ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠨ ᠬᠤᠳᠠᠯᠳᠤᠬᠤ ᠵᠢ ᠲᠦᠯᠬᠢᠨ ᠠᠬᠢᠭᠤᠯᠵᠤ ᠪᠡᠭᠡᠵᠢᠩ ᠤᠨ ᠨᠢᠭᠡ ᠭᠡᠷ ᠬᠥᠷᠦᠩᠭᠡ ᠵᠢ730 ᠲᠦᠮᠡᠨ ᠲᠥᠭᠦᠷᠢᠭ ᠢᠶᠡᠷ ᠦᠨ᠎ᠡ ᠬᠠᠶᠠᠨ ᠬᠤᠳᠠᠯᠳᠤᠪᠠ
ᠤᠳᠤᠬᠠᠨ ᠳᠤ ᠲᠤᠤ ᠪᠤᠤ ᠰᠦᠯᠵᠢᠶ᠎ᠡ ᠨᠢ ᠮᠠᠰᠢ ᠤᠯᠠᠨ ᠬᠥᠮᠦᠨ ᠤ ᠪᠠᠷᠠᠭ᠎ᠠ ᠠᠪᠬᠤ ᠠᠩᠬᠠᠨ ᠤ ᠰᠣᠩᠭᠤᠯᠲᠠ ᠪᠣᠯᠪᠠ᠂ ᠤᠴᠢᠷ ᠨᠢ ᠰᠦᠯᠵᠢᠶᠠᠨ ᠡᠴᠡ ᠪᠠᠷᠠᠭ᠎ᠠ ᠠᠪᠬᠤ ᠶᠢᠨ ᠳᠥᠭᠦᠮ ᠲᠦᠳᠡ ᠪᠠᠢᠳᠠᠭ᠂ ᠡᠮᠦᠨ᠎ᠡ ᠬᠡᠳᠦᠨ ᠵᠢᠯ ᠡᠴᠡ ᠡᠬᠢᠯᠡᠨ᠂ ᠪᠥᠬᠦ ᠤᠯᠤᠰ ᠤᠨ ᠰᠢᠭᠦᠬᠦ ᠬᠣᠷᠢᠶᠠᠨ ᠤ ᠰᠢᠰᠲ᠋ᠧᠮ ᠲᠤᠤ ᠪᠤᠤ ᠰᠦᠯᠵᠢᠶᠠᠨ ᠳᠡᠭᠡᠷ᠎ᠡ ᠲᠤᠰᠭᠠᠢᠯᠠᠨ ᠬᠠᠤᠯᠢ ᠬᠡᠷᠡᠭᠵᠢᠭᠦᠯᠦᠯᠲᠡ ᠶᠢᠨ ᠳᠠᠪᠴᠠᠩ ᠨᠡᠭᠡᠭᠡᠵᠦ᠂ ᠨᠢᠭᠡ ᠪᠥᠯᠦᠭ ᠭᠦᠢᠴᠡᠳᠬᠡᠬᠦ ᠶᠠᠪᠤᠴᠠ ᠳᠤᠮᠳᠠ ᠪᠢᠲᠡᠭᠦᠮᠵᠢᠯᠡᠨ ᠬᠠᠳᠠᠭᠠᠯᠠᠭᠰᠠᠨ ᠬᠥᠷᠦᠩᠭᠡ ᠵᠢ ᠰᠦᠯᠵᠢᠶᠠᠨ ᠳᠡᠭᠡᠷ᠎ᠡ ᠭᠠᠷᠭᠠᠨ ᠦᠨ᠎ᠡ ᠬᠠᠶᠠᠨ ᠬᠤᠳᠠᠯᠳᠤᠵᠤ᠂ ᠡᠭᠦᠨ ᠢᠶᠡᠷ ᠳᠠᠮᠵᠢᠭᠤᠯᠤᠨ ᠡᠷᠡᠮᠵᠢᠯᠡᠭᠴᠢ ᠶᠢᠨ ᠬᠠᠤᠯᠢ ᠶᠣᠰᠤᠨ ᠤ ᠡᠷᠬᠡ ᠠᠰᠢᠭ ᠢ ᠪᠠᠲᠤᠯᠠᠪᠠ᠃ ᠣᠢᠷ᠎ᠠ ᠳᠤ ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ ᠪᠡᠭᠡᠵᠢᠩ ᠤᠨ ᠨᠢᠭᠡ89 ᠲᠡᠭᠰᠢ ᠳᠥᠷᠪᠡᠯᠵᠢᠨ ᠮᠸᠲ᠋ᠷ ᠤᠨ ᠭᠡᠷ ᠢ ᠲᠤᠰ ᠳᠠᠪᠴᠠᠩ ᠳᠡᠭᠡᠷ᠎ᠡ ᠦᠨ᠎ᠡ ᠬᠠᠶᠠᠨ ᠬᠤᠳᠠᠯᠳᠤᠵᠤ᠂ ᠬᠠᠮᠤᠭ ᠰᠡᠭᠦᠯ ᠳᠤ ᠨᠢ730 ᠲᠦᠮᠡᠨ ᠲᠥᠭᠦᠷᠢᠭ ᠢᠶᠡᠷ ᠬᠤᠳᠠᠯᠳᠤᠨ ᠭᠠᠷᠭᠠᠪᠠ᠃
ᠦᠨ᠎ᠡ ᠬᠠᠶᠠᠨ ᠬᠤᠳᠠᠯᠳᠤᠭᠰᠠᠨ ᠭᠡᠷ ᠨᠢ ᠪᠡᠭᠡᠵᠢᠩ ᠬᠣᠲᠠ ᠶᠢᠨ ᠴᠤᠤ ᠶᠠᠩ ᠲᠣᠭᠤᠷᠢᠭ ᠤᠨ ᠪᠠ ᠯᠢ ᠵᠤᠸᠠᠩ ᠳᠤ ᠪᠠᠢᠷᠢᠰᠢᠵᠤ᠂ ᠪᠠᠷᠢᠯᠭ᠎ᠠ ᠶᠢᠨ ᠬᠡᠪᠴᠢᠶ᠎ᠡ ᠨᠢ89.9 ᠳᠡᠭᠰᠢ ᠳᠥᠷᠪᠡᠯᠵᠢᠨ ᠮᠧᠲ᠋ᠷ ᠪᠠᠢᠵᠤ᠂ ᠭᠡᠷ ᠤᠨ ᠡᠵᠡᠨ ᠨᠢ ᠪᠤᠰᠤᠳ ᠬᠥᠮᠦᠨ ᠲᠠᠢ ᠠᠵᠤ ᠠᠬᠤᠢ ᠶᠢᠨ ᠵᠢᠭᠤᠷᠤᠯᠳᠤᠭᠠᠨ ᠲᠠᠢ ᠪᠠᠢᠵᠤ᠂ ᠤᠷᠲᠤ ᠬᠤᠭᠤᠴᠠᠭᠠᠨ ᠤ ᠲᠤᠷᠰᠢ ᠥᠷᠢ ᠪᠡᠨ ᠪᠤᠴᠠᠭᠠᠬᠤ ᠡᠭᠦᠷᠭᠡ ᠪᠡᠨ ᠭᠦᠢᠴᠡᠳᠭᠡᠭᠰᠡᠨ ᠦᠭᠡᠢ ᠡᠴᠡ ᠣᠷᠳᠤᠰ ᠬᠣᠲᠠ ᠶᠢᠨ ᠳ᠋ᠦᠩᠱᠧᠩ ᠲᠣᠭᠤᠷᠢᠭ ᠤᠨ ᠰᠢᠭᠦᠬᠦ ᠬᠣᠷᠢᠶ᠎ᠠ ᠨᠢ ᠲᠤᠰ ᠭᠡᠷ ᠢ ᠪᠢᠲᠡᠭᠦᠮᠵᠢᠯᠡᠨ ᠬᠠᠳᠠᠭᠠᠯᠠᠪᠠ᠃ ᠵᠢᠯ ᠤᠨ ᠡᠬᠢᠨ ᠳᠤ᠂ ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ ᠲᠤᠰ ᠣᠷᠤᠨ ᠰᠠᠭᠤᠴᠠ ᠵᠢ ᠲᠤᠤ ᠪᠤᠤ ᠰᠦᠯᠵᠢᠶᠠᠨ ᠤ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠨ ᠬᠤᠳᠠᠯᠳᠤᠬᠤ ᠳᠠᠪᠴᠠᠩ ᠳᠡᠭᠡᠷ᠎ᠡ ᠲᠠᠯᠪᠢᠵᠦ᠂ ᠨᠢᠭᠡ ᠯᠠ ᠳᠡᠭᠡᠷ᠎ᠡ ᠮᠠᠰᠢ ᠤᠯᠠᠨ ᠰᠦᠯᠵᠢᠶᠠᠨ ᠢᠷᠭᠡᠨ ᠤ ᠠᠩᠬᠠᠷᠤᠯ ᠢ ᠳᠠᠲᠠᠵᠤ᠂ ᠠᠩᠬᠠᠷᠤᠯ ᠳᠤ ᠪᠡᠨ ᠠᠪᠤᠭᠰᠠᠨ ᠬᠥᠮᠦᠨ ᠤ ᠲᠣᠭ᠎ᠠ ᠨᠢ13430 ᠬᠦᠷᠴᠦ᠂ ᠲᠤᠰ ᠣᠷᠤᠨ ᠰᠠᠭᠤᠴᠠ ᠶᠢᠨ ᠡᠬᠢᠯᠡᠵᠦ ᠬᠠᠶᠠᠭᠰᠠᠨ ᠦᠨ᠎ᠡ ᠨᠢ4425265 ᠲᠥᠭᠦᠷᠢᠭ ᠪᠠᠢᠵᠤ998 ᠤᠳᠠᠭᠠᠨ ᠤ ᠦᠷᠢᠰᠦᠯᠳᠤᠭᠡᠨ ᠢᠶᠡᠷ ᠳᠠᠮᠵᠢᠵᠤ᠂41 ᠤᠳᠠᠭᠠᠨ ᠤ ᠦᠨ᠎ᠡ ᠬᠠᠶᠠᠯᠲᠠ ᠢ ᠬᠣᠰᠢᠯᠠᠭᠤᠯᠬᠤ ᠪᠡᠷ ᠳᠠᠮᠵᠢᠨ᠂ ᠬᠠᠮᠤᠭ ᠰᠡᠭᠦᠯ ᠳᠤ ᠨᠢ7307265 ᠲᠥᠭᠦᠷᠢᠭ ᠢᠶᠡᠷ ᠪᠦᠲᠦᠵᠦ᠂ ᠦᠨ᠎ᠡ ᠥᠰᠦᠭᠰᠡᠨ ᠨᠤᠷᠮ᠎ᠠ ᠨᠢ65.12% ᠳᠤ ᠬᠦᠷᠪᠡ᠃
ᠳ᠋ᠦᠩᠱᠧᠩ ᠲᠣᠭᠤᠷᠢᠭ ᠰᠦᠯᠵᠢᠶᠡᠨ ᠳᠡᠭᠡᠷ᠎ᠡ ᠬᠠᠤᠯᠢ ᠬᠡᠷᠡᠭᠵᠢᠭᠦᠯᠦᠯᠲᠡ ᠶᠢᠨ ᠦᠨ᠎ᠡ ᠬᠠᠶᠠᠨ ᠬᠤᠳᠠᠯᠳᠤᠭᠰᠠᠨ ᠡᠴᠡ ᠠᠪᠤᠭᠠᠳ ᠨᠢᠭᠡᠨᠲᠡ500 ᠢᠯᠡᠭᠦᠦ ᠬᠠᠷᠠᠯᠲᠠ ᠡᠳ᠋ ᠢ ᠭᠠᠷᠭᠠᠵᠤ᠂54 ᠢ ᠨᠢ ᠠᠷᠠᠯᠵᠠᠭᠰᠠᠨ ᠪᠠᠢᠵᠤ᠂ ᠠᠷᠠᠯᠵᠠᠭᠰᠠᠨ ᠵᠣᠭᠤᠰ ᠤᠨ ᠬᠡᠮᠵᠢᠶ᠎ᠡ ᠨᠢ5000 ᠲᠦᠮᠡᠨ ᠲᠥᠭᠦᠷᠢᠭ ᠬᠦᠷᠴᠦ᠂ ᠥᠰᠦᠯᠲᠡ ᠶᠢᠨ ᠨᠤᠷᠮ᠎ᠠ ᠨᠢ11.8% ᠬᠦᠷᠴᠦ᠂ ᠬᠠᠤᠯᠢ ᠬᠡᠷᠡᠭᠵᠢᠭᠦᠯᠦᠯᠲᠡ ᠶᠢᠨ ᠲᠥᠪ ᠭᠣᠣᠯᠴᠢ ᠵᠢ ᠪᠠᠲᠤᠯᠠᠭᠰᠠᠨ ᠢᠶᠡᠷ ᠪᠠᠷᠠᠬᠤ ᠦᠭᠡᠢ᠂ ᠭᠦᠢᠴᠡᠳᠬᠡᠬᠦ ᠨᠤᠷᠮ᠎ᠠ ᠵᠢ ᠲᠡᠭᠡᠭᠰᠢᠯᠡᠭᠦᠯᠵᠦ᠂ ᠪᠠᠰᠠ ᠶᠡᠬᠡ ᠤᠯᠠᠨ ᠪᠠᠢᠳᠠᠯ ᠨᠢ ᠪᠤᠳᠤᠯᠢᠶᠠᠨᠲᠠᠢ᠂ ᠭᠦᠢᠴᠡᠳᠬᠡᠬᠦ ᠬᠦᠴᠢᠷᠳᠡᠯ ᠨᠢ ᠶᠡᠬᠡ᠂ ᠨᠡᠢᠭᠡᠮ ᠤᠨ ᠨᠥᠯᠦᠭᠡ ᠨᠢ ᠶᠡᠬᠡ ᠬᠡᠷᠡᠭ ᠤᠳ ᠢ ᠤᠷᠤᠭᠰᠢᠲᠠᠢ ᠰᠢᠢᠳᠪᠦᠷᠢᠯᠡᠭᠰᠡᠨ ᠪᠠᠢᠨ᠎ᠠ᠃
ᠦᠨᠡᠯᠡᠬᠦ 0ᠦᠨᠡᠯᠡᠯᠲᠡ᠎ᠲᠠᠢ