ᠬᠣᠲᠠ ᠶᠢᠨ ᠳᠤᠮᠳᠠ ᠵᠡᠷᠭᠡ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠨᠢ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ ᠪᠥᠬᠦ ᠣᠷᠤᠨ ᠤ ᠰᠢᠭᠦᠬᠦ ᠬᠣᠷᠢᠶᠠᠨ ᠤ
2017.03.15 ᠲᠣᠰ ᠥᠷᠲᠡᠭᠡᠨ᠎ᠦ ᠨᠠᠢᠷᠠᠭᠤᠯᠤᠭᠴᠢ

ᠬᠣᠲᠠ ᠶᠢᠨ ᠳᠤᠮᠳᠠ ᠵᠡᠷᠭᠡ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠨᠢ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ ᠪᠥᠬᠦ ᠣᠷᠤᠨ ᠤ ᠰᠢᠭᠦᠬᠦ ᠬᠣᠷᠢᠶᠠᠨ ᠤ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠤ ᠲᠡᠷᠢᠭᠦᠨ ᠤ ᠬᠠᠮᠲᠤ ᠨᠢᠭᠡᠴᠡ ᠪᠡᠷ ᠰᠣᠩᠭᠤᠭᠳᠠᠪᠠ

 

     3 ᠰᠠᠷ᠎ᠠ ᠶᠢᠨ13 ᠤ ᠡᠳᠦᠷ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠡᠴᠡ ᠪᠥᠬᠦ ᠣᠷᠤᠨ ᠤ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ ᠶᠢᠨ ᠬᠤᠷᠠᠯ ᠢ ᠬᠤᠷᠠᠯᠳᠤᠪᠠ᠂ ᠬᠣᠣ  ᠡᠢ ᠹᠸᠩ ᠬᠣᠷᠢᠶᠠᠨ ᠳᠠᠷᠤᠭ᠎ᠠ ᠴᠢᠬᠤᠯᠠ ᠵᠢᠭᠠᠪᠤᠷᠢ ᠭᠠᠷᠭᠠᠵᠤ᠂ ᠪᠥᠬᠦ ᠣᠷᠤᠨ ᠤ ᠰᠢᠭᠦᠬᠦ ᠬᠣᠷᠢᠶᠠᠨ ᠤ ᠡᠩᠨᠡᠭᠡ ᠶᠢᠨ ᠪᠠᠢᠭᠤᠯᠤᠯᠲᠠ ᠳᠤ ᠴᠢᠬᠤᠯᠠ ᠱᠠᠭᠠᠷᠳᠠᠯᠭ᠎ᠠ ᠳᠤᠷᠠᠳᠴᠤ᠂ ᠶᠦᠨ ᠰᠢ ᠱᠦᠨ ᠪᠠᠢᠩᠭᠤ ᠶᠢᠨ ᠳᠡᠳ᠋ ᠬᠣᠷᠢᠶᠠᠨ ᠳᠠᠷᠤᠭ᠎ᠠ ᠪᠡᠶ᠎ᠡ ᠪᠡᠷ ᠢᠶᠡᠨ ᠬᠤᠷᠠᠯ ᠳᠤ ᠣᠷᠤᠯᠴᠠᠵᠤ ᠵᠢᠯᠤᠭᠤᠳᠠᠯᠭ᠎ᠠ ᠬᠢᠵᠦ ᠮᠥᠨ ᠴᠢᠬᠤᠯᠠ ᠶᠠᠷᠢᠶ᠎ᠠ ᠳᠠᠯᠪᠢᠵᠤ᠂ ᠴᠠᠩ  ᠫᠸᠢ ᠵᠥᠩ ᠡᠷᠬᠢᠯᠡᠭᠴᠢ ᠡᠴᠡ2017  ᠤᠨ ᠤ ᠪᠥᠬᠦ ᠣᠷᠤᠨ  ᠤ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠤᠨ ᠠᠵᠢᠯ  ᠤᠨ ᠲᠣᠬᠢᠷᠠᠭᠤᠯᠤᠯᠲᠠ ᠵᠢ ᠬᠢᠪᠡ᠃ ᠮᠠᠨ ᠤ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ ᠪᠣᠯᠤᠨ ᠬᠠᠮᠢᠶᠠᠲᠠᠢ ᠬᠥᠮᠦᠰ ᠬᠤᠷᠠᠯ ᠳᠤ ᠣᠷᠤᠯᠴᠠᠪᠠ᠃ ᠶᠡᠬᠡ ᠬᠤᠷᠠᠯ ᠡᠴᠡ2016  ᠤᠨ ᠤ ᠪᠥᠬᠦ ᠣᠷᠤᠨ ᠤ ᠰᠢᠭᠦᠬᠦ ᠬᠣᠷᠢᠶᠠᠨ ᠤ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠪᠣᠯᠤᠨ ᠰᠢᠭᠦᠬᠦ ᠬᠣᠷᠢᠶᠠᠨ ᠤ  ᠵᠢᠭᠠᠨ ᠰᠤᠷᠭᠠᠵᠤ ᠰᠤᠷᠤᠭᠴᠢ ᠡᠯᠰᠡᠬᠦ ᠪᠠ ᠠᠵᠢᠯᠲᠠᠨ ᠤ ᠶᠠᠪᠤᠳᠠᠯ ᠤᠨ ᠰᠢᠰᠲ᠋ᠧᠮ ᠢ ᠲᠥᠭᠡᠮᠵᠢᠯᠡᠭᠦᠯᠦᠭᠰᠡᠨ ᠲᠡᠷᠢᠭᠦᠨ ᠤ ᠬᠠᠮᠲᠤ ᠨᠢᠭᠡᠴᠡ ᠪᠠ ᠲᠡᠷᠢᠭᠦᠨ ᠤ ᠬᠤᠪᠢ ᠬᠥᠮᠦᠨ ᠤ ᠬᠥᠬᠢᠭᠦᠯᠪᠡ᠃ ᠮᠠᠨ ᠤ ᠬᠣᠷᠢᠶᠠᠨ ᠤ ᠤᠯᠤᠰ ᠲᠥᠷᠦ ᠶᠢᠨ ᠬᠡᠯᠲᠡᠰ ᠨᠢ ᠪᠥᠬᠦ ᠣᠷᠤᠨ ᠤ ᠦᠵᠡᠯ ᠰᠠᠨᠠᠭ᠎ᠠ ᠤᠯᠤᠰ ᠲᠥᠷᠦ ᠶᠢᠨ ᠪᠦᠲᠦᠭᠡᠨ ᠪᠠᠢᠭᠤᠯᠤᠯᠲᠠ ᠶᠢᠨ ᠲᠡᠷᠢᠭᠦᠨ ᠤ ᠬᠠᠮᠲᠤ ᠨᠢᠭᠡᠴᠡ ᠪᠡᠷ ᠰᠣᠩᠭᠤᠭᠳᠠᠵᠤ᠂ ᠵᠢᠭᠠᠨ ᠰᠤᠷᠭᠠᠵᠤ ᠰᠤᠷᠤᠭᠴᠢ ᠡᠯᠰᠡᠬᠦ ᠠᠵᠢᠯ ᠨᠢ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ ᠲᠤᠩᠬᠠᠯᠠᠨ ᠰᠠᠢᠰᠢᠶᠠᠭᠳᠠᠪᠠ᠃ ᠬᠤᠷᠠᠯ ᠳᠡᠭᠡᠷ᠎ᠡ ᠯᠢ ᠵᠢᠩ ᠭᠦᠸᠸ ᠳᠡᠳ᠋ ᠬᠣᠷᠢᠶᠠᠨ ᠳᠠᠷᠤᠭ᠎ᠠ ᠡᠴᠡ《 ᠲᠠᠪᠤ ᠵᠢ ᠴᠢᠩᠭ᠎ᠠ ᠪᠠᠷᠢᠵᠤ ᠨᠠᠮ ᠤᠨ ᠪᠠᠢᠭᠤᠯᠤᠯᠲᠠ ᠵᠢ ᠴᠢᠩᠭᠠᠳᠭᠠᠨ   ᠰᠢᠭᠦᠨ ᠳᠠᠰᠤᠯᠠᠬᠤ ᠠᠵᠢᠯ ᠳ᠋ᠤ ᠰᠢᠨ᠎ᠡ ᠠᠶᠠᠰ ᠵᠣᠬᠢᠶᠠᠬᠤ》 ᠭᠡᠬᠦ ᠨᠡᠢᠲᠡᠯᠢᠭ ᠵᠢᠱᠢᠶ᠎ᠡ ᠲᠠᠢ ᠲᠤᠷᠰᠢᠯᠭ᠎ᠠ ᠪᠡᠨ ᠢᠯᠡᠳᠭᠡᠵᠦ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠤᠷᠢᠶ᠎ᠠ  ᠪᠠ ᠬᠤᠷᠠᠯ ᠤᠨ ᠤᠳᠤᠷᠢᠳᠤᠯᠭ᠎ᠠ ᠪᠣᠯᠤᠨ ᠡᠯ᠎ᠡ ᠠᠢᠮᠠᠭ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠤᠨ ᠡᠷᠬᠢᠯᠡᠭᠴᠢ ᠶᠢᠨ ᠬᠠᠯᠠᠭᠤᠨ ᠲᠤᠰᠭᠠᠯ ᠪᠠ ᠨᠡᠢᠲᠡᠮ  ᠤᠨ ᠰᠠᠢᠨ ᠦᠨᠡᠯᠡᠯᠲᠡ ᠵᠢ ᠣᠯᠪᠠ᠃2016  ᠤᠨ ᠳᠤ᠂  ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ ᠤᠯᠤᠰ ᠲᠥᠷᠦ ᠤᠨ ᠬᠡᠯᠲᠡᠰ ᠪᠥᠬᠦ ᠣᠷᠤᠨ ᠤ ᠰᠢᠭᠦᠬᠦ ᠬᠣᠷᠢᠶᠠᠨ ᠤ ᠤᠯᠤᠰ ᠲᠥᠷᠦ ᠶᠢᠨ ᠠᠵᠢᠯ ᠤᠨ ᠴᠢᠬᠤᠯᠠ ᠴᠢᠭ ᠤᠨ ᠣᠷᠴᠢᠨ ᠳᠤ᠂ ᠯᠠᠪᠳᠠᠭᠤᠨ ᠪᠤᠲᠠᠲᠠᠢ ᠪᠡᠷ《 ᠬᠤᠶᠠᠷ ᠢ ᠰᠤᠷᠴᠦ ᠨᠢᠭᠡ ᠵᠢ ᠬᠢᠬᠦ》 ᠰᠤᠷᠤᠯᠴᠠᠯᠭ᠎ᠠ ᠵᠢ ᠳᠡᠯᠭᠡᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠪᠠᠢᠭᠤᠯᠤᠯ ᠤᠨ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠂ ᠰᠤᠷᠭᠠᠵᠤ ᠪᠣᠯᠪᠠᠰᠤᠷᠠᠭᠤᠯᠬᠤ ᠪᠠ ᠪᠠᠢᠷᠠᠨ ᠳᠡᠭᠡᠷ᠎ᠡ  ᠨᠢ ᠳᠠᠪᠲᠠᠬᠤ ᠵᠢ ᠴᠢᠩᠭᠠᠳᠭᠠᠵᠤ᠂  ᠪᠦᠯᠭᠦᠮ ᠢ ᠴᠢᠩᠭ᠎ᠠ ᠬᠠᠮᠢᠶᠠᠷᠴᠤ᠂ ᠪᠠᠢᠭᠤᠯᠤᠯ ᠤᠨ ᠨᠠᠮ ᠤᠨ ᠵᠣᠬᠢᠶᠠᠨ ᠪᠠᠢᠭᠤᠯᠠᠯᠲᠠ ᠶᠢᠨ ᠠᠵᠢᠯ ᠰᠢᠨ᠎ᠡ ᠠᠬᠢᠴᠠ ᠲᠠᠢ ᠪᠣᠯᠪᠠ᠃ ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠤᠢᠶᠠᠨ ᠤ ᠤᠯᠤᠰ ᠲᠥᠷᠦ ᠶᠢᠨ ᠠᠵᠢᠯ  ᠠᠵᠢᠯ ᠤᠨ ᠺᠠᠲᠠᠷ ᠨᠠᠷ ᠬᠢᠴᠢᠶᠡᠩᠭᠦᠢ᠂ ᠲᠡᠰᠪᠥᠷᠢᠲᠠᠢ᠂ ᠵᠣᠷᠢᠭᠲᠠᠢ ᠪᠡᠷ ᠬᠠᠷᠢᠭᠤᠴᠠᠯᠭ᠎ᠠ ᠡᠭᠦᠷᠭᠡᠯᠡᠵᠦ᠂ ᠪᠡᠷᠬᠡᠰᠢᠶᠡᠯ  ᠲᠠᠢ ᠪᠠᠢᠯᠳᠤᠭᠠᠨ ᠢ ᠥᠷᠨᠢᠭᠦᠯᠵᠦ᠂ ᠬᠦᠴᠦ ᠬᠥᠯᠦᠰᠦ ᠪᠡᠨ ᠤᠷᠤᠰᠭᠠᠵᠤ᠂ ᠬᠥᠮᠦᠨ ᠢ ᠤᠮᠤᠭᠰᠢᠭᠤᠯᠮ᠎ᠠ ᠠᠮᠵᠢᠯᠲᠠ ᠣᠯᠪᠠ᠃2017    ᠤᠨ ᠳᠤ᠂ ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠤ ᠤᠯᠤᠰ ᠲᠥᠷᠦ ᠶᠢᠨ ᠬᠡᠯᠲᠡᠰ ᠨᠢ ᠦᠷᠭᠦᠯᠵᠢᠯᠡᠨ ᠥᠪᠡᠷᠲᠡᠭᠡᠨ ᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠵᠢᠯᠤᠭᠤᠳᠤᠯᠭ᠎ᠠ ᠳᠣᠣᠷ᠎ᠠ᠂ ᠠᠩᠬᠠᠨ ᠤ ᠵᠣᠷᠢᠯᠲᠠ ᠪᠡᠨ ᠮᠠᠷᠲᠠᠯ ᠦᠭᠡᠢ᠂ ᠦᠷᠭᠦᠯᠵᠢᠯᠡᠨ ᠤᠷᠤᠭᠰᠢᠯᠠᠵᠤ᠂ ᠢᠷᠡᠭᠡᠳᠦᠢ ᠪᠡᠨ ᠪᠠᠷᠠᠭᠠᠯᠠᠵᠤ᠂ ᠯᠠᠪᠳᠠᠭᠤᠨ ᠪᠤᠲᠠᠲᠠᠢ ᠠᠵᠢᠯᠯᠠᠵᠤ᠂ ᠪᠥᠬᠦ ᠣᠷᠤᠨ ᠤ ᠰᠢᠭᠦᠬᠦ ᠬᠣᠷᠢᠶᠠᠨ ᠤ ᠪᠦᠯᠭᠦᠮ ᠤᠨ ᠪᠦᠲᠦᠭᠡᠨ ᠪᠠᠢᠭᠤᠯᠤᠯᠲᠠ ᠶᠢᠨ ᠰᠢᠨ᠎ᠡ ᠬᠡᠯᠪᠡᠷᠢ ᠵᠢ ᠳᠠᠰᠤᠷᠠᠯᠲᠠ ᠦᠭᠡᠢ ᠨᠡᠭᠡᠭᠡᠨ᠎ᠡ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )