ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ ᠠᠳᠠᠯ ᠦᠢᠯᠡᠰ ᠤᠨ ᠵᠠᠬ᠎ᠠ ᠳᠡᠯᠭᠡᠭᠦᠷ ᠤᠨ ᠯᠠᠪᠳᠠᠭᠤᠨ ᠳᠤᠭᠲᠠᠭᠤᠨ ᠡᠷᠡᠭᠦᠯ ᠢᠶᠡᠷ ᠬᠥᠭᠵᠢᠬᠦ ᠵᠢ ᠲᠦᠯᠬᠢᠨ ᠠᠬᠢᠭᠤᠯᠪᠠ
2017.03.13 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠶᠢᠨ ᠵᠢᠯ ᠳᠤ ᠠᠳᠠᠯ ᠦᠢᠯᠡᠰ ᠤᠨ ᠦᠢᠯᠡᠴᠢᠯᠡᠭᠡ ᠶᠢᠨ ᠴᠢᠨᠠᠷ ᠴᠢᠨᠰᠠᠭ᠎ᠠ ᠥᠨᠳᠦᠷ ᠪᠢᠰᠢ᠂  ᠰᠢᠯᠵᠢᠮᠡᠯ ᠲᠠᠷᠢᠶᠠᠴᠢᠨ ᠮᠠᠯᠴᠢᠨ ᠠᠳᠠᠯ ᠦᠢᠯᠡᠰ ᠤᠨ ᠰᠦᠢᠳᠭᠡᠯ ᠲᠤᠰᠢᠶᠠᠬᠤ ᠵᠢ ᠲᠡᠪᠴᠢᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ ᠪᠠᠭ᠎ᠠ ᠬᠡᠪᠴᠢᠶᠠᠨ ᠤ ᠵᠠᠭᠠᠯᠳᠤᠯᠭ᠎ᠠ ᠶᠢᠨ ᠰᠢᠭᠦᠬᠦ  ᠲᠢᠩᠬᠢᠮ  ᠢ ᠪᠠᠢᠭᠤᠯᠵᠤ᠂ ᠠᠳᠠᠯ ᠦᠢᠯᠡᠰ ᠤᠨ ᠵᠢᠭᠤᠷᠠᠯᠳᠤᠭᠠᠨ ᠤ ᠬᠡᠷᠡᠭ ᠢ ᠲᠥᠪᠯᠡᠷᠡᠭᠦᠯᠦᠨ ᠬᠦᠯᠢᠶᠡᠵᠦ᠂ ᠠᠳᠠᠯ ᠦᠢᠯᠡᠰ ᠤᠨ ᠵᠢᠭᠤᠷᠠᠯᠳᠤᠭᠠᠨ ᠢ ᠴᠠᠭ ᠲᠤᠬᠠᠢ ᠳᠤ ᠨᠢ ᠦᠭᠡᠢᠰᠭᠡᠵᠦ᠂ ᠵᠠᠭᠠᠯᠳᠤᠯᠭ᠎ᠠ ᠶᠢᠨ ᠠᠰᠢᠭᠯᠠᠮᠵᠢ ᠵᠢ ᠳᠡᠭᠡᠭᠰᠢᠯᠡᠭᠦᠯᠵᠦ᠂ ᠪᠦᠬᠦ ᠬᠣᠰᠢᠭᠤᠨ ᠤ ᠠᠳᠠᠯ ᠦᠢᠯᠡᠰ ᠤᠨ ᠦᠢᠯᠡᠴᠢᠯᠡᠭᠡ ᠶᠢᠨ ᠵᠠᠬ᠎ᠠ ᠳᠠᠡᠯᠭᠡᠭᠦᠷ ᠤᠨ ᠯᠠᠪᠳᠠᠭᠤᠨ ᠳᠤᠭᠲᠠᠭᠤᠨ ᠡᠷᠡᠭᠦᠯ ᠢᠶᠡᠷ ᠬᠥᠭᠵᠢᠬᠦ ᠵᠢ ᠲᠦᠯᠬᠢᠨ ᠠᠬᠢᠭᠤᠯᠪᠠ᠃

   ᠨᠢᠭᠡ᠂ ᠲᠤᠰᠭᠠᠢᠯᠠᠨ ᠠᠳᠠᠯ ᠦᠢᠯᠡᠰ ᠤᠨ ᠵᠢᠭᠤᠷᠠᠯᠳᠤᠭᠠᠨ ᠢ ᠬᠦᠯᠢᠶᠠᠨ ᠠᠪᠬᠤ ᠪᠠᠭ᠎ᠠ ᠬᠡᠪᠴᠢᠶᠠᠨ ᠤ ᠵᠠᠭᠠᠯᠳᠤᠯᠭ᠎ᠠ ᠶᠢᠨ ᠰᠢᠭᠦᠬᠦ ᠲᠢᠩᠬᠢᠮ ᠢ ᠵᠣᠬᠢᠶᠠᠨ  ᠪᠠᠢᠭᠤᠯᠪᠠ᠃  ᠲᠤᠷᠰᠢᠯᠭ᠎ᠠ ᠰᠠᠢᠲᠠᠢ᠂ ᠦᠵᠡᠵᠦ ᠰᠣᠨᠤᠰᠤᠭᠰᠠᠨ ᠨᠢ ᠠᠷᠪᠢᠨ ᠰᠢᠭᠦᠭᠴᠢ᠂ ᠬᠡᠷᠡᠭ ᠰᠢᠢᠳᠪᠦᠷᠢᠯᠡᠬᠦ ᠬᠡᠴᠡᠭᠦᠦ ᠭᠠᠷ ᠢᠶᠡᠷ ᠲᠢᠩᠬᠢᠮ ᠤᠨ ᠳᠠᠷᠤᠭ᠎ᠠ ᠵᠢ ᠬᠠᠷᠢᠭᠤᠴᠠᠭᠤᠯᠵᠤ᠂ ᠲᠡᠷᠭᠡ ᠬᠥᠰᠭᠡ᠂ ᠬᠠᠤᠯᠢ ᠬᠡᠷᠡᠭᠵᠢᠭᠦᠯᠬᠦ ᠳᠦᠷᠰᠦ ᠰᠢᠩᠭᠡᠯᠲᠡ ᠶᠢᠨ ᠳᠥᠬᠦᠭᠡᠷᠡᠮᠵᠢ ᠵᠡᠷᠭᠡ ᠲᠣᠨᠤᠭ ᠢ ᠲᠣᠬᠢᠷᠠᠭᠤᠯᠵᠤ᠂ ᠺᠠᠲᠠᠷ ᠴᠠᠭᠳᠠᠭᠠᠨ ᠤ ᠣᠴᠢᠵᠤ ᠭᠡᠷᠡᠴᠢ ᠠᠪᠬᠤ ᠳᠤ ᠨᠢ ᠳᠥᠭᠦᠮ ᠦᠵᠡᠭᠦᠯᠪᠡ᠃ ᠪᠠᠭ᠎ᠠ ᠬᠡᠪᠴᠢᠶᠠᠨ ᠤ ᠵᠠᠭᠠᠯᠳᠤᠯᠭ᠎ᠠ  ᠵᠢ ᠰᠢᠭᠦᠨ ᠳᠠᠰᠤᠯᠠᠬᠤ ᠪᠦᠯᠭᠦᠮ ᠢ ᠵᠣᠬᠢᠶᠠᠨ ᠪᠠᠢᠭᠤᠯᠵᠤ᠂ ᠠᠳᠠᠯ ᠦᠢᠯᠡᠰ ᠤᠨ ᠵᠢᠭᠤᠷᠠᠯᠳᠤᠭᠠᠨ ᠤᠨ ᠬᠡᠷᠡᠭ ᠢ ᠲᠤᠰᠭᠠᠢᠵᠢᠭᠰᠠᠨ ᠰᠢᠭᠦᠨ ᠳᠠᠰᠤᠯᠠᠯᠲᠠ ᠬᠢᠬᠦ ᠵᠢ ᠲᠦᠯᠬᠢᠨ ᠠᠬᠢᠭᠤᠯᠵᠤ᠂ ᠲᠥᠪᠯᠡᠷᠡᠭᠦᠯᠬᠦ᠂ ᠴᠠᠭ ᠵᠥᠷᠢᠭᠦᠯᠦᠨ ᠬᠦᠷᠭᠡᠬᠦ ᠵᠢ ᠪᠤᠲᠠᠲᠠᠢᠵᠢᠭᠤᠯᠵᠤ᠂ ᠬᠦᠷᠭᠡᠬᠦ ᠠᠰᠢᠭᠯᠠᠮᠵᠢ ᠵᠢ ᠳᠡᠭᠡᠭᠰᠢᠯᠡᠭᠦᠯᠪᠡ᠃

   ᠬᠤᠶᠠᠷ᠂ ᠤᠬᠠᠭᠤᠯᠭ᠎ᠠ ᠶᠢᠨ ᠬᠦᠴᠦᠯᠡᠴᠡ ᠪᠡᠨ ᠨᠡᠮᠡᠭᠳᠡᠭᠦᠯᠪᠡ᠃ ᠲᠤᠰᠭᠠᠢ ᠬᠥᠮᠦᠨ ᠢ ᠵᠣᠬᠢᠶᠠᠨ ᠪᠠᠢᠭᠤᠯᠵᠤ ᠰᠠᠭᠤᠭᠠᠯᠢ ᠲᠣᠭᠤᠷᠢᠭ ᠣᠨᠴᠠᠭᠠᠢᠯᠠᠨ ᠰᠢᠯᠵᠢᠮᠡᠯ  ᠮᠠᠯᠴᠢᠨ ᠲᠠᠷᠢᠶᠠᠴᠢᠨ ᠲᠥᠪᠯᠡᠷᠡᠨ ᠰᠠᠭᠤᠭᠰᠠᠨ ᠣᠷᠤᠨ ᠳᠤ ᠠᠳᠠᠯ ᠦᠢᠯᠡᠰ ᠤᠨ ᠦᠢᠯᠡᠴᠢᠯᠡᠭᠡ ᠭᠡᠬᠦ ᠰᠢᠨ᠎ᠡ ᠤᠴᠢᠷ ᠶᠠᠪᠤᠳᠠᠯ ᠢ ᠤᠬᠠᠭᠤᠯᠵᠤ᠂ ᠰᠠᠭᠤᠭᠠᠯᠢ ᠠᠷᠠᠳ ᠢ ᠵᠢᠯᠤᠭᠤᠳᠤᠨ ᠪᠤᠰᠤᠳᠴᠢ ᠲᠠᠯ᠎ᠠ ᠪᠡᠷ ᠡᠷᠬᠡ ᠳᠡᠭᠰᠢ ᠪᠡᠷ ᠠᠳᠠᠯ ᠦᠢᠯᠡᠰ ᠤᠨ ᠦᠢᠯᠡᠴᠢᠯᠡᠭᠡ ᠵᠢ ᠲᠠᠨᠢᠭᠤᠯᠪᠠ᠃ ᠰᠠᠭᠤᠭᠠᠯᠢ ᠠᠷᠠᠳ ᠲᠤ ᠰᠠᠨᠠᠯ ᠬᠤᠷᠢᠶᠠᠬᠤ ᠬᠠᠭᠤᠳᠠᠰᠤ ᠲᠠᠷᠬᠠᠭᠠᠵᠤ᠂ ᠠᠳᠠᠯ ᠦᠢᠯᠡᠰ ᠤᠨ ᠦᠢᠯᠡᠴᠢᠯᠡᠭᠡ  ᠳᠤ ᠣᠷᠤᠰᠢᠵᠤ ᠪᠠᠢᠭ᠎ᠠ ᠠᠰᠠᠭᠤᠳᠠᠯ  ᠵᠢᠴᠢ ᠰᠠᠨᠠᠭᠤᠯᠭ᠎ᠠ  ᠵᠢ ᠣᠢᠯᠭᠠᠪᠠ᠃ ᠠᠲᠠᠯ᠎ ᠦᠢᠯᠡᠰ ᠤᠨ ᠦᠢᠯᠡᠴᠢᠯᠡᠭᠡ ᠶᠢᠨ ᠺᠣᠮᠫᠠᠨᠢ  ᠶᠢᠨ ᠬᠠᠷᠢᠭᠤᠴᠠᠯᠭᠠᠲᠠᠨ ᠢ ᠵᠣᠬᠢᠶᠠᠨ ᠪᠠᠢᠭᠤᠯᠵᠤ ᠲᠤᠰᠭᠠᠢ ᠰᠡᠳᠦᠪᠲᠦ ᠬᠤᠷᠠᠯ ᠬᠤᠷᠠᠯᠳᠤᠭᠤᠯᠤᠨ᠂ ᠰᠠᠭᠤᠭᠠᠯᠢ ᠠᠷᠠᠳ ᠤᠨ ᠰᠠᠨᠠᠯ ᠢ ᠲᠤᠰᠭᠠᠨ᠂ ᠠᠳᠠᠯ ᠦᠢᠯᠡᠰ ᠤᠨ ᠦᠢᠯᠡᠴᠢᠯᠡᠭᠡ ᠶᠢᠨ ᠺᠣᠮᠫᠠᠨᠢ ᠳᠤ ᠬᠠᠤᠯᠢ ᠬᠡᠷᠡᠭᠵᠢᠭᠦᠯᠦᠯᠲᠡ ᠶᠢᠨ ᠰᠠᠨᠠᠭᠤᠯᠭ᠎ᠠ ᠥᠭᠴᠦ᠂ ᠠᠳᠠᠯ ᠦᠢᠯᠡᠰ ᠤᠨ ᠺᠣᠮᠫᠠᠨᠢ ᠶᠢᠨ ᠦᠢᠯᠡᠴᠢᠯᠡᠭᠡ ᠶᠢᠨ ᠶᠠᠰᠤ ᠴᠢᠨᠠᠷ ᠢᠶᠡᠨ ᠳᠡᠭᠡᠭᠰᠢᠯᠡᠭᠦᠯᠬᠦ ᠵᠢ ᠬᠢᠨᠠᠨ ᠱᠠᠭᠠᠷᠳᠠᠪᠠ᠃

   ᠭᠤᠷᠪᠠ᠂ ᠠᠳᠠᠯ ᠦᠢᠯᠡᠰ ᠤᠨ ᠵᠢᠭᠤᠷᠠᠯᠳᠤᠭᠠᠨ ᠤᠨ ᠬᠡᠷᠡᠭ ᠤᠨ ᠰᠢᠭᠦᠨ ᠰᠢᠢᠳᠪᠦᠷᠢᠯᠡᠬᠦ ᠠᠷᠭ᠎ᠠ ᠠᠪᠴᠢᠯ ᠢ ᠢᠳᠡᠪᠬᠢᠲᠠᠢ ᠡᠷᠢᠨ ᠰᠦᠪᠡᠭᠴᠢᠯᠡᠪᠡ᠃ ᠭᠡᠷᠡᠴᠢ ᠳᠤᠷᠠᠳᠬᠤ ᠬᠤᠭᠤᠴᠠᠭᠠᠯᠠᠯ ᠪᠣᠯᠤᠨ ᠥᠮᠦᠭᠯᠡᠬᠦ ᠬᠤᠭᠤᠴᠠᠭᠠᠯᠠᠯ ᠤᠨ ᠲᠠᠯ᠎ᠠ ᠪᠡᠷ᠂ ᠰᠢᠭᠦᠬᠦ ᠬᠣᠷᠢᠶᠠᠨ ᠡᠴᠡ ᠥᠮᠦᠭᠯᠡᠬᠦ ᠬᠤᠭᠤᠴᠠᠭ᠎ᠠ᠂ ᠭᠡᠷᠡᠴᠢ ᠳᠤᠷᠠᠳᠬᠤ ᠬᠤᠭᠤᠴᠠᠭ᠎ᠠ ᠪᠡᠨ ᠣᠷᠬᠢᠭᠰᠠᠨ ᠢᠶᠡᠷ ᠲᠤᠩᠬᠠᠯᠠᠵᠤ᠂ ᠬᠤᠶᠠᠷ ᠡᠲᠡᠭᠡᠳ ᠤᠨ ᠲᠤᠬᠠᠢ ᠶᠢᠨ ᠬᠥᠮᠦᠨ ᠨᠢ ᠲᠠᠶᠠᠭᠳᠠᠬᠤ ᠪᠡᠷ ᠲᠣᠳᠤᠷᠬᠠᠢ ᠢᠯᠡᠷᠬᠡᠢᠯᠡᠭᠰᠡᠨ ᠢ ᠳᠠᠷᠤᠢ ᠲᠦᠷᠭᠡᠨ ᠴᠠᠭ ᠳᠤᠬᠢᠷᠠᠭᠤᠯᠤᠨ ᠲᠢᠩᠬᠢᠮ  ᠨᠡᠭᠡᠭᠡᠬᠦ ᠪᠡᠷ ᠳᠤᠭᠲᠠᠪᠠ᠃ ᠲᠤᠬᠠᠢ ᠶᠢᠨ ᠬᠥᠮᠦᠨ ᠨᠢ ᠭᠡᠷᠡᠴᠢ ᠬᠠᠩᠭᠠᠬᠤ ᠬᠤᠭᠤᠴᠠᠭ᠎ᠠ᠂ ᠥᠮᠦᠭᠯᠡᠬᠦ ᠬᠤᠭᠤᠴᠠᠭ᠎ᠠ ᠪᠡᠨ ᠲᠠᠶᠠᠭᠳᠠᠬᠤ    ᠪᠡᠨ ᠲᠣᠳᠤᠷᠬᠠᠢ ᠢᠯᠡᠷᠬᠡᠢᠯᠡᠭᠰᠡᠨ ᠦᠭᠡᠢ ᠵᠢ᠂ ᠬᠤᠶᠠᠷ ᠡᠲᠡᠭᠡᠳ ᠪᠡᠷ ᠢᠶᠡᠨ ᠭᠡᠷᠡᠴᠢ ᠬᠠᠩᠭᠠᠬᠤ ᠬᠤᠭᠤᠴᠠᠭ᠎ᠠ ᠪᠣᠯᠵᠤᠨ ᠳᠤᠭᠲᠠᠵᠤ ᠡᠰᠡᠭᠦᠯ᠎ᠡ ᠰᠢᠭᠦᠬᠦ ᠬᠣᠷᠢᠶᠠᠨ ᠡᠴᠡ ᠭᠡᠷᠡᠴᠢ ᠬᠠᠩᠭᠠᠬᠤ ᠬᠤᠭᠤᠴᠠᠭ᠎ᠠ ᠳᠤᠭᠲᠠᠭᠠᠵᠤ᠂ ᠶᠡᠷᠦ ᠳᠤ ᠪᠡᠨ ᠳᠣᠯᠤᠭᠠᠨ ᠡᠳᠦᠷ ᠡᠴᠡ ᠬᠡᠲᠦᠷᠬᠦ ᠦᠭᠡᠢ ᠪᠠᠢᠳᠠᠭ᠃ ᠰᠢᠭᠦᠨ ᠰᠢᠢᠳᠪᠦᠷᠢᠯᠡᠬᠦ ᠬᠤᠭᠤᠴᠠᠭᠠᠯᠠᠯ ᠪᠣᠯᠤᠨ ᠶᠠᠪᠤᠴᠠ ᠵᠢ ᠬᠤᠪᠢᠷᠠᠭᠤᠯᠠᠨ ᠰᠢᠯᠵᠢᠭᠦᠯᠬᠦ ᠲᠠᠯ᠎ᠠ ᠪᠡᠷ᠂ ᠠᠳᠠᠯ ᠦᠢᠯᠡᠰ ᠤᠨ ᠵᠢᠭᠤᠷᠠᠯᠳᠤᠭᠠᠨ ᠤ ᠬᠡᠷᠡᠭ ᠤᠨ ᠪᠠᠭ᠎ᠠ ᠬᠡᠪᠴᠢᠶᠠᠨ ᠤ ᠵᠠᠭᠠᠯᠳᠤᠯᠭ᠎ᠠ ᠶᠢᠨ ᠶᠠᠪᠤᠴᠠ ᠨᠢ ᠬᠡᠷᠡᠭ ᠳᠠᠩᠰᠤᠯᠠᠭᠰᠠᠨ ᠡᠳᠦᠷ ᠡᠴᠡ ᠡᠬᠢᠯᠡᠨ ᠨᠢᠭᠡ ᠰᠠᠷ᠎ᠠ ᠶᠢᠨ ᠳᠣᠲᠤᠷ᠎ᠠ ᠰᠢᠭᠦᠨ ᠳᠠᠭᠤᠰᠭᠠᠬᠤ ᠪᠡᠷ ᠳᠤᠭᠲᠠᠵᠤ᠂ ᠦᠨᠡᠨᠬᠦ ᠣᠨᠴᠠᠭᠠᠢ ᠪᠠᠢᠳᠠᠯ ᠲᠠᠢ  ᠪᠠᠢᠵᠤ ᠰᠢᠭᠦᠨ ᠰᠢᠢᠳᠪᠦᠷᠢᠯᠡᠬᠦ ᠬᠤᠭᠤᠴᠠᠭᠠᠯᠠᠯ ᠢ ᠤᠷᠲᠤᠳᠭᠠᠬᠤ ᠴᠢᠬᠤᠯᠠᠲᠠᠢ  ᠪᠠᠢᠵᠤ᠂ ᠬᠤᠶᠠᠷ ᠡᠲᠡᠭᠡᠳ ᠤᠨ ᠲᠤᠬᠠᠢ ᠶᠢᠨ ᠬᠥᠮᠦᠨ ᠤ ᠵᠥᠪᠰᠢᠶᠡᠷᠡᠯ ᠢ  ᠣᠯᠤᠭᠰᠠᠨ ᠨᠢ ᠵᠣᠬᠢᠬᠤ ᠬᠡᠮᠵᠢᠶ᠎ᠡ ᠪᠡᠷ ᠤᠷᠲᠤᠳᠭᠠᠵᠤ  ᠪᠣᠯᠤᠨ᠎ᠠ᠂ ᠭᠡᠪᠡᠴᠦ ᠬᠠᠮᠤᠭ ᠤᠷᠲᠤ ᠳᠤ ᠪᠡᠨ3 ᠰᠠᠷ᠎ᠠ ᠡᠴᠡ ᠬᠡᠲᠦᠷᠴᠦ ᠪᠣᠯᠬᠤ ᠦᠭᠡᠢ᠃ ᠲᠢᠩᠬᠢᠮ ᠤᠨ ᠰᠢᠭᠦᠯᠲᠡ ᠶᠢᠨ ᠠᠷᠭ᠎ᠠ ᠠᠪᠴᠢᠯ ᠪᠠ ᠬᠠᠤᠯᠢ ᠶᠢᠨ ᠪᠢᠴᠢᠭ᠌ ᠤᠨ ᠬᠡᠯᠪᠡᠷᠢ ᠶᠢᠨ ᠲᠠᠯ᠎ᠠ ᠪᠡᠷ᠂ ᠲᠤᠬᠠᠢ ᠶᠢᠨ ᠬᠥᠮᠦᠨ ᠤ ᠬᠠᠤᠯᠢ ᠶᠣᠰᠤᠨ ᠤ ᠡᠷᠬᠡ ᠠᠰᠢᠭ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠲᠢᠩᠬᠢᠮ ᠤᠨ ᠰᠢᠭᠦᠯᠲᠡ ᠨᠢ ᠰᠢᠭᠦᠬᠦ ᠲᠢᠩᠬᠢᠮ ᠤᠨ ᠪᠠᠢᠴᠠᠭᠠᠯᠲᠠ᠂ ᠰᠢᠭᠦᠬᠦ ᠲᠢᠩᠬᠢᠮ ᠤᠨ ᠮᠠᠷᠭᠤᠯᠳᠤᠬᠤ ᠬᠡᠰᠡᠭ ᠢ ᠴᠢᠩᠭ᠎ᠠ ᠢᠯᠭᠠᠬᠤ ᠦᠭᠡᠢ ᠪᠠᠢᠵᠤ᠂ ᠲᠤᠬᠠᠢ ᠶᠢᠨ ᠬᠥᠮᠦᠨ ᠭᠡᠷᠡᠴᠢ ᠬᠠᠩᠭᠠᠬᠤ ᠶᠢᠨ ᠳᠠᠭᠠᠤ ᠳᠤ ᠥᠮᠦᠭᠯᠡᠬᠦ ᠦᠵᠡᠯᠲᠡ ᠳᠤᠷᠠᠳᠴᠤ  ᠪᠣᠯᠤᠨ᠎ᠠ᠃

   ᠵᠥᠪᠬᠡᠨ2016  ᠤᠨ ᠳᠤ᠂ ᠲᠤᠰ ᠰᠢᠭᠦᠬᠦ ᠬᠤᠷᠢᠶ᠎ᠠ ᠨᠢ ᠠᠳᠠᠯ ᠦᠢᠯᠡᠰ ᠤᠨ ᠵᠢᠭᠤᠷᠠᠯᠳᠤᠭᠠᠨ ᠤ ᠵᠠᠷᠭᠤ433 ᠢ ᠬᠦᠯᠢᠶᠡᠨ ᠠᠪᠴᠤ᠂ ᠢᠳᠡᠪᠬᠢᠲᠠᠢ ᠬᠠᠤᠯᠢ ᠴᠠᠭᠠᠵᠠ ᠶᠢᠨ ᠦᠷ᠎ᠡ ᠪᠦᠲᠦᠮᠵᠢ ᠣᠯᠤᠭᠰᠠᠨ ᠢᠶᠡᠷ ᠪᠠᠷᠠᠬᠤ ᠦᠭᠡᠢ᠂  ᠪᠠᠰᠠ ᠮᠠᠰᠢ ᠰᠠᠢᠨ ᠨᠡᠢᠭᠡᠮ ᠤᠨ ᠦᠷ᠎ᠡ ᠪᠦᠲᠦᠭᠡᠯ ᠣᠯᠵᠤ᠂ ᠪᠦᠷᠢᠨ ᠪᠤᠰᠤ ᠪᠦᠷᠢᠳᠭᠡᠯ ᠢ ᠦᠨᠳᠤᠰᠦᠯᠡᠪᠡᠯ᠂ ᠨᠢᠳᠤᠨᠤᠨ ᠨᠡᠢᠲᠡ4000 ᠭᠠᠷᠤᠢ ᠡᠷᠦᠬᠡ ᠡᠮᠦᠨ᠎ᠡ ᠳᠤ ᠪᠡᠨ ᠠᠳᠠᠯ ᠦᠢᠯᠡᠰ ᠤᠨ ᠰᠦᠢᠳᠭᠡᠯ ᠲᠤᠰᠢᠶᠠᠬᠤ ᠦᠭᠡᠢ ᠪᠠᠢᠭᠰᠠᠨ ᠡᠴᠡ ᠪᠡᠨ ᠰᠠᠨᠠᠭᠠᠴᠢᠯᠠᠭ᠎ᠠ ᠡᠴᠡ ᠪᠡᠨ ᠠᠳᠠᠯ ᠦᠢᠯᠡᠰ ᠤᠨ ᠺᠣᠮᠫᠠᠨᠢ  ᠳᠤ ᠠᠳᠠᠯ ᠦᠢᠯᠡᠰ ᠤᠨ ᠰᠦᠢᠳᠭᠡᠯ ᠢᠶᠡᠨ ᠲᠤᠰᠢᠶᠠᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )