ᠮᠠᠨ ᠤ ᠬᠣᠲᠠ ᠶᠢᠨ《 ᠬᠠᠤᠯᠢ ᠪᠤᠰᠤ ᠪᠡᠷ ᠬᠥᠷᠦᠩᠭᠡ ᠴᠤᠭᠯᠠᠭᠤᠯᠤᠭᠰᠠᠨ ᠶᠠᠯᠠᠲᠤ ᠠᠵᠢᠯᠠᠯᠭ᠎ᠠ ᠵᠢ ᠰᠢᠢᠳᠪᠦᠷᠢᠯᠡᠬᠦ ᠳᠤᠮᠳᠠᠬᠢ ᠮᠠᠳᠠᠭᠲᠠᠢ ᠬᠦᠴᠢᠷᠲᠠᠢ ᠠᠰᠠᠭᠤᠳᠠᠯ ᠤᠨ ᠲᠤᠬᠠᠢ ᠰᠢᠨᠵᠢᠯᠡᠨ ᠰᠤᠳᠤᠯᠠᠯᠲᠠ》
2017.03.13 ᠲᠣᠰ ᠥᠷᠲᠡᠭᠡᠨ ᠦ ᠨᠠᠢᠷᠠᠭᠤᠯᠤᠭᠴᠢ

    ᠬᠡᠳᠦᠨ ᠡᠳᠦᠷ ᠤᠨ ᠡᠮᠦᠨ᠎ᠡ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠨᠡᠢᠲᠡᠯᠡᠭᠰᠡᠡ《2016 ᠣᠨ ᠤ ᠪᠥᠬᠦ ᠣᠷᠤᠨ ᠤ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ  ᠪᠠᠢᠴᠠᠭᠠᠨ ᠰᠤᠳᠤᠯᠠᠯᠲᠠ ᠶᠢᠨ ᠰᠡᠳᠦᠪ  ᠢ ᠦᠨᠡᠯᠡᠨ ᠬᠢᠨᠠᠭᠰᠠᠨ ᠦᠷ᠎ᠡ ᠳ᠋ᠦᠩ ᠤᠨ ᠲᠤᠬᠠᠢ ᠮᠡᠳᠡᠭᠳᠡᠯ》( ᠥᠪᠦᠷ ᠥᠨᠳᠦᠷ ᠰᠢᠭᠦᠬᠦ ᠨᠡᠢᠲᠡᠯᠡᠯ[2016]48 ᠲᠣᠭᠠᠲᠤ)᠂ ᠲᠤᠰ ᠤᠳᠠᠭ᠎ᠠ ᠪᠥᠬᠦ ᠣᠷᠤᠨ ᠳᠤ ᠨᠡᠢᠲᠡ26 ᠲᠥᠷᠦᠯ ᠭᠣᠣᠯᠳᠠᠯᠭ᠎ᠠ ᠲᠠᠢ  ᠪᠠᠢᠴᠠᠭᠠᠨ ᠰᠤᠳᠤᠯᠠᠯᠲᠠ ᠶᠢᠨ ᠰᠡᠳᠦᠪ ᠨᠢ ᠵᠢᠩᠬᠢᠨᠢ ᠵᠦᠢᠯ  ᠤᠨ ᠬᠢᠨᠠᠨ ᠵᠥᠪᠰᠢᠶᠡᠷᠡᠯ ᠢ ᠥᠩᠭᠡᠷᠡᠵᠦ᠂10 ᠲᠥᠷᠦᠯ  ᠤᠨ ᠰᠡᠳᠦᠪ ᠨᠢ ᠰᠢᠯᠢᠳᠡᠭ ᠰᠡᠳᠦᠪ ᠢᠶᠡᠷ ᠰᠣᠩᠭᠤᠭᠳᠠᠪᠠ᠃ ᠮᠠᠨ ᠤ ᠬᠣᠷᠢᠶᠠᠨ ᠤ ᠯᠢ ᠬᠣᠩ ᠶᠠᠨ ᠬᠣᠷᠢᠶᠠᠨ ᠳᠠᠷᠤᠭ᠎ᠠ ᠶᠢᠨ ᠡᠷᠬᠢᠯᠡᠭᠰᠡᠨ 《 ᠬᠠᠤᠯᠢ ᠪᠤᠰᠤ ᠪᠡᠷ ᠬᠥᠷᠦᠩᠭᠡ ᠴᠤᠭᠯᠠᠭᠤᠯᠤᠭᠰᠠᠨ ᠶᠠᠯᠠᠲᠤ ᠠᠵᠢᠯᠠᠯᠭ᠎ᠠ ᠵᠢ ᠰᠢᠢᠳᠪᠦᠷᠢᠯᠡᠬᠦ ᠳᠤᠮᠳᠠᠬᠢ ᠮᠠᠳᠠᠭᠲᠠᠢ ᠬᠦᠴᠢᠷᠲᠠᠢ ᠠᠰᠠᠭᠤᠳᠠᠯ ᠤᠨ ᠲᠤᠬᠠᠢ ᠰᠢᠨᠵᠢᠯᠡᠨ ᠰᠤᠳᠤᠯᠠᠯᠲᠠ》 ᠨᠢ ᠰᠢᠯᠡᠳᠡᠭ ᠰᠡᠳᠦᠪ ᠢᠶᠡᠷ ᠦᠨᠡᠯᠡᠭᠳᠡᠪᠡ᠃

     ᠮᠠᠨ ᠤ ᠬᠣᠷᠢᠶ᠎ᠠ ᠨᠢ ᠬᠠᠤᠯᠢ ᠬᠡᠷᠡᠭᠵᠢᠭᠦᠯᠦᠯᠲᠡ ᠶᠢᠨ  ᠪᠠᠢᠴᠠᠭᠠᠨ ᠰᠤᠳᠤᠯᠠᠯᠲᠠ ᠶᠢᠨ ᠰᠡᠳᠦᠪ ᠤᠨ ᠠᠵᠢᠯ ᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ᠂ ᠬᠣᠷᠢᠶᠠᠨ ᠤ ᠤᠳᠤᠷᠢᠳᠤᠯᠭ᠎ᠠ ᠥᠪᠡᠷ ᠤᠨ ᠪᠡᠶ᠎ᠡ ᠪᠡᠷ ᠢᠶᠡᠨ ᠳᠤᠭᠤᠷᠢᠶᠠᠯ ᠪᠣᠯᠵᠤ᠂ ᠤᠯᠠᠨ ᠢ ᠳᠠᠭᠠᠭᠤᠯᠤᠨ  ᠪᠠᠢᠴᠠᠭᠠᠨ ᠰᠣᠳᠤᠯᠠᠬᠤ ᠠᠵᠢᠯᠠᠯᠭ᠎ᠠ ᠳᠤ ᠣᠷᠤᠯᠴᠠᠳᠠᠭ᠃  ᠪᠠᠢᠴᠠᠭᠠᠨ ᠰᠤᠲᠤᠯᠠᠬᠤ ᠳᠠᠰᠤᠭ ᠬᠢᠨᠠᠮᠠᠭᠠᠢ ᠵᠣᠬᠢᠶᠠᠨ ᠪᠠᠢᠭᠤᠯᠵᠤ᠂ ᠢᠳᠡᠪᠬᠢᠲᠠᠢ ᠳᠠᠢᠴᠢᠯᠠᠨ᠂ ᠰᠢᠨᠵᠢᠯᠡᠨ ᠰᠣᠳᠤᠯᠠᠬᠤ ᠡᠭᠦᠷᠭᠡ ᠶᠢᠨ ᠡᠮᠬᠢ ᠳᠠᠷᠠᠭ᠎ᠠ ᠲᠠᠢ ᠶᠠᠪᠤᠭᠲᠠᠬᠤ ᠵᠢ ᠵᠢᠭᠠᠨ ᠵᠢᠯᠤᠭᠤᠳᠴᠤ ᠬᠠᠪᠰᠤᠷᠤᠯᠭ᠎ᠠ ᠦᠵᠡᠭᠦᠯᠳᠡᠭ᠃  ᠰᠡᠳᠦᠪ  ᠤᠨ ᠳᠤᠭᠤᠢᠯᠠᠩ ᠨᠢ ᠰᠡᠳᠦᠪ ᠤᠨ  ᠪᠠᠢᠴᠠᠭᠠᠨ ᠰᠣᠳᠤᠯᠠᠬᠤ ᠬᠤᠭᠤᠴᠠᠭ᠎ᠠ ᠶᠢᠨ ᠱᠠᠭᠠᠷᠳᠠᠯᠭ᠎ᠠ  ᠵᠢ ᠴᠢᠩᠭ᠎ᠠ ᠵᠢᠷᠤᠮᠯᠠᠨ᠂ ᠰᠡᠳᠦᠪ ᠤᠨ ᠡᠷᠬᠢᠯᠡᠭᠴᠢ ᠶᠢᠨ ᠳᠠᠭᠠᠭᠤᠯᠭ᠎ᠠ ᠳᠣᠣᠷ᠎ᠠ᠂ ᠪᠥᠷᠢᠯᠳᠡᠭᠦᠨ ᠤ ᠠᠵᠢᠯ ᠤ ᠬᠤᠪᠢᠶᠠᠷᠢ ᠨᠢ ᠢᠯᠡ ᠲᠣᠳᠤᠷᠬᠠᠢ ᠪᠠᠢᠵᠤ᠂ ᠰᠡᠳᠦᠪ  ᠤᠨ ᠮᠠᠲ᠋ᠧᠷᠢᠶᠠᠯ ᠴᠤᠭᠯᠠᠭᠤᠯᠬᠤ᠂  ᠪᠠᠢᠴᠠᠭᠠᠨ ᠰᠤᠳᠤᠯᠠᠯᠲᠠ ᠶᠢᠨ ᠶᠠᠷᠢᠯᠴᠠᠭ᠎ᠠ ᠬᠢᠬᠦ᠂ ᠨᠤᠲᠠᠯᠠᠯᠲᠠ ᠪᠢᠴᠢᠬᠦ ᠵᠡᠷᠭᠡ ᠠᠵᠢᠯ ᠢ ᠯᠠᠪᠳᠠᠭᠤᠨ ᠪᠠᠲᠤᠲᠠᠢ ᠪᠡᠷ ᠳᠠᠭᠤᠰᠭᠠᠵᠤ᠂ ᠰᠡᠳᠦᠪᠯᠡᠬᠦ ᠮᠡᠳᠡᠭᠦᠯᠦᠯᠲᠡ  ᠂ ᠳᠤᠮᠳᠠ ᠬᠤᠭᠤᠴᠠᠭᠠᠨ ᠤ ᠪᠠᠢᠴᠠᠭᠠᠬᠤ ᠨᠣᠣᠷᠠᠭ᠂ ᠵᠢᠩᠬᠢᠨᠢ ᠵᠦᠢᠯ ᠤᠨ ᠰᠢᠯᠭᠠᠨ ᠠᠪᠬᠤ ᠨᠣᠣᠷᠠᠭ ᠪᠡᠨ ᠲᠤᠰᠭᠠᠢ ᠮᠡᠷᠭᠡᠵᠢᠯᠲᠡᠨ ᠳᠤ ᠥᠭᠴᠦ ᠦᠨᠡᠯᠡᠨ ᠰᠢᠯᠭᠠᠷᠠᠭᠤᠯᠬᠤ ᠪᠡᠨ ᠴᠠᠭ ᠲᠤᠬᠠᠢ ᠳᠤ ᠨᠢ ᠭᠦᠢᠴᠡᠳᠭᠡᠵᠦ᠂ ᠳᠠᠭᠠᠤ ᠳᠤ ᠨᠢ ᠲᠤᠰᠭᠠᠢ ᠮᠡᠷᠭᠡᠵᠢᠯᠲᠡᠨ ᠤ ᠦᠨᠡᠯᠡᠯᠲᠡ ᠵᠢ ᠬᠢᠨᠠᠮᠠᠭᠠᠢ ᠰᠣᠨᠤᠰᠤᠨ᠂ ᠰᠡᠳᠦᠪ ᠪᠢᠴᠢᠬᠦ ᠰᠡᠳᠭᠢᠴᠡ  ᠳᠤ ᠪᠡᠨ ᠴᠠᠭ ᠲᠤᠬᠠᠢ ᠳᠤᠬᠢᠷᠠᠭᠤᠯᠤᠯᠲᠠ ᠬᠢᠵᠦ᠂ ᠰᠡᠳᠦᠪ  ᠤᠨ ᠲᠥᠰᠦᠪᠯᠡᠯᠲᠡ ᠶᠢᠨ ᠨᠤᠲᠠᠯᠠᠯᠲᠠ ᠪᠡᠨ ᠲᠡᠭᠦᠯᠳᠡᠷᠵᠢᠭᠦᠯᠵᠦ᠂ ᠬᠠᠮᠤᠭ ᠰᠡᠭᠦᠯ ᠳᠤ ᠨᠢ ᠳᠡᠪᠰᠢᠭᠦᠯᠦᠭᠳᠡᠭᠰᠠᠨ ᠰᠡᠳᠦᠪ ᠨᠢ ᠵᠢᠩᠬᠢᠨᠢ ᠵᠦᠢᠯ ᠤᠨ ᠬᠢᠨᠠᠨ ᠵᠥᠪᠰᠢᠶᠡᠷᠡᠯ ᠢ ᠥᠩᠭᠡᠷᠡᠵᠦ ᠡᠭᠦᠨ ᠤ ᠵᠡᠷᠭᠡᠪᠡᠷ ᠰᠢᠯᠡᠳᠡᠭ ᠰᠡᠳᠦᠪ ᠢᠶᠡᠷ ᠦᠨᠡᠯᠡᠭᠳᠡᠪᠡ᠃

    ᠲᠤᠰ ᠤᠳᠠᠭᠠᠨ ᠤ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠭᠣᠣᠯᠳᠠᠯᠭ᠎ᠠ ᠲᠠᠢ ᠰᠤᠳᠤᠯᠭᠠᠨ ᠤ ᠰᠡᠳᠦᠪ ᠤᠨ ᠰᠢᠯᠢᠳᠡᠭ ᠢᠶᠡᠷ ᠦᠨᠡᠯᠡᠭᠳᠡᠭᠰᠡᠨ ᠨᠢ2015 ᠣᠨ ᠳᠤ ᠮᠠᠨ ᠤ ᠬᠣᠷᠢᠶᠠᠨ ᠡᠴᠡ ᠳᠡᠭᠡᠲᠦ ᠵᠡᠷᠭᠡ ᠶᠢᠨ ᠰᠢᠭᠦᠬᠦ ᠬᠣᠷᠢᠶᠠᠨ ᠤ ᠰᠢᠭᠦᠨ ᠳᠠᠰᠤᠯᠠᠯᠲᠠ ᠶᠢᠨ ᠣᠨᠤᠯ ᠤᠨ ᠰᠡᠳᠦᠪ   ᠢ ᠳᠠᠭᠠᠴᠢᠯᠠᠨ ᠡᠷᠬᠢᠯᠡᠭᠰᠡᠨ ᠤ ᠳᠠᠷᠠᠭᠠᠬᠢ ᠪᠠᠰᠠ ᠨᠢᠭᠡ ᠤᠳᠠᠭᠠᠨ ᠤ ᠰᠢᠪᠲᠤᠯᠤᠯᠲᠠ ᠪᠣᠯᠤᠨ᠎ᠠ᠃ ᠳᠠᠷᠤᠢ ᠣᠷᠳᠤᠰ ᠤᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠢᠴᠠᠭᠠᠨ ᠰᠤᠳᠤᠯᠠᠯᠲᠠ ᠶᠢᠨ ᠠᠵᠢᠯ  ᠤᠨ ᠪᠠᠰᠠ ᠨᠢᠭᠡ ᠤᠳᠠᠭᠠᠨ ᠤ ᠭᠦᠢᠴᠡᠳ ᠨᠤᠲᠠᠯᠠᠯᠲᠠ ᠪᠠᠢᠵᠤ᠂ ᠮᠥᠨ ᠴᠦ ᠣᠷᠳᠤᠰ ᠤᠨ ᠰᠢᠭᠦᠬᠦ ᠬᠣᠷᠢᠶᠠᠨ ᠤ ᠪᠠᠢᠴᠠᠭᠠᠨ ᠰᠣᠳᠤᠯᠠᠬᠤ ᠠᠵᠢᠯ  ᠢ ᠴᠢᠩᠭᠠᠳᠭᠠᠭᠤ᠂ ᠰᠢᠭᠦᠬᠦ ᠬᠣᠷᠢᠶᠠᠨ ᠤ ᠡᠯ᠎ᠡ ᠲᠥᠷᠦᠯ ᠤᠨ ᠠᠵᠢᠯ ᠤᠨ ᠰᠢᠨᠵᠢᠯᠡᠬᠦ ᠤᠬᠠᠭᠠᠨᠴᠢ ᠪᠡᠷ ᠬᠥᠭᠵᠢᠬᠦ  ᠵᠢ ᠲᠦᠯᠬᠢᠨ ᠠᠬᠢᠭᠤᠯᠬᠤ ᠳᠤ ᠵᠣᠷᠢᠭᠵᠢᠭᠤᠯᠤᠯᠲᠠ ᠪᠠ ᠰᠢᠪᠠᠳᠠᠯᠲᠠ ᠪᠣᠯᠵᠠᠢ᠃ ᠣᠷᠳᠤᠰ ᠤᠨ ᠰᠢᠭᠦᠬᠦ ᠬᠣᠷᠢᠶ᠎ᠠ ᠨᠢ ᠬᠠᠤᠯᠢ ᠬᠡᠷᠡᠭᠵᠢᠭᠦᠯᠦᠯᠲᠡ ᠶᠢᠨ ᠪᠤᠲᠠᠲᠠᠢ ᠳᠤᠮᠳᠠᠬᠢ ᠰᠢᠨ᠎ᠡ ᠪᠠᠢᠳᠠᠯ᠂ ᠰᠢᠨ᠎ᠡ ᠠᠰᠠᠭᠤᠳᠠᠯ  ᠢ ᠭᠦᠨᠵᠡᠭᠡᠢ ᠰᠤᠳᠤᠯᠠᠵᠤ᠂ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠵᠢᠮ᠎ᠡ ᠬᠠᠤᠯᠢ ᠵᠢ ᠬᠠᠢᠨ ᠢᠯᠡᠷᠡᠭᠦᠯᠵᠦ᠂ ᠴᠠᠭ ᠲᠤᠬᠠᠢ ᠳᠤ ᠨᠢ ᠠᠷᠭᠠᠴᠠᠭᠠᠬᠤ ᠰᠠᠨᠠᠯ ᠳᠤᠷᠠᠳᠴᠤ᠂ ᠰᠤᠳᠤᠯᠠᠯᠲᠠ ᠶᠢᠨ ᠦᠷ᠎ᠡ ᠪᠦᠲᠦᠭᠡᠯ  ᠢ ᠬᠤᠪᠢᠷᠠᠭᠤᠯᠬᠤ ᠵᠢ ᠢᠳᠡᠪᠬᠢᠲᠠᠢ ᠲᠦᠯᠬᠢᠨ ᠠᠬᠢᠭᠤᠯᠵᠤ᠂ ᠰᠢᠭᠦᠨ ᠳᠤᠰᠤᠯᠠᠬᠤ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠪᠡᠷ ᠵᠠᠰᠠᠬᠤ ᠣᠷᠳᠤᠰ ᠢ ᠪᠥᠬᠦ ᠲᠠᠯ᠎ᠠ ᠪᠡᠷ ᠪᠦᠲᠦᠭᠡᠨ ᠪᠠᠢᠭᠤᠯᠬᠤ ᠳᠤ ᠨᠡᠩ ᠶᠡᠬᠡ ᠬᠦᠴᠦ ᠪᠡᠨ ᠡᠷᠭᠦᠬᠦ ᠬᠡᠷᠡᠭᠲᠠᠢ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )