦᠭᠡ ᠪᠡᠷ ᠬᠦᠳᠡᠯᠵᠦ ᠂ ᠰᠦᠨᠢ ᠲᠢ ᠲᠦᠯᠢ ᠪᠡᠷ ᠭᠦᠢᠴᠡᠳᠬᠡᠬᠦ ᠵᠡᠷᠬᠡ ᠲᠣᠩᠭᠤᠷᠤᠤ ᠬᠡᠯᠪᠡᠷᠢ ᠪᠡᠷ ᠠᠮᠵᠢᠯᠲᠠ ᠤᠯᠪᠠ ᠃

    2 ᠰᠠᠷᠠᠢᠨ 24  ᠤ ᠡᠳᠦᠷ ᠪᠤᠯᠳᠠᠯ᠎ᠠ ᠂《ᠬᠠᠪᠤᠷ ᠤᠨ ᠠᠶᠤᠩᠭ᠎ᠠ ᠠᠵᠢᠯᠯᠠᠭ᠎ᠠ》ᠠᠮᠵᠢᠯᠲᠠ ᠳᠠᠢ ᠳᠠᠭᠤᠰᠴᠤ ᠂ ᠨᠡᠢᠲᠡ ᠵᠤᠬᠢᠶᠠᠨ ᠪᠠᠢᠭᠤᠯᠤᠭᠰᠠᠨ ᠲᠥᠪᠯᠡᠷᠡᠭᠦᠯᠦᠨ ᠭᠦᠢᠴᠡᠳᠬᠡᠬᠦ ᠠᠵᠢᠯᠯᠠᠭ᠎ᠠ 60 ᠭᠠᠷᠤᠢ ᠤᠳᠠᠭ᠎ᠠ ᠂ ᠬᠠᠤᠯᠢ ᠶᠤᠰᠤᠭᠠᠷ ᠬᠦᠢᠴᠡᠳᠭᠡᠭᠳᠡᠭᠴᠢ ᠶᠢ ᠳᠠᠭᠤᠳᠠᠬᠤ ᠂ ᠬᠤᠷᠢᠭᠰᠠᠨ ᠨᠢ 101 ᠤᠳᠠᠭ᠎ᠠ ᠂ 3 ᠭᠦᠢᠴᠡᠳᠬᠡᠭᠳᠡᠭᠴᠢ ᠶᠢ ᠬᠤᠷᠢᠵᠤ ᠂ 46 ᠭᠦᠢᠴᠡᠳᠬᠡᠭᠳᠡᠭᠴᠢ  ᠶᠢᠨ ᠢᠳᠡᠬᠡᠯ ᠠᠯᠳᠠᠭᠰᠠᠨ ᠢ ᠨᠡᠢᠳᠡᠯᠡᠵᠦ ᠂ ᠨᠡᠢᠲᠡ 105 ᠬᠡᠷᠡᠭ ᠢ ᠰᠢᠢᠳᠪᠦᠷᠢᠯᠡᠵᠦ᠂ ᠬᠦᠢᠴᠡᠳᠬᠡᠯ ᠦᠨ ᠬᠠᠷᠠᠯᠳᠠ 704.3 ᠲᠦᠮᠡᠨ ᠲᠦᠬᠦᠷᠢᠭ ᠃ ᠡᠭᠦᠨ ᠡᠴᠡ ᠬᠤᠵᠢᠮ ᠂ ᠤᠳᠤᠭ ᠤᠨ ᠡᠮᠦᠨᠡᠲᠦ ᠬᠤᠰᠢᠭᠤᠨ ᠤ ᠰᠢᠬᠦᠬᠦ ᠬᠤᠷᠢᠶᠠᠨ ᠤ《ᠬᠠᠪᠤᠷ ᠤᠨ ᠠᠶᠤᠩᠭ᠎ᠠ ᠠᠵᠢᠯᠯᠠᠭ᠎ᠠ》 ᠶᠢ ᠶᠡᠷᠦᠳᠡ ᠶᠢᠨ ᠠᠵᠢᠯᠯᠠᠭ᠎ᠠ ᠪᠤᠯᠭᠠᠵᠤ ᠂ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶᠠᠨ ᠤ ᠭᠦᠢᠴᠡᠳᠬᠡᠬᠦ ᠠᠵᠢᠯ ᠤᠨ ᠲᠸᠯᠸᠢᠰ ᠤᠳᠠᠰᠤᠨ ᠤ ᠬᠤᠷᠠᠯᠳᠤᠭᠠᠨ ᠤ ᠵᠤᠷᠢᠭ ᠰᠠᠨᠠᠭ᠎ᠠ ᠶᠢ ᠨᠠᠢᠳᠠᠪᠤᠷᠢᠵᠢᠭᠤᠯᠵᠤ ᠂ ᠪᠤᠳᠠᠳᠠᠢ ᠠᠵᠢᠯ ᠬᠢᠵᠦ ᠂ ᠪᠤᠳᠠᠳᠠᠢ ᠪᠦᠲᠦᠮᠵᠢ ᠤᠯᠤᠨ ᠂ ᠬᠤᠪᠢᠰᠠᠬᠠᠯ  ᠤᠨ ᠬᠠᠳᠠᠨ ᠵᠤᠷᠢᠭ ᠢᠶᠠᠷ 《ᠭᠦᠢᠴᠡᠳᠬᠡᠬᠦ ᠳᠦ ᠬᠦᠴᠢᠷ》 ᠢ ᠰᠢᠢᠳᠪᠦᠷᠢᠯᠡᠨ᠎ᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )