ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠩᠬᠠᠳᠤᠭᠠᠷ ᠬᠠᠤᠯᠢᠴᠢ ᠪᠠᠢᠴᠠᠭᠠᠬᠤ ᠵᠠᠷᠯᠢᠭ ᠶᠠᠪᠤᠭᠤᠯᠵᠤ ᠳᠤᠬᠠᠢ ᠶᠢᠨ ᠬᠦᠮᠦᠨ ᠦ ᠬᠠᠤᠯᠢ ᠶᠤᠰᠤᠨ ᠤ ᠡᠷᠬᠡ ᠠᠰᠢᠭ ᠢ ᠪᠠᠳᠤᠯᠠᠪᠠ
2017.03.07 ᠲᠣᠰ ᠥᠷᠲᠡᠭᠡᠨ᠎ᠦ ᠨᠠᠢᠷᠠᠭᠤᠯᠤᠭᠴᠢ

     2017 ᠤᠨ ᠤ 3 ᠰᠠᠷᠠᠢᠨ 1  ᠤ ᠡᠳᠦᠷ ᠂ ᠮᠠᠨ ᠤ ᠬᠤᠷᠢᠶ᠎ᠠ ᠬᠦᠯᠢᠶᠡᠨ ᠠᠪᠤᠭᠰᠠᠨ(2016)ᠦᠪᠦᠷ ᠮᠤᠩᠭᠤᠯ ᠤᠨ 06 ᠢᠷᠭᠡᠨ ᠦ ᠬᠡᠷᠡᠭ ᠦᠨ ᠲᠦᠷᠦᠭᠦᠦ ᠬᠡᠪᠯᠡᠯ ᠦᠨ 261 ᠳ᠋ᠤᠭᠠᠷ ᠬᠡᠷᠡᠭ(ᠵᠠᠭᠠᠯᠳᠤᠭᠴᠢ ᠦᠪᠦᠷ ᠮᠤᠩᠭᠤᠯ ᠤᠨ ᠢ ᠯᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠳᠠᠢ ᠠᠨ ᠬᠤᠤ ᠬᠤᠸᠠ ᠰᠦᠯᠢᠶᠣᠣ ᠶᠢᠨ ᠬᠢᠵᠠᠭᠠᠷᠲᠤ ᠺᠤᠮᠫᠠᠨᠢ ᠳᠠᠢ ᠠᠷᠠᠯᠵᠢᠶᠠᠨ ᠤ ᠭᠡᠷ᠎ᠠ ᠶᠢᠨ ᠵᠢᠭᠤᠷᠠᠯᠳᠤᠭᠠᠨ ᠤ ᠬᠡᠷᠡᠭ)᠂ ᠵᠠᠭᠠᠯᠳᠤᠭᠴᠢ ᠦᠪᠦᠷ ᠮᠤᠩᠭᠤᠯ ᠤᠨ ᠢ ᠯᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠮᠠᠨ ᠤ ᠬᠤᠷᠢᠶᠠᠨ ᠳᠤ ᠬᠡᠷᠡᠭ ᠲᠦ ᠬᠤᠯᠪᠤᠭᠳᠠᠭᠰᠠᠨ ᠨᠠᠢ᠍ᠮᠠᠨ ᠬᠠᠭᠤᠳᠠᠰᠤ ᠡᠯᠧᠺᠲ᠋ᠷᠣᠨ ᠭᠤᠪᠢᠭᠤᠯᠭ᠎ᠠ ᠶᠢᠨ ᠫᠢᠶᠣᠣ ᠶᠢᠨ ᠮᠥᠩᠭᠦ ᠶᠢᠨ ᠠᠷᠤ ᠶᠢᠨ ᠦᠰᠦᠭ  ᠢ ᠰᠢᠯᠵᠢᠬᠦᠯᠦᠭᠰᠡᠨ ᠪᠠᠢᠳᠠᠯ ᠢ ᠬᠠᠤᠯᠢ ᠶᠤᠰᠤᠭᠠᠷ ᠬᠠᠪᠰᠤᠷᠤᠨ ᠪᠠᠢᠴᠠᠭᠠᠬᠤ ᠵᠠᠷᠯᠢᠭ ᠭᠠᠷᠭᠠᠵᠤ ᠦᠭᠬᠦ ᠶᠢ ᠭᠤᠶᠤᠴᠢᠯᠠᠪᠠ ᠃ ᠭᠤᠶᠤᠴᠢᠯᠠᠯ  ᠢ ᠤᠯᠤᠭᠰᠠᠨ ᠤ ᠳᠠᠷᠠᠭ᠎ᠠ ᠂ ᠳᠤᠰ ᠬᠡᠷᠡᠭ ᠦᠨ ᠡᠶᠡᠳᠡᠭᠦᠯᠬᠦ ᠲᠢᠩᠬᠢᠮ ᠦᠨ ᠬᠡᠰᠢᠬᠦᠨ ᠬᠠᠮᠳᠤᠪᠡᠷ ᠰᠤᠳᠤᠯᠬᠤ ᠪᠠᠷ ᠳᠠᠮᠵᠢᠵᠤ ᠂ ᠬᠤᠯᠪᠤᠭᠳᠠᠯ ᠪᠦᠬᠦᠢ ᠬᠠᠤᠯᠢ ᠳᠤᠭᠳᠠᠭᠠᠯ ᠢ ᠦᠵᠡᠭᠰᠡᠨ ᠦ ᠳᠠᠷᠠᠭ᠎ᠠ ᠂ ᠭᠤᠷᠪᠠᠨ ᠬᠤᠪᠢ ᠪᠠᠢᠴᠠᠭᠠᠬᠤ ᠵᠠᠷᠯᠢᠭ ᠶᠠᠪᠤᠭᠤᠯᠵᠤ ᠂ ᠤᠷᠤᠯᠠᠭᠴᠢ ᠬᠠᠤᠯᠢᠴᠢ ᠵᠠᠷᠯᠢᠭ ᠢ ᠪᠠᠷᠢᠨ ᠪᠠᠢᠴᠠᠭᠠᠵᠤ ᠭᠡᠷᠡᠴᠢ ᠠᠪᠤᠪᠠ ᠃ ᠡᠨᠡ ᠪᠤᠯ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠠᠩᠬᠠᠳᠤᠭᠠᠷ ᠶᠠᠪᠤᠭᠤᠯᠤᠭᠰᠠᠨ ᠪᠠᠢᠴᠠᠭᠠᠬᠤ ᠵᠠᠷᠯᠢᠭ ᠪᠠᠢᠵᠤ ᠂ ᠮᠦᠨᠴᠦ ᠬᠠᠤᠯᠢᠴᠢ ᠶᠢᠨ ᠠᠵᠢᠯ ᠡᠷᠬᠢᠯᠡᠬᠦ ᠡᠷᠬᠡ ᠶᠢ ᠪᠠᠳᠤᠯᠠᠵᠤ ᠂ ᠵᠠᠷᠭᠤ ᠶᠢᠨ ᠪᠦᠲᠦᠮᠵᠢ ᠶᠢ ᠳᠡᠭᠡᠭᠰᠢᠯᠡᠭᠦᠯᠬᠦ ᠳᠦ ᠬᠢᠭᠰᠡᠨ ᠨᠢᠬᠡᠨ ᠤᠳᠠᠭᠠᠨ ᠤ ᠳᠤᠷᠰᠢᠯᠲᠠ ᠮᠦᠨ ᠃

     ᠪᠠᠢᠴᠠᠭᠠᠬᠤ ᠵᠠᠷᠯᠢᠭ ᠪᠤᠯ ᠳᠤᠬᠠᠢ ᠶᠢᠨ ᠬᠦᠮᠦᠨ ᠢᠷᠭᠡᠨ ᠦ ᠬᠡᠷᠡᠭ ᠦᠨ ᠵᠠᠷᠭᠤ ᠳᠤᠮᠳᠠ ᠪᠤᠰᠤᠳᠴᠢ ᠰᠢᠯᠳᠠᠭᠠᠨ ᠠᠴᠠ ᠪᠤᠯᠵᠤ ᠦᠪᠡᠷ ᠦᠨ ᠱᠠᠭᠠᠷᠳᠠᠯᠭ᠎ᠠ ᠳᠠᠢ ᠬᠡᠷᠡᠴᠢ ᠶᠢ ᠤᠯᠵᠤ ᠳᠡᠢᠯᠬᠦ ᠦᠬᠡᠢ ᠦᠶᠡᠰ᠂ ᠭᠤᠶᠤᠴᠢᠯᠠᠯ ᠢᠶᠠᠷ ᠳᠠᠮᠵᠢᠵᠤ ᠠᠷᠠᠳ ᠤᠨ ᠰᠢᠬᠦᠬᠦ ᠬᠤᠷᠢᠶᠠᠨ ᠤ ᠵᠥᠪᠰᠢᠶᠡᠷᠡᠯ ᠢ ᠤᠯᠵᠤ᠂ ᠰᠢᠬᠦᠬᠦ ᠬᠤᠷᠢᠶᠠᠨ ᠠᠴᠠ ᠳᠤᠬᠠᠢ ᠶᠢᠨ ᠬᠦᠮᠦᠨ ᠦ ᠵᠠᠷᠭᠤ ᠶᠢᠨ ᠤᠷᠤᠯᠠᠭᠴᠢ ᠬᠠᠤᠯᠢᠴᠢ ᠳᠤ ᠥᠭᠭᠦᠭᠰᠡᠨ ᠬᠠᠮᠢᠶ᠎ᠠ ᠪᠦᠬᠦᠢ ᠨᠢᠭᠡᠴᠡ ᠪᠠ ᠬᠤᠪᠢ ᠬᠦᠮᠦᠨ ᠡᠴᠡ ᠦᠪᠡᠷ ᠦᠨ ᠬᠡᠷᠡᠭᠰᠡᠬᠦ ᠬᠡᠷᠡᠴᠢ ᠬᠤᠷᠢᠶᠠᠬᠤ ᠬᠠᠤᠯᠢ ᠶᠢᠨ ᠪᠢᠴᠢᠭ᠌ ᠮᠦᠨ ᠃

     ᠬᠠᠤᠯᠢ ᠴᠠᠭᠠᠵᠠ ᠶᠢᠨ ᠦᠢᠯᠡᠳᠦᠯᠭᠡ ᠳᠤᠮᠳᠠ ᠬᠡᠰᠡᠭ ᠬᠡᠷᠡᠭ ᠦᠨ ᠪᠤᠳᠠᠳᠠᠢ ᠶᠢ ᠬᠡᠷᠡᠴᠢᠯᠡᠬᠦ  ᠳᠦ ᠴᠢᠬᠤᠯᠠ ᠦᠢᠯᠡᠳᠦᠯ ᠳᠠᠢ ᠬᠡᠷᠡᠴᠢ ᠨᠢ ᠲᠦᠷᠦ ᠶᠢᠨ ᠪᠠᠢᠭᠤᠯᠭ᠎ᠠ ᠂ ᠮᠥᠩᠭᠦᠨ ᠬᠦᠢᠯᠭᠡᠭᠡᠨ ᠦ ᠪᠠᠢᠭᠤᠯᠭ᠎ᠠ  ᠵᠡᠷᠬᠡ ᠨᠢᠬᠡᠴᠡ ᠪᠤᠶᠤ ᠬᠤᠪᠢ ᠬᠦᠮᠦᠨ ᠡᠵᠡᠮᠰᠢᠵᠦ ᠪᠠᠢᠬᠤ ᠪᠠᠢᠳᠠᠯ ᠤᠷᠤᠰᠢᠵᠤ ᠂ ᠦᠢᠯᠡᠳᠦᠯᠭᠡ ᠳᠤᠮᠳᠠ ᠳᠤᠬᠠᠢ ᠶᠢᠨ ᠬᠦᠮᠦᠨ ᠵᠢᠴᠢ ᠤᠷᠤᠯᠠᠭᠴᠢ ᠬᠠᠤᠯᠢᠴᠢ ᠡᠳᠡᠭᠡᠷ ᠬᠡᠷᠡᠴᠢ ᠶᠢ ᠠᠪᠬᠤ ᠳᠤ ᠬᠦᠴᠢᠷ ᠳᠠᠢ ᠂ ᠬᠠᠤᠯᠢᠴᠢ ᠶᠢᠨ ᠪᠠᠢᠴᠠᠭᠠᠬᠤ ᠵᠠᠷᠯᠢᠭ ᠶᠠᠪᠤᠭᠤᠯᠵᠤ ᠳᠤᠬᠠᠢ ᠶᠢᠨ ᠬᠦᠮᠦᠨ ᠦ ᠵᠦᠢ ᠶᠤᠰᠤᠨ ᠤ ᠪᠠᠢᠴᠠᠭᠠᠨ ᠬᠡᠷᠡᠴᠢ ᠠᠪᠬᠤ  ᠡᠷᠬᠡ ᠳᠦ ᠨᠦᠬᠦᠴᠡᠯ ᠬᠠᠩᠭᠠᠵᠤ ᠂ ᠡᠨᠡ ᠮᠦᠨᠴᠦ ᠠᠷᠠᠳ ᠤᠨ ᠳᠡᠭᠡᠳᠦ ᠵᠡᠷᠬᠡ ᠶᠢᠨ ᠰᠢᠬᠦᠬᠦ ᠬᠤᠷᠢᠶ᠎ᠠ ᠂ ᠠᠷᠠᠳ ᠤᠨ ᠳᠡᠭᠡᠳᠦ ᠵᠡᠷᠬᠡ ᠶᠢᠨ ᠪᠠᠢᠴᠠᠭᠠᠬᠤ ᠬᠤᠷᠢᠶ᠎ᠠ ᠂ ᠳᠤᠳᠤᠭᠠᠳᠤ ᠶᠢ ᠬᠠᠮᠠᠭᠠᠯᠠᠬᠤ ᠬᠡᠯᠳᠡᠰ ᠂ ᠤᠯᠤᠰ ᠤᠨ ᠠᠮᠤᠷ ᠲᠦᠪᠰᠢᠨ ᠦ ᠬᠡᠯᠳᠡᠰ ᠂ ᠬᠠᠤᠯᠢ ᠴᠠᠭᠠᠵᠠ  ᠶᠢᠨ ᠬᠡᠯᠳᠡᠰ ᠬᠤᠯᠪᠤᠭᠠᠯᠠᠨ ᠨᠡᠢᠳᠡᠯᠡᠭᠰᠡᠨ《ᠬᠠᠤᠯᠢ ᠶᠤᠰᠤᠭᠠᠷ ᠬᠠᠤᠯᠢᠴᠢ ᠶᠢᠨ ᠠᠵᠢᠯ ᠡᠷᠬᠢᠯᠡᠬᠦ ᠡᠷᠬᠡ ᠠᠰᠢᠭ  ᠢ ᠪᠠᠳᠤᠯᠠᠬᠤ ᠳᠤᠬᠠᠢ ᠳᠤᠭᠳᠠᠭᠠᠯ》 ᠤᠨ ᠱᠠᠭᠠᠷᠳᠠᠯᠭ᠎ᠠ  ᠶᠢ ᠨᠠᠢᠳᠠᠪᠤᠷᠢᠵᠢᠭᠤᠯᠵᠤ ᠂ ᠬᠠᠤᠯᠢᠴᠢ ᠶᠢᠨ ᠠᠵᠢᠯ ᠡᠷᠬᠢᠯᠡᠬᠦ ᠡᠷᠬᠡ ᠠᠰᠢᠭ ᠢ ᠬᠦᠢᠴᠡᠳ ᠬᠠᠮᠠᠭᠠᠯᠠᠬᠤ ᠳᠤ ᠠᠰᠢᠭᠳᠠᠢ ᠂ ᠬᠠᠤᠯᠢᠴᠢ ᠶᠢᠨ ᠠᠵᠢᠯ ᠡᠷᠬᠢᠯᠡᠬᠦ ᠤᠷᠴᠢᠨ ᠳᠤᠭᠤᠷᠢᠨ ᠢ ᠰᠠᠢᠵᠢᠷᠠᠭᠤᠯᠤᠨ᠎ᠠ ᠃ ᠠᠷᠠᠳ ᠤᠨ ᠰᠢᠬᠦᠬᠦ ᠬᠤᠷᠢᠶᠠᠨ ᠤ《ᠬᠡᠷᠡᠭ ᠤᠯᠠᠨ ᠬᠥᠮᠦᠨ ᠪᠠᠭ᠎ᠠ》ᠵᠦᠷᠢᠴᠡᠯ ᠲᠣᠪᠤᠢᠮ᠎ᠠ ᠪᠠᠢᠳᠠᠯ ᠳᠤᠤᠷ᠎ᠠ ᠂ ᠪᠠᠢᠴᠠᠭᠠᠬᠤ ᠵᠠᠷᠯᠢᠭ ᠶᠠᠪᠤᠭᠤᠯᠬᠤ ᠨᠢ ᠬᠠᠤᠯᠢ ᠴᠠᠭᠠᠵᠠ ᠶᠢ ᠵᠦᠪ ᠬᠡᠷᠡᠭᠯᠡᠵᠦ ᠪᠠᠢᠬᠤ ᠶᠢᠨ ᠬᠠᠮᠳᠤ ᠪᠠᠰᠠ ᠵᠠᠷᠭᠤ ᠶᠢᠨ ᠪᠦᠲᠦᠮᠵᠢ ᠶᠢ ᠳᠡᠭᠡᠭᠰᠢᠯᠡᠭᠦᠯᠬᠦ ᠳᠦ ᠠᠰᠢᠭᠳᠠᠢ ᠃ ᠡᠭᠦᠨ ᠡᠴᠡ ᠭᠠᠳᠠᠨ᠎ᠠ ᠂ ᠳᠤᠬᠠᠢ ᠶᠢᠨ ᠬᠦᠮᠦᠨ ᠪᠠᠢᠴᠠᠭᠠᠬᠤ ᠵᠠᠷᠯᠢᠭ ᠶᠠᠪᠤᠭᠤᠯᠬᠤ ᠶᠢ ᠭᠤᠶᠤᠴᠢᠯᠠᠬᠤ ᠨᠢ ᠠᠷᠠᠳ ᠤᠨ ᠰᠢᠬᠦᠬᠦ ᠬᠤᠷᠢᠶ᠎ᠠ ᠵᠠᠷᠭᠤ ᠶᠢᠨ ᠶᠠᠪᠤᠴᠠ ᠳᠤ ᠬᠡᠪ ᠢᠶᠡᠨ ᠰᠠᠬᠢᠬᠤ ᠶᠢ ᠪᠠᠷᠢᠮᠳᠠᠯᠠᠵᠤ ᠂ ᠬᠠᠤᠯᠢ ᠴᠠᠭᠠᠵᠠ ᠶᠢᠨ  ᠲᠤᠰᠠᠭᠠᠷ ᠪᠠᠢᠬᠤ ᠬᠠᠤᠯᠢ ᠪᠠᠷ ᠵᠠᠰᠠᠬᠤ ᠤᠬᠠᠭᠳᠠᠬᠤᠨ ᠳᠤ ᠨᠡᠢᠴᠡᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )