ᠮᠠᠨ ᠤ ᠬᠣᠲᠠ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠨᠢ ᠪᠥᠬᠦ ᠣᠷᠤᠨ ᠤ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠤ
2017.03.22 ᠲᠣᠰ ᠥᠷᠲᠡᠭᠡᠨ᠎ᠦ ᠨᠠᠢᠷᠠᠭᠤᠯᠤᠭᠴᠢ

ᠮᠠᠨ ᠤ ᠬᠣᠲᠠ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠨᠢ ᠪᠥᠬᠦ ᠣᠷᠤᠨ ᠤ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠤ ᠪᠦᠲᠦᠮᠵᠢ  ᠶᠢᠨ ᠰᠢᠯᠭᠠᠯᠲᠠ ᠳᠤ ᠳᠥᠷᠪᠡᠳᠦᠭᠡᠷ ᠨᠡᠷ᠎ᠡ ᠵᠢ ᠬᠦᠷᠲᠡᠪᠡ

 

   ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠵᠢ ᠠᠰᠳᠠᠭᠠᠨ ᠰᠢᠯᠭᠠᠳᠠᠭ ᠨᠢ ᠪᠥᠬᠦ  ᠣᠷᠤᠨ ᠤ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠣᠨᠴᠠᠯᠢᠭ ᠪᠠᠢᠵᠤ᠂ ᠮᠥᠨ ᠲᠤᠰ ᠵᠢᠯ ᠤᠨ ᠬᠤᠭᠤᠴᠠᠭᠠᠨ ᠤ ᠪᠥᠬᠦ ᠣᠷᠤᠨ ᠤ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ  ᠤᠨ ᠶᠡᠷᠦᠩᠬᠡᠢᠯᠡᠭᠰᠡᠨ ᠦᠨᠡᠯᠡᠯᠲᠡ ᠪᠠ ᠬᠤᠷᠢᠶᠠᠩᠭᠤᠢᠯᠠᠯ  ᠪᠠᠢᠵᠤ᠂ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ  ᠤᠨ ᠨᠢᠭᠡ ᠨᠢ ᠪᠣᠯᠤᠨ᠎ᠠ᠃2016  ᠤᠨ  ᠳᠤ᠂ ᠮᠠᠨ ᠤ  ᠬᠣᠲᠠ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠨᠢ ᠪᠥᠬᠦ ᠣᠷᠤᠨ ᠤ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠤ ᠪᠦᠲᠦᠮᠵᠢ  ᠶᠢᠨ ᠰᠢᠯᠭᠠᠯᠲᠠ ᠳᠤ ᠳᠥᠷᠪᠡᠳᠦᠭᠡᠷ ᠨᠡᠷ᠎ᠡ ᠵᠢ  ᠬᠦᠷᠲᠡᠵᠦ᠂ ᠳᠡᠭᠡᠷ᠎ᠡ ᠵᠢᠯ ᠡᠴᠡ ᠪᠡᠨ ᠳᠠᠪᠠᠯᠲᠠ ᠶᠢᠨ ᠴᠢᠨᠠᠷᠲᠠᠢ ᠳᠠᠪᠰᠢᠯᠲᠠ ᠣᠯᠤᠭᠰᠠᠨ ᠪᠠᠢᠨ᠎ᠠ᠃

    ᠶᠡᠷᠦᠩᠬᠡᠢ ᠳᠤ  ᠨᠢ ᠠᠪᠴᠤ ᠬᠡᠯᠡᠪᠡᠯ᠂ ᠮᠠᠨ ᠤ ᠬᠣᠲᠠ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠭᠴᠢ ᠡᠴᠡ ᠬᠡᠷᠡᠭ ᠨᠢ ᠠᠷᠪᠢᠨ ᠬᠥᠮᠦᠨ ᠨᠢ ᠴᠥᠭᠡᠨ᠂ ᠬᠡᠷᠡᠭ ᠤᠨ ᠪᠠᠢᠳᠠᠯ ᠨᠢ ᠪᠤᠳᠤᠯᠢᠶᠠᠨᠲᠠᠢ ᠵᠡᠷᠭᠡ ᠡᠯ᠎ᠡ ᠵᠦᠢᠯ ᠤᠨ ᠬᠦᠴᠢᠷ ᠢ ᠢᠯᠠᠨ ᠳᠠᠪᠠᠵᠤ᠂ ᠬᠠᠷᠢᠴᠠᠩᠭᠤᠢ ᠵᠦᠭᠡᠷ ᠰᠢᠭ ᠠᠮᠵᠢᠯᠲᠠ ᠵᠢ ᠣᠯᠤᠭᠰᠠᠨ ᠪᠠᠢᠨ᠎ᠠ᠃2016  ᠤᠨ ᠳᠤ᠂ ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠤᠷᠢᠶ᠎ᠠ ᠨᠢ ᠨᠡᠢᠲᠡ721 ᠵᠠᠰᠠᠭ ᠵᠠᠬᠢᠷᠭᠠᠨ ᠤ ᠬᠡᠷᠡᠭ ᠢ ᠬᠦᠯᠢᠶᠡᠨ ᠠᠪᠴᠤ᠂ ᠬᠦᠯᠢᠶᠡᠨ ᠠᠪᠤᠭᠰᠠᠨ ᠬᠡᠷᠡᠭ ᠤᠨ ᠲᠣᠭ᠎ᠠ ᠨᠢ ᠪᠥᠬᠦ ᠣᠷᠤᠨ ᠤ ᠰᠢᠭᠦᠬᠦ ᠬᠣᠷᠢᠶᠠᠨ ᠳᠤ ᠭᠤᠷᠪᠠᠳᠤᠭᠠᠷ ᠲᠤ ᠣᠷᠤᠵᠤ᠂ ᠬᠡᠷᠡᠭ ᠢ ᠬᠦᠯᠢᠶᠡᠬᠦ ᠬᠥᠮᠦᠨ ᠠᠮᠠ ᠶᠢᠨ ᠬᠠᠷᠢᠴᠠᠯ ᠨᠢ ᠪᠥᠬᠦ ᠣᠷᠤᠨ ᠤ ᠰᠢᠭᠦᠬᠦ ᠣᠷᠤᠨ ᠤ ᠬᠣᠶᠠᠳᠤᠭᠠᠷ ᠲᠤ ᠣᠷᠤᠪᠠ᠃ ᠵᠠᠰᠠᠭ ᠵᠠᠬᠢᠷᠭᠠᠨ ᠤ ᠬᠡᠷᠡᠭ ᠤᠨ ᠳᠡᠭᠡᠭᠰᠢ ᠵᠠᠭᠠᠯᠳᠤᠬᠤ ᠨᠤᠷᠮ᠎ᠠ ᠶᠡᠬᠡᠪᠡᠷ ᠳᠣᠷᠤᠭᠰᠢᠯᠠᠵᠤ᠂ ᠳᠡᠭᠡᠷ᠎ᠡ ᠵᠢᠯ ᠤ61.17% ᠡᠴᠡ ᠳᠣᠷᠤᠭᠰᠢᠯᠠᠭᠠᠳ30.11%  ᠪᠣᠯᠵᠤ᠂ ᠪᠥᠬᠦ ᠬᠣᠲᠠ ᠶᠢᠨ ᠵᠠᠰᠠᠭ ᠵᠠᠬᠢᠷᠭᠠᠨ ᠤ ᠬᠡᠷᠡᠭ ᠤᠨ ᠰᠢᠭᠦᠨ ᠳᠠᠰᠤᠯᠠᠯᠲᠠ ᠶᠢᠨ ᠴᠢᠨᠠᠷ ᠴᠢᠰᠠᠭ᠎ᠠ ᠵᠣᠬᠢᠬᠤ ᠬᠡᠮᠵᠢᠶ᠎ᠡ ᠪᠡᠷ ᠳᠡᠭᠡᠭᠰᠢᠯᠡᠭᠰᠡᠨ ᠢ ᠬᠠᠷᠠᠭᠤᠯᠵᠤ᠂ ᠰᠢᠭᠦᠨ ᠳᠠᠰᠤᠯᠠᠯᠲᠠ ᠵᠢ ᠬᠦᠯᠢᠶᠡᠵᠦ ᠵᠠᠭᠠᠯᠳᠤᠯᠭ᠎ᠠ ᠪᠡᠨ ᠵᠣᠭᠰᠤᠭᠰᠠᠨ ᠬᠠᠷᠢᠴᠠᠯ ᠨᠢ ᠨᠡᠯᠢᠶᠡᠳ ᠥᠨᠳᠦᠷ ᠪᠣᠯᠪᠠ᠃  ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠪᠤᠢ ᠪᠦᠬᠦᠢ ᠵᠠᠰᠠᠭ ᠵᠠᠬᠢᠷᠭᠠᠨ ᠤ ᠨᠢᠭᠡᠳᠦᠭᠡᠷ ᠰᠢᠭᠦᠯᠲᠡ ᠶᠢᠨ ᠬᠡᠷᠡᠭ ᠤᠨ ᠳᠣᠲᠤᠷ᠎ᠠ᠂ ᠵᠥᠪᠬᠡᠨ2 ᠬᠡᠷᠡᠭ ᠨᠢ ᠥᠨᠳᠦᠷ ᠵᠡᠷᠭᠡ ᠶᠢᠨ ᠰᠢᠭᠦᠬᠦ ᠬᠣᠷᠢᠶᠠᠨ ᠳᠤ ᠰᠢᠭᠦᠨ ᠳᠤᠭᠲᠠᠭᠠᠯᠲᠠ  ᠢ ᠨᠢ ᠥᠭᠡᠷᠡᠴᠢᠯᠡᠭᠳᠡᠵᠦ᠂ ᠪᠥᠬᠦ ᠬᠣᠲᠠ ᠶᠢᠨ ᠰᠢᠭᠦᠬᠦ ᠬᠣᠷᠢᠶᠠᠨ ᠤ ᠪᠤᠢ ᠪᠥᠬᠦᠢ ᠵᠠᠰᠠᠭ ᠵᠠᠬᠢᠷᠭᠠᠨ ᠤ ᠬᠡᠷᠡᠭ ᠨᠢ ᠴᠥᠮ  ᠳᠠᠬᠢᠨ ᠰᠢᠭᠦᠬᠦ ᠪᠡᠷ  ᠳᠤᠷᠠᠳᠬᠤ  ᠵᠢᠴᠢ ᠪ ᠬᠦᠴᠦᠨ ᠲᠠᠢ ᠪᠣᠯᠤᠭᠰᠠᠨ ᠢ  ᠪᠤᠴᠠᠭᠠᠭᠰᠠᠨ ᠭᠡᠷᠡᠭ ᠭᠠᠷᠤᠭᠰᠠᠨ ᠦᠭᠡᠢ ᠪᠠᠢᠵᠤ᠂ ᠳᠡᠭᠡᠷ᠎ᠡ ᠵᠢᠯ ᠲᠠᠢ ᠬᠠᠷᠢᠴᠠᠭᠤᠯᠪᠠᠯ ᠴᠥᠮ ᠨᠡᠯᠢᠶᠡᠳ ᠶᠡᠬᠡ ᠠᠬᠢᠴᠠ ᠲᠠᠢ ᠪᠣᠯᠪᠠ᠃ ᠡᠭᠦᠨ ᠤ ᠵᠡᠷᠭᠡᠪᠡᠷ᠂ ᠪᠠᠰᠠ ᠮᠠᠰᠢ ᠤᠯᠠᠨ ᠬᠦᠷᠦᠯᠴᠡᠬᠦ ᠦᠭᠡᠢ ᠲᠠᠯ᠎ᠠ ᠪᠠᠢᠵᠤ᠂ ᠨᠢᠭᠡᠳᠦᠭᠡᠷ ᠰᠢᠭᠦᠯᠲᠡ ᠢ ᠪᠤᠴᠠᠭᠠᠬᠤ ᠨᠤᠷᠮ᠎ᠠ᠂ ᠬᠣᠶᠠᠳᠤᠭᠠᠷ ᠰᠢᠭᠦᠯᠲᠡ ᠵᠢ ᠥᠭᠡᠷᠡᠴᠢᠯᠡᠬᠦ  ᠨᠤᠷᠮ᠎ᠠ ᠢ ᠴᠥᠮ ᠳᠡᠭᠡᠭᠰᠢᠯᠡᠭᠦᠯᠬᠦ ᠴᠢᠬᠤᠯᠠᠲᠠᠢ ᠪᠠᠢᠵᠤ᠂  ᠵᠠᠰᠠᠭ  ᠤᠨ ᠣᠷᠳᠤᠨ ᠤ ᠵᠠᠷᠭᠤ ᠢᠯᠠᠭᠳᠠᠭᠰᠠᠨ ᠨᠤᠷᠮ᠎ᠠ ᠨᠢ ᠪᠥᠬᠦ ᠣᠷᠤᠨ ᠤ ᠳᠡᠭᠰᠢᠳᠬᠡᠭᠰᠡᠨ ᠨᠤᠷᠮ᠎ᠠ ᠡᠴᠡ ᠳᠣᠣᠷ᠎ᠠ ᠪᠠᠢᠨ᠎ᠠ᠃ ᠡᠭᠦᠨ ᠡᠴᠡ ᠭᠠᠳᠠᠨ᠎ᠠ᠂ ᠰᠠᠢᠰᠢᠶᠠᠨ ᠬᠥᠬᠢᠭᠦᠯᠬᠦ᠂ ᠴᠠᠭᠠᠨ ᠬᠠᠪᠢᠰᠤᠲᠤ ᠪᠢᠴᠢᠭ᠌ ᠢ ᠮᠡᠳᠡᠭᠡᠯᠡᠨ ᠬᠦᠷᠭᠡᠬᠦ᠂ ᠪᠠᠢᠴᠠᠭᠠᠨ ᠰᠤᠳᠤᠯᠤᠯᠲᠠ ᠵᠢ ᠤᠬᠠᠭᠤᠯᠬᠤ᠂ ᠨᠢᠭᠡᠳᠦᠭᠡᠷ ᠰᠢᠭᠦᠯᠲᠡ ᠳᠤ ᠬᠡᠷᠡᠭ ᠢ ᠲᠡᠭᠦᠰᠭᠡᠬᠦ ᠨᠤᠷᠮ᠎ᠠ ᠵᠡᠷᠭᠡ ᠲᠠᠯ᠎ᠠ ᠪᠡᠷ ᠪᠤᠰᠤᠳ ᠠᠢᠮᠠᠭ ᠬᠣᠲᠠ ᠲᠠᠢ ᠪᠠᠰᠠ ᠵᠥᠷᠢᠶ᠎ᠡ ᠲᠠᠢ ᠪᠠᠢᠵᠤ᠂ ᠵᠠᠰᠠᠭ ᠵᠠᠬᠢᠷᠭᠠᠨ ᠤ ᠬᠡᠷᠡᠭ ᠤᠨ ᠰᠢᠭᠦᠯᠲᠡ ᠶᠢᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠢᠵᠤ᠂ ᠤᠯᠠᠨ ᠡᠰᠢᠵᠢᠭᠰᠡᠨ ᠵᠢᠭᠤᠷᠤᠯᠳᠤᠭᠠᠨ ᠢ ᠰᠢᠢᠳᠪᠦᠷᠢᠯᠡᠬᠦ ᠠᠷᠭ᠎ᠠ ᠶᠢᠨ ᠲᠠᠯ᠎ᠠ ᠪᠡᠷ ᠬᠠᠨᠤᠮᠵᠢᠲᠠᠢ ᠪᠢᠰᠢ᠃       

    ᠰᠢᠨ᠎ᠡ ᠬᠠᠤᠯᠢ ᠬᠡᠷᠡᠭᠵᠢᠭᠦᠯᠦᠭᠰᠡᠨ ᠡᠴᠡ ᠨᠠᠭᠠᠰᠢ᠂ ᠮᠠᠰᠢ ᠤᠯᠠᠨ ᠠᠰᠠᠭᠤᠳᠠᠯ ᠲᠡᠢᠮᠦ ᠲᠣᠳᠤᠷᠬᠠᠢ ᠪᠢᠰᠢ ᠪᠠᠢᠵᠤ᠂  ᠰᠢᠨ᠎ᠡ ᠪᠠᠢᠳᠠᠯ᠂ ᠰᠢᠨ᠎ᠡ ᠠᠰᠠᠭᠤᠳᠠᠯ ᠳᠠᠰᠤᠷᠠᠯᠲᠠ ᠦᠭᠡᠢ ᠭᠠᠷᠴᠤ᠂ ᠪᠥᠬᠦ ᠬᠣᠲᠠ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠠᠢ᠃ ᠰᠢᠭᠦᠨ ᠲᠠᠰᠤᠯᠠᠬᠤ ᠴᠢᠨᠠᠷ ᠴᠢᠨᠰᠠᠭ᠎ᠠ ᠵᠢ ᠰᠠᠢᠲᠤᠷ ᠪᠠᠷᠢᠬᠤ ᠨᠢ ᠤᠳᠤᠬᠠᠨ ᠤ ᠴᠢᠬᠤᠯᠠ ᠶᠠᠪᠤᠳᠠᠯ ᠪᠠᠢᠵᠤ᠂ ᠭᠡᠪᠡᠴᠦ ᠵᠠᠰᠠᠭ ᠵᠠᠬᠢᠷᠭᠠᠨ ᠤ ᠰᠢᠭᠦᠨ ᠲᠠᠰᠤᠯᠠᠯᠲᠠ ᠵᠢ ᠤᠷᠲᠤ ᠬᠤᠭᠤᠴᠠᠭᠠᠨ ᠤ ᠬᠥᠭᠵᠢᠯᠲᠡ ᠵᠢ ᠤᠯᠬᠤ ᠭᠡᠪᠡᠯ ᠪᠤᠰᠤᠳ ᠲᠠᠯ᠎ᠠ  ᠢ ᠴᠤ ᠤᠮᠳᠠᠭᠠᠢᠯᠠᠵᠤ ᠪᠣᠯᠬᠤ ᠦᠭᠡᠢ ᠪᠠᠢᠵᠤ᠂ ᠨᠠᠮ ᠤᠨ ᠪᠠᠢᠭᠤᠯᠤᠯᠲᠠ᠂ ᠡᠩᠨᠡᠭᠡᠨ ᠤ ᠪᠠᠢᠭᠤᠯᠤᠯᠲᠠ᠂ ᠬᠠᠤᠯᠢ ᠬᠡᠷᠡᠭᠵᠢᠭᠦᠯᠬᠦ ᠣᠷᠴᠢᠨ᠂ ᠪᠠᠢᠴᠠᠭᠠᠨ ᠰᠤᠳᠤᠯᠠᠯᠲᠠ ᠵᠢ ᠤᠬᠠᠭᠤᠯᠬᠤ ᠵᠡᠷᠭᠡ ᠠᠯᠢ ᠨᠢᠭᠡ ᠨᠢ ᠳᠤᠲᠠᠭᠰᠠᠨ ᠴᠤ ᠪᠣᠯᠬᠤ ᠦᠭᠡᠢ᠃ ᠡᠭᠦᠨ ᠡᠴᠡ ᠰᠡᠭᠦᠯᠡᠷ᠂ ᠪᠥᠬᠦ ᠲᠠᠯ᠎ᠠ ᠵᠢ ᠪᠤᠲᠤᠯᠬᠢᠯᠠᠨ᠂ ᠬᠣᠷᠢᠶᠠᠨ ᠤ ᠳᠣᠲᠤᠷᠠᠬᠢ ᠶᠢᠨ ᠰᠢᠯᠭᠠᠯᠲᠠ ᠪᠣᠯᠤᠨ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠰᠳᠠᠭᠠᠨ ᠰᠢᠯᠭᠠᠯᠲᠠ ᠶᠢᠨ ᠳᠤᠮᠳᠠᠬᠢ ᠵᠥᠷᠢᠶ᠎ᠡ ᠵᠢ ᠡᠷᠢᠵᠦ᠂ ᠬᠤᠪᠢ ᠶᠢᠨ ᠬᠦᠷᠦᠯᠴᠡᠬᠦ ᠦᠭᠡᠢ ᠲᠠᠯ᠎ᠠ ᠪᠡᠨ ᠣᠯᠵᠤ᠂ ᠬᠦᠷᠦᠯᠴᠡᠬᠦ ᠦᠭᠡᠢ ᠲᠠᠯ᠎ᠠ ᠪᠡᠨ ᠨᠥᠬᠦᠪᠦᠷᠢᠯᠡᠵᠦ᠂ ᠦᠨᠳᠦᠰᠦᠨ ᠱᠠᠲᠤᠨ ᠤ ᠰᠢᠭᠦᠬᠦ ᠬᠤᠷᠢᠶ᠎ᠠ ᠲᠠᠢ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠬᠦᠴᠦ ᠪᠡᠨ ᠬᠠᠮᠳᠤᠳᠬᠠᠨ᠂2017  ᠤᠨ ᠳᠤ ᠪᠥᠬᠦ ᠬᠣᠲᠠ ᠶᠢᠨ ᠰᠢᠭᠦᠬᠦ ᠬᠣᠷᠢᠶᠠᠨ ᠤ ᠵᠠᠰᠠᠭ ᠵᠠᠬᠢᠷᠭᠠᠨ ᠤ ᠰᠢᠭᠦᠨ ᠳᠠᠰᠤᠯᠠᠯᠲᠠ ᠶᠢᠨ ᠠᠵᠢᠯ ᠢ ᠤᠯᠠᠮ ᠨᠢᠭᠡ ᠥᠨᠳᠦᠷ ᠱᠠᠲᠤᠨ ᠳᠤ ᠭᠠᠷᠭᠠᠬᠤ ᠪᠡᠷ ᠴᠢᠷᠮᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )