____ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠲᠣᠨᠤᠭᠯᠠᠯ ᠤᠨ ᠠᠯᠪᠠᠨ ᠭᠡᠷ ᠡᠴᠡ ᠡᠷᠲᠡ ᠶᠢᠨ ᠬᠤᠷᠠᠯ ᠬᠤᠷᠠᠯᠳᠤᠪᠠ
ᠵᠣᠬᠢᠶᠠᠭᠴᠢ᠄ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠲᠣᠨᠤᠭᠯᠠᠯ ᠤᠨ ᠠᠯᠪᠠᠨ ᠭᠡᠷ
2017 ᠤᠨ ᠤ3 ᠰᠠᠷ᠎ᠠ ᠶᠢᠨ16 ᠤ ᠡᠳᠦᠷ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠲᠣᠨᠤᠭᠯᠠᠯ ᠤᠨ ᠠᠯᠪᠠᠨ ᠭᠡᠷ ᠡᠷᠲᠡ ᠶᠢᠨ ᠬᠤᠷᠠᠯ ᠬᠤᠷᠠᠯᠳᠤᠵᠤ᠂ ᠵᠢᠨ ᠬᠠᠢ ᠡᠷᠬᠢᠯᠡᠭᠴᠢ ᠡᠴᠡ ᠬᠠᠤᠯᠢ ᠬᠡᠷᠡᠭᠵᠢᠭᠦᠯᠦᠯᠲᠡ ᠶᠢᠨ ᠲᠣᠨᠤᠭᠯᠠᠯ ᠤᠨ ᠬᠠᠮᠢᠶᠠᠷᠤᠯᠲᠠ ᠶᠢᠨ ᠠᠯᠪᠠᠨ ᠭᠡᠷ ᠤᠨ ᠪᠥᠬᠦ ᠺᠠᠲᠠᠷ ᠴᠠᠭᠳᠠᠭ᠎ᠠ ᠵᠢ ᠳᠠᠭᠠᠭᠤᠯᠤᠨ ᠯᠢ ᠬᠣᠩ ᠶᠠᠨ ᠬᠣᠷᠢᠶᠠᠨ ᠳᠠᠷᠤᠭ᠎ᠠ ᠶᠢᠨ2017 ᠤᠨ ᠤ ᠪᠥᠬᠦ ᠬᠣᠲᠠ ᠶᠢᠨ ᠰᠢᠭᠦᠬᠦ ᠬᠣᠷᠢᠶᠠᠨ ᠤ ᠬᠣᠷᠢᠶᠠᠨ ᠳᠠᠷᠤᠭ᠎ᠠ ᠨᠠᠷ ᠤᠨ ᠬᠤᠷᠠᠯ ᠳᠡᠭᠡᠷ᠎ᠡ ᠴᠢᠬᠤᠯᠠ ᠶᠠᠷᠢᠶ᠎ᠠ ᠬᠢᠭᠡᠳ ᠭᠦ᠋ ᠴᠢᠩ ᠴᠢᠶᠤᠸᠠᠨ ᠳᠤᠭᠤᠢᠯᠠᠩ ᠤᠨ ᠳᠠᠷᠤᠭ᠎ᠠ ᠶᠢᠨ ᠪᠥᠬᠦ ᠬᠣᠲᠠ ᠶᠢᠨ ᠰᠢᠭᠦᠬᠦ ᠬᠣᠷᠢᠶᠠᠨ ᠤ ᠨᠠᠮ ᠤᠨ ᠰᠤᠷᠲᠠᠯ ᠤᠨ ᠪᠠᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢ ᠰᠤᠷᠤᠯᠴᠠᠪᠠ᠃
ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠲᠣᠨᠤᠭᠯᠠᠯ ᠤᠨ ᠠᠯᠪᠠᠨ ᠭᠡᠷ ᠨᠢ ᠲᠡᠷᠭᠡ ᠬᠥᠰᠭᠡ᠂ ᠡᠳ᠋ ᠤᠨ ᠵᠠᠰᠠᠭ᠂ ᠠᠷᠤ ᠲᠠᠯ᠎ᠠ ᠶᠢᠨ ᠪᠠᠲᠤᠯᠠᠭ᠎ᠠ ᠵᠡᠷᠭᠡ ᠠᠵᠢᠯ ᠢ ᠬᠤᠪᠢᠳᠠᠨ ᠬᠠᠮᠢᠶᠠᠷᠴᠤ᠂ ᠰᠢᠭᠦᠬᠦ ᠬᠣᠷᠢᠶᠠᠨ ᠤ ᠰᠢᠭᠦᠨ ᠳᠠᠰᠤᠯᠠᠬᠤ ᠠᠵᠢᠯ ᠤᠨ ᠪᠠᠲᠤᠲᠠᠢ ᠠᠷᠤ ᠲᠠᠯ᠎ᠠ ᠶᠢᠨ ᠳᠥᠰᠢᠭ᠃2017 ᠤᠨ ᠳᠤ᠂ ᠲᠣᠨᠤᠭᠯᠠᠯ ᠤᠨ ᠭᠠᠵᠠᠷ ᠨᠢ ᠲᠡᠷᠭᠡᠨ ᠡᠩᠨᠡᠭᠡᠨ ᠤ ᠬᠠᠮᠢᠶᠠᠷᠤᠯᠲᠠ ᠶᠢᠨ ᠬᠦᠴᠦᠨ ᠢᠶᠡᠨ ᠤᠯᠠᠮ ᠨᠢᠭᠡ ᠠᠯᠬᠤᠮ ᠴᠢᠩᠭᠠᠳᠭᠠᠵᠤ᠂ ᠠᠵᠢᠯ ᠤ ᠪᠠᠢᠷᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠢᠳᠠᠪᠤᠷᠢᠵᠢᠭᠤᠯᠵᠤ᠂ ᠲᠡᠷᠭᠡᠨ ᠡᠩᠨᠡᠭᠡᠨ ᠤ ᠬᠠᠮᠢᠶᠠᠷᠤᠯᠲᠠ ᠶᠢᠨ ᠠᠵᠢᠯ ᠤᠨ ᠬᠤᠪᠢᠶᠠᠷᠢᠯᠠᠯ ᠪᠣᠯᠤᠨ ᠬᠠᠮᠲᠤᠷᠠᠯᠴᠠᠭ᠎ᠠ ᠵᠢ ᠲᠡᠭᠦᠯᠳᠡᠷᠵᠢᠭᠦᠯᠵᠦ᠂ ᠡᠭᠦᠨ ᠤ ᠵᠡᠷᠭᠡᠪᠡᠷ ᠪᠥᠬᠦ ᠵᠢᠯᠤᠭᠤᠴᠢ ᠶᠢᠨ ᠠᠮᠤᠷ ᠳᠥᠪᠰᠢᠨ ᠤ ᠪᠣᠯᠪᠠᠰᠤᠷᠠᠯ ᠢ ᠴᠢᠩᠭᠠᠳᠭᠠᠨ᠎ᠠ᠃ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠠᠯ᠎ᠠ ᠡᠴᠡ ᠡᠯ᠎ᠡ ᠲᠥᠷᠦᠯ ᠤᠨ ᠡᠳ᠋ ᠤᠨ ᠵᠠᠰᠠᠭ ᠤᠨ ᠬᠠᠤᠯᠢ ᠳᠦᠷᠢᠮ ᠵᠢᠴᠢ ᠡᠳ᠋ ᠤᠨ ᠵᠠᠰᠠᠭ ᠤᠨ ᠠᠵᠢᠯ ᠤ ᠳᠦᠷᠢᠮ ᠢ ᠴᠢᠩᠭ᠎ᠠ ᠵᠢᠷᠤᠮᠯᠠᠵᠤ᠂ ᠡᠳᠦᠷ ᠲᠤᠳᠤᠮ ᠤᠨ ᠡᠳ᠋ ᠤᠨ ᠶᠠᠪᠤᠳᠠᠯ ᠢ ᠰᠠᠢᠲᠤᠷ ᠬᠢᠨ᠎ᠡ᠃ ᠠᠷᠤ ᠲᠠᠯ᠎ᠠ ᠶᠢᠨ ᠪᠠᠲᠤᠯᠠᠭ᠎ᠠ ᠶᠢᠨ ᠲᠠᠯ᠎ᠠ ᠪᠡᠷ ᠦᠢᠯᠡᠴᠢᠯᠡᠭᠡᠨ ᠤ ᠪᠠᠲᠤᠯᠠᠭ᠎ᠠ ᠵᠢ ᠦᠷᠭᠦᠯᠵᠢᠯᠡᠨ ᠴᠢᠩᠭᠠᠳᠭᠠᠵᠤ᠂ ᠡᠯ᠎ᠡ ᠲᠥᠷᠦᠯ ᠤᠨ ᠠᠵᠢᠯ ᠢᠶᠡᠨ ᠳᠠᠰᠤᠷᠠᠯᠲᠠ ᠦᠭᠡᠢ ᠲᠡᠭᠦᠯᠳᠡᠷᠵᠢᠭᠦᠯᠵᠦ᠂《 ᠠᠵᠢᠯᠠᠯᠭᠠᠨ ᠨᠢ ᠡᠮᠬᠢ ᠵᠢᠷᠤᠮ ᠲᠠᠢ᠂ ᠵᠣᠬᠢᠴᠠᠭᠤᠯᠭ᠎ᠠ ᠨᠢ ᠬᠦᠴᠦᠲᠠᠢ᠂ ᠭᠦᠢᠴᠡᠳᠬᠡᠬᠦ ᠨᠢ ᠪᠥᠲᠦᠮᠵᠢᠲᠠᠢ᠂ ᠦᠢᠯᠡᠴᠢᠯᠡᠭᠡ ᠨᠢ ᠰᠠᠢᠨ》 ᠠᠵᠢᠯ ᠤᠨ ᠬᠠᠷᠠᠯᠲᠡ ᠪᠡᠨ ᠪᠠᠷᠢᠮᠲᠠᠯᠠᠵᠤ᠂ ᠵᠢᠷᠭᠤᠭᠠᠨ ᠲᠥᠷᠦᠯ ᠤᠨ ᠠᠷᠭ᠎ᠠ ᠠᠪᠴᠢᠯ ᠢ ᠠᠪᠴᠤ ᠰᠢᠭᠦᠬᠦ ᠳᠤ ᠦᠢᠯᠡᠴᠢᠯᠡᠨ᠂ ᠰᠠᠯᠠᠭ᠎ᠠ ᠮᠥᠴᠢᠷ ᠲᠤ ᠦᠢᠯᠡᠴᠢᠯᠡᠨ᠂ ᠺᠠᠲᠠᠷ ᠴᠠᠭᠳᠠᠭ᠎ᠠ ᠳ᠋ᠤ ᠦᠢᠯᠡᠴᠢᠯᠡᠨ᠎ᠡ᠃
ᠵᠢᠨ ᠬᠠᠢ ᠡᠷᠬᠢᠯᠡᠭᠴᠢ ᠡᠴᠡ ᠡᠷᠲᠡ ᠶᠢᠨ ᠬᠤᠷᠠᠯ ᠳᠡᠭᠡᠷᠡᠴᠢᠩᠭᠠᠳᠬᠠᠬᠤ ᠳᠤ ᠪᠡᠨ᠂ ᠰᠢᠨ᠎ᠡ ᠣᠷᠴᠢᠨ ᠠᠬᠤᠢ ᠳᠣᠣᠷ᠎ᠠ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠤ ᠲᠣᠨᠤᠭᠯᠠᠯ ᠤᠨ ᠠᠵᠢᠯ ᠢ ᠰᠠᠢᠲᠤᠷ ᠬᠢᠬᠦ ᠳᠤ ᠤᠷᠢᠳᠠᠪᠡᠷ ᠦᠵᠡᠯ ᠰᠠᠨᠠᠭᠠᠨ ᠤ ᠣᠢᠯᠭᠠᠭᠳᠠᠬᠤᠨ ᠢᠶᠡᠨ ᠥᠭᠡᠷᠡᠴᠢᠯᠡᠵᠦ᠂ ᠦᠢᠯᠡᠴᠢᠯᠡᠭᠡᠨ ᠤ ᠤᠬᠠᠮᠰᠠᠷ ᠢᠶᠡᠨ ᠳᠡᠭᠡᠭᠰᠢᠯᠡᠭᠦᠯᠦᠨ᠎ᠡ᠃ ᠰᠢᠨ᠎ᠡ ᠪᠠᠢᠳᠠᠯ ᠳᠣᠣᠷ᠎ᠠ ᠠᠷᠠᠳ ᠤᠨ ᠰᠢᠭᠦᠬᠦ ᠬᠣᠷᠢᠶᠠᠨ ᠤ ᠡᠯ᠎ᠡ ᠲᠥᠷᠦᠯ ᠤᠨ ᠠᠵᠢᠯ ᠤᠨ ᠰᠢᠰᠲ᠋ᠧᠮᠵᠢᠭᠰᠡᠨ ᠬᠡᠮᠵᠢᠶ᠎ᠡ ᠶᠠᠪᠤᠬᠤ ᠲᠤᠳᠤᠮ ᠥᠨᠳᠦᠷ ᠪᠣᠯᠵᠤ᠂ ᠭᠦᠢᠴᠡᠳᠬᠡᠬᠦ ᠠᠵᠢᠯ ᠶᠠᠪᠤᠬᠤ ᠳᠣᠳᠤᠮ ᠬᠦᠨᠳᠦ ᠪᠣᠯᠵᠤ᠂ ᠬᠠᠷᠠᠭᠠᠯᠵᠠᠭᠰᠠᠨ ᠦᠢᠯᠡᠴᠢᠯᠡᠭᠡᠨ ᠤ ᠱᠠᠭᠠᠷᠳᠠᠯᠭ᠎ᠠ ᠴᠦ ᠳᠡᠭᠡᠭᠰᠢᠯᠡᠵᠦ᠂ ᠲᠣᠨᠤᠭᠯᠠᠯ ᠤᠨ ᠬᠠᠮᠢᠶᠠᠷᠤᠯᠲᠠ ᠶᠢᠨ ᠡᠩᠨᠡᠭᠡ ᠵᠠᠪᠠᠯ ᠴᠠᠭ ᠲᠠᠢ ᠬᠠᠮᠲᠤ ᠳᠠᠪᠰᠢᠵᠤ᠂ ᠦᠵᠡᠯ ᠰᠠᠨᠠᠭᠠᠨ ᠤ ᠣᠢᠯᠭᠠᠭᠳᠠᠬᠤᠨ ᠢᠶᠡᠨ ᠥᠭᠡᠷᠡᠴᠢᠯᠡᠵᠦ᠂ ᠦᠢᠯᠡᠴᠢᠯᠡᠭᠡᠨ ᠤ ᠤᠬᠠᠮᠰᠠᠷ ᠢᠶᠡᠨ ᠴᠢᠩᠭᠠᠳᠭᠠᠵᠤ᠂ ᠰᠢᠨ᠎ᠡ ᠰᠡᠳᠬᠢᠴᠡ ᠶᠢᠨ ᠬᠡᠯᠪᠡᠷᠢ ᠪᠡᠷ ᠠᠷᠤ ᠲᠠᠯ᠎ᠠ ᠶᠢᠨ ᠠᠵᠢᠯ ᠤᠨ ᠰᠢᠨ᠎ᠡ ᠣᠷᠴᠢᠨ ᠠᠬᠤᠢ ᠳᠣᠣᠷ᠎ᠠ ᠭᠠᠷᠤᠭᠰᠠᠨ ᠰᠢᠨ᠎ᠡ ᠪᠠᠢᠳᠠᠯ ᠪᠠ ᠰᠢᠨ᠎ᠡ ᠠᠰᠠᠭᠤᠳᠠᠯ ᠢ ᠰᠣᠳᠤᠯᠠᠬᠤ ᠪᠤᠶᠤ ᠰᠢᠢᠳᠪᠦᠷᠢᠯᠡᠨ᠎ᠡ᠃ ᠳᠠᠷᠠᠭ᠎ᠠ ᠨᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠭᠠᠵᠤ᠂ ᠠᠵᠢᠯ ᠤᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠠᠷᠠᠳ ᠤᠨ ᠰᠢᠭᠦᠬᠦ ᠬᠣᠷᠢᠶᠠᠨ ᠤ ᠠᠷᠤ ᠲᠠᠯ᠎ᠠ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠪᠴᠢᠶᠡᠨ ᠳᠤ ᠰᠢᠨ᠎ᠡ ᠮᠡᠷᠭᠡᠵᠢᠯ᠂ ᠰᠢᠨ᠎ᠡ ᠳᠥᠬᠦᠭᠡᠷᠡᠮᠵᠢ ᠵᠢ ᠥᠷᠭᠡᠨ ᠢᠶᠡᠷ ᠬᠡᠷᠡᠭᠯᠡᠬᠦ ᠵᠢ ᠳᠠᠭᠠᠯᠳᠤᠨ᠂ ᠮᠡᠳᠡᠭᠡ ᠵᠠᠩᠬᠢᠵᠢᠭᠰᠠᠨ᠂ ᠰᠦᠯᠵᠢᠶᠡᠵᠢᠭᠰᠡᠨ ᠬᠠᠮᠢᠶᠠᠷᠤᠯᠲᠠ ᠶᠢᠨ ᠬᠡᠯᠪᠡᠷᠢ ᠨᠢ ᠡᠳᠦᠷ ᠲᠤᠳᠤᠮ ᠤᠨ ᠠᠵᠢᠯ ᠳᠤᠮᠳᠠ ᠶᠠᠪᠤᠬᠤ ᠲᠤᠳᠤᠮ ᠤᠯᠠᠨ ᠬᠡᠷᠡᠭᠯᠡᠭᠳᠡᠵᠦ᠂ ᠡᠨᠡ ᠨᠢ ᠠᠷᠤ ᠲᠠᠯ᠎ᠠ ᠶᠢᠨ ᠬᠠᠮᠢᠶᠠᠷᠤᠯᠲᠠ ᠶᠢᠨ ᠠᠵᠢᠯ ᠪᠣᠯᠤᠨ ᠦᠢᠯᠡᠴᠢᠯᠡᠭᠡ ᠳᠤ ᠰᠢᠨ᠎ᠡ ᠥᠷᠢᠰᠦᠯᠳᠤᠭᠡᠨ ᠢ ᠠᠪᠴᠢᠷᠠᠨ ᠥᠭᠪᠡ᠃ ᠡᠢᠮᠦ ᠡᠴᠡ ᠡᠷᠬᠡᠪᠢᠰᠢ ᠠᠷᠤ ᠲᠠᠯ᠎ᠠ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠡᠩᠨᠡᠭᠡᠨ ᠤ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠵᠦ᠂ ᠬᠠᠮᠢᠶᠠᠲᠠᠢ ᠠᠵᠢᠯ ᠤᠨ ᠪᠣᠯᠪᠠᠰᠤᠷᠠᠯ᠂ ᠠᠵᠢᠯ ᠤᠨ ᠪᠠᠢᠷᠢ ᠶᠢᠨ ᠪᠣᠯᠪᠠᠰᠤᠷᠠᠯ ᠢ ᠴᠢᠩᠭᠠᠳᠭᠠᠵᠤ᠂ ᠣᠳᠣ ᠶᠢᠨ ᠪᠠᠢᠭ᠎ᠠ ᠬᠥᠮᠦᠨ ᠤ ᠬᠦᠴᠦᠨ ᠢ ᠵᠣᠬᠢᠰᠲᠠᠢ ᠬᠡᠷᠡᠭᠯᠡᠨ᠂ ᠬᠠᠨᠳᠤᠯᠭᠠᠲᠤ ᠴᠢᠨᠠᠷᠲᠠᠢ ᠪᠣᠯᠪᠠᠰᠤᠷᠠᠯ ᠪᠠ ᠰᠤᠷᠤᠯᠴᠠᠯᠭ᠎ᠠ ᠪᠡᠷ ᠳᠠᠮᠵᠢᠭᠤᠯᠵᠤ᠂ ᠲᠤᠰᠭᠠᠢ ᠠᠵᠢᠯ ᠤᠨ ᠪᠠᠢᠷᠢ ᠪᠣᠯᠤᠨ ᠴᠢᠬᠤᠯᠠ ᠰᠠᠯᠠᠭ᠎ᠠ ᠮᠥᠴᠢᠷ ᠤᠨ ᠬᠥᠮᠦᠨ ᠤ ᠠᠵᠢᠯ ᠤᠨ ᠬᠡᠪ ᠴᠢᠨᠠᠷ ᠢ ᠦᠳᠲᠡᠷ ᠲᠦᠷᠭᠡᠨ ᠢᠶᠡᠷ ᠳᠡᠭᠡᠭᠰᠢᠯᠡᠭᠦᠯᠵᠦ᠂ ᠲᠤᠰ ᠠᠵᠢᠯ ᠤᠨ ᠪᠠᠢᠷᠢ ᠶᠢᠨ ᠴᠢᠳᠠᠮᠵᠢ ᠵᠢ ᠪᠣᠯᠪᠠᠰᠤᠷᠠᠩᠭᠤᠢ ᠡᠵᠡᠮᠰᠢᠵᠦ᠂ ᠡᠭᠦᠨ ᠢᠶᠡᠷ ᠳᠠᠮᠵᠢᠭᠤᠯᠤᠨ ᠬᠠᠮᠢᠶᠠᠷᠤᠯᠲᠠ ᠶᠢᠨ ᠬᠢᠷᠢ ᠳᠥᠪᠰᠢᠨ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ ᠤᠬᠠᠮᠰᠠᠷ ᠡᠴᠡ ᠪᠡᠨ ᠰᠤᠷᠤᠯᠴᠠᠬᠤ ᠵᠢ ᠴᠢᠩᠭᠠᠳᠭᠠᠵᠤ᠂ ᠶᠡᠷᠦᠩᠬᠡᠢᠯᠡᠭᠰᠡᠨ ᠬᠡᠪ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠴᠠᠭ ᠡᠷᠡᠨ ᠳᠤ᠂ ᠠᠷᠠᠳ ᠤᠨ ᠰᠢᠭᠦᠬᠦ ᠬᠣᠷᠢᠶᠠᠨ ᠤ ᠰᠠᠭᠤᠷᠢ ᠳᠥᠬᠦᠭᠡᠷᠡᠮᠵᠢ ᠶᠢᠨ ᠪᠦᠲᠦᠭᠡᠨ ᠪᠠᠢᠭᠤᠯᠠᠯᠲᠠ ᠶᠢᠨ ᠶᠠᠪᠤᠴᠠ ᠨᠢ ᠲᠤᠩ ᠲᠦᠷᠭᠡᠨ ᠪᠠᠢᠵᠤ᠂ ᠣᠨᠴᠠᠭᠠᠢᠯᠠᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠶᠢᠨ ᠬᠥᠭᠵᠢᠯᠲᠡ ᠦᠳᠲᠡᠷ ᠲᠦᠷᠭᠡᠨ ᠪᠠᠢᠵᠤ᠂ ᠰᠢᠨ᠎ᠡ ᠪᠡᠯᠡᠳᠭᠡᠮᠵᠢ᠂ ᠰᠢᠨ᠎ᠡ ᠳᠥᠬᠦᠭᠡᠷᠡᠮᠵᠢ ᠶᠢᠨ ᠠᠵᠢᠯᠠᠯᠭᠠᠨ ᠤ ᠬᠠᠮᠢᠶᠠᠷᠤᠯᠲᠠ ᠶᠢᠨ ᠱᠠᠭᠠᠷᠳᠠᠯᠭ᠎ᠠ ᠨᠢ ᠬᠠᠷᠢᠴᠠᠩᠭᠤᠢ ᠥᠨᠳᠦᠷ ᠪᠠᠢᠵᠤ᠂ ᠲᠣᠨᠤᠭᠯᠠᠯ ᠤᠨ ᠬᠠᠮᠢᠶᠠᠷᠤᠯᠲᠠ ᠶᠢᠨ ᠬᠥᠮᠦᠰ ᠡᠷᠬᠡᠪᠢᠰᠢ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠢᠶᠡᠷ ᠰᠠᠢᠲᠤᠷ ᠬᠢᠬᠦ ᠶᠢᠨ ᠬᠠᠮᠲᠤ᠂ ᠥᠪᠡᠷ ᠤᠨ ᠪᠡᠶ᠎ᠡ ᠶᠢᠨ ᠰᠤᠷᠤᠯᠴᠠᠯᠭ᠎ᠠ ᠪᠠ ᠳᠠᠪᠰᠢᠯᠲᠠ ᠪᠡᠨ ᠴᠢᠬᠤᠯᠠᠴᠢᠯᠠᠨ ᠦᠵᠡᠵᠦ᠂ ᠰᠢᠨ᠎ᠡ ᠲᠣᠨᠤᠭᠯᠠᠯ ᠤᠨ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠳᠤ ᠵᠣᠬᠢᠴᠠᠵᠤ᠂ ᠦᠢᠯᠡᠴᠢᠯᠡᠭᠡ ᠪᠠ ᠪᠠᠲᠤᠯᠠᠭᠠᠨ ᠤ ᠴᠢᠳᠠᠮᠵᠢ ᠪᠡᠨ ᠨᠡᠩ ᠰᠠᠢᠨ ᠳᠡᠭᠡᠭᠰᠢᠯᠡᠭᠦᠯᠵᠦ᠂ ᠲᠣᠨᠤᠭᠯᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠠᠵᠢᠯ ᠤᠨ ᠨᠡᠩ ᠥᠨᠳᠦᠷ ᠳᠥᠪᠰᠢᠨ ᠳᠤ ᠭᠠᠷᠭᠠᠨ᠎ᠠ᠃
ᠦᠨᠡᠯᠡᠬᠦ 0ᠦᠨᠡᠯᠡᠯᠲᠡ ᠲᠠᠢ