ᠦᠦᠰᠢᠨ ᠬᠣᠰᠢᠭᠤᠨ ᠤ ᠰᠢᠭᠦᠬᠦ ᠬᠣᠷᠢᠶᠠᠨ ᠡᠴᠡ2017 ᠤᠨ ᠤ ᠪᠥᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠬᠢᠭᠡᠳ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠪᠠ
ᠵᠣᠬᠢᠶᠠᠭᠴᠢ᠄ ᠥᠰᠢᠨ ᠬᠣᠰᠢᠭᠤᠨ ᠤ ᠰᠢᠭᠦᠬᠦ ᠬᠣᠷᠢᠶᠠᠨ ᠤ ᠼᠤᠤ ᠵᠢᠶᠸ
2017 ᠤᠨ ᠤ3 ᠰᠠᠷ᠎ᠠ ᠶᠢᠨ17 ᠤ ᠦᠳᠡ ᠶᠢᠨ ᠡᠮᠦᠨ᠎ᠡ᠂ ᠦᠦᠰᠢᠨ ᠬᠣᠰᠢᠭᠤᠨ ᠤ ᠰᠢᠭᠦᠬᠦ ᠬᠣᠷᠢᠶᠠᠨ ᠡᠴᠡ ᠨᠠᠮ ᠤᠨ ᠳᠤᠭᠤᠢᠯᠠᠩ ᠤᠨ ᠥᠷᠭᠡᠳᠭᠡᠭᠰᠡᠨ ᠬᠤᠷᠠᠯ ᠬᠤᠷᠠᠯᠳᠤᠵᠤ᠂2017 ᠤᠨ ᠤ ᠪᠥᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠬᠢᠭᠡᠳ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠵᠤ᠂ ᠪᠥᠬᠦ ᠨᠠᠮ ᠤᠨ ᠬᠡᠰᠢᠭᠦᠳ ᠵᠢᠴᠢ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠡᠴᠡ ᠬᠤᠷᠠᠯ ᠳᠤ ᠣᠷᠤᠯᠴᠠᠪᠠ᠃
ᠬᠤᠷᠠᠯ ᠳᠡᠭᠡᠷ᠎ᠡ᠂ ᠰᠦᠨ ᠰᠢᠶᠣᠣ ᠴᠢᠶᠠᠩ ᠬᠣᠷᠢᠶᠠᠨ ᠳᠠᠷᠤᠭ᠎ᠠ ᠬᠣᠲᠠ ᠶᠢᠨ ᠰᠢᠭᠦᠬᠦ ᠬᠣᠷᠢᠶᠠᠨ ᠤ ᠯᠢ ᠶᠠᠨ ᠬᠣᠩ ᠬᠣᠷᠢᠶᠠᠨ ᠳᠠᠷᠤᠭ᠎ᠠ ᠪᠣᠯᠤᠨ ᠭᠦ᠋ ᠴᠢᠩ ᠴᠢᠶᠤᠸᠠᠨ ᠳᠤᠭᠤᠢᠯᠠᠩ ᠤᠨ ᠳᠠᠷᠤᠭ᠎ᠠ ᠤᠨ2017 ᠤᠨ ᠤ ᠪᠥᠬᠦ ᠬᠤᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯᠳᠤᠭᠠᠨ ᠵᠢᠴᠢ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢ ᠳᠠᠮᠵᠢᠭᠤᠯᠵᠤ᠂ ᠡᠯ᠎ᠡ ᠰᠠᠯᠠᠭ᠎ᠠ ᠮᠥᠴᠢᠷ ᠲᠤ ᠶᠠᠷᠢᠶᠠᠨ ᠤ ᠠᠭᠤᠯᠭ᠎ᠠ ᠵᠢ ᠬᠢᠨᠠᠮᠠᠭᠠᠢ ᠰᠤᠷᠤᠯᠴᠠᠬᠤ ᠵᠢ ᠱᠠᠭᠠᠷᠲᠠᠵᠤ᠂ ᠮᠠᠨ ᠤ ᠬᠣᠷᠢᠶᠠᠨ ᠤ ᠠᠵᠢᠯ ᠤᠨ ᠪᠤᠲᠠᠲᠠᠢ ᠲᠠᠢ ᠤᠶᠠᠯᠳᠤᠭᠤᠯᠵᠤ᠂ ᠠᠰᠠᠭᠤᠳᠠᠯ ᠤᠨ ᠬᠦᠷᠦᠯᠴᠡᠬᠦ ᠦᠭᠡᠢ ᠲᠠᠯ᠎ᠠ ᠵᠢ ᠡᠷᠢᠵᠦ᠂ ᠠᠵᠢᠯ ᠤᠨ ᠬᠢᠷᠢ ᠳᠥᠪᠰᠢᠨ ᠢᠶᠡᠨ ᠳᠡᠭᠡᠭᠰᠢᠯᠡᠭᠦᠯᠵᠦ᠂ ᠵᠢᠷᠭᠤᠭᠠᠨ ᠲᠠᠯ᠎ᠠ ᠶᠢᠨ ᠠᠵᠢᠯ ᠢ ᠰᠠᠢᠲᠦᠷ ᠬᠢᠬᠦ ᠬᠡᠷᠡᠭᠲᠠᠢ᠄ ᠨᠢᠭᠡ ᠲᠤ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠠᠵᠢᠯ ᠤᠨ ᠱᠠᠭᠠᠷᠲᠠᠯᠭ᠎ᠠ ᠲᠠᠢ ᠨᠡᠢᠴᠡᠭᠦᠯᠦᠨ᠂ ᠲᠤᠰ ᠰᠠᠯᠠᠭ᠎ᠠ ᠮᠥᠴᠢᠷ ᠤᠨ2017 ᠤᠨ ᠤ ᠠᠵᠢᠯ ᠤᠨ ᠳᠤᠬᠢᠷᠠᠭᠤᠯᠤᠯ ᠪᠠ ᠠᠵᠢᠯ ᠤᠨ ᠴᠢᠬᠤᠯᠠ ᠵᠦᠢᠯ ᠢ ᠲᠠᠭᠦᠯᠳᠡᠷᠵᠢᠭᠦᠯᠵᠦ᠂ ᠠᠵᠢᠯ ᠤᠨ ᠴᠢᠭᠯᠡᠯ ᠢᠶᠡᠨ ᠯᠠᠪᠳᠠᠭᠤᠨ ᠪᠠᠷᠢᠨ᠎ᠠ᠃ ᠬᠤᠶᠠᠷ ᠲᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠢ ᠴᠢᠩᠭ᠎ᠠ ᠪᠠᠷᠢᠵᠤ᠂ ᠬᠡᠷᠡᠭ ᠢ ᠰᠢᠭᠦᠨ ᠰᠢᠢᠳᠪᠦᠷᠢᠯᠡᠬᠦ ᠶᠠᠰᠤ ᠴᠢᠨᠠᠷ ᠢᠶᠡᠨ ᠳᠡᠭᠡᠭᠰᠢᠯᠡᠭᠦᠯᠦᠨ᠎ᠡ᠃ ᠭᠤᠷᠪᠠ ᠳᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠪᠡᠯᠡᠳᠭᠡᠯ ᠠᠵᠢᠯ ᠢ ᠰᠠᠢᠲᠤᠷ ᠬᠢᠵᠦ᠂ ᠬᠠᠮᠢᠶ᠎ᠠ ᠪᠥᠬᠦᠢ ᠢᠵᠢ ᠪᠦᠷᠢᠳᠦᠭᠰᠡᠨ ᠳᠦᠷᠢᠮᠵᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠺᠠᠲᠠᠷ ᠴᠠᠭᠳᠠᠭᠠᠨ ᠤ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠢ ᠢᠳᠡᠪᠬᠢᠲᠠᠢ ᠰᠠᠢᠲᠤᠷ ᠬᠢᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠲᠦᠷᠢᠮ ᠳᠤ ᠰᠠᠢᠨ ᠰᠠᠢᠬᠠᠨ ᠠᠭᠤᠷ ᠠᠮᠢᠰᠭᠤᠯ ᠲᠠᠢ ᠣᠷᠴᠢᠨ ᠲᠣᠭᠤᠷᠢᠨ ᠢ ᠪᠤᠢ ᠪᠣᠯᠭᠠᠨ᠎ᠠ᠃ ᠳᠥᠷᠪᠡ ᠨᠢ ᠭᠦᠢᠴᠡᠳᠬᠡᠬᠦ ᠠᠵᠢᠯ ᠤᠨ ᠬᠦᠴᠦᠯᠡᠴᠡ ᠪᠡᠨ ᠦᠷᠭᠦᠯᠵᠢᠯᠡᠨ ᠴᠢᠩᠭᠠᠳᠭᠠᠵᠤ᠂ ᠡᠯᠪᠡᠭ ᠪᠠᠶᠠᠯᠢᠭ ᠥᠪᠡᠷ ᠤᠨ ᠣᠨᠴᠠᠯᠢᠭ ᠪᠣᠯᠤᠨ ᠪᠤᠲᠠᠲᠠᠢ ᠦᠷ᠎ᠡ ᠠᠰᠢᠭ ᠲᠠᠢ ᠭᠦᠢᠴᠡᠳᠬᠡᠬᠦ ᠬᠥᠳᠡᠯᠭᠡᠭᠡᠨ ᠢ ᠥᠷᠨᠢᠭᠦᠯᠵᠦ᠂ ᠪᠥᠬᠦ ᠬᠣᠷᠢᠶᠠᠨ ᠤ ᠬᠦᠴᠦᠨ ᠢ ᠲᠥᠪᠯᠡᠷᠡᠭᠦᠯᠦᠨ᠂ ᠬᠦᠴᠢᠷ ᠢ ᠢᠯᠠᠨ ᠳᠠᠪᠠᠵᠤ᠂《 ᠭᠦᠢᠴᠡᠳᠬᠡᠬᠦ ᠳᠤ ᠬᠦᠴᠢᠷ》 ᠢ ᠦᠨᠳᠦᠰᠦᠨ ᠳᠤ ᠪᠡᠨ ᠰᠢᠢᠳᠪᠦᠷᠢᠯᠡᠬᠦ ᠬᠠᠷᠠᠯᠲᠠ ᠵᠢ ᠴᠢᠷᠮᠠᠢᠨ ᠪᠡᠶᠡᠯᠡᠭᠦᠯᠦᠨ᠎ᠡ᠃ ᠲᠠᠪᠤ ᠳᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠶᠢᠨ ᠠᠯᠬᠤᠴᠠ ᠪᠡᠨ ᠲᠦᠷᠭᠡᠳᠭᠡᠵᠦ᠂ ᠳᠡᠭᠡᠷ᠎ᠡ ᠳᠡᠰ ᠤᠨ ᠰᠢᠭᠦᠬᠦ ᠬᠣᠷᠢᠶᠠᠨ ᠤ ᠱᠠᠭᠠᠷᠳᠠᠯᠭ᠎ᠠ ᠶᠣᠰᠣᠭᠠᠷ ᠠᠯᠢ ᠲᠦᠷᠭᠡᠨ ᠢᠶᠡᠷ ᠲᠢᠩᠬᠢᠮ ᠤᠨ ᠰᠢᠭᠦᠯᠲᠡ ᠢ ᠰᠢᠭᠤᠳ ᠨᠡᠪᠲᠡᠷᠡᠭᠦᠯᠬᠦ ᠵᠢ ᠪᠡᠶᠡᠯᠡᠭᠦᠯᠵᠦ᠂ ᠢᠵᠢᠯ ᠠᠯᠬᠤᠮ ᠢᠶᠡᠷ《 ᠬᠤᠶᠠᠷ ᠲᠢᠩᠬᠢᠮ 》 ᠤᠨ ᠪᠦᠲᠦᠭᠡᠨ ᠪᠠᠢᠭᠤᠯᠠᠯᠲᠠ ᠶᠢᠨ ᠠᠵᠢᠯ ᠢ ᠰᠠᠢᠲᠤᠷ ᠬᠢᠨ᠎ᠡ᠃ ᠵᠢᠷᠭᠤᠭ᠎ᠠ ᠳᠤ ᠴᠢᠩᠭ᠎ᠠ ᠪᠡᠷ ᠰᠢᠭᠦᠬᠦ ᠬᠤᠷᠢᠠ ᠵᠢ ᠵᠠᠰᠠᠬᠤ᠂ ᠴᠢᠩᠭ᠎ᠠ ᠪᠡᠷ ᠴᠠᠭᠳᠠᠭ᠎ᠠ ᠵᠢ ᠵᠠᠰᠠᠬᠤ ᠵᠢ ᠪᠠᠷᠢᠮᠲᠠᠯᠠᠵᠤ᠂ ᠰᠠᠬᠢᠯᠭ᠎ᠠ ᠪᠠᠲᠤ ᠠᠵᠢᠯ ᠤᠨ ᠰᠤᠷᠲᠠᠯ ᠤᠨ ᠪᠦᠲᠦᠭᠡᠨ ᠪᠠᠢᠭᠤᠯᠠᠯᠲᠠ ᠵᠢ ᠴᠢᠩᠭᠠᠳᠭᠠᠵᠤ᠂ ᠤᠬᠠᠮᠰᠠᠷ ᠤᠨ ᠬᠡᠯᠪᠡᠷᠢ ᠵᠦᠢ ᠢ ᠬᠠᠷᠢᠭᠤᠴᠠᠯᠭ᠎ᠠ ᠶᠢᠨ ᠳᠦᠷᠢᠮ ᠢ ᠡᠷᠡᠰ ᠨᠠᠢᠳᠠᠪᠤᠷᠢᠵᠢᠭᠤᠯᠵᠤ᠂ ᠮᠠᠨ ᠤ ᠬᠣᠷᠢᠶᠠᠨ ᠤ ᠰᠤᠷᠲᠠᠯ ᠨᠢ ᠰᠠᠢᠨ ᠨᠥᠯᠦᠭᠡ ᠨᠢ ᠮᠠᠭᠲᠠᠭᠤᠰᠢᠲᠠᠢ ᠬᠡᠷᠡᠭ ᠰᠢᠢᠳᠪᠦᠷᠢᠯᠡᠬᠦ ᠣᠷᠴᠢᠨ ᠳᠤ ᠯᠠᠪᠳᠠᠭᠤᠨ ᠪᠠᠲᠤᠲᠠᠢ ᠰᠠᠭᠤᠷᠢ ᠲᠠᠯᠪᠢᠨ᠎ᠠ᠃
ᠦᠨᠡᠯᠡᠬᠦ 0ᠦᠨᠡᠯᠡᠯᠲᠡ ᠲᠠᠢ