《ᠭᠦᠢᠴᠡᠳᠬᠡᠬᠦ ᠳᠦ ᠬᠦᠴᠢᠷ》 ᠢ ᠰᠢᠢᠳᠪᠦᠷᠢᠯᠡᠵᠦ᠂ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠵᠦ ᠂ ᠴᠠᠭ ᠳᠤᠬᠠᠢ ᠳᠤ ᠨᠢ ᠵᠠᠷᠭᠤ ᠢᠯᠠᠭᠰᠠᠨ ᠳᠤᠬᠠᠢ ᠶᠢᠨ ᠬᠦᠮᠦᠨ ᠦ ᠡᠷᠬᠡ ᠠᠰᠢᠭ ᠢ ᠣᠯᠭᠤᠬᠤ ᠶᠢᠨ ᠲᠦᠯᠦᠬᠡ ᠂ ᠣᠢᠷ᠎ᠠ ᠶᠢᠨ ᠵᠢᠯ ᠳᠦ ᠂ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠰᠦᠯᠵᠢᠶᠡᠨ ᠳᠡᠭᠡᠷ᠎ᠡ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠶᠢ ᠳᠡᠭᠡᠳᠦ ᠬᠡᠮᠵᠢᠶ᠎ᠠ ᠪᠠᠷ ᠴᠢᠬᠤᠯᠴᠢᠯᠠᠭᠰᠠᠨ ᠮᠦᠷᠲᠡᠭᠡᠨ ᠢᠳᠡᠪᠬᠢᠳᠠᠢ ᠲᠦᠯᠬᠢᠨ ᠠᠬᠢᠭᠤᠯᠵᠤ ᠂ ᠤᠳᠤ ᠪᠣᠯᠲᠠᠯ᠎ᠠ ᠂ ᠳᠤᠤ ᠪᠤᠤ ᠰᠦᠯᠵᠢᠶᠡᠨ ᠳᠡᠭᠡᠷ᠎ᠠ 500 ᠭᠠᠷᠤᠢ ᠬᠠᠷᠠᠯᠳᠠ ᠪᠤᠳᠠᠰ ᠭᠠᠷᠭᠠᠵᠤ ᠬᠤᠳᠠᠯᠳᠠᠵᠤ ᠂ ᠨᠡᠢᠳᠡ ᠬᠤᠳᠠᠯᠳᠤᠭᠰᠠᠨ ᠮᠦᠩᠬᠦ 5000 ᠲᠦᠮᠡᠨ ᠲᠦᠬᠦᠷᠢᠭ ᠂ ᠦᠨ᠎ᠠ ᠦᠰᠬᠦ ᠨᠤᠷᠮ᠎ᠠ 11.84%᠃
ᠦᠨᠳᠦᠷ ᠪᠦᠲᠦᠮᠵᠢᠲᠠᠢ ᠪᠠᠷ ᠰᠦᠯᠵᠢᠶᠡᠨ ᠳᠡᠭᠡᠷᠡᠬᠢ ᠦᠨ᠎ᠠ ᠬᠠᠶᠠᠯᠴᠠᠵᠤ ᠬᠤᠳᠠᠯᠳᠤᠬᠤ ᠠᠵᠢᠯ ᠢ ᠪᠡᠶᠡᠯᠡᠭᠦᠯᠵᠦ ᠂ ᠭᠦᠢᠴᠡᠳᠬᠡᠬᠦ ᠠᠵᠢᠯ ᠢ ᠨᠡᠩ ᠢᠯᠡ ᠂ ᠲᠦᠪ ᠭᠤᠤᠯᠴᠢ ᠂ ᠳᠤᠳᠤᠷᠬᠠᠢ ᠪᠤᠯᠬᠤ ᠶᠢ ᠲᠦᠯᠬᠢᠨ ᠠᠬᠢᠭᠤᠯᠬᠤ ᠶᠢᠨ ᠲᠦᠯᠦᠭᠡ ᠃ ᠳ᠋ᠦᠩᠱᠧᠩ ᠳᠤᠭᠤᠷᠢᠭ ᠤᠨ ᠰᠢᠬᠦᠬᠦ ᠬᠤᠷᠢᠶ᠎ᠠ ᠠᠵᠢᠯᠳᠠᠨ ᠤ ᠪᠠᠲᠤᠯᠠᠭ᠎ᠠ ᠶᠢ ᠴᠢᠩᠭᠠᠳᠭᠠᠵᠤ ᠂ ᠲᠤᠬᠠᠢᠯᠠᠭᠰᠠᠨ ᠠᠵᠢᠯ ᠤᠨ ᠴᠢᠳᠠᠪᠤᠷᠢ ᠰᠠᠢᠨ ᠪᠦᠭᠡᠳ ᠰᠦᠯᠵᠢᠶᠡᠨ ᠳᠡᠭᠡᠷ᠎ᠠ ᠦᠨ᠎ᠠ ᠬᠠᠶᠠᠯᠴᠠᠵᠤ ᠬᠤᠳᠠᠯᠳᠤᠬᠤ ᠰᠢᠰᠲ᠋ᠧᠮ ᠢ ᠳᠠᠳᠮᠠᠭᠠᠢ ᠬᠡᠷᠡᠭᠯᠡᠵᠦ ᠴᠢᠳᠠᠳᠠᠭ ᠺᠠᠳᠠᠷ ᠴᠠᠭᠳᠠᠭ᠎ᠠ ᠶᠢ ᠰᠣᠩᠭᠤᠵᠤ ᠂ ᠳᠤᠰᠬᠠᠢ ᠬᠦᠮᠦᠨ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠠᠵᠢᠯ ᠢ ᠬᠠᠷᠢᠭᠤᠴᠠᠨ᠎ᠠ ᠃ ᠲᠤᠬᠠᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠭᠠᠵᠤ ᠂ ᠺᠠᠳᠠᠷ ᠴᠠᠭᠳᠠᠭ᠎ᠠ ᠶᠢ ᠵᠤᠬᠢᠶᠠᠨ ᠪᠠᠢᠭᠤᠯᠵᠤ《ᠠᠷᠠᠳ ᠤᠨ ᠰᠢᠬᠦᠬᠦ ᠬᠤᠷᠢᠶᠠᠨ ᠤ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠶᠢᠨ ᠤᠯᠠᠨ ᠠᠰᠠᠭᠤᠳᠠᠯ ᠤᠨ ᠳᠤᠬᠠᠢ ᠳᠤᠭᠳᠠᠭᠠᠯ》 ᠢ ᠨᠠᠷᠢᠨ ᠬᠢᠨᠠᠮᠠᠭᠠᠢ ᠰᠤᠷᠤᠯᠴᠠᠭᠤᠯᠵᠤ ᠂ ᠺᠠᠳᠠᠷ ᠴᠠᠭᠳᠠᠭ᠎ᠠ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠠᠵᠢᠯ ᠢ ᠰᠠᠢᠳᠤᠷ ᠣᠢᠯᠭᠠᠬᠤ ᠶᠢ ᠱᠠᠭᠠᠷᠳᠠᠵᠤ ᠂ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠶᠢ ᠠᠮᠢᠳᠤᠯᠢᠭ ᠠᠰᠢᠭᠯᠠᠵᠤ ᠭᠦᠢᠴᠡᠳᠬᠡᠬᠦ ᠪᠦᠲᠦᠮᠵᠢ ᠶᠢ ᠳᠡᠭᠡᠭᠰᠢᠯᠡᠭᠦᠯᠦᠨ᠎ᠡ ᠃ ᠠᠵᠢᠯ ᠤᠨ ᠲᠦᠷᠢᠮ ᠢ ᠲᠡᠭᠦᠯᠳᠡᠷᠵᠢᠭᠦᠯᠵᠦ ᠂ ᠦᠨ᠎ᠠ ᠬᠠᠶᠠᠯᠴᠠᠵᠤ ᠬᠤᠳᠠᠯᠳᠤᠬᠤ ᠪᠣᠳᠠᠰ ᠤᠨ ᠡᠷᠬᠡ ᠶᠢᠨ ᠬᠠᠷᠢᠶᠠᠯᠠᠯ ᠂ ᠳᠤᠳᠠᠭᠳᠠᠯ ᠤᠨ ᠪᠠᠢᠳᠠᠯ ᠵᠡᠷᠬᠡ ᠶᠢ ᠴᠢᠩᠭ᠎ᠠ ᠪᠠᠢᠴᠠᠭᠠᠵᠤ᠂ ᠰᠦᠯᠵᠢᠶᠡᠨ ᠳᠡᠭᠡᠷ᠎ᠠ ᠦᠨ᠎ᠠ ᠬᠠᠶᠠᠯᠴᠠᠵᠤ ᠬᠤᠳᠠᠯᠳᠤᠬᠤ ᠳᠤ ᠳᠤᠬᠢᠷᠠᠬᠤ ᠦᠬᠡᠢ ᠡᠳ᠋ ᠬᠥᠷᠦᠩᠭᠡ ᠶᠢ ᠢᠯᠭᠠᠵᠤ ᠂ ᠰᠠᠬᠢᠯᠭ᠎ᠠ ᠪᠠᠳᠤ ᠬᠢᠨᠠᠨ ᠪᠠᠢᠴᠠᠭᠠᠬᠤ ᠳᠠᠰᠤᠭ ᠦᠨ᠎ᠠ ᠬᠠᠶᠠᠯᠴᠠᠵᠤ ᠬᠤᠳᠠᠯᠳᠤᠬᠤ ᠪᠣᠳᠠᠰ ᠤᠨ ᠪᠠᠢᠳᠠᠯ ᠂ ᠰᠤᠷᠠᠭ ᠵᠠᠩᠭᠢ ᠶᠢ ᠢᠯᠡ ᠪᠤᠯᠭᠠᠬᠤ ᠂ ᠦᠨ᠎ᠠ ᠬᠠᠶᠠᠯᠴᠠᠨ ᠦᠷᠢᠰᠦᠯᠳᠦᠬᠦ ᠪᠦᠬᠦ ᠶᠠᠪᠤᠴᠠ ᠳᠤ ᠬᠢᠨᠠᠯᠲᠠ ᠳᠠᠯᠪᠢᠵᠤ ᠂ ᠡᠭᠦᠨ ᠦ ᠬᠠᠮᠳᠤ ᠨᠡᠢᠬᠡᠮ ᠳᠤ ᠬᠢᠨᠠᠯᠲᠠ ᠳᠠᠯᠪᠢᠬᠤ ᠤᠳᠠᠰᠤ ᠶᠢ ᠨᠡᠢᠳᠡᠯᠡᠨᠠ ᠃ ᠤᠬᠠᠭᠤᠯᠬᠤ ᠡᠷᠴᠢᠮ ᠢ ᠴᠢᠩᠭᠠᠳᠭᠠᠵᠤ ᠂ ᠤᠷᠳᠤᠰ ᠤᠨ ᠡᠳᠦᠷ ᠦᠨ ᠰᠤᠨᠢᠨ ᠂ ᠬᠤᠳᠠ ᠶᠢᠨ ᠲᠸᠯᠸᠢᠰ ᠬᠤᠷᠢᠶᠠᠨ ᠤ《ᠰᠢᠬᠦᠬᠦ ᠬᠤᠷᠢᠶᠠᠨ ᠤ ᠳᠣᠲᠤᠨ᠎ᠠ ᠭᠠᠳᠠᠨ᠎ᠠ》ᠪᠤᠯᠤᠩ ᠂ ᠳ᠋ᠦᠩᠱᠧᠩ ᠳᠤᠭᠤᠷᠢᠭ ᠤᠨ ᠠᠯᠪᠠᠨ ᠪᠢᠴᠢᠯ ᠵᠢᠷᠬᠢᠬᠡ《ᠳ᠋ᠦᠩᠱᠧᠩ ᠨᠡᠢᠲᠡᠯᠡᠯ》᠂ ᠳ᠋ᠦᠩᠱᠧᠩ ᠦᠨ ᠰᠤᠨᠢᠨ ᠵᠢᠴᠢ ᠰᠢᠬᠦᠬᠦ ᠬᠤᠷᠢᠶᠠᠨ ᠤ ᠠᠯᠪᠠᠨ ᠰᠦᠯᠵᠢᠶ᠎ᠠ᠂ ᠵᠢᠷᠬᠢᠬᠡ ᠨᠡᠢᠲᠡ ᠶᠢᠨ ᠳ᠋ᠤᠭᠠᠷ ᠵᠡᠷᠬᠡ ᠳᠠᠪᠴᠠᠩ ᠢ ᠬᠦᠢᠴᠡᠳ ᠠᠰᠢᠭᠯᠠᠨ ᠂ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠨ ᠬᠤᠳᠠᠯᠳᠤᠬᠤ ᠠᠵᠢᠯ ᠤᠨ ᠮᠡᠳᠡᠭᠡ ᠨᠡᠢᠲᠡᠯᠡᠬᠦ ᠶᠢ ᠴᠢᠩᠭᠠᠳᠭᠠᠵᠤ ᠂ ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠶᠢᠨ ᠨᠦᠯᠦᠭᠡᠯᠡᠬᠦ ᠬᠦᠴᠦᠨ ᠢ ᠦᠷᠭᠡᠳᠬᠡᠵᠦ ᠂ ᠦᠨ᠎ᠠ ᠬᠠᠶᠠᠯᠴᠠᠵᠤ ᠬᠤᠳᠠᠯᠳᠤᠬᠤ ᠳᠤ ᠤᠷᠤᠯᠴᠠᠬᠤ ᠨᠤᠷᠮ᠎ᠠ ᠶᠢ ᠳᠡᠭᠡᠭᠰᠢᠯᠡᠭᠦᠯᠦᠨ᠎ᠡ ᠃
ᠰᠦᠯᠵᠢᠶᠡᠨ ᠳᠡᠭᠡᠷ᠎ᠠ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠪᠠᠷ ᠳᠠᠮᠵᠢᠵᠤ ᠂ ᠶᠡᠬᠡ ᠬᠡᠮᠵᠢᠶ᠎ᠠ ᠪᠠᠷ ᠬᠠᠤᠯᠢ ᠴᠠᠭᠠᠵᠠ ᠶᠢᠨ ᠦᠨ᠎ᠠ ᠬᠠᠶᠠᠯᠴᠠᠵᠤ ᠬᠤᠳᠠᠯᠳᠤᠬᠤ ᠶᠢᠨ ᠲᠣᠳᠤᠷᠬᠠᠢ ᠬᠡᠮᠵᠢᠶ᠎ᠠ ᠶᠢ ᠳᠡᠭᠡᠭᠰᠢᠯᠡᠭᠦᠯᠵᠦ ᠂ ᠦᠨ᠎ᠠ ᠬᠠᠶᠠᠯᠴᠠᠵᠤ ᠬᠤᠳᠠᠯᠳᠤᠬᠤ ᠬᠤᠭᠤᠴᠠᠭ᠎ᠠ ᠶᠢ ᠪᠠᠭᠠᠰᠬᠠᠵᠤ ᠂ ᠭᠠᠵᠠᠷ ᠤᠷᠤᠨ ᠂ ᠴᠠᠭ ᠤᠨ ᠬᠢᠵᠠᠭᠠᠷᠯᠠᠯ ᠢ ᠦᠭᠡᠢᠰᠬᠡᠵᠦ ᠂ ᠦᠨ᠎ᠠ ᠬᠠᠶᠠᠯᠴᠠᠵᠤ ᠬᠤᠳᠠᠯᠳᠤᠬᠤ ᠨᠤᠷᠮ᠎ᠠ ᠶᠢ ᠳᠡᠭᠡᠭᠰᠢᠯᠡᠭᠦᠯᠵᠦ ᠂ ᠬᠠᠷᠠᠯᠳᠠ ᠶᠢᠨ ᠪᠤᠳᠠᠰ ᠤᠨ ᠪᠤᠳᠠᠰ ᠤᠨ ᠦᠨ᠎ᠠ ᠬᠠᠮᠤᠭ ᠶᠡᠬᠡ ᠪᠤᠯᠭᠠᠬᠤ ᠶᠢ ᠠᠬᠢᠭᠤᠯᠵᠤ᠂ ᠬᠠᠮᠤᠭ ᠶᠡᠬᠡ ᠬᠡᠮᠵᠢᠶ᠎ᠠ ᠪᠠᠷ ᠳᠤᠬᠠᠢ ᠶᠢᠨ ᠬᠦᠮᠦᠨ ᠦ ᠠᠰᠢᠭ ᠳᠤᠰᠠ ᠶᠢ ᠪᠠᠳᠤᠯᠠᠵᠤ ᠂ ᠬᠠᠤᠯᠢ ᠴᠠᠭᠠᠵᠠ ᠶᠢᠨ ᠲᠦᠪ ᠭᠤᠤᠯᠴᠢ ᠶᠢ ᠪᠠᠳᠤᠯᠠᠵᠤ ᠂ ᠭᠦᠢᠴᠡᠳᠬᠡᠬᠦ ᠨᠤᠷᠮ᠎ᠠ ᠶᠢ ᠳᠡᠭᠡᠭᠰᠢᠯᠡᠭᠦᠯᠬᠦ ᠶᠢᠨ ᠬᠠᠮᠳᠤ ᠪᠠᠰᠠ ᠨᠢᠬᠡ ᠪᠦᠯᠦᠭ ᠬᠡᠷᠡᠭ ᠦᠨ ᠪᠠᠢᠳᠠᠯ ᠪᠤᠳᠤᠯᠢᠶᠠᠨᠳᠠᠢ᠂ ᠭᠦᠢᠴᠡᠳᠬᠡᠬᠦ ᠳᠦ ᠬᠦᠴᠢᠷ᠂ ᠨᠡᠢᠬᠡᠮ ᠢ ᠨᠦᠯᠦᠭᠡᠯᠡᠬᠦ ᠬᠦᠴᠦᠨ ᠨᠡᠢᠯᠢᠶᠡᠳ ᠶᠡᠬᠡ ᠬᠡᠷᠡᠭ ᠢ ᠬᠦᠢᠴᠡᠳᠬᠡᠪᠡ ᠃
ᠦᠨᠡᠯᠡᠬᠦ 0ᠦᠨᠡᠯᠡᠯᠲᠡ᠎ᠲᠠᠢ