ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ᠄ ᠮᠥᠩᠭᠦᠨ ᠭᠦᠢᠯᠭᠡᠨ ᠤ ᠪᠠᠢᠭᠤᠯᠭ᠎ᠠ ᠲᠠᠢ ᠬᠠᠮᠵᠢᠯᠴᠠᠨ ᠮᠥᠩᠭᠦᠨ ᠭᠦᠢᠯᠭᠡᠨ ᠤ ᠠᠮᠤᠷ ᠳᠥᠪᠰᠢᠨ ᠢ ᠬᠠᠮᠠᠭᠠᠯᠠᠶ᠎ᠠ
2017.03.13 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠶᠢᠨ ᠡᠳᠦᠷ᠂ ᠵᠡᠭᠦᠨᠭᠠᠷ ᠬᠣᠰᠢᠭᠤᠨ ᠤ ᠰᠢᠭᠦᠬᠦ ᠬᠣᠷᠢᠶᠠᠨ ᠤ ᠬᠡᠷᠡᠭ ᠳᠠᠩᠰᠤᠯᠠᠬᠤ ᠲᠢᠩᠬᠢᠮ᠂ ᠵᠠᠰᠠᠭ ᠵᠠᠬᠢᠷᠭᠠᠨ ᠤ ᠲᠢᠩᠬᠢᠮ᠂ ᠮᠥᠩᠭᠦᠨ ᠭᠦᠢᠯᠭᠡᠨ ᠤ ᠭᠦᠢᠴᠡᠳᠬᠡᠬᠦ ᠲᠣᠪᠴᠢᠶᠠᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠬᠠᠷᠢᠭᠤᠴᠠᠯᠭᠠᠲᠠᠨ ᠵᠡᠭᠦᠨᠭᠠᠷ ᠤᠨ ᠨᠡᠭᠦᠷᠡᠰᠦᠨ ᠤ ᠬᠣᠯᠪᠤᠭᠠᠲᠤ ᠬᠣᠷᠰᠢᠶᠠᠨ ᠳᠤ ᠬᠦᠷᠴᠦ《 ᠬᠠᠤᠯᠢ ᠶᠣᠰᠣᠭᠠᠷ ᠵᠢᠭᠡᠯᠡᠯᠭᠡ ᠵᠢ ᠬᠣᠷᠢᠶᠠᠨ ᠠᠪᠬᠤ ᠵᠢ ᠲᠦᠯᠬᠢᠨ ᠠᠬᠢᠭᠤᠯᠬᠤ ᠬᠤᠷᠠᠯ》 ᠳᠤ ᠣᠷᠤᠯᠴᠠᠵᠤ᠂ ᠡᠷᠡᠭᠦᠦ ᠢᠷᠭᠡᠨ ᠤ ᠰᠣᠯᠢᠯᠴᠠᠭᠰᠠᠨ ᠬᠡᠷᠡᠭ ᠤᠨ ᠢᠷᠭᠡᠨ ᠤ ᠬᠡᠷᠡᠭ ᠤᠨ ᠭᠦᠢᠴᠡᠳᠬᠡᠬᠦ ᠶᠠᠪᠤᠴᠠ ᠶᠢᠨ ᠵᠣᠭᠰᠤᠩᠭᠤᠢᠷᠠᠯ᠂ ᠦᠨ᠎ᠡ ᠬᠠᠶᠠᠨ ᠬᠤᠳᠠᠯᠳᠤᠬᠤ ᠵᠢ ᠵᠢᠱᠢᠬᠦ᠂ ᠭᠦᠢᠴᠡᠳᠬᠡᠬᠦ ᠳᠤᠮᠳᠠ ᠰᠢᠨᠵᠢᠯᠡᠨ ᠪᠠᠢᠴᠠᠭᠠᠵᠤ ᠭᠡᠷᠡᠴᠢ ᠴᠤᠭᠯᠠᠭᠤᠯᠬᠤ ᠵᠡᠷᠭᠡ ᠠᠰᠠᠭᠤᠳᠠᠯ ᠤᠨ ᠲᠤᠬᠠᠢ ᠶᠠᠷᠢᠯᠴᠠᠵᠤ᠂ ᠵᠡᠷᠭᠡᠪᠡᠷ ᠬᠠᠮᠲᠤᠷᠠᠨ ᠪᠠᠢᠴᠠᠭᠠᠬᠤ᠂ ᠲᠤᠰᠭᠠᠢ ᠬᠥᠮᠦᠨ ᠳᠤ ᠲᠤᠰᠭᠠᠢ ᠬᠡᠷᠡᠭ᠂ ᠠᠵᠢᠯ ᠢ ᠬᠦᠷᠭᠡᠬᠦ ᠵᠡᠷᠭᠡ ᠲᠠᠯ᠎ᠠ ᠪᠡᠷ ᠰᠠᠨᠠᠯ ᠨᠢᠭᠡᠳᠪᠡ᠃

     ᠨᠢᠭᠡ ᠭᠠᠵᠠᠷ ᠤᠨ ᠮᠥᠩᠭᠦᠨ ᠭᠦᠢᠯᠭᠡᠨ ᠤ ᠠᠮᠤᠷ ᠲᠦᠪᠰᠢᠨ ᠨᠢ ᠠᠷᠠᠳ ᠢᠷᠭᠡᠨ ᠤ ᠠᠰᠢᠭ ᠲᠤᠰᠠ ᠲᠠᠢ ᠰᠢᠭᠤᠳ ᠬᠣᠯᠪᠤᠭ᠎ᠠ ᠲᠠᠢ᠃ ᠣᠢᠷ᠎ᠠ ᠶᠢᠨ ᠲᠠᠪᠤᠨ ᠵᠢᠯ ᠳᠤ᠂ ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ ᠨᠢ ᠮᠥᠩᠭᠦᠨ ᠭᠦᠢᠯᠭᠡᠨ ᠤ ᠵᠢᠭᠡᠯᠡᠯᠭᠡ ᠶᠢᠨ ᠲᠤᠬᠠᠢ ᠬᠡᠷᠡᠭ ᠢ ᠨᠡᠢᠲᠡ1423 ᠢ ᠬᠦᠯᠢᠶᠠᠨ ᠠᠪᠴᠤ᠂ ᠬᠡᠷᠡᠭ ᠲᠤ ᠬᠣᠯᠪᠤᠭᠳᠠᠭᠰᠠᠨ ᠬᠠᠷᠠᠯᠲᠠ ᠡᠳ᠋ ᠶᠢᠨ ᠲᠣᠭ᠎ᠠ ᠨᠢ14.02 ᠳ᠋ᠤᠩᠰᠢᠭᠤᠷ ᠲᠤ ᠬᠦᠷᠪᠡ᠃2015 ᠣᠨ ᠡᠴᠡ ᠨᠠᠭᠠᠰᠢ᠂ ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ ᠪᠣᠯᠤᠨ ᠡᠯ᠎ᠡ ᠪᠠᠢᠭᠤᠯᠭ᠎ᠠ ᠲᠠᠢ ᠪᠥᠬᠦ ᠲᠠᠯ᠎ᠠ ᠪᠡᠷ ᠬᠠᠮᠲᠤᠷᠠᠯᠴᠠᠨ᠂ ᠬᠠᠷᠢᠯᠴᠠᠨ ᠰᠢᠭᠤᠳ ᠨᠡᠪᠲᠡᠷᠡᠬᠦ ᠪᠠᠢᠭᠤᠯᠤᠯ ᠢ ᠪᠠᠢᠭᠤᠯᠤᠨ᠂  ᠬᠤᠷᠳᠤᠨ ᠳᠠᠩᠰᠤᠯᠠᠵᠤ᠂ ᠬᠤᠷᠳᠤᠨ ᠪᠠᠢᠴᠠᠭᠠᠨ᠂ ᠬᠤᠷᠳᠤᠨ ᠳᠡᠭᠦᠰᠬᠡᠬᠦ ᠮᠥᠩᠭᠦᠨ ᠭᠦᠢᠯᠭᠡᠨ ᠤ ᠰᠢᠭᠦᠨ ᠭᠦᠢᠴᠡᠳᠬᠡᠬᠦ ᠪᠠᠢᠭᠤᠯᠤᠯ ᠢ ᠪᠠᠢᠭᠤᠯᠵᠤ᠂  ᠬᠤᠶᠠᠷ ᠲᠠᠯ᠎ᠠ ᠪᠡᠷ ᠪᠡᠨ ᠢᠯᠡᠯᠲᠡ ᠤᠯᠬᠤ  ᠪᠠᠢᠳᠠᠯ ᠢ ᠴᠢᠷᠮᠠᠢᠨ ᠪᠤᠲᠠᠲᠠᠢᠵᠢᠭᠤᠯᠪᠠ᠃

    ᠨᠢᠭᠡ᠂  ᠬᠠᠷᠢᠴᠠᠭ᠎ᠠ ᠬᠣᠯᠪᠤᠭ᠎ᠠ ᠠᠪᠬᠤ ᠪᠡᠨ ᠪᠠᠢᠩᠭᠤ  ᠪᠣᠯᠭᠠᠵᠤ᠂ ᠬᠤᠶᠠᠷ ᠡᠲᠡᠭᠡᠳ ᠤᠨ ᠬᠠᠷᠢᠯᠴᠠᠭ᠎ᠠ ᠵᠢ ᠵᠠᠪᠰᠠᠷ ᠦᠭᠡᠢ ᠪᠣᠯᠭᠠᠨ᠎ᠠ᠃2015 ᠣᠨ ᠡᠴᠡ ᠨᠠᠭᠠᠰᠢ ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ ᠨᠢ ᠮᠥᠩᠭᠦᠨ ᠭᠦᠢᠯᠭᠡᠨ ᠤ ᠪᠠᠢᠭᠤᠯᠭ᠎ᠠ ᠲᠠᠢ ᠬᠠᠷᠢᠴᠠᠭ᠎ᠠ ᠪᠡᠨ ᠴᠢᠩᠭᠠᠳᠭᠠᠵᠤ᠂ ᠬᠣᠰᠢᠭᠤᠨ  ᠤ ᠮᠥᠩᠭᠦᠨ ᠭᠦᠢᠯᠭᠡᠨ ᠤ ᠠᠯᠪᠠᠨ ᠬᠡᠷ᠂  ᠪᠠᠩᠬᠢ  ᠶᠢᠨ ᠦᠢᠯᠡᠰ ᠤᠨ ᠬᠠᠮᠢᠶᠠᠷᠤᠯᠲᠠ ᠶᠢᠨ ᠵᠥᠪᠯᠡᠯ᠂ ᠬᠣᠰᠢᠭᠤᠨ ᠳᠤ ᠪᠠᠢᠭ᠎ᠠ17 ᠪᠠᠩᠬᠢ ᠲᠠᠢ ᠭᠦᠢᠴᠡᠳ ᠬᠠᠷᠢᠴᠠᠵᠤ᠂5 ᠤᠳᠠᠭ᠎ᠠ ᠲᠣᠮᠤ ᠬᠡᠯᠪᠡᠷᠢ ᠶᠢᠨ ᠰᠠᠭᠤᠳᠠᠯ ᠤᠨ ᠬᠤᠷᠠᠯ ᠬᠤᠷᠠᠯᠳᠤᠭᠤᠯᠵᠦ᠂《 ᠵᠥᠪᠬᠡᠨ ᠨᠢᠭᠡ ᠢᠵᠢ ᠣᠷᠤᠨ ᠰᠠᠭᠤᠴᠠ  ᠶᠢᠨ ᠳᠠᠨᠵᠢᠯᠠᠬᠤ ᠡᠷᠬᠡ ᠶᠢᠨ ᠠᠵᠢᠯ ᠤ ᠰᠠᠨᠠᠭᠤᠯᠭ᠎ᠠ》᠂《 ᠵᠡᠭᠦᠨᠭᠠᠷ ᠬᠣᠰᠢᠭᠤᠨ ᠤ ᠰᠢᠭᠦᠬᠦ ᠬᠣᠷᠢᠶᠠᠨ ᠡᠴᠡ ᠮᠥᠩᠭᠦᠨ ᠭᠦᠢᠯᠭᠡᠨ ᠤ ᠬᠡᠷᠡᠭ ᠢ ᠬᠠᠤᠯᠢ ᠶᠣᠰᠣᠭᠠᠷ ᠴᠠᠭ ᠲᠤᠬᠠᠢ ᠳᠤ ᠨᠢ ᠰᠢᠭᠦᠬᠦ ᠪᠠ ᠭᠦᠢᠴᠡᠳᠭᠡᠵᠦ᠂ ᠮᠥᠩᠭᠦᠨ ᠭᠦᠢᠯᠭᠡᠨ ᠤ ᠡᠮᠬᠢ ᠵᠢᠷᠤᠮ ᠪᠠ ᠮᠥᠩᠭᠦᠨ ᠭᠦᠢᠯᠭᠡᠨ ᠤ ᠠᠮᠤᠷ ᠲᠦᠪᠰᠢᠨ ᠢ ᠦᠨᠡᠨᠬᠦ ᠬᠠᠮᠠᠭᠠᠯᠠᠬᠤ ᠵᠢ ᠪᠤᠲᠠᠲᠠᠢᠵᠢᠭᠤᠯᠬᠤ ᠰᠠᠨᠠᠯ》᠂《 ᠮᠥᠩᠭᠦᠨ ᠭᠦᠢᠯᠭᠡᠨ ᠤ ᠭᠦᠢᠴᠡᠳᠬᠡᠬᠦ ᠠᠵᠢᠯ ᠤᠨ ᠳᠦᠷᠢᠮ》 ᠵᠡᠷᠭᠡ ᠵᠢ ᠪᠠᠭᠲᠠᠭᠠᠭᠰᠠᠨ ᠠᠯᠢ ᠤᠯᠠᠨ ᠪᠢᠴᠢᠭ᠌ ᠮᠠᠲ᠋ᠧᠷᠢᠶᠠᠯ ᠢ ᠪᠤᠢ ᠪᠣᠯᠭᠠᠵᠤ᠂ ᠵᠠᠭᠠᠯᠳᠤᠯᠭ᠎ᠠ ᠶᠢᠨ ᠰᠦᠢᠳᠭᠡᠯ ᠢ ᠤᠳᠠᠭᠠᠰᠢᠷᠠᠭᠤᠯᠤᠨ ᠲᠤᠰᠢᠶᠠᠬᠤ᠂ ᠵᠢᠭᠡᠯᠡᠯᠭᠡ ᠶᠢᠨ ᠳᠠᠭᠠᠭᠠᠯᠲᠠ ᠵᠡᠷᠭᠡ ᠰᠢᠨ᠎ᠡ ᠵᠢ ᠡᠭᠦᠳᠦᠭᠰᠡᠨ ᠠᠷᠭ᠎ᠠ ᠪᠠᠷᠢᠯ ᠢ ᠳᠤᠷᠠᠳᠪᠠ᠃

     ᠬᠤᠶᠠᠷ᠂ ᠰᠢᠭᠦᠨ ᠭᠦᠢᠴᠡᠳᠬᠡᠬᠦ ᠵᠢ ᠲᠤᠰᠬᠠᠢᠵᠢᠭᠤᠯᠵᠤ᠂ ᠮᠥᠩᠭᠦᠨ ᠭᠦᠢᠯᠭᠡᠨ ᠤ ᠬᠡᠷᠡᠭ ᠢ ᠰᠢᠢᠳᠪᠦᠷᠢᠯᠡᠬᠦ ᠵᠢ ᠳᠦᠷᠢᠮᠵᠢᠭᠦᠯᠦᠨ᠎ᠡ᠃2016 ᠣᠨ ᠤ5 ᠰᠠᠷ᠎ᠠ ᠶᠢᠨ ᠡᠬᠢᠨ ᠳᠤ᠂ ᠵᠡᠭᠦᠨᠭᠠᠷ ᠬᠣᠰᠢᠭᠤᠨ ᠤ ᠰᠢᠭᠦᠬᠦ ᠬᠣᠷᠢᠶᠠᠨ ᠴᠤᠤ ᠰᠢᠨ᠎ᠡ ᠮᠥᠩᠭᠦᠨ ᠭᠦᠢᠯᠭᠡᠨ ᠤ ᠭᠦᠢᠴᠡᠳᠬᠡᠬᠦ ᠲᠣᠪᠴᠢᠶ᠎ᠠ ᠵᠢ ᠪᠠᠢᠭᠤᠯᠵᠤ᠂8 ᠨᠡᠷ᠎ᠡ ᠭᠦᠢᠴᠡᠳᠭᠡᠭᠴᠢ ᠳᠤᠬᠢᠷᠠᠭᠤᠯᠵᠤ᠂ ᠭᠤᠷᠪᠠᠨ ᠭᠦᠢᠴᠡᠳᠬᠡᠬᠦ ᠳᠤᠭᠤᠢᠯᠠᠩ ᠬᠤᠪᠢᠶᠠᠨ᠂ ᠲᠤᠰᠭᠠᠢᠯᠠᠨ ᠮᠥᠩᠭᠦᠨ ᠭᠦᠢᠯᠭᠡᠨ ᠤ ᠬᠡᠷᠡᠭ ᠢ ᠭᠦᠢᠴᠡᠳᠬᠡᠬᠦ ᠵᠢ ᠬᠠᠷᠢᠭᠤᠴᠠᠪᠠ᠃  ᠮᠥᠨ2016  ᠤᠨ ᠤ8 ᠰᠠᠷ᠎ᠠ ᠶᠢᠨ1 ᠤ ᠡᠳᠦᠷ ᠡᠴᠡ2016  ᠤᠨ ᠤ8 ᠰᠠᠷ᠎ᠠ ᠶᠢᠨ15  ᠤ ᠡᠳᠦᠷ ᠪᠣᠯᠲᠠᠯ᠎ᠠ ᠬᠠᠭᠠᠰ ᠰᠠᠷ᠎ᠠ ᠶᠢᠨ ᠬᠤᠭᠤᠴᠠᠭ᠎ᠠ ᠲᠠᠢ ᠲᠤᠰᠭᠠᠢᠯᠠᠨ ᠮᠥᠩᠭᠦᠨ ᠭᠦᠢᠯᠭᠡᠨ ᠤ ᠬᠡᠷᠡᠭ ᠢ ᠭᠦᠢᠴᠡᠳᠬᠡᠬᠦ ᠲᠤᠰᠭᠠᠢ ᠲᠥᠷᠦᠯ ᠤᠨ ᠠᠵᠢᠯᠠᠯᠭ᠎ᠠ ᠶᠠᠪᠤᠭᠳᠠᠭᠤᠯᠵᠤ᠂2016  ᠤᠨ ᠳᠤ ᠮᠥᠩᠭᠦᠨ ᠭᠦᠢᠯᠭᠡᠨ ᠤ ᠭᠦᠢᠴᠡᠳᠬᠡᠬᠦ ᠲᠣᠪᠴᠢᠶ᠎ᠠ  ᠨᠢ541  ᠬᠡᠷᠡᠭ ᠢ ᠬᠦᠯᠢᠶᠡᠨ ᠠᠪᠴᠤ᠂215  ᠬᠡᠷᠡᠭ  ᠢ ᠨᠢ ᠰᠢᠭᠦᠨ ᠳᠠᠭᠤᠰᠭᠠᠵᠤ᠂ ᠰᠢᠭᠦᠨ ᠳᠠᠭᠤᠰᠭᠠᠭᠰᠠᠨ ᠬᠡᠷᠡᠭ ᠤᠨ ᠬᠠᠷᠠᠯᠲᠠ ᠦᠨ᠎ᠡ ᠨᠢ4600 ᠭᠠᠷᠤᠢ ᠲᠦᠮᠡᠨ ᠲᠥᠭᠦᠷᠢᠭ ᠬᠦᠷᠪᠠ᠃2017   ᠤᠨ ᠳᠤ ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ ᠨᠢ ᠦᠷᠭᠦᠯᠵᠢᠯᠡᠨ ᠰᠢᠭᠦᠨ ᠳᠠᠰᠤᠯᠠᠬᠤ ᠡᠬᠢ ᠪᠠᠶᠠᠯᠢᠭ ᠢ ᠨᠢᠭᠡᠳᠭᠡᠵᠦ᠂ ᠵᠠᠰᠠᠭ ᠵᠠᠬᠢᠷᠭᠠᠨ ᠤ ᠲᠢᠩᠬᠢᠮ ᠲᠤᠰᠭᠠᠢᠯᠠᠨ ᠮᠥᠩᠭᠦᠨ ᠭᠦᠢᠯᠭᠡᠨ ᠤ ᠬᠡᠷᠡᠭ ᠢ ᠰᠢᠢᠳᠪᠦᠷᠢᠯᠡᠬᠦ ᠪᠡᠷ ᠳᠤᠭᠲᠠᠵᠤ᠂ ᠮᠥᠩᠭᠦᠨ ᠭᠦᠢᠯᠭᠡᠨ ᠤ ᠬᠡᠷᠡᠭ  ᠤᠨ ᠰᠢᠭᠦᠨ ᠰᠢᠢᠳᠪᠦᠷᠢᠯᠡᠬᠦ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃

   ᠭᠤᠷᠪᠠ᠂  ᠳᠣᠲᠤᠷ᠎ᠠ ᠭᠠᠳᠠᠨ᠎ᠠ ᠡᠴᠡ ᠬᠠᠮᠲᠤᠷᠠᠯᠴᠠᠵᠤ᠂ ᠦᠷ᠎ᠡ ᠪᠦᠲᠦᠮᠵᠢ ᠢ ᠪᠥᠬᠦ ᠲᠠᠯ᠎ᠠ ᠪᠡᠷ ᠳᠡᠭᠡᠭᠰᠢᠯᠡᠭᠦᠯᠦᠨ᠎ᠡ᠃ ᠵᠡᠭᠦᠨᠭᠠᠷ ᠬᠣᠰᠢᠭᠤᠨ ᠤ ᠰᠢᠭᠦᠬᠦ ᠬᠣᠷᠢᠶ᠎ᠠ ᠨᠢ ᠡᠯ᠎ᠡ ᠰᠠᠯᠠᠭ᠎ᠠ ᠮᠥᠴᠢᠷ ᠲᠤ ᠮᠡᠳᠡᠭᠡ ᠵᠠᠩᠭᠢ ᠬᠠᠮᠲᠤᠷᠠᠨ ᠪᠠᠢᠴᠠᠭᠠᠬᠤ ᠬᠡᠰᠢᠭᠦᠨ ᠪᠠᠢᠭᠤᠯᠵᠤ᠂ ᠡᠯ᠎ᠡ ᠮᠥᠩᠭᠦᠨ ᠭᠦᠢᠯᠭᠡᠨ ᠤ ᠪᠠᠢᠭᠤᠯᠭ᠎ᠠ ᠵᠢ ᠬᠠᠪᠰᠤᠷᠤᠨ ᠲᠤᠬᠠᠢ ᠶᠢᠨ ᠬᠥᠮᠦᠨ ᠤ ᠬᠥᠷᠦᠩᠭᠡ ᠢᠲᠡᠭᠡᠮᠵᠢ ᠶᠢᠨ ᠪᠠᠢᠳᠠᠯ ᠢ ᠣᠢᠯᠭᠠᠵᠤ᠂ ᠬᠡᠪ ᠤᠨ ᠪᠤᠰᠤ ᠵᠢᠭᠡᠯᠡᠯᠭᠡ ᠵᠢ ᠦᠨᠳᠦᠰᠦᠨ ᠡᠴᠡ ᠨᠢ ᠰᠡᠷᠭᠡᠢᠯᠡᠨ᠎ᠡ᠃ ᠡᠭᠦᠨ ᠤ ᠵᠡᠷᠭᠡᠪᠡᠷ ᠡᠯ᠎ᠡ ᠮᠥᠩᠭᠦᠨ ᠭᠦᠢᠯᠭᠡᠨ ᠤ ᠰᠠᠯᠠᠭ᠎ᠠ ᠮᠥᠴᠢᠷ ᠨᠢ ᠰᠢᠭᠦᠬᠦ ᠬᠣᠷᠢᠶᠠᠨ ᠳᠤ ᠬᠠᠨᠳᠤᠭᠤᠯᠵᠤ ᠲᠤᠰᠭᠠᠢ ᠴᠣᠩᠬᠤ ᠪᠠᠢᠭᠤᠯᠤᠨ᠂ ᠠᠵᠢᠯᠲᠠᠨ ᠲᠣᠮᠢᠯᠠᠨ ᠲᠤᠰᠭᠠᠢ ᠪᠣᠯᠪᠠᠰᠤᠷᠠᠯ ᠬᠢᠵᠦ᠂ ᠳᠡᠭᠡᠳᠦ ᠵᠡᠷᠭᠡ ᠶᠢᠨ ᠰᠢᠭᠦᠬᠦ ᠬᠤᠷᠢᠶ᠎ᠠ ᠪᠣᠯᠤᠨ ᠳᠤᠮᠳᠠᠲᠤ ᠤᠯᠤᠰ ᠤᠨ ᠠᠷᠠᠳ ᠤᠨ ᠪᠠᠩᠬᠢ ᠶᠢᠨ ᠬᠠᠮᠢᠶ᠎ᠠ ᠪᠥᠬᠦᠢ ᠳᠤᠭᠲᠠᠭᠠᠯ ᠢᠶᠡᠷ ᠴᠢᠩᠭ᠎ᠠ ᠵᠢᠷᠤᠮᠯᠠᠨ᠂ ᠡᠯ᠎ᠡ ᠲᠥᠷᠦᠯ  ᠤᠨ ᠬᠠᠤᠯᠢ ᠬᠡᠷᠡᠭᠵᠢᠭᠦᠯᠦᠯᠲᠡ ᠶᠢᠨ ᠠᠵᠢᠯ ᠢ ᠥᠨᠳᠦᠷ ᠪᠥᠲᠦᠮᠵᠢᠲᠠᠢ ᠬᠠᠪᠰᠤᠷᠤᠨ ᠭᠦᠢᠴᠡᠳᠭᠡᠨ᠎ᠡ᠃ ᠡᠭᠦᠨ ᠡᠴᠡ ᠭᠠᠳᠠᠨ᠎ᠠ᠂ ᠡᠯ᠎ᠡ ᠮᠥᠩᠭᠦᠨ ᠭᠦᠢᠯᠭᠡᠨ ᠤ ᠰᠠᠯᠠᠭ᠎ᠠ ᠮᠥᠴᠢᠷ ᠨᠢ ᠰᠢᠭᠦᠬᠦ ᠬᠣᠷᠢᠶᠠᠨ ᠳᠤ ᠬᠦᠷᠭᠡᠬᠦ᠂ ᠭᠦᠢᠴᠡᠳᠬᠡᠬᠦ᠂ ᠦᠨ᠎ᠡ ᠬᠠᠶᠠᠨ ᠬᠤᠳᠠᠯᠳᠤᠬᠤ ᠵᠢ ᠵᠢᠱᠢᠬᠦ ᠠᠵᠢᠯ ᠢ ᠢᠳᠡᠪᠬᠢᠲᠠᠢ ᠬᠠᠪᠰᠤᠷᠤᠨ᠂ ᠮᠥᠩᠭᠦᠨ ᠭᠦᠢᠯᠭᠡᠨ ᠤ ᠬᠡᠷᠡᠭ ᠢ ᠰᠢᠢᠳᠪᠦᠷᠢᠯᠡᠬᠦ ᠨᠤᠷᠮ᠎ᠠ ᠵᠢ ᠶᠡᠬᠡᠪᠡᠷ ᠳᠡᠭᠡᠭᠰᠢᠯᠡᠭᠦᠯᠪᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )