ᠳᠦᠷᠢᠮ ᠢ ᠰᠠᠬᠢᠵᠤ ᠰᠤᠷᠤᠯᠴᠠᠯᠭ᠎ᠠ ᠵᠢ ᠬᠦᠨᠳᠦᠳᠭᠡᠬᠦ —— ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠯᠲᠡ ᠵᠢ ᠬᠠᠮᠢᠶᠠᠷᠬᠤ ᠠᠯᠪᠠᠨ ᠭᠡᠷ ᠡᠴᠡ ᠰᠠᠯᠠᠭ᠎ᠠ ᠮᠥᠴᠢᠷ ᠤᠨ ᠠᠵᠢᠯ ᠤᠨ ᠬᠤᠷᠠᠯᠳᠤᠭᠠᠨ ᠢ
2017.03.13 ᠲᠣᠰ ᠥᠷᠲᠡᠭᠡᠨ᠎ᠦ ᠨᠠᠢᠷᠠᠭᠤᠯᠤᠭᠴᠢ

ᠳᠦᠷᠢᠮ ᠢ ᠰᠠᠬᠢᠵᠤ  ᠰᠤᠷᠤᠯᠴᠠᠯᠭ᠎ᠠ ᠵᠢ ᠬᠦᠨᠳᠦᠳᠭᠡᠬᠦ —— ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠰᠢᠭᠦᠯᠲᠡ ᠵᠢ ᠬᠠᠮᠢᠶᠠᠷᠬᠤ ᠠᠯᠪᠠᠨ ᠭᠡᠷ ᠡᠴᠡ ᠰᠠᠯᠠᠭ᠎ᠠ ᠮᠥᠴᠢᠷ ᠤᠨ ᠠᠵᠢᠯ ᠤᠨ ᠬᠤᠷᠠᠯᠳᠤᠭᠠᠨ ᠢ ᠡᠷᠬᠢᠯᠡᠪᠡ

 

    3 ᠰᠠᠷ᠎ᠠ ᠶᠢᠨ9 ᠤ ᠦᠳᠡ ᠶᠢᠨ ᠡᠮᠦᠨ᠎ᠡ᠂ ᠰᠢᠭᠦᠯᠲᠡ ᠵᠢ ᠬᠠᠮᠢᠶᠠᠷᠬᠤ ᠠᠯᠪᠠᠨ ᠭᠡᠷ ᠡᠴᠡ ᠰᠠᠯᠠᠭ᠎ᠠ ᠮᠥᠴᠢᠷ ᠤᠨ ᠠᠵᠢᠯ ᠤᠨ ᠬᠤᠷᠠᠯᠳᠤᠭᠠᠨ ᠢ ᠬᠤᠷᠠᠯᠳᠤᠪᠠ᠃  ᠲᠤᠰ ᠤᠳᠠᠭᠠᠨ ᠤ ᠬᠤᠷᠠᠯ ᠨᠢ ᠭᠣᠣᠯᠳᠠᠭᠤ2017 ᠣᠨ ᠤ ᠡᠮᠦᠨ᠎ᠡ ᠬᠤᠶᠠᠷ ᠰᠠᠷ᠎ᠠ ᠶᠢᠨ ᠰᠢᠭᠦᠯᠲᠡ ᠵᠢ ᠬᠠᠮᠢᠶᠠᠷᠬᠤ ᠠᠵᠢᠯ ᠤᠨ ᠪᠠᠢᠳᠠᠯ ᠤᠨ ᠲᠤᠬᠠᠢ ᠳ᠋ᠦᠩᠨᠡᠯᠲᠡ ᠬᠢᠵᠦ᠂  ᠰᠢᠭᠦᠯᠲᠡ ᠵᠢ ᠬᠠᠮᠢᠶᠠᠷᠬᠤ ᠠᠵᠢᠯ ᠤᠨ ᠳᠤᠮᠳᠠ ᠣᠷᠤᠰᠢᠵᠤ ᠪᠠᠢᠭ᠎ᠠ ᠠᠰᠠᠭᠤᠳᠠᠯ ᠢ ᠵᠠᠳᠠᠯᠤᠵᠤ ᠳᠠᠷᠠᠭᠠᠴᠢ ᠶᠢᠨ ᠠᠯᠬᠤᠮ ᠤᠨ ᠰᠢᠭᠦᠯᠲᠡ ᠵᠢ ᠬᠠᠮᠢᠶᠠᠷᠬᠤ ᠠᠵᠢᠯ ᠢ ᠬᠡᠷᠬᠢᠨ ᠥᠷᠨᠢᠭᠦᠯᠬᠦ ᠲᠤᠬᠠᠢ ᠠᠵᠢᠯ  ᠤᠨ ᠰᠡᠳᠭᠢᠴᠡ᠂ ᠠᠵᠢᠯ ᠤᠨ ᠰᠤᠷᠲᠠᠯ᠂ ᠠᠵᠢᠯ ᠤ ᠣᠪᠤᠷ᠂ ᠠᠵᠢᠯ ᠤ ᠠᠷᠭ᠎ᠠ ᠪᠠᠷᠢᠯ ᠵᠡᠷᠭᠡ ᠳᠥᠷᠪᠡᠨ ᠲᠠᠯ᠎ᠠ ᠡᠴᠡ ᠪᠤᠲᠠᠲᠠᠢ ᠱᠠᠭᠠᠷᠳᠠᠯᠭ᠎ᠠ ᠳᠤᠷᠠᠳᠪᠠ᠃

   ᠶᠠᠭᠤᠨ ᠤ ᠤᠷᠢᠳ᠂ ᠴᠸᠨ ᠡᠷᠬᠢᠯᠡᠭᠴᠢ ᠡᠴᠡ ᠣᠢᠷ᠎ᠠ ᠶᠢᠨ ᠬᠤᠭᠤᠴᠠᠭᠠᠨ ᠳᠤ ᠰᠢᠭᠦᠯᠲᠡ ᠵᠢ ᠬᠠᠮᠢᠶᠠᠷᠬᠤ ᠠᠯᠪᠠᠨ ᠭᠡᠷ ᠤᠨ ᠪᠢᠴᠢᠭᠰᠡᠨ《2016 ᠣᠨ ᠤ ᠣᠷᠳᠤᠰ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤxxxxxxx ᠬᠡᠷᠡᠭ ᠤᠨ ᠪᠠᠢᠳᠠᠯ ᠤᠨ ᠵᠠᠳᠠᠯᠤᠯᠲᠠ》᠂《2016 ᠣᠨ ᠤ ᠬᠠᠷᠠᠯᠲᠠ ᠪᠣᠯᠬᠤ ᠠᠵᠢᠯ  ᠤᠨ ᠪᠦᠲᠦᠮᠵᠢ  ᠶᠢᠨ ᠬᠢᠨᠠᠨ ᠰᠢᠯᠭᠠᠯᠲᠠ ᠶᠢᠨ ᠭᠦᠢᠴᠡᠳᠬᠡᠬᠦ  ᠲᠣᠭᠠᠨ ᠤ ᠬᠠᠮᠢᠶᠠᠷᠤᠯᠲᠠ ᠵᠢ ᠳᠠᠭᠤᠰᠭᠠᠭᠰᠠᠨ ᠪᠠᠢᠳᠠᠯ ᠤᠨ ᠲᠤᠰᠭᠠᠢ ᠲᠥᠷᠦᠯ ᠤᠨ ᠵᠠᠳᠠᠯᠤᠯᠲᠠ 》᠂《 ᠪᠥᠬᠦ ᠬᠣᠲᠠ ᠶᠢᠨ ᠰᠢᠭᠦᠬᠦ ᠬᠣᠷᠢᠶᠠᠨ ᠤ ᠰᠢᠭᠦᠬᠦ ᠬᠤᠭᠤᠴᠠᠭᠠᠯᠠᠯ ᠢ ᠬᠠᠰᠤᠬᠤ ᠨᠤᠷᠮ᠎ᠠ ᠥᠨᠳᠦᠷ ᠪᠠᠢᠭ᠎ᠠ ᠶᠢᠨ ᠰᠢᠯᠳᠠᠭᠠᠨ ᠤ ᠵᠠᠳᠠᠯᠤᠯᠲᠠ ᠬᠢᠭᠡᠳ ᠠᠷᠭᠠᠴᠠᠭᠠᠬᠤ ᠰᠠᠨᠠᠯ》 ᠵᠡᠷᠭᠡ ᠭᠤᠷᠪᠠᠨ ᠬᠤᠪᠢ ᠲᠤᠰᠭᠠᠢ ᠲᠥᠷᠦᠯ  ᠤᠨ ᠵᠠᠳᠠᠯᠤᠯᠲᠠ ᠶᠢᠨ ᠮᠡᠳᠡᠭᠦᠯᠦᠯᠲᠡ ᠳᠤ ᠬᠠᠨᠳᠤᠭᠤᠯᠵᠤ᠂ ᠰᠢᠭᠦᠯᠲᠡ ᠶᠢᠨ ᠬᠠᠮᠢᠶᠠᠷᠤᠯᠲᠠ ᠳᠤᠮᠳᠠ ᠣᠷᠤᠰᠢᠵᠤ ᠪᠠᠢᠭ᠎ᠠ ᠳᠣᠣᠷᠠᠬᠢ ᠮᠡᠲᠦ ᠬᠡᠳᠦᠨ ᠲᠠᠯ᠎ᠠ ᠶᠢᠨ ᠠᠰᠠᠭᠤᠳᠠᠯ ᠢ ᠵᠢᠭᠠᠨ ᠭᠠᠷᠭᠠᠪᠠ᠄ ᠨᠢᠭᠡ ᠨᠢ ᠰᠢᠭᠦᠯᠲᠡ  ᠵᠢ ᠬᠠᠮᠢᠶᠠᠷᠬᠤ ᠠᠵᠢᠯ ᠨᠢ ᠰᠢᠭᠦᠨ ᠳᠠᠰᠤᠯᠠᠬᠤ ᠠᠵᠢᠯ ᠡᠴᠡ ᠬᠣᠵᠢᠭᠳᠠᠵᠤ ᠪᠠᠢᠨ᠎ᠠ᠃  ᠬᠤᠶᠠᠷ ᠨᠢ ᠰᠢᠭᠦᠯᠲᠡ ᠵᠢ ᠬᠠᠮᠢᠶᠠᠷᠬᠤ ᠠᠵᠢᠯ ᠤ ᠠᠷᠭ᠎ᠠ ᠠᠪᠴᠢᠯ ᠨᠢ ᠳ᠋ᠠᠩ ᠴᠤᠯᠭᠤᠢ᠃ ᠭᠤᠷᠪᠠ ᠨᠢ ᠰᠢᠭᠦᠯᠲᠡ ᠵᠢ ᠬᠠᠮᠢᠶᠠᠷᠬᠤ ᠠᠵᠢᠯ ᠤ《 ᠦᠢᠯᠡᠴᠢᠯᠡᠭᠡ 》 ᠶᠢᠨ ᠴᠢᠳᠠᠪᠤᠷᠢ ᠶᠢᠨ ᠪᠠᠳᠠᠷᠠᠭᠤᠯᠤᠯᠲᠠ ᠨᠢ ᠭᠦᠢᠴᠡᠳ ᠪᠤᠰᠤ ᠵᠡᠷᠭᠡ᠃

      ᠡᠭᠦᠨ ᠤ ᠵᠡᠷᠭᠡᠪᠡᠷ᠂ ᠬᠤᠷᠠᠯ ᠳᠡᠭᠡᠷ᠎ᠡ  ᠺᠠᠲᠠᠷ ᠴᠠᠭᠳᠠᠭ᠎ᠠ ᠨᠢᠭᠡᠪᠦᠷᠢ《ᠳᠦᠷᠢᠮ ᠢ ᠰᠠᠬᠢᠵᠤ ᠂ ᠰᠤᠷᠤᠯᠴᠠᠯᠭ᠎ᠠ ᠵᠢ ᠬᠦᠨᠳᠦᠳᠭᠡᠬᠦ》 ᠵᠢ ᠱᠠᠭᠠᠷᠳᠠᠵᠤ᠂ ᠳᠠᠷᠠᠭᠠᠴᠢ  ᠶᠢᠨ ᠠᠯᠬᠤᠮ ᠤᠨ ᠰᠢᠭᠦᠯᠲᠡ ᠶᠢᠨ ᠬᠠᠮᠢᠶᠠᠷᠤᠯᠲᠠ ᠶᠢᠨ ᠠᠵᠢᠯ ᠳᠤ ᠳᠣᠣᠷᠠᠬᠢ ᠮᠡᠲᠦ ᠬᠡᠳᠦᠨ ᠱᠠᠭᠠᠷᠳᠠᠯᠭ᠎ᠠ ᠳᠤᠷᠠᠳᠪᠠ᠄

      ᠨᠢᠭᠡ᠂ ᠪᠡᠶ᠎ᠡ ᠪᠡᠷ ᠪᠠᠷᠢᠬᠤ ᠤᠬᠠᠮᠰᠠᠷ ᠢ ᠴᠢᠩᠭᠠᠳᠭᠠᠨ᠎ᠠ᠃ ᠣᠳᠣ ᠶᠢᠨ ᠺᠠᠲᠷ ᠴᠠᠭᠳᠠᠭᠠᠨ ᠤ ᠠᠵᠢᠯ ᠤᠨ ᠰᠠᠬᠢᠯᠭ᠎ᠠ᠂ ᠠᠵᠢᠯ  ᠤᠨ ᠰᠤᠷᠲᠠᠯ᠂ ᠠᠵᠢᠯ ᠤᠨ ᠣᠪᠤᠷ ᠳᠤᠮᠳᠠ ᠣᠷᠤᠰᠢᠵᠤ ᠪᠠᠢᠭ᠎ᠠ ᠨᠢᠭᠡ ᠪᠥᠯᠦᠭ ᠠᠰᠠᠭᠤᠳᠠᠯ ᠳᠤ ᠬᠠᠨᠳᠤᠭᠤᠯᠵᠤ᠂ ᠺᠠᠲᠠᠷ ᠴᠠᠭᠲᠠᠭ᠎ᠠ ᠲᠤᠰ ᠬᠣᠷᠢᠶᠠᠨ ᠤ ᠲᠦᠷᠢᠮᠳᠡᠬᠦ ᠳᠤᠭᠲᠠᠭᠠᠯ ᠢ ᠵᠢᠷᠤᠮᠯᠠᠬᠤ ᠪᠡᠷ ᠪᠠᠷᠠᠬᠤ ᠦᠭᠡᠢ᠂ ᠰᠠᠯᠠᠭ᠎ᠠ ᠮᠥᠴᠢᠷ ᠤᠨ ᠳᠣᠲᠤᠷᠠᠬᠢ ᠬᠠᠮᠢᠶᠠᠷᠤᠯᠲᠠ ᠶᠢᠨ ᠲᠦᠷᠢᠮᠳᠡᠬᠦ ᠢ ᠴᠦ ᠰᠠᠬᠢᠬᠤ ᠬᠡᠷᠡᠭᠲᠠᠢ ᠭᠡᠵᠦ ᠱᠠᠭᠠᠷᠳᠠᠪᠠ᠃ ᠡᠭᠦᠨ ᠤ ᠵᠡᠷᠭᠡᠪᠡᠷ᠂ ᠰᠠᠯᠠᠭ᠎ᠠ  ᠮᠥᠴᠢᠷ ᠤᠨ ᠣᠨᠴᠠᠭᠠᠢ ᠵᠠᠷᠢᠮ ᠺᠠᠲᠠᠷ ᠴᠠᠭᠳᠠᠭ᠎ᠠ ᠬᠥᠩᠭᠡᠵᠢᠯᠲᠡ ᠶᠢᠨ ᠠᠮᠠᠷᠠᠯᠲᠠ ᠵᠡᠷᠭᠡ ᠤᠷᠲᠤ ᠬᠤᠭᠤᠴᠠᠭᠠᠨ ᠤ ᠴᠢᠯᠦᠭᠡ ᠠᠪᠴᠤ ᠠᠵᠢᠯ ᠤᠨ ᠪᠠᠢᠷᠢ ᠳᠤ ᠪᠡᠨ ᠢᠷᠡᠬᠦ ᠦᠭᠡᠢ ᠪᠠᠢᠳᠠᠯ ᠳᠤ ᠴᠢᠭᠯᠡᠭᠦᠯᠦᠨ᠂ ᠰᠠᠯᠠᠭ᠎ᠠ ᠮᠥᠴᠢᠷ ᠤᠨ ᠺᠠᠲᠠᠷ ᠴᠠᠭᠳᠠᠭ᠎ᠠ ᠨᠢᠭᠡᠪᠦᠷᠢ ᠤᠨ ᠠᠵᠢᠯ ᠤᠨ ᠬᠠᠷᠢᠭᠤᠴᠠᠯᠭ᠎ᠠ ᠳᠤ ᠤᠯᠠᠮ ᠨᠢᠭᠡ ᠠᠯᠬᠤᠮ ᠠᠵᠢᠯ ᠤᠨ ᠬᠤᠪᠢᠶᠠᠷᠢᠯᠠᠯ ᠬᠢᠪᠡ᠃ ᠪᠠᠰᠠ ᠺᠠᠲᠠᠷ ᠴᠠᠭᠲᠠᠭ᠎ᠠ ᠨᠢᠭᠡᠪᠦᠷᠢ ᠥᠪᠡᠷ ᠤᠨ ᠠᠵᠢᠯ ᠤᠨ ᠢᠶᠡᠨ ᠬᠠᠷᠢᠭᠤᠴᠠᠯᠭ᠎ᠠ ᠶᠢᠨ ᠣᠷᠴᠢᠨ ᠳᠤ《 ᠶᠠᠭᠤ ᠬᠢᠭᠰᠡᠨ᠂ ᠶᠠᠮᠠᠷ ᠵᠡᠷᠭᠡ ᠬᠢᠭᠰᠡᠨ᠂ ᠶᠠᠭᠤ ᠬᠢᠨ᠎ᠡ ᠭᠡᠵᠦ ᠪᠤᠲᠤᠵᠤ ᠪᠠᠢᠬᠤ᠂ ᠬᠡᠷᠬᠢᠨ ᠬᠢᠬᠦ》 ᠭᠡᠬᠦ ᠪᠡᠷ ᠠᠭᠤᠯᠭ᠎ᠠ ᠪᠣᠯᠭᠠᠨ ᠨᠢᠭᠡ ᠬᠤᠪᠢ ᠥᠪᠡᠷ ᠤᠨ ᠬᠤᠷᠢᠶᠠᠩᠭᠤᠢᠯᠠᠯ ᠪᠢᠴᠢᠬᠦ ᠵᠢ ᠱᠠᠭᠠᠷᠳᠠᠪᠠ᠃

     ᠬᠤᠶᠠᠷ᠂ ᠰᠢᠭᠦᠨ ᠳᠠᠰᠤᠯᠠᠯᠲᠠ ᠶᠢᠨ ᠦᠢᠯᠡᠴᠢᠯᠡᠭᠡᠨ ᠤ ᠤᠬᠠᠮᠰᠠᠷ  ᠢᠶᠡᠨ ᠴᠢᠩᠭᠠᠳᠭᠠᠨ᠎ᠠ᠃ ᠠᠵᠢᠯ ᠳᠣᠮᠲᠠ ᠦᠢᠯᠡᠴᠢᠯᠡᠬᠦ ᠡᠲᠡᠭᠡᠳ ᠲᠠᠢ ᠨᠡᠪᠲᠡᠷᠡᠯᠴᠡᠬᠦ ᠠᠷᠭ᠎ᠠ ᠮᠠᠶᠢᠭ ᠪᠡᠨ ᠠᠩᠬᠠᠷᠴᠤ᠂ ᠰᠢᠭᠦᠬᠦ ᠭᠦᠢᠴᠡᠳᠭᠡᠭᠰᠡᠨ ᠠᠵᠢᠯ ᠤᠨ ᠰᠠᠢᠨ ᠮᠠᠭᠤ ᠳᠤ ᠦᠨᠡᠯᠡᠯᠡᠲᠡ ᠥᠭᠬᠦ ᠦᠭᠡᠢ᠂ ᠵᠥᠪᠬᠡᠨ ᠦᠷ᠎ᠡ ᠳ᠋ᠦᠩ ᠢ ᠴᠢᠩᠭᠠᠳᠭᠠᠵᠤ᠂ ᠡᠯ᠎ᠡ ᠲᠥᠷᠦᠯ ᠤ ᠭᠦᠢᠴᠡᠳᠬᠡᠬᠦ ᠲᠣᠭ᠎ᠠ ᠶᠢᠨ ᠨᠥᠯᠦᠭᠡ ᠵᠢ ᠴᠢᠩᠭᠠᠳᠭᠠᠵᠤ᠂ ᠣᠢᠯᠭᠠᠯᠲᠠ ᠵᠢ ᠣᠯᠵᠤ᠂ ᠬᠦᠴᠦ ᠬᠠᠮᠲᠤᠷᠠᠭᠰᠠᠨ ᠬᠠᠮᠢᠶᠠᠷᠤᠯᠲᠠ ᠵᠢ ᠪᠤᠢ ᠪᠣᠯᠭᠠᠨ᠎ᠠ᠃

      ᠭᠤᠷᠪᠠ᠂ ᠰᠤᠷᠤᠯᠴᠠᠬᠤ ᠤᠬᠠᠮᠰᠠᠷ  ᠢ ᠴᠢᠩᠭᠠᠳᠭᠠᠨ᠎ᠠ᠃ ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠵᠢᠴᠢ ᠰᠢᠭᠦᠨ ᠳᠠᠰᠤᠯᠠᠬᠤ ᠪᠦᠯᠭᠦᠮ ᠪᠠᠢᠭᠤᠯᠬᠤ ᠶᠡᠬᠡ ᠪᠠᠢᠳᠠᠯ ᠳᠣᠣᠷ᠎ᠠ᠂ ᠰᠢᠭᠦᠯᠲᠡ ᠵᠢ ᠬᠠᠮᠢᠶᠠᠷᠬᠤ ᠠᠯᠪᠠᠨ ᠭᠡᠷ ᠰᠠᠨᠠᠭᠠᠴᠢᠯᠠᠭ᠎ᠠ ᠡᠴᠡ ᠪᠡᠨ ᠰᠤᠷᠤᠯᠴᠠᠵᠤ᠂ ᠢᠲᠡᠪᠬᠢᠲᠠᠢ ᠪᠡᠷ ᠠᠵᠢᠯᠯᠠᠨ᠂ ᠰᠢᠭᠦᠯᠲᠡ ᠶᠢᠨ ᠬᠠᠮᠢᠶᠠᠷᠤᠯᠲᠠ ᠶᠢᠨ ᠠᠵᠢᠯ ᠢ ᠳᠠᠰᠤᠷᠠᠯᠲᠠ ᠦᠭᠡᠢ ᠲᠠᠭᠦᠯᠳᠡᠷᠵᠢᠭᠦᠯᠦᠨ᠂ ᠰᠢᠭᠦᠨ ᠳᠠᠰᠤᠯᠠᠬᠤ ᠶᠠᠰᠤ ᠴᠢᠨᠠᠷ ᠢ ᠳᠡᠭᠡᠭᠰᠢᠯᠡᠭᠦᠯᠬᠦ᠂ ᠰᠢᠭᠦᠯᠲᠡ ᠶᠢᠨ ᠬᠤᠭᠤᠴᠠᠭᠠᠯᠠᠯ  ᠶᠢᠨ ᠬᠠᠮᠢᠶᠠᠷᠤᠯᠲᠠ ᠵᠢ ᠴᠢᠩᠭᠠᠳᠭᠠᠭᠤ᠂ ᠬᠠᠤᠯᠢ ᠬᠡᠷᠡᠭᠵᠢᠭᠦᠯᠦᠯᠲᠡ ᠶᠢᠨ ᠢᠯᠡ ᠲᠣᠳᠤ ᠵᠢ ᠨᠠᠢᠳᠠᠪᠤᠷᠢᠵᠢᠭᠤᠯᠬᠤ᠂ ᠦᠨᠡᠯᠡᠨ ᠪᠠᠢᠴᠠᠭᠠᠬᠤ ᠪᠠᠢᠴᠠᠭᠠᠯᠲᠠ ᠵᠢ ᠴᠢᠩᠭᠠᠳᠬᠠᠬᠤ᠂ ᠬᠠᠤᠯᠢ ᠬᠡᠷᠡᠭᠵᠢᠭᠦᠯᠬᠦ ᠰᠠᠨᠠᠭᠤᠯᠭ᠎ᠠ ᠵᠢ ᠰᠢᠯᠢᠳᠡᠭᠵᠢᠭᠦᠯᠬᠦ ᠵᠡᠷᠭᠡ ᠲᠠᠯ᠎ᠠ ᠪᠡᠷ ᠵᠢᠷᠤᠮᠵᠠᠬᠤ᠂  ᠳᠦᠷᠢᠮᠵᠢᠬᠦ ᠵᠢ ᠭᠦᠢᠴᠡᠳᠬᠡᠬᠦ ᠬᠡᠷᠡᠭᠲᠠᠢ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )