ᠬᠠᠩᠭᠢᠨ ᠬᠣᠰᠢᠭᠤᠨ ᠤ ᠰᠢᠭᠦᠬᠦ ᠬᠣᠷᠢᠶᠠᠨ ᠤ ᠬᠠᠤᠯᠢ ᠶᠢᠨ ᠴᠠᠭᠳᠠᠭᠠᠨ ᠤ ᠶᠡᠬᠡ ᠠᠩᠭᠢ ᠨᠢ ᠳᠥᠷᠪᠡᠨ ᠵᠦᠢᠯ ᠢᠶᠡᠷ ᠡᠩᠨᠡᠭᠡᠨ ᠤ ᠬᠠᠮᠢᠶᠠᠷᠤᠯᠲᠠ ᠵᠢ ᠪᠠᠷᠢᠪᠠ
2017.03.15 ᠲᠣᠰ ᠥᠷᠲᠡᠭᠡᠨ ᠦ ᠨᠠᠢᠷᠠᠭᠤᠯᠤᠭᠴᠢ

    ᠬᠠᠤᠯᠢ  ᠶᠢᠨ ᠴᠠᠭᠳᠠᠭᠠᠨ ᠤ ᠶᠡᠬᠡ ᠠᠩᠭᠢ ᠶᠢᠨ ᠪᠠᠲᠤᠯᠠᠭᠠᠨ ᠤ ᠬᠦᠴᠦᠨ ᠢ ᠤᠯᠠᠮ ᠨᠢᠭᠡ ᠠᠯᠬᠤᠮ ᠳᠠᠭᠡᠭᠰᠢᠯᠡᠭᠦᠯᠵᠦ᠂ ᠬᠠᠤᠯᠢ ᠶᠢᠨ ᠴᠠᠭᠳᠠᠭᠠᠨ ᠤ ᠤᠯᠤᠰ ᠲᠥᠷᠦ ᠶᠢᠨ ᠣᠨᠤᠯ ᠤᠨ ᠵᠥᠪ ᠡᠨᠧᠷᠭᠢ ᠵᠢ ᠲᠡᠭᠡᠭᠡᠰᠢᠯᠡᠭᠦᠯᠬᠦ ᠶᠢᠨ ᠲᠤᠯᠠᠳᠠ᠂  ᠵᠥᠪ ᠤᠨᠪᠴᠢᠲᠠᠢ ᠤᠬᠠᠮᠰᠠᠷ ᠤᠨ ᠬᠡᠯᠪᠡᠷᠢ ᠵᠦᠢ ᠪᠡᠷ ᠤᠳᠤᠷᠤᠳᠤᠮᠵᠢ ᠪᠣᠯᠭᠠᠨ᠂ ᠭᠠᠵᠠᠷ ᠣᠷᠤᠨ ᠤ ᠣᠨᠴᠠᠯᠢᠭ ᠲᠠᠢ ᠬᠠᠤᠯᠢ ᠶᠢᠨ ᠴᠠᠭᠳᠠᠭᠠᠨ ᠤ ᠰᠣᠶᠤᠯ ᠢ ᠪᠤᠢ ᠪᠤᠯᠭᠠᠨ᠎ᠠ᠃ ᠬᠠᠩᠬᠢᠨ ᠬᠣᠰᠢᠭᠤᠨ ᠤ ᠠᠷᠠᠳ ᠤᠨ ᠰᠢᠭᠦᠬᠦ  ᠬᠣᠷᠢᠶᠠᠨ ᠤ ᠬᠠᠤᠯᠢ ᠶᠢᠨ ᠴᠠᠭᠳᠠᠭᠠᠨ ᠤ ᠶᠡᠬᠡ ᠠᠩᠭᠢ ᠨᠢ2017  ᠤᠨ ᠤ3 ᠰᠠᠷ᠎ᠠ ᠶᠢᠨ12 ᠤ ᠡᠳᠦᠷ ᠴᠠᠭᠳᠠᠭᠠᠨ ᠤ ᠠᠵᠢᠯᠴᠢᠨ ᠤ ᠡᠪᠯᠡᠯ ᠤᠨ ᠬᠤᠷᠠᠯ ᠬᠤᠷᠠᠯᠳᠤᠵᠤ᠂  ᠳᠥᠷᠪᠡᠨ ᠲᠠᠯ᠎ᠠ ᠡᠴᠡ ᠴᠠᠭᠳᠠᠭᠠᠨ ᠤ ᠡᠩᠨᠡᠭᠡᠨ ᠤ ᠲᠥᠷᠢᠮᠵᠢᠭᠰᠡᠨ ᠬᠠᠮᠢᠶᠠᠷᠤᠯᠲᠠ ᠵᠢ ᠪᠠᠷᠢᠪᠠ᠃

     ᠨᠢᠭᠡ ᠨᠢ ᠦᠵᠡᠯ ᠰᠠᠨᠠᠭᠠᠨ ᠤ ᠬᠥᠮᠦᠵᠢᠯ ᠢ ᠪᠠᠷᠢᠵᠤ᠂ ᠬᠠᠤᠯᠢ ᠶᠢᠨ ᠴᠠᠭᠳᠠᠭᠠᠨ ᠤ ᠡᠩᠨᠡᠭᠡᠨ ᠤ ᠬᠠᠷᠢᠭᠤᠴᠠᠯᠭᠠᠲᠤ ᠣᠪᠤᠷ ᠢ ᠴᠢᠩᠭᠠᠳᠭᠠᠨ᠎ᠠ᠃ ᠰᠢ ᠵᠢᠨ ᠫᠢᠩ ᠶᠡᠷᠦᠩᠬᠡᠢ  ᠱᠦᠵᠢ ᠶᠢᠨ ᠪᠦᠬᠦ ᠤᠯᠤᠰ ᠤᠨ ᠤᠯᠤᠰ ᠲᠥᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠡᠷ《 ᠬᠥᠲᠦᠯᠪᠦᠷᠢ》 ᠪᠣᠯᠭᠠᠵᠤ᠂《 ᠤᠳᠤᠷᠢᠳᠤᠯᠭ᠎ᠠ ᠵᠢ ᠪᠠᠷᠢᠨ ᠬᠡᠪ ᠴᠢᠨᠠᠷ ᠢ ᠳᠡᠭᠡᠭᠰᠢᠯᠡᠭᠦᠯᠦᠨ᠂ ᠡᠩᠨᠡᠭᠡ ᠵᠢ ᠪᠠᠷᠢᠵᠤ ᠳᠦᠷᠢ ᠳᠥᠷᠬᠦ ᠵᠢ ᠪᠠᠢᠭᠤᠯᠤᠨ᠂ ᠤᠷᠢᠳᠴᠢᠯᠠᠬᠤ ᠵᠢ ᠪᠠᠷᠢᠵᠤ ᠯᠠᠪᠳᠠᠭᠤᠨ ᠢ ᠠᠬᠢᠭᠤᠯᠵᠤ᠂ ᠦᠢᠯᠡᠴᠢᠯᠡᠭᠡ ᠵᠢ ᠪᠠᠷᠢᠵᠤ ᠬᠠᠷᠢᠭᠤᠴᠠᠯᠭ᠎ᠠ ᠪᠡᠨ ᠬᠢᠴᠢᠶᠡᠬᠦ》 ᠪᠣᠳᠤᠯᠭ᠎ᠠ ᠪᠡᠷ ᠡᠩᠨᠡᠭᠡᠨ ᠤ ᠳᠦᠷᠢᠮᠵᠢᠭᠰᠡᠨ ᠬᠢᠷᠢ ᠳᠥᠪᠰᠢᠨ ᠤ ᠪᠠᠢᠭᠤᠯᠤᠯᠲᠠ ᠵᠢ ᠪᠥᠬᠦ ᠲᠠᠯ᠎ᠠ ᠪᠡᠷ ᠳᠡᠭᠡᠭᠰᠢᠯᠡᠭᠦᠯᠵᠦ᠂ ᠬᠠᠤᠯᠢ ᠶᠢᠨ ᠴᠠᠭᠳᠠᠭᠠᠨ ᠤ ᠤᠬᠠᠮᠰᠠᠷ ᠤᠨ ᠬᠡᠪ ᠵᠠᠭᠪᠤᠷᠢ ᠢ  ᠴᠢᠩᠭᠠᠳᠭᠠᠨ᠎ᠠ᠃ ᠬᠤᠶᠠᠷ ᠨᠢ ᠰᠡᠷᠡᠮᠵᠢᠯᠡᠭᠦᠯᠬᠦ ᠬᠥᠮᠦᠵᠢᠯ ᠢ ᠪᠠᠷᠢᠵᠤ᠂ ᠬᠠᠤᠯᠢ ᠶᠢᠨ ᠴᠠᠭᠳᠠᠭᠠᠨ ᠤ ᠠᠷᠢᠭᠤᠨ ᠴᠢᠭᠡᠴᠢ ᠤᠬᠠᠮᠰᠠᠷ ᠢ ᠳᠡᠭᠡᠭᠰᠢᠯᠡᠭᠦᠯᠦᠨ᠎ᠡ᠃ ᠰᠠᠬᠢᠯᠭ᠎ᠠ ᠪᠠᠲᠤ ᠪᠠᠢᠴᠠᠭᠠᠬᠤ ᠵᠢ ᠵᠠᠯᠠᠵᠤ ᠢᠷᠡᠬᠦ ᠪᠤᠶᠤ ᠲᠡᠨᠳᠡ ᠣᠴᠢᠨ ᠨᠡᠢᠲᠡᠯᠢᠭ  ᠵᠢᠱᠢᠶ᠎ᠡ ᠵᠢ ᠰᠤᠷᠤᠯᠴᠠᠬᠤ ᠂ ᠠᠷᠢᠭᠤᠨ ᠴᠢᠭᠡᠴᠢ ᠪᠡᠷ ᠵᠠᠰᠠᠭ ᠪᠠᠷᠢᠬᠤ ᠲᠤᠬᠠᠢ ᠹᠢᠯᠢᠮ ᠢ  ᠦᠵᠡᠬᠦ᠂ ᠳ᠋ᠦᠩᠨᠡᠯᠲᠡ ᠶᠢᠨ ᠶᠡᠬᠡ ᠬᠤᠷᠠᠯ ᠬᠢᠬᠦ ᠵᠢ ᠵᠣᠬᠢᠶᠠᠨ ᠪᠠᠢᠭᠤᠯᠬᠤ ᠵᠡᠷᠭᠡ ᠠᠷᠭ᠎ᠠ ᠪᠡᠷ ᠪᠥᠬᠦ ᠡᠩᠨᠡᠭᠡᠨ ᠳᠤ ᠰᠡᠷᠡᠮᠵᠢᠯᠡᠭᠦᠯᠬᠦ ᠬᠥᠮᠦᠵᠢᠯ ᠬᠢᠵᠦ᠂ ᠬᠠᠤᠯᠢ ᠶᠢᠨ ᠴᠠᠭᠳᠠᠭᠠᠨ ᠤ ᠰᠡᠳᠭᠢᠴᠡ ᠶᠢᠨ ᠰᠡᠷᠡᠮᠵᠢᠯᠡᠬᠦ ᠱᠤᠭᠤᠮ ᠢ ᠦᠨᠳᠦᠰᠦᠨ ᠡᠴᠡ ᠨᠢ ᠪᠡᠬᠢᠯᠡᠵᠦ᠂ ᠬᠠᠤᠯᠢ ᠶᠢᠨ ᠴᠠᠭᠳᠠᠭᠠᠨ ᠤ ᠠᠷᠢᠭᠤᠨ ᠴᠢᠭᠡᠴᠢ ᠤᠬᠠᠮᠰᠠᠷ ᠢ ᠴᠢᠩᠭᠠᠳᠭᠠᠨ᠎ᠠ᠃ ᠭᠤᠷᠪᠠ ᠨᠢ ᠪᠠᠢᠭᠤᠯᠤᠯ ᠶᠢᠨ ᠨᠠᠢᠳᠠᠪᠤᠷᠢᠵᠢᠭᠤᠯᠬᠤ ᠵᠢ ᠪᠠᠷᠢᠵᠤ᠂ ᠬᠠᠤᠯᠢ ᠶᠢᠨ ᠴᠠᠭᠳᠠᠭᠠᠨ ᠤ ᠳᠦᠷᠢᠮᠵᠢᠭᠰᠡᠨ ᠤᠬᠠᠮᠰᠠᠷ ᠢ ᠴᠢᠩᠭᠠᠳᠭᠠᠵᠤ᠂ ᠰᠢᠨ᠎ᠡ ᠪᠠᠢᠳᠠᠯ ᠰᠢᠨ᠎ᠡ ᠱᠠᠭᠠᠷᠳᠠᠯᠭ᠎ᠠ ᠳ᠋ᠤ ᠨᠡᠢᠴᠡᠭᠦᠯᠦᠨ᠂ ᠬᠠᠤᠯᠢ ᠶᠢᠨ ᠴᠠᠭᠳᠠᠭᠠᠨ ᠤ ᠡᠯ᠎ᠡ ᠲᠥᠷᠦᠯ ᠤᠨ ᠳᠦᠷᠢᠮ ᠳᠤᠭᠲᠠᠭᠠᠯ ᠢ ᠤᠯᠠᠮ ᠨᠢᠭᠡ ᠠᠯᠬᠤᠮ ᠪᠥᠷᠢᠨᠵᠢᠭᠦᠯᠦᠨ ᠲᠡᠭᠦᠯᠳᠡᠷᠵᠢᠭᠦᠯᠵᠦ᠂ ᠬᠠᠤᠯᠢ ᠶᠢᠨ ᠴᠠᠭᠳᠠᠭᠠᠨ ᠤ ᠡᠮᠦᠰᠭᠡᠯ ᠵᠠᠰᠠᠯ᠂ ᠨᠢᠭᠡ ᠴᠠᠭᠳᠠᠭᠠᠨ ᠤ ᠲᠣᠨᠤᠭᠯᠠᠯ ᠤᠨ ᠡᠮᠦᠰᠴᠦ ᠵᠡᠭᠦᠬᠦ᠂ ᠵᠢᠵᠢᠭᠦᠷᠯᠡᠬᠦ᠂ ᠠᠵᠢᠯ ᠳᠤ  ᠪᠡᠯᠡᠳᠭᠡᠭᠦ᠂ ᠲᠣᠭᠤᠷᠢᠨ ᠪᠠᠢᠴᠠᠭᠠᠬᠤ᠂ ᠬᠣᠷᠢᠭᠳᠠᠯ ᠢ ᠭᠠᠷᠭᠠᠨ ᠠᠪᠬᠤ᠂ ᠲᠢᠩᠬᠢᠮ ᠳᠤ ᠵᠢᠵᠢᠭᠦᠷᠯᠡᠬᠦ᠂ ᠡᠩᠨᠡᠭᠡᠨ ᠤ ᠤᠳᠤᠷᠢᠳᠤᠯᠭ᠎ᠠ ᠶᠢᠨ ᠡᠭᠡᠯᠵᠢᠯᠡᠨ ᠠᠮᠠᠷᠠᠬᠤ᠂ ᠳᠣᠲᠤᠭᠠᠳᠤ ᠶᠢᠨ ᠠᠮᠤᠷ ᠳᠥᠪᠰᠢᠨ ᠤ ᠰᠡᠷᠭᠡᠢᠯᠡᠯ ᠵᠡᠷᠭᠡ ᠲᠠᠯ᠎ᠠ ᠳᠤ ᠤᠯᠠᠮ ᠨᠢᠭᠡ ᠠᠯᠬᠤᠮ ᠨᠠᠷᠢᠯᠢᠭᠵᠢᠭᠤᠯᠵᠤ᠂  ᠵᠡᠷᠭᠡᠪᠡᠷ ᠬᠢᠨᠠᠨ ᠪᠠᠢᠴᠠᠭᠠᠬᠤ ᠵᠣᠬᠢᠴᠠᠮᠵᠢ ᠵᠢ ᠨᠠᠢᠳᠠᠪᠤᠷᠢᠵᠢᠭᠤᠯᠵᠤ᠂ ᠬᠠᠤᠯᠢ ᠶᠢᠨ ᠴᠠᠭᠳᠠᠭᠠᠨ ᠤ ᠳᠦᠷᠢᠮᠵᠢᠭᠰᠡᠨ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠬᠠᠤᠯᠢ ᠶᠢᠨ ᠴᠠᠭᠳᠠᠭᠠᠨ ᠤ ᠠᠵᠢᠯ ᠤ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠳᠥᠪᠰᠢᠨ ᠢ ᠦᠨᠳᠦᠰᠦᠨ ᠡᠴᠡ ᠨᠢ ᠳᠡᠭᠡᠭᠰᠢᠯᠡᠭᠦᠯᠦᠨ᠎ᠡ᠃ ᠳᠥᠷᠪᠡ ᠨᠢ ᠳᠦᠷᠢᠮᠵᠢᠭᠰᠡᠨ ᠪᠦᠲᠦᠭᠡᠨ ᠪᠠᠢᠭᠤᠯᠤᠯᠲᠠ ᠵᠢ ᠪᠠᠷᠢᠵᠤ ᠬᠠᠤᠯᠢ ᠶᠢᠨ ᠴᠠᠭᠳᠠᠭᠠᠨ ᠤ ᠳᠦᠷᠢᠮ ᠢ ᠰᠠᠬᠢᠬᠤ ᠤᠬᠠᠮᠰᠠᠷ ᠢ ᠳᠡᠭᠡᠭᠰᠢᠯᠡᠭᠦᠯᠦᠨ᠎ᠡ᠃ ᠡᠳᠦᠷ ᠲᠤᠳᠤᠮ ᠳᠤ ᠵᠠᠩᠰᠢᠬᠤ ᠪᠡᠷ ᠰᠢᠪᠲᠤᠯᠠᠬᠤ ᠴᠢᠭ ᠪᠣᠯᠭᠠᠨ᠂ ᠬᠠᠤᠯᠢ ᠴᠠᠭᠳᠠᠭᠠᠨ ᠤ《 ᠨᠠᠢ᠍ᠮᠠᠨ ᠴᠠᠭ》 ᠤᠨ ᠳᠣᠲᠤᠷ᠎ᠠ ᠭᠠᠳᠠᠨ᠎ᠠ ᠶᠢᠨ ᠦᠢᠯᠡ ᠶᠠᠪᠤᠳᠠᠯ ᠦᠭᠡ ᠶᠠᠷᠢᠶ᠎ᠠ ᠵᠢ ᠪᠥᠬᠦ ᠲᠠᠯ᠎ᠠ ᠪᠡᠷ ᠳᠦᠷᠢᠮᠵᠢᠭᠦᠯᠵᠦ᠂ ᠵᠠᠷᠯᠢᠭ ᠪᠠᠢᠭᠠᠳ ᠭᠦᠢᠴᠡᠳᠬᠡᠬᠦ ᠦᠭᠡᠢ᠂ ᠨᠠᠵᠠᠭᠠᠢ ᠵᠠᠯᠬᠠᠭᠤ ᠦᠢᠯᠡ ᠠᠵᠢᠯᠠᠯᠭ᠎ᠠ ᠡᠭᠦᠰᠬᠦ ᠵᠢ ᠡᠷᠡᠰ ᠬᠤᠷᠢᠭᠯᠠᠨ᠎ᠠ᠃  

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )