ᠤᠯᠠᠨ ᠤ ᠰᠠᠨᠠᠯ ᠢ ᠭᠦᠢᠴᠡᠳ ᠬᠤᠷᠢᠶᠠᠵᠤ ᠬᠠᠳᠠᠭᠠᠯᠠᠬᠤ ᠵᠠᠭᠠᠯᠳᠤᠯᠭ᠎ᠠ ᠶᠢᠨ ᠦᠢᠯᠡᠴᠢᠯᠡᠭᠡ ᠠᠷᠠᠳ ᠲᠤ ᠨᠡᠩ ᠳᠥᠭᠦᠮ ᠦᠵᠡᠭᠦᠯᠦᠨ᠎ᠡ
2017.03.22 ᠲᠣᠰ ᠥᠷᠲᠡᠭᠡᠨ᠎ᠦ ᠨᠠᠢᠷᠠᠭᠤᠯᠤᠭᠴᠢ

    ᠣᠢᠷ᠎ᠠ ᠶᠢᠨ ᠡᠳᠦᠷ᠂ ᠬᠣᠲᠠ  ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠷᠥᠢ ᠱᠠᠨ ᠡᠴᠡ ᠮᠡᠷᠭᠡᠵᠢᠯ ᠤᠨ ᠳᠠᠰᠤᠭᠰᠠᠨ᠂  ᠳᠠᠩᠰᠠ ᠡᠪᠬᠡᠮᠡᠯ ᠤᠨ ᠲᠠᠰᠤᠭ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠤᠨ ᠬᠠᠮᠢᠶᠠᠲᠠᠢ ᠬᠥᠮᠦᠰ ᠪᠠ ᠵᠢᠶᠠᠩᠰᠢ ᠶᠢᠨ ᠷᠥᠢ ᠴᠤᠸᠠᠩ ᠡᠯᠧᠺᠲ᠋ᠷᠣᠨ ᠺᠣᠮᠫᠠᠨᠢ ᠶᠢᠨ ᠬᠠᠷᠢᠭᠤᠴᠠᠯᠭᠠᠲᠠᠨ ᠢ ᠴᠤᠭᠯᠠᠭᠤᠯᠤᠨ ᠬᠤᠷᠠᠯ ᠬᠢᠵᠦ᠂  ᠵᠠᠷᠭᠤᠯᠳᠤᠭᠠᠨ ᠤ ᠦᠢᠯᠡᠴᠢᠯᠡᠭᠡᠨ ᠤ ᠲᠥᠪ ᠤᠨ ᠡᠯᠧᠺᠲ᠋ᠷᠣᠨ ᠳᠠᠩᠰᠠ ᠡᠪᠬᠡᠮᠡᠯ ᠤᠨ ᠬᠠᠢᠨ ᠡᠷᠢᠬᠦ ᠰᠢᠰᠲ᠋ᠧᠮ ᠤᠨ ᠠᠵᠢᠯᠯᠠᠵᠤ ᠠᠷᠠᠴᠢᠯᠠᠬᠤ ᠵᠢᠴᠢ ᠠᠷᠠᠳ ᠳᠤ ᠳᠥᠭᠦᠮ ᠦᠵᠡᠭᠦᠯᠬᠦ ᠮᠡᠲᠡᠭᠡ ᠵᠠᠩᠭᠢᠵᠢᠯᠲᠠ ᠶᠢᠨ ᠲᠥᠬᠦᠭᠡᠷᠡᠮᠵᠢ ᠶᠢᠨ ᠬᠡᠷᠡᠭᠯᠡᠬᠦ ᠵᠡᠷᠭᠡ ᠠᠰᠠᠭᠤᠳᠠᠯ ᠤᠨ ᠲᠤᠬᠠᠢ ᠶᠠᠷᠢᠯᠴᠠᠭ᠎ᠠ ᠪᠠ ᠵᠣᠬᠢᠴᠠᠭᠤᠯᠤᠯᠲᠠ ᠬᠢᠪᠡ᠃

    ᠡᠯᠧᠺᠲ᠋ᠷᠣᠨ ᠳᠠᠩᠰᠠ ᠡᠪᠬᠡᠮᠡᠯ ᠤᠨ ᠬᠠᠢᠨ ᠡᠷᠢᠬᠦ ᠰᠢᠰᠲ᠋ᠧᠮ ᠤᠨ ᠠᠵᠢᠯᠯᠠᠵᠤ ᠠᠷᠠᠴᠢᠯᠠᠬᠤ ᠠᠰᠠᠭᠤᠳᠠᠯ ᠤᠨ ᠲᠤᠬᠠᠢ ᠬᠤᠷᠠᠯ ᠡᠴᠡ ᠦᠵᠡᠬᠦ ᠳᠤ ᠪᠡᠨ᠂ ᠤᠳᠤᠬᠠᠨ ᠳᠤ ᠲᠤᠬᠠᠢ ᠶᠢᠨ ᠬᠥᠮᠦᠨ ᠵᠢᠴᠢ ᠲᠡᠭᠦᠨ ᠤ ᠣᠷᠤᠯᠠᠭᠴᠢ ᠡᠴᠡ ᠡᠯᠧᠺᠲ᠋ᠷᠣᠨ ᠳᠠᠩᠰᠠ ᠡᠪᠬᠡᠮᠡᠯ ᠤᠨ ᠬᠠᠢᠨ ᠡᠷᠢᠬᠦ ᠰᠢᠰᠲ᠋ᠧᠮ ᠢᠶᠡᠷ ᠳᠠᠮᠵᠢᠵᠤ ᠮᠠᠨ ᠤ ᠬᠣᠷᠢᠶᠠᠨ ᠤ ᠡᠯᠧᠺᠲ᠋ᠷᠣᠨ ᠬᠡᠷᠡᠭ ᠤᠨ ᠡᠪᠬᠡᠮᠡᠯ ᠢ ᠡᠷᠢᠵᠦ ᠦᠵᠡᠵᠦ ᠳᠡᠢᠯᠬᠦ ᠦᠭᠡᠢ᠂ ᠤᠴᠢᠷ ᠨᠢ ᠡᠯᠧᠺᠲ᠋ᠷᠣᠨ ᠳᠠᠩᠰᠠ ᠡᠪᠬᠡᠮᠡᠯ ᠤᠨ ᠬᠥᠮᠦᠷᠭᠡ ᠳᠤ ᠣᠷᠤᠭᠤᠯᠬᠤ ᠶᠠᠪᠤᠴᠠ ᠶᠢᠨ ᠳᠤᠲᠠᠭᠳᠠᠯ ᠡᠴᠡ ᠪᠣᠯᠵᠤ᠂ ᠲᠤᠬᠠᠢ ᠶᠢᠨ ᠬᠥᠮᠦᠨ ᠪᠠ  ᠲᠡᠭᠦᠨ ᠤ ᠲᠥᠯᠦᠭᠡᠯᠡᠭᠴᠢ ᠡᠴᠡ ᠵᠥᠪᠬᠡᠨ2016    ᠤᠨ ᠤ6 ᠰᠠᠷ᠎ᠠ ᠡᠴᠡ ᠰᠡᠭᠦᠯᠡᠷᠬᠢ ᠴᠥᠭᠡᠨ ᠬᠡᠮᠵᠢᠶᠡᠨ ᠤ ᠡᠯᠧᠺᠲ᠋ᠷᠣᠨ ᠬᠡᠷᠡᠭ ᠤᠨ ᠡᠪᠬᠡᠮᠡᠯ ᠢ ᠦᠵᠡᠵᠦ ᠳᠡᠢᠯᠦᠨ᠎ᠡ᠃ ᠡᠮᠦᠨᠡᠬᠢ ᠶᠢᠨ ᠡᠯᠧᠺᠲ᠋ᠷᠣᠨ ᠳᠠᠩᠰᠠ ᠡᠪᠬᠡᠮᠡᠯ ᠢ  ᠣᠳᠣᠬᠠᠨ ᠳᠤ ᠬᠠᠢᠨ ᠦᠵᠡᠵᠦ ᠳᠡᠢᠯᠬᠦ ᠦᠭᠡᠢ᠂ ᠤᠴᠢᠷ ᠨᠢ ᠡᠯᠧᠺᠲ᠋ᠷᠣᠨ ᠳᠠᠩᠰᠠ ᠡᠪᠬᠡᠮᠡᠯ ᠢ ᠰᠢᠷᠪᠢᠬᠦ ᠠᠵᠢᠯ ᠢ ᠬᠠᠷᠢᠭᠤᠴᠠᠭᠰᠠᠨ ᠵᠢᠶᠠᠩᠰᠢ ᠮᠤᠵᠢ ᠶᠢᠨ ᠷᠥᠢ ᠴᠤᠸᠠᠩ ᠡᠯᠧᠺᠲ᠋ᠷᠣᠨ ᠺᠣᠮᠫᠠᠨᠢ ᠨᠢ ᠳᠠᠩᠰᠠ ᠡᠪᠬᠡᠮᠡᠯ ᠢ ᠰᠢᠷᠪᠢᠬᠦ᠂ ᠵᠠᠯᠭᠠᠬᠤ ᠵᠡᠷᠭᠡ ᠠᠵᠢᠯ ᠢ ᠳᠠᠭᠤᠰᠭᠠᠭᠰᠠᠨ ᠤ ᠳᠠᠷᠠᠭ᠎ᠠ᠂ ᠡᠯᠧᠺᠲ᠋ᠷᠣᠨ ᠳᠠᠩᠰᠠ ᠡᠪᠬᠡᠮᠡᠯ  ᠤᠨ ᠮᠡᠳᠡᠭᠡ ᠵᠠᠩᠭᠢ ᠵᠢ ᠣᠷᠤᠭᠤᠯᠬᠤ  ᠪᠠ ᠵᠤᠷᠪᠤᠰ ᠤᠨ ᠭᠠᠷᠴᠠᠭ ᠢ ᠪᠠᠷᠠᠭᠠᠳᠤᠢ ᠡᠴᠡ ᠪᠣᠯᠵᠤ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ  ᠤᠨ ᠡᠯᠧᠺᠲ᠋ᠷᠣᠨ ᠳᠠᠩᠰᠠ ᠡᠪᠬᠡᠮᠡᠯ ᠤᠨ ᠬᠠᠢᠨ ᠡᠷᠢᠬᠦ ᠰᠢᠰᠲ᠋ᠧᠮ ᠡᠴᠡ ᠪᠥᠬᠦ ᠡᠯᠧᠺᠲ᠋ᠷᠣᠨ ᠬᠡᠷᠡᠭ ᠤᠨ ᠡᠪᠬᠡᠮᠡᠯ ᠢ ᠦᠵᠡᠵᠦ ᠳᠡᠢᠯᠬᠦ ᠦᠭᠡᠢ ᠪᠣᠯᠤᠭᠰᠠᠨ ᠪᠠᠢᠨ᠎ᠠ᠃

    ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠤᠨ ᠪᠤᠰᠤᠳ ᠠᠷᠠᠳ ᠳᠤ  ᠳᠥᠭᠦᠮ ᠦᠵᠡᠭᠦᠯᠬᠦ ᠦᠢᠯᠡᠴᠢᠯᠡᠭᠡ ᠶᠢᠨ ᠮᠡᠳᠡᠭᠡ ᠵᠠᠩᠭᠢᠵᠢᠯᠲᠠ ᠶᠢᠨ ᠲᠥᠬᠦᠭᠡᠷᠡᠮᠵᠢ ᠶᠢᠨ ᠬᠡᠷᠡᠭᠯᠡᠭᠡᠨ ᠤ ᠠᠰᠠᠭᠤᠳᠠᠯ ᠤᠨ ᠲᠤᠬᠠᠢ᠂ ᠬᠤᠷᠠᠯ ᠡᠴᠡ ᠦᠵᠡᠬᠦ ᠪᠡᠷ᠂ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠤᠨ ᠬᠡᠰᠡᠭ ᠪᠥᠯᠦᠭ ᠠᠷᠠᠳ ᠳᠤ ᠳᠥᠭᠦᠮ ᠦᠵᠡᠭᠦᠯᠬᠦ ᠦᠢᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠳᠥᠬᠦᠭᠡᠷᠡᠮᠵᠢ ᠶᠢᠨ ᠴᠢᠳᠠᠮᠵᠢ ᠨᠢ ᠲᠡᠭᠦᠯᠳᠡᠷ ᠪᠢᠰᠢ ᠪᠠᠢᠵᠤ᠂ ᠬᠡᠷᠡᠭᠯᠡᠬᠦ ᠨᠤᠷᠮ᠎ᠠ ᠨᠢ ᠳᠣᠣᠷ᠎ᠠ ᠪᠠᠢᠪᠠ᠃ ᠨᠢᠭᠡ ᠨᠢ ᠵᠠᠭᠠᠯᠳᠤᠯᠭ᠎ᠠ ᠶᠢᠨ ᠦᠢᠯᠡᠴᠢᠯᠡᠭᠡᠨ ᠤ ᠮᠠᠰᠢᠨ ᠨᠢ ᠬᠠᠮᠢᠶᠠᠲᠠᠢ ᠴᠢᠳᠠᠮᠵᠢ ᠨᠢ ᠳᠤᠲᠠᠮᠠᠭ᠃ ᠵᠠᠭᠠᠯᠳᠤᠯᠭ᠎ᠠ ᠶᠢᠨ ᠦᠢᠯᠡᠴᠢᠯᠡᠭᠡᠨ ᠤ ᠮᠠᠰᠢᠨ ᠨᠢ ᠬᠡᠷᠡᠭ ᠤᠨ ᠮᠡᠳᠡᠭᠡ ᠵᠠᠩᠭᠢ ᠵᠢ ᠬᠠᠢᠬᠤ᠂ ᠥᠪᠡᠷᠲᠡᠭᠡᠨ ᠰᠦᠯᠵᠢᠶᠡᠨ ᠳᠡᠭᠡᠷ᠎ᠡ ᠬᠡᠷᠡᠭ ᠳᠠᠩᠰᠤᠯᠠᠬᠤ᠂ ᠰᠢᠭᠦᠭᠴᠢ ᠳᠤ ᠦᠭᠡ ᠦᠯᠡᠳᠡᠭᠡᠬᠦ᠂ ᠲᠠᠰᠤᠯᠤᠨ ᠳᠤᠭᠲᠠᠭᠠᠯᠲᠠ ᠶᠢᠨ ᠪᠢᠴᠢᠭ᠌ ᠢ ᠳᠠᠷᠤᠮᠯᠠᠬᠤ᠂ ᠵᠠᠭᠠᠯᠳᠤᠯᠭ᠎ᠠ ᠶᠢᠨ ᠰᠦᠢᠳᠭᠡᠯ ᠲᠤᠰᠢᠶᠠᠬᠤ ᠵᠡᠷᠭᠡ ᠴᠢᠳᠠᠮᠵᠢ ᠲᠠᠢ ᠪᠠᠢᠵᠤ᠂ ᠣᠳᠣᠬᠠᠨ ᠳᠤ ᠲᠡᠭᠡᠷᠡᠬᠢ ᠬᠡᠰᠡᠭ ᠪᠥᠯᠦᠭ ᠴᠢᠳᠠᠮᠵᠢ ᠨᠢ ᠬᠡᠷᠡᠭᠯᠡᠬᠦ ᠳᠤ ᠲᠡᠢᠮᠦ ᠰᠠᠢᠨ ᠪᠢᠰᠢ᠃ ᠬᠤᠶᠠᠷ ᠨᠢ3᠋D ᠵᠠᠮ ᠬᠠᠢᠬᠤ ᠰᠢᠰᠲ᠋ᠧᠮ ᠨᠢ ᠬᠡᠪ ᠢᠶᠡᠷ ᠬᠡᠷᠡᠭᠯᠡᠵᠦ ᠳᠡᠢᠯᠬᠦ ᠦᠭᠡᠢ᠃3D ᠵᠠᠮ ᠡᠷᠢᠬᠦ ᠰᠢᠰᠲ᠋ᠧᠮ ᠤᠨ ᠪᠠᠢᠷᠠᠰᠢᠯ  ᠤᠨ ᠬᠤᠪᠢᠷᠠᠯᠲᠠ ᠲᠠᠢ ᠪᠠᠢᠵᠤ᠂ ᠳᠣᠲᠤᠷᠠᠬᠢ ᠵᠠᠮᠴᠢᠯᠠᠬᠤ ᠵᠥᠭᠡᠯᠡᠨ ᠲᠣᠨᠤᠭ ᠨᠢ ᠴᠠᠭ ᠲᠤᠬᠠᠢ ᠳᠤ ᠨᠢ ᠰᠢᠨᠡᠴᠢᠯᠡᠵᠦ ᠴᠢᠳᠠᠭᠰᠠᠨ ᠦᠭᠡᠢ ᠡᠴᠡ ᠪᠣᠯᠵᠤ᠂ ᠵᠠᠮᠴᠢᠯᠠᠭᠤᠷ ᠠᠯᠳᠠᠪᠤᠷᠢ ᠭᠠᠷᠳᠠᠭ᠃ ᠭᠤᠷᠪᠠ ᠨᠢ ᠲᠢᠩᠬᠢᠮ ᠤᠨ ᠰᠢᠭᠦᠯᠲᠡ ᠶᠢᠨ ᠵᠠᠷᠯᠠᠯ ᠤᠨ ᠮᠡᠳᠡᠭᠡ ᠵᠠᠩᠭᠢ  ᠨᠢ ᠲᠡᠭᠦᠯᠳᠡᠷ ᠪᠤᠰᠤ᠂ ᠴᠠᠭ ᠲᠤᠬᠠᠢ ᠳᠤ ᠨᠢ  ᠪᠢᠰᠢ᠃ ᠬᠡᠰᠡᠭ ᠪᠥᠯᠦᠭ ᠠᠵᠢᠯ ᠤᠨ ᠲᠢᠩᠬᠢᠮ ᠠᠯᠪᠠᠨ ᠭᠡᠷ ᠳᠤᠭᠲᠠᠭᠠᠯ ᠶᠣᠰᠣᠭᠠᠷ ᠰᠢᠨᠵᠢᠯᠡᠭᠡ ᠮᠡᠷᠭᠡᠵᠢᠯ ᠤᠨ  ᠲᠢᠩᠬᠢᠮ ᠢ ᠪᠣᠯᠵᠤᠨ ᠲᠢᠩᠬᠢᠮ ᠨᠡᠭᠡᠭᠡᠬᠦ ᠦᠭᠡᠢ ᠪᠠᠢᠵᠤ᠂ ᠲᠢᠩᠬᠢᠮ ᠨᠡᠭᠡᠭᠡᠬᠦ ᠵᠠᠷᠯᠠᠯ ᠴᠠᠭ ᠲᠤᠬᠠᠢ ᠳᠤ ᠨᠢ ᠲᠢᠩᠬᠢᠮ ᠨᠡᠭᠡᠭᠡᠬᠦ ᠵᠠᠷᠯᠠᠯ ᠤᠨ ᠨᠡᠪᠲᠡᠷᠡᠭᠦᠯᠦᠷ ᠳᠡᠭᠡᠷ᠎ᠡ ᠳᠠᠮᠵᠢᠭᠤᠯᠵᠤ ᠳᠡᠢᠯᠬᠦ ᠦᠭᠡᠢ ᠪᠠᠢᠵᠤ᠂ ᠬᠡᠰᠡᠭ ᠪᠥᠯᠦᠭ ᠲᠤᠬᠠᠢ ᠶᠢᠨ ᠬᠥᠮᠦᠰ ᠨᠢ ᠲᠡᠭᠦᠨ ᠤ ᠬᠡᠷᠡᠭ ᠤᠨ ᠲᠢᠩᠬᠢᠮ ᠨᠡᠭᠡᠭᠡᠬᠦ ᠴᠠᠭ ᠪᠣᠯᠤᠨ ᠭᠠᠵᠠᠷ ᠢ ᠡᠷᠢᠵᠦ ᠤᠯᠬᠤ ᠦᠭᠡᠢ  ᠪᠣᠯᠳᠠᠭ᠃ ᠳᠥᠷᠪᠡ ᠨᠢe  ᠡᠶᠡᠳᠦᠭᠦᠯᠬᠦ ᠲᠠᠪᠴᠠᠩ ᠤᠨ ᠬᠡᠷᠡᠭᠯᠡᠯᠲᠡ ᠨᠢ ᠳᠣᠣᠷ᠎ᠠ᠂ ᠤᠯᠠᠨ ᠲᠣᠭᠠᠨ ᠤ ᠰᠢᠭᠦᠭᠴᠢ ᠡᠴᠡ ᠡᠶᠡᠳᠦᠭᠦᠯᠬᠦ ᠳᠠᠪᠴᠠᠩ ᠢ ᠬᠡᠷᠡᠭᠯᠡᠬᠦ ᠳᠤ ᠬᠠᠯᠠᠰᠢᠷᠠᠬᠤ ᠡᠰᠡᠭᠦᠯ᠎ᠡ ᠬᠡᠷᠡᠭᠯᠡᠬᠦ ᠳᠤᠷ᠎ᠠ ᠦᠭᠡᠢ ᠵᠡᠷᠭᠡ ᠵᠥᠷᠢᠯᠳᠦᠬᠦ ᠰᠡᠳᠭᠢᠯᠭᠡ ᠲᠠᠢ᠃

    ᠳᠡᠭᠡᠷ᠎ᠡ ᠳᠤᠷᠠᠳᠤᠭᠰᠠᠨ ᠠᠰᠠᠭᠤᠳᠠᠯ ᠪᠠ ᠬᠦᠴᠢᠷᠳᠡᠯ ᠳᠤ ᠴᠢᠭᠯᠡᠭᠦᠯᠦᠨ ᠬᠤᠷᠠᠯ ᠳᠤ ᠣᠷᠤᠯᠴᠠᠭᠰᠠᠳ ᠳᠣᠣᠷᠠᠬᠢ ᠮᠡᠲᠦ ᠰᠢᠢᠳᠪᠦᠷᠢᠯᠡᠬᠦ ᠠᠷᠭ᠎ᠠ ᠵᠢ ᠳᠤᠷᠠᠳᠪᠠ᠄ ᠨᠢᠭᠡ ᠨᠢ ᠠᠯᠪᠠᠨ ᠭᠡᠷ ᠡᠴᠡ ᠵᠢᠶᠠᠩᠰᠢ ᠶᠢᠨ ᠷᠥᠢ ᠴᠤᠸᠠᠩ ᠺᠣᠮᠫᠠᠨᠢ  ᠵᠢ ᠳᠠᠷᠤᠢ ᠲᠦᠷᠭᠡᠨ ᠡᠯᠧᠺᠲ᠋ᠷᠣᠨ ᠳᠠᠩᠰᠠ ᠡᠪᠬᠡᠮᠡᠯ ᠢ ᠬᠥᠮᠦᠷᠭᠡ ᠳᠤ ᠣᠷᠤᠭᠤᠯᠬᠤ ᠶᠠᠪᠤᠴᠠ ᠵᠢ ᠭᠦᠢᠴᠡᠳᠬᠡᠬᠦ ᠵᠢ ᠳᠠᠭᠠᠯᠭᠠᠪᠠ᠃ ᠬᠤᠶᠠᠷ ᠨᠢ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠤᠨ ᠠᠵᠢᠯᠴᠢᠨ ᠳᠤ ᠡᠷᠬᠡ ᠣᠯᠭᠤᠵᠤ ᠲᠤᠬᠠᠢ ᠶᠢᠨ ᠬᠥᠮᠦᠨ ᠤ ᠲᠥᠯᠦᠭᠡ ᠬᠡᠷᠡᠭ ᠤᠨ ᠮᠠᠲ᠋ᠧᠷᠢᠶᠠᠯ ᠢ  ᠬᠠᠢᠨ ᠤᠩᠰᠢᠬᠤ᠂  ᠬᠠᠭᠤᠯᠪᠤᠷᠢᠯᠠᠬᠤ ᠡᠰᠡᠭᠦᠯ᠎ᠡ ᠳᠠᠷᠤᠮᠯᠠᠵᠤ ᠠᠪᠬᠤ ᠵᠢ ᠰᠠᠨᠠᠭᠠᠴᠢᠯᠠᠨ᠎ᠠ᠃   ᠭᠤᠷᠪᠠ ᠨᠢ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠤᠨ ᠶᠡᠬᠡ ᠲᠠᠩᠬᠢᠮ  ᠤᠨ ᠮᠡᠳᠡᠭᠡ ᠵᠠᠩᠭᠢᠵᠢᠯᠲᠠ ᠶᠢᠨ ᠳᠥᠬᠦᠭᠡᠷᠡᠮᠵᠢ ᠶᠢᠨ ᠠᠵᠢᠯᠯᠠᠵᠤ ᠪᠠᠢᠭ᠎ᠠ ᠶᠠᠪᠤᠴᠠ ᠳᠤᠮᠳᠠᠬᠢ ᠠᠰᠠᠭᠤᠳᠠᠯ ᠢ ᠴᠠᠭ ᠲᠤᠬᠠᠢ ᠳᠤ ᠨᠢ ᠮᠡᠷᠭᠡᠵᠢᠯ ᠤ ᠰᠠᠯᠠᠭᠠᠨ ᠳᠤ ᠮᠡᠳᠡᠭᠦᠯᠵᠦ᠂ ᠮᠡᠷᠭᠡᠵᠢᠯ ᠤᠨ ᠰᠠᠯᠠᠭᠠᠨ ᠡᠴᠡ ᠬᠥᠮᠦᠨ ᠲᠣᠮᠢᠯᠠᠬᠤ ᠳᠤ ᠳᠥᠭᠦᠮ ᠦᠵᠡᠭᠦᠯᠦᠨ᠎ᠡ᠃ ᠳᠥᠷᠪᠡ ᠨᠢ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠳᠤ ᠳᠥᠬᠦᠭᠡᠷᠡᠮᠵᠢ ᠶᠢᠨ ᠠᠵᠢᠯᠯᠠᠵᠤ ᠪᠠᠢᠭ᠎ᠠ ᠪᠠᠢᠳᠠᠯ ᠢ ᠲᠣᠭᠤᠷᠢᠨ ᠪᠠᠢᠴᠠᠭᠠᠬᠤ ᠳᠦᠷᠢᠮ ᠢ ᠪᠠᠢᠭᠤᠯᠵᠤ᠂ ᠡᠳᠦᠷ ᠪᠣᠯᠭᠠᠨ ᠠᠯᠪᠠᠯᠠᠬᠤ ᠡᠴᠡ ᠡᠮᠦᠨ᠎ᠡ ᠭᠠᠷᠠᠭ ᠤᠨ ᠵᠢᠵᠢᠭᠦᠷ ᠤᠨ  ᠺᠠᠲᠠᠷ ᠴᠠᠭᠳᠠᠭ᠎ᠠ ᠡᠴᠡ ᠶᠡᠬᠡ ᠲᠠᠩᠬᠢᠮ ᠳᠤ ᠪᠠᠢᠭ᠎ᠠ ᠮᠡᠳᠡᠭᠡ ᠵᠠᠩᠭᠢᠵᠢᠯᠲᠠ ᠶᠢᠨ ᠳᠥᠬᠦᠭᠡᠷᠡᠮᠵᠢ ᠶᠢᠨ ᠠᠵᠢᠯᠯᠠᠵᠤ ᠪᠠᠢᠭ᠎ᠠ ᠪᠠᠢᠳᠠᠯ ᠳᠤ ᠪᠠᠢᠴᠠᠭᠠᠯᠲᠠ ᠬᠢᠵᠦ᠂ ᠠᠰᠠᠭᠤᠳᠠᠯ ᠢ ᠮᠡᠳᠡᠪᠡᠯ ᠴᠠᠭ ᠲᠤᠬᠠᠢ ᠳᠤ ᠨᠢ ᠮᠡᠷᠭᠡᠵᠢᠯ  ᠤᠨ ᠰᠠᠯᠠᠭᠠᠨ ᠳᠤ ᠮᠡᠳᠡᠭᠳᠡᠵᠦ ᠲᠤᠰᠭᠠᠢ ᠬᠥᠮᠦᠨ ᠢᠶᠡᠷ ᠰᠢᠢᠳᠪᠦᠷᠢᠯᠡᠨ᠎ᠡ᠃ ᠲᠠᠪᠤ ᠨᠢ ᠪᠥᠬᠦ ᠬᠣᠷᠢᠶᠠᠨ ᠤ ᠡᠯ᠎ᠡ ᠰᠠᠯᠠᠭ᠎ᠠ ᠮᠥᠴᠢᠷ ᠡᠴᠡ ᠰᠢᠨᠵᠢᠯᠡᠭᠡ ᠮᠡᠷᠭᠡᠵᠢᠯ  ᠤᠨ ᠰᠢᠭᠦᠬᠦ ᠲᠢᠩᠬᠢᠮ ᠢ ᠪᠣᠯᠵᠤᠬᠤ ᠪᠠ ᠲᠢᠩᠬᠢᠮ ᠨᠡᠭᠡᠭᠡᠬᠦ ᠮᠡᠳᠡᠭᠳᠡᠯ ᠢ ᠭᠠᠷᠭᠠᠬᠤ ᠵᠢ ᠳᠦᠷᠢᠮᠵᠢᠭᠦᠯᠬᠦ ᠵᠢ ᠰᠠᠨᠠᠭᠠᠴᠢᠯᠠᠵᠤ᠂  ᠬᠠᠮᠢᠶ᠎ᠠ ᠪᠥᠬᠦᠢ ᠲᠢᠩᠬᠢᠮ ᠨᠡᠭᠡᠭᠡᠬᠦ ᠮᠡᠳᠡᠭᠡ ᠵᠠᠩᠭᠢ ᠵᠢ ᠴᠠᠭ ᠲᠤᠬᠠᠢ ᠳᠤ ᠨᠢ ᠬᠠᠢᠨ ᠤᠯᠬᠤ ᠵᠢ ᠪᠠᠲᠤᠯᠠᠨ᠎ᠠ᠃ ᠵᠢᠷᠭᠤᠭ᠎ᠠ ᠨᠢ ᠬᠠᠮᠢᠶ᠎ᠠ ᠪᠥᠬᠦᠢ ᠰᠠᠯᠠᠭ᠎ᠠ ᠮᠥᠴᠢᠷ ᠡᠴᠡe ᠡᠶᠡᠳᠡᠭᠦᠯᠭᠡ ᠶᠢᠨ ᠲᠠᠪᠴᠡᠩ ᠢ ᠬᠡᠷᠡᠭᠯᠡᠬᠦ ᠲᠤᠬᠠᠢ ᠳᠠᠷᠤᠢ ᠲᠦᠷᠭᠡᠨ ᠳᠦᠷᠢᠮᠵᠢᠭᠰᠡᠨ ᠳᠤᠭᠲᠠᠭᠠᠯ ᠭᠠᠷᠭᠠᠬᠤ ᠵᠢ ᠰᠠᠨᠠᠭᠠᠴᠢᠯᠠᠵᠤ᠂ e ᠡᠶᠡᠳᠡᠭᠦᠯᠭᠡ ᠶᠢᠨ ᠳᠠᠪᠴᠠᠩ ᠢ ᠰᠢᠭᠦᠬᠦ  ᠬᠤᠷᠢᠶ᠎ᠠ ᠪᠣᠯᠤᠨ ᠲᠤᠬᠠᠢ ᠶᠢᠨ ᠬᠥᠮᠦᠨ ᠤ ᠬᠣᠭᠤᠷᠤᠨᠳᠤ ᠢᠳᠡᠨᠬᠢᠲᠠᠢ ᠦᠢᠯᠡᠳᠦᠯ ᠦᠵᠡᠭᠦᠯᠬᠦ ᠢ ᠭᠦᠢᠴᠡᠳ ᠪᠠᠳᠠᠷᠠᠭᠤᠯᠤᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )