ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠤᠬᠠᠮᠰᠠᠷ ᠡᠴᠡ ᠪᠡᠨ ᠡᠭᠦᠷᠭᠡ ᠪᠡᠨ ᠭᠦᠢᠴᠡᠳᠬᠡᠬᠦ ᠵᠢ ᠱᠠᠭᠠᠷᠲᠠᠭᠰᠠᠨ
2017.04.26 ᠲᠣᠰ ᠥᠷᠲᠡᠭᠡᠨ ᠦ ᠨᠠᠢᠷᠠᠭᠤᠯᠤᠭᠴᠢ

ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠤᠬᠠᠮᠰᠠᠷ ᠡᠴᠡ ᠪᠡᠨ ᠡᠭᠦᠷᠭᠡ ᠪᠡᠨ ᠭᠦᠢᠴᠡᠳᠬᠡᠬᠦ ᠵᠢ ᠱᠠᠭᠠᠷᠲᠠᠭᠰᠠᠨ ᠲᠤᠬᠠᠢ ᠮᠡᠳᠡᠭᠳᠡᠯ

 

 

    ᠣᠢᠷ᠎ᠠ ᠶᠢᠨ ᠵᠢᠯ ᠳᠤ᠂ ᠮᠠᠨ ᠤ ᠬᠣᠲᠠ ᠶᠢᠨ ᠰᠢᠭᠦᠬᠦ ᠬᠣᠷᠢᠶᠠᠨ ᠤ ᠬᠦᠯᠢᠶᠡᠨ ᠠᠪᠤᠭᠰᠠᠨ ᠢᠷᠭᠡᠨ ᠤ ᠬᠡᠷᠡᠭ ᠳᠤᠮᠳᠠ᠂ ᠠᠯᠪᠠᠨ ᠠᠵᠢᠯ ᠤᠨ ᠬᠥᠮᠦᠰ ᠲᠠᠢ ᠬᠣᠯᠪᠤᠭᠳᠠᠭᠰᠠᠨ ᠨᠢ ᠵᠣᠬᠢᠬᠤ ᠬᠠᠷᠢᠴᠠᠯ ᠢ ᠡᠵᠡᠯᠡᠨ᠎ᠡ᠃ ᠴᠠᠭ ᠲᠤᠬᠠᠢ ᠳᠤ ᠨᠢ ᠵᠣᠭᠤᠰ ᠢᠶᠡᠨ ᠪᠤᠴᠠᠭᠠᠭᠰᠠᠨ ᠦᠭᠡᠢ ᠡᠴᠡ ᠪᠣᠯᠵᠤ᠂ ᠠᠯᠪᠠᠨ ᠠᠵᠢᠯ ᠲᠠᠢ ᠬᠥᠮᠦᠰ ᠰᠢᠭᠦᠬᠦ ᠬᠣᠷᠢᠶᠠᠨ ᠤ ᠭᠦᠢᠴᠡᠳᠬᠡᠬᠦ ᠬᠡᠷᠡᠭ ᠤᠨ ᠭᠦᠢᠴᠡᠳᠭᠡᠭᠳᠡᠭᠴᠢ ᠪᠣᠯᠤᠭᠰᠠᠨ ᠪᠠᠢᠳᠠᠭ᠃ ᠬᠡᠷᠡᠭ ᠢ ᠭᠦᠢᠴᠡᠳᠬᠡᠬᠦ ᠶᠠᠪᠤᠴᠠ ᠳᠤᠮᠳᠠ ᠠᠯᠪᠠᠨ  ᠠᠵᠢᠯ ᠤᠨ ᠬᠥᠮᠦᠰ ᠵᠣᠭᠤᠰ ᠪᠠᠢᠭᠠᠳ ᠪᠤᠴᠠᠭᠠᠬᠤ ᠦᠭᠡᠢ᠂ ᠬᠠᠷ᠎ᠠ ᠰᠠᠨᠠᠭᠠᠨ ᠡᠴᠡ ᠥᠷᠢᠲᠦᠵᠦ ᠬᠣᠢᠰᠢᠯᠠᠭᠤᠯᠬᠤ᠂ ᠵᠠᠷᠢᠮ ᠠᠯᠪᠠᠨ ᠠᠵᠢᠯᠲᠠᠨ ᠭᠦᠢᠴᠡᠳᠬᠡᠬᠦ ᠡᠴᠡ ᠵᠠᠢᠯᠵᠤ᠂ ᠬᠥᠷᠦᠩᠭᠡ ᠪᠡᠨ ᠰᠢᠯᠵᠢᠭᠦᠯᠦᠨ᠂ ᠵᠠᠷᠢᠮ ᠨᠢ ᠨᠡᠩ ᠬᠠᠭᠤᠷᠮᠠᠭ  ᠢᠶᠡᠷ ᠵᠠᠭᠠᠯᠳᠤᠵᠤ᠂ ᠮᠡᠳᠡᠵᠦ ᠪᠠᠢᠭᠠᠳ ᠬᠠᠤᠯᠢ ᠵᠢ ᠵᠥᠷᠢᠴᠡᠵᠦ ᠪᠠᠢᠳᠠᠭ ᠢ  ᠢᠯᠡᠷᠡᠭᠦᠯᠵᠦ᠂ ᠨᠡᠢᠭᠡᠮ ᠳᠡᠭᠡᠷ᠎ᠡ ᠲᠤᠢᠯ ᠤᠨ ᠨᠠᠵᠠᠭᠠᠢ ᠨᠥᠯᠦᠭᠡ ᠭᠠᠷᠭᠠᠵᠤ᠂ ᠠᠯᠪᠠᠨ ᠠᠵᠢᠯᠲᠠᠨ ᠤ ᠳᠦᠷᠢ ᠳᠥᠷᠬᠦ ᠵᠢ ᠬᠦᠨᠳᠦ ᠨᠤᠴᠤᠲᠠᠢ ᠡᠪᠳᠡᠪᠡ᠃ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠣᠷᠢᠶᠠᠨ ᠤ ᠳᠤᠷᠠᠳᠤᠭᠰᠠᠨ《 ᠬᠤᠶᠠᠷ ᠡᠴᠡ ᠭᠤᠷᠪᠠᠨ ᠵᠢᠯ ᠤᠨ ᠬᠤᠭᠤᠴᠠᠭ᠎ᠠ ᠵᠢ ᠬᠡᠷᠡᠭᠰᠡᠵᠦ  ᠪᠠᠢᠮᠠᠨ ᠭᠦᠢᠴᠡᠳᠬᠡᠬᠦ ᠳᠤ ᠬᠦᠴᠢᠷ ᠠᠰᠠᠭᠤᠳᠠᠯ ᠢ ᠦᠨᠳᠦᠰᠦᠨ  ᠳᠤ ᠪᠡᠨ ᠰᠢᠢᠳᠪᠦᠷᠢᠯᠡᠬᠦ》 ᠵᠢ ᠨᠠᠢᠳᠠᠪᠤᠷᠢᠵᠢᠭᠤᠯᠵᠤ᠂ ᠢᠲᠡᠭᠡᠮᠵᠢᠲᠠᠢ ᠨᠡᠢᠲᠡ ᠶᠢᠨ ᠡᠮᠬᠢ ᠵᠢᠷᠤᠮ ᠪᠠᠢᠭᠤᠯᠤᠯ ᠢ ᠪᠠᠢᠭᠤᠯᠵᠤ᠂ ᠥᠪᠡᠷᠲᠡᠭᠡᠨ ᠵᠠᠰᠠᠬᠤ  ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠭᠦᠢᠴᠡᠳᠬᠡᠬᠦ ᠳᠤ ᠬᠦᠴᠢᠷ ᠠᠵᠢᠯ ᠤᠨ ᠰᠢᠨ᠎ᠡ ᠲᠣᠬᠢᠷᠠᠭᠤᠯᠤᠯᠲᠠ ᠶᠣᠰᠣᠭᠠᠷ᠂2017 ᠤᠨ ᠤ4 ᠰᠠᠷ᠎ᠠ ᠶᠢᠨ25 ᠤ ᠡᠳᠦᠷ ᠡᠴᠡ ᠡᠬᠢᠯᠡᠵᠦ᠂ ᠪᠥᠬᠦ ᠬᠣᠲᠠ ᠶᠢᠨ ᠰᠢᠭᠦᠬᠦ ᠬᠣᠷᠢᠶᠠᠨ ᠡᠴᠡ ᠨᠢᠭᠡ ᠰᠠᠷ᠎ᠠ ᠶᠢᠨ ᠬᠤᠭᠤᠴᠠᠭ᠎ᠠ ᠲᠠᠢ《 ᠵᠤᠨ ᠤ ᠰᠢᠭᠤᠷᠭ᠎ᠠ》 ᠭᠦᠢᠴᠡᠳᠬᠡᠬᠦ ᠲᠤᠰᠭᠠᠢ ᠠᠵᠢᠯᠠᠯᠭ᠎ᠠ ᠵᠢ ᠲᠥᠪᠯᠡᠷᠡᠭᠦᠯᠦᠨ ᠥᠷᠨᠢᠭᠦᠯᠦᠨ᠎ᠡ᠃ ᠲᠤᠰᠭᠠᠢ ᠲᠥᠷᠦᠯ ᠤᠨ ᠠᠵᠢᠯᠠᠯᠭ᠎ᠠ ᠵᠢ ᠥᠷᠨᠢᠭᠦᠯᠵᠦ ᠪᠠᠢᠬᠤ ᠬᠤᠭᠤᠴᠠᠭᠠᠨ ᠳᠤ᠂ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠤ ᠭᠦᠢᠴᠡᠳᠭᠡᠭᠡᠳᠦᠢ ᠬᠡᠷᠡᠭ ᠢ ᠭᠣᠣᠯᠳᠠᠯᠭ᠎ᠠ ᠲᠠᠢ ᠰᠢᠢᠳᠪᠦᠷᠢᠯᠡᠨ᠎ᠡ᠃᠁

   4 ᠰᠠᠷ᠎ᠠ ᠶᠢᠨ30  ᠤ ᠡᠳᠦᠷ ᠡᠴᠡ ᠡᠮᠦᠨ᠎ᠡ᠂  ᠪᠤᠢ ᠪᠥᠬᠦᠢ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠤᠠᠮᠰᠠᠷ ᠡᠴᠡ ᠪᠡᠨ  ᠠᠷᠠᠳ  ᠤᠨ ᠰᠢᠭᠦᠬᠦ ᠬᠣᠷᠢᠶᠠᠨ ᠳᠤ ᠬᠦᠷᠴᠦ ᠬᠠᠤᠯᠢ ᠴᠠᠭᠠᠵᠠ ᠶᠢᠨ ᠪᠢᠴᠢᠭ᠌ ᠬᠠᠷ᠎ᠠ ᠳᠤ ᠳᠤᠭᠲᠠᠭᠰᠠᠨ ᠲᠥᠯᠦᠬᠦ ᠡᠭᠦᠷᠭᠡ ᠪᠡᠨ ᠭᠦᠢᠴᠡᠳᠭᠡᠪᠡᠯ ᠵᠣᠬᠢᠨ᠎ᠠ᠃5 ᠰᠠᠷ᠎ᠠ ᠶᠢᠨ1 ᠤ ᠡᠳᠦᠷ ᠡᠴᠡ ᠡᠬᠢᠯᠡᠨ᠂ ᠤᠬᠠᠮᠰᠠᠷ ᠡᠴᠡ ᠪᠡᠨ ᠬᠠᠷᠢᠭᠤᠴᠠᠯᠭ᠎ᠠ ᠪᠡᠨ ᠭᠦᠢᠴᠡᠳᠭᠡᠭᠰᠡᠨ ᠦᠭᠡᠢ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠳᠤ ᠳᠣᠣᠷᠠᠬᠢ ᠮᠡᠲᠦ ᠠᠷᠭ᠎ᠠ ᠠᠪᠴᠢᠯ ᠢ ᠠᠪᠤᠨ᠎ᠠ᠄

   ᠨᠢᠭᠡ᠂ ᠡᠳ᠋ ᠬᠥᠷᠦᠩᠭᠡ ᠲᠠᠢ᠂ ᠪᠡᠶᠡᠯᠡᠭᠦᠯᠬᠦ ᠴᠢᠳᠠᠯ ᠲᠠᠢ ᠪᠠᠢᠭᠠᠳ ᠵᠣᠷᠢᠭᠤᠳᠠ ᠭᠦᠢᠴᠡᠳᠬᠡᠬᠦ ᠵᠢ ᠬᠣᠢᠰᠢᠯᠠᠭᠤᠯᠤᠭᠰᠠᠨ᠂ ᠭᠦᠢᠴᠡᠳᠬᠡᠬᠦ ᠡᠴᠡ  ᠵᠠᠢᠯᠠᠭᠰᠠᠨ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠳᠤ᠂ ᠲᠦᠷ ᠬᠣᠷᠢᠬᠤ᠂ ᠲᠣᠷᠭᠠᠭᠤ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠵᠢ ᠡᠷᠡᠰ ᠬᠡᠷᠡᠭᠵᠢᠭᠦᠯᠦᠨ᠎ᠡ᠃

   ᠬᠤᠶᠠᠷ᠂ ᠠᠷᠠᠳ ᠤᠨ ᠰᠢᠭᠦᠬᠦ ᠬᠣᠷᠢᠶᠠᠨ ᠤ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ᠌ ᠮᠠᠲ᠋ᠧᠷᠢᠶᠠᠯ ᠢ ᠭᠦᠢᠴᠡᠳᠬᠡᠬᠦ ᠵᠢ ᠲᠡᠪᠴᠢᠭᠰᠡᠨ ᠭᠦᠢᠴᠡᠳᠬᠡᠬᠦ ᠳᠤ  ᠬᠣᠯᠪᠤᠭᠳᠠᠭᠰᠠᠨ ᠠᠯᠪᠠᠨ ᠠᠵᠢᠯᠲᠠᠨ ᠢ ᠢᠯᠡ ᠪᠡᠷ ᠨᠡᠢᠲᠡᠯᠡᠵᠦ᠂ ᠢᠲᠡᠭᠡᠯ ᠠᠯᠳᠠᠭᠰᠠᠨ ᠬᠥᠮᠦᠨ ᠤ ᠨᠡᠷ᠎ᠡ ᠳᠤ ᠣᠷᠤᠭᠤᠯᠤᠨ᠂  ᠦᠨᠡᠲᠦ ᠬᠡᠷᠡᠭᠯᠡᠭᠡ ᠵᠢ ᠨᠢ ᠬᠢᠵᠠᠭᠠᠷᠯᠠᠬᠤ ᠵᠠᠷᠯᠢᠭ ᠪᠠᠭᠤᠯᠭᠠᠵᠤ᠂ ᠭᠦᠢᠴᠡᠳᠭᠡᠭᠳᠡᠭᠴᠢ ᠳᠣᠣᠷᠠᠬᠢ ᠮᠡᠲᠦ ᠦᠨᠡᠲᠦ ᠬᠡᠷᠡᠭᠯᠡᠭᠡ  ᠶᠢᠨ ᠠᠵᠢᠯᠠᠯᠭ᠎ᠠ ᠶᠠᠪᠤᠭᠳᠠᠭᠤᠯᠬᠤ ᠵᠢ ᠬᠢᠵᠠᠭᠠᠷᠯᠠᠨ᠎ᠠ᠄( ᠨᠢᠭᠡ) ᠵᠠᠮ ᠬᠠᠷᠢᠯᠴᠠᠭᠠᠨ ᠤ ᠪᠠᠭᠠᠵᠢ ᠪᠡᠷ  ᠠᠶᠠᠯᠠᠬᠤ ᠦᠶᠡᠰ ᠨᠢᠰᠭᠡᠯ᠂ ᠭᠠᠯᠲᠤ ᠲᠡᠷᠭᠡᠨ ᠤ ᠵᠥᠭᠡᠯᠡᠨ ᠣᠷᠤ᠂ ᠣᠩᠭᠤᠴᠠᠨ ᠤ ᠬᠣᠶᠠᠳᠤᠭᠠᠷ ᠳᠡᠰ ᠡᠴᠡ ᠳᠡᠭᠡᠭᠰᠢᠬᠢ ᠰᠠᠭᠤᠳᠠᠯ︔( ᠬᠤᠶᠠᠷ) ᠣᠳᠤᠨ ᠳᠡᠰ  ᠡᠴᠡ ᠳᠡᠭᠡᠭᠰᠢᠬᠢ ᠪᠠᠭᠤᠳᠠᠯ᠂ ᠬᠣᠭᠤᠯᠠᠨ ᠭᠡᠷ᠂ ᠴᠡᠩᠭᠡᠭᠡᠨ ᠤ ᠭᠠᠵᠠᠷ᠂ ᠭᠣᠯᠹ ᠪᠥᠮᠪᠦᠭᠡᠨ ᠤ ᠲᠠᠯᠠᠪᠤᠷ ᠵᠡᠷᠭᠡ ᠭᠠᠵᠠᠷ ᠤᠨ ᠦᠨᠡᠲᠦ ᠬᠡᠷᠡᠭᠯᠡᠭᠡᠨ ᠤ ᠦᠢᠯᠡ ᠠᠵᠢᠯᠠᠯᠭ᠎ᠠ︔( ᠭᠤᠷᠪᠠ) ᠥᠯᠦ ᠬᠥᠳᠡᠯᠬᠦ ᠬᠥᠷᠦᠩᠭᠡ ᠬᠤᠳᠠᠯᠳᠤᠨ ᠠᠪᠬᠤ  ᠡᠰᠡᠭᠦᠯ᠎ᠡ ᠰᠢᠨ᠎ᠡ ᠪᠡᠷ ᠪᠠᠢᠭᠤᠯᠬᠤ᠂ ᠥᠷᠭᠡᠳᠭᠡᠨ ᠪᠠᠢᠭᠤᠯᠬᠤ᠂ ᠥᠨᠳᠦᠷ ᠪᠠᠷᠢᠮᠵᠢᠶ᠎ᠠ ᠪᠡᠷ ᠭᠡᠷ ᠥᠷᠦᠭᠡ ᠪᠡᠷ ᠴᠢᠮᠡᠭᠯᠡᠬᠦ︔( ᠳᠥᠷᠪᠡ) ᠡᠵᠡᠩᠨᠡᠬᠦ ᠴᠢᠬᠤᠯᠠ ᠦᠭᠡᠢ ᠲᠡᠷᠭᠡ ᠬᠤᠳᠠᠯᠳᠤᠨ ᠠᠪᠬᠤ︔( ᠲᠠᠪᠤ) ᠵᠤᠭᠠᠴᠠᠬᠤ᠂ ᠠᠮᠠᠷᠠᠯᠲᠠ ᠠᠪᠬᠤ︔( ᠵᠢᠷᠭᠤᠭ᠎ᠠ) ᠦᠷ᠎ᠡ ᠬᠡᠤᠬᠡᠳ ᠨᠢ ᠥᠨᠳᠦᠷ ᠰᠦᠢᠳᠭᠡᠯ ᠲᠠᠢ ᠬᠤᠪᠢ ᠶᠢᠨ ᠰᠤᠷᠭᠠᠭᠤᠯᠢ ᠳᠤ ᠰᠤᠷᠤᠯᠴᠠᠬᠤ︔( ᠳᠣᠯᠤᠭ᠎ᠠ) ᠥᠨᠳᠦᠷ ᠰᠦᠢᠳᠭᠡᠯ ᠲᠤᠰᠢᠶᠠᠵᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠪᠦᠲᠦᠭᠡᠭᠳᠡᠬᠦᠨ ᠬᠤᠳᠠᠯᠳᠤᠨ ᠠᠪᠬᠤ︔( ᠨᠠᠢ᠍ᠮᠠ)G ᠦᠰᠦᠭ ᠢᠶᠡᠷ ᠡᠬᠢᠯᠡᠭᠰᠡᠨ ᠤᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠪᠦᠬᠦ ᠰᠠᠭᠤᠳᠠᠯ᠂  ᠪᠤᠰᠤᠳ ᠤᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠨᠢᠭᠡᠳᠦᠭᠡᠷ ᠳᠡᠰ ᠡᠴᠡ ᠳᠡᠭᠡᠭᠰᠢᠬᠢ ᠰᠠᠭᠤᠳᠠᠯ︔( ᠶᠢᠰᠦ) ᠪᠤᠰᠤᠳ ᠠᠮᠢᠳᠤᠷᠠᠯ ᠤᠨ ᠬᠡᠷᠡᠭᠴᠡᠭᠡᠨ ᠤ ᠪᠤᠰᠤ ᠦᠨᠡᠲᠦ ᠬᠡᠷᠡᠭᠯᠡᠭᠡ ᠶᠢᠨ ᠦᠢᠯᠡ ᠠᠵᠢᠯᠠᠯᠭ᠎ᠠ᠃

      ᠭᠤᠷᠪᠠ᠂ ᠪᠠᠢᠴᠠᠭᠠᠨ ᠪᠢᠲᠡᠭᠦᠮᠵᠢᠯᠡᠬᠦ᠂ ᠬᠣᠷᠢᠶᠠᠨ ᠳᠠᠷᠤᠬᠤ᠂ ᠥᠯᠦ ᠬᠥᠳᠡᠯᠭᠡᠯᠲᠡ᠂  ᠭᠦᠢᠴᠡᠳᠭᠡᠭᠳᠡᠭᠴᠢ ᠶᠢᠨ ᠡᠳ᠋ ᠪᠣᠳᠠᠰ ᠢ ᠦᠨ᠎ᠡ ᠬᠠᠶᠠᠨ ᠬᠤᠳᠠᠯᠳᠤᠬᠤ ᠵᠡᠷᠭᠡ ᠠᠯᠪᠠᠳᠠᠯᠭ᠎ᠠ ᠶᠢᠨ ᠴᠢᠨᠠᠷᠲᠠᠢ ᠠᠷᠭ᠎ᠠ ᠬᠡᠮᠵᠢᠶᠠᠨ ᠤ ᠠᠵᠢᠯ ᠤᠨ ᠬᠦᠴᠦᠯᠡᠴᠡ ᠪᠡᠨ ᠨᠡᠮᠡᠭᠳᠡᠭᠦᠯᠵᠦ᠂ ᠰᠢᠭᠦᠬᠦ ᠬᠣᠷᠢᠶᠠᠨ ᠡᠴᠡ ᠭᠦᠢᠴᠡᠳᠭᠡᠭᠳᠡᠭᠴᠢ ᠵᠢ ᠵᠠᠷᠯᠢᠭᠳᠠᠵᠤ ᠪᠠᠢᠭᠠᠳ ᠡᠳ᠋ ᠬᠥᠷᠦᠩᠭᠡ ᠵᠢ ᠨᠢ ᠳᠠᠩᠰᠠᠯᠠᠨ ᠮᠡᠳᠡᠭᠦᠯᠬᠦ᠂ ᠭᠤᠶᠤᠴᠢᠯᠠᠭᠴᠢ ᠶᠢᠨ ᠬᠠᠩᠭᠠᠭᠰᠠᠨ ᠭᠦᠢᠴᠡᠳᠭᠡᠭᠳᠡᠭᠴᠢ ᠶᠢᠨ ᠡᠳ᠋ ᠬᠥᠷᠦᠩᠭᠡ ᠶᠢᠨ ᠰᠦᠪᠡᠭᠴᠢ ᠵᠢ ᠪᠠᠢᠴᠠᠭᠠᠬᠤ᠂ ᠢᠯᠡᠴᠢᠯᠡᠨ ᠮᠡᠳᠡᠭᠦᠯᠲᠡ ᠵᠢ ᠬᠢᠨᠠᠨ ᠪᠠᠢᠴᠠᠭᠠᠬᠤ ᠵᠡᠷᠭᠡ ᠠᠷᠭ᠎ᠠ ᠪᠠᠷᠢᠯ ᠢᠶᠡᠷ ᠭᠦᠢᠴᠡᠳᠭᠡᠭᠳᠡᠭᠴᠢ ᠶᠢᠨ ᠡᠳ᠋ ᠬᠥᠷᠦᠩᠭᠡ ᠵᠢ ᠪᠥᠬᠦ ᠲᠠᠯ᠎ᠠ ᠪᠡᠷ ᠪᠠᠢᠴᠠᠭᠠᠨ ᠡᠵᠡᠮᠳᠡᠵᠦ᠂ ᠬᠠᠤᠯᠢ ᠶᠣᠰᠣᠭᠠᠷ ᠰᠢᠢᠳᠪᠦᠷᠢᠯᠡᠨ᠎ᠡ᠃

      ᠳᠥᠷᠪᠡ᠂ ᠰᠢᠭᠦᠬᠦ ᠬᠣᠷᠢᠶᠠᠨ ᠡᠴᠡ ᠤᠯᠠᠨ ᠤᠳᠠᠭ᠎ᠠ ᠳᠠᠭᠤᠳᠠᠭᠠᠳ ᠠᠷᠠᠳ ᠤᠨ ᠰᠢᠭᠦᠬᠦ ᠬᠤᠷᠢᠶᠠᠠ ᠳᠤ  ᠬᠦᠷᠴᠦ ᠬᠠᠷᠢᠭᠤᠴᠠᠯᠭ᠎ᠠ ᠪᠡᠨ ᠭᠦᠢᠴᠡᠳᠬᠡᠬᠦ ᠵᠢ ᠲᠡᠪᠴᠢᠭᠰᠡᠨ᠂ ᠡᠳ᠋ ᠬᠥᠷᠦᠩᠭᠡ ᠪᠡᠷ ᠳᠠᠩᠰᠠᠯᠠᠨ ᠮᠡᠳᠡᠭᠦᠯᠬᠦ ᠵᠢ ᠲᠡᠪᠴᠢᠭᠰᠡᠨ᠂ ᠵᠣᠭᠤᠰ ᠪᠠᠢᠭᠠᠳ ᠪᠤᠴᠠᠭᠠᠬᠤ ᠦᠭᠡᠢ᠂ ᠬᠠᠷ᠎ᠠ ᠰᠠᠨᠠᠭᠠᠨ ᠡᠴᠡ ᠬᠣᠢᠰᠢᠯᠠᠭᠤᠯᠬᠤ᠂ ᠭᠦᠢᠴᠡᠳᠬᠡᠬᠦ ᠡᠴᠡ ᠵᠠᠢᠯᠠᠬᠤ᠂ ᠡᠳ᠋ ᠬᠥᠷᠦᠩᠭᠡ ᠪᠡᠨ ᠰᠢᠯᠵᠢᠭᠦᠯᠦᠭᠰᠡᠨ ᠭᠦᠢᠴᠡᠳᠭᠡᠭᠳᠡᠭᠴᠢ ᠵᠢ《 ᠭᠦᠢᠴᠡᠳᠬᠡᠬᠦ ᠵᠢ ᠲᠡᠪᠴᠢᠭᠰᠡᠨ ᠶᠠᠯ᠎ᠠ》 ᠳᠤ ᠬᠦᠷᠦᠭᠰᠡᠨ  ᠡᠰᠡᠭᠦᠯ᠎ᠡ ᠬᠠᠤᠯᠢ ᠪᠤᠰᠤ ᠪᠡᠷ ᠤᠯᠠᠨ ᠨᠡᠢᠲᠡ ᠶᠢᠨ ᠵᠣᠭᠤᠰ ᠮᠥᠩᠭᠦ ᠵᠢ ᠢᠳᠡᠭᠰᠡᠨ ᠶᠠᠯ᠎ᠠ ᠪᠡᠷ ᠳᠣᠲᠤᠭᠠᠳᠤ ᠵᠢ ᠬᠠᠮᠠᠭᠠᠯᠠᠬᠤ ᠪᠠᠢᠭᠤᠯᠭ᠎ᠠ ᠳᠤ ᠰᠢᠯᠵᠢᠭᠦᠯᠦᠨ ᠥᠭᠴᠦ ᠲᠠᠩᠨᠠᠨ ᠪᠠᠢᠴᠠᠭᠠᠵᠤ᠂ ᠬᠠᠤᠯᠢ ᠶᠣᠰᠣᠭᠠᠷ ᠬᠦᠨᠳᠦ ᠴᠣᠬᠢᠯᠲᠠ ᠥᠭᠭᠦᠨ᠎ᠡ᠃

      ᠲᠠᠪᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠᠨ ᠤ ᠠᠯᠪᠠᠨ ᠲᠢᠩᠬᠢᠮ ᠤᠨ《 ᠨᠠᠮ ᠪᠣᠯᠤᠨ ᠤᠯᠤᠰ ᠤᠨ ᠠᠵᠢᠯᠲᠠᠨ ᠬᠠᠤᠯᠢ ᠳᠦᠷᠢᠮ ᠢ ᠵᠥᠷᠢᠴᠡᠭᠰᠡᠨ ᠶᠠᠯᠠᠲᠤ ᠠᠵᠢᠯᠠᠯᠭ᠎ᠠ ᠤᠨ ᠬᠡᠷᠡᠭ ᠢ ᠪᠠᠢᠴᠠᠭᠠᠨ ᠰᠢᠢᠳᠪᠦᠷᠢᠯᠡᠬᠦ  ᠳᠤᠮᠳᠠ ᠬᠠᠮᠲᠤᠷᠠᠯᠴᠠᠭ᠎ᠠ ᠵᠢ ᠴᠢᠩᠭᠠᠳᠬᠠᠬᠤ ᠲᠤᠬᠠᠢ ᠰᠠᠨᠠᠯ》 ᠵᠢᠴᠢ ᠥᠪᠡᠷᠲᠡᠭᠡᠨ ᠵᠠᠰᠠᠬᠤ ᠣᠷᠤᠨ ᠤ ᠤᠯᠤᠰ ᠲᠥᠷᠦ ᠬᠠᠤᠯᠢ ᠴᠠᠭᠠᠵᠠ ᠶᠢᠨ ᠵᠥᠪᠯᠡᠯ ᠤᠨ《 ᠭᠦᠢᠴᠡᠳᠬᠡᠬᠦ ᠬᠠᠮᠳᠤᠷᠠᠯᠴᠠᠭᠰᠠᠨ ᠳᠤᠭᠲᠠᠯᠴᠠᠭ᠎ᠠ ᠵᠢ ᠪᠠᠢᠭᠤᠯᠬᠤ ᠲᠤᠬᠠᠢ ᠰᠠᠨᠠᠯ》  ᠵᠡᠷᠭᠡ ᠬᠠᠮᠢᠶᠠᠲᠠᠢ ᠳᠤᠭᠲᠠᠭᠠᠯ ᠢ ᠦᠨᠳᠦᠰᠦᠯᠡᠵᠦ᠂ ᠪᠥᠬᠦ ᠬᠣᠲᠠ ᠶᠢᠨ ᠰᠢᠭᠦᠬᠦ ᠬᠣᠷᠢᠶᠠᠨ ᠡᠴᠡ ᠳᠤᠭᠲᠠᠭᠰᠠᠨ ᠬᠤᠭᠤᠴᠠᠭ᠎ᠠ ᠲᠠᠢ ᠪᠡᠷ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠤ ᠪᠠᠢᠭ᠎ᠠ ᠪᠠᠢᠭᠤᠯᠭ᠎ᠠ ᠳᠤ ᠵᠢᠴᠢ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠢᠴᠠᠭᠠᠬᠤ᠂ ᠪᠠᠢᠴᠠᠭᠠᠬᠤ  ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠢᠭᠤᠯᠵᠤ ᠮᠡᠳᠡᠭᠡ ᠵᠠᠩᠭᠢ ᠵᠢ ᠨᠡᠢᠲᠡᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠡᠴᠡ ᠠᠷᠠᠳ ᠤᠨ ᠰᠢᠭᠦᠬᠦ ᠬᠣᠷᠢᠶᠠᠨ ᠤ ᠬᠦᠴᠦᠨ ᠲᠠᠢ ᠪᠣᠯᠤᠭᠰᠠᠨ ᠰᠢᠭᠦᠨ ᠳᠠᠰᠤᠯᠠᠯᠲᠠ ᠵᠢ ᠭᠦᠢᠴᠡᠳᠬᠡᠬᠦ ᠵᠢ ᠲᠡᠪᠴᠢᠭᠰᠡᠨ ᠠᠯᠪᠠᠨ ᠠᠵᠢᠯᠲᠠᠨ ᠳᠤ ᠵᠣᠬᠢᠶᠠᠨ ᠪᠠᠢᠭᠤᠯᠤᠯᠲᠠ ᠶᠢᠨ ᠰᠢᠢᠳᠭᠡᠯ ᠦᠵᠡᠭᠦᠯᠬᠦ ᠵᠢ ᠰᠠᠨᠠᠭᠠᠴᠢᠯᠠᠨ᠎ᠠ᠃

     ᠵᠢᠷᠭᠤᠭ᠎ᠠ᠂ ᠪᠥᠬᠦ ᠬᠣᠲᠠ ᠶᠢᠨ ᠬᠤᠶᠠᠷ ᠳᠡᠰ ᠤᠨ ᠰᠢᠭᠦᠬᠦ ᠬᠣᠷᠢᠶᠠᠨ ᠡᠴᠡ ᠬᠡᠷᠡᠭ ᠳᠠᠩᠰᠤᠯᠠᠬᠤ ᠲᠠᠩᠬᠢᠮ ᠳᠤ ᠴᠥᠮ ᠬᠦᠯᠢᠶᠡᠨ ᠠᠭᠤᠯᠵᠠᠬᠤ ᠴᠣᠩᠬᠤ ᠭᠠᠷᠭᠠᠵᠤ᠂ ᠭᠦᠢᠴᠡᠳᠬᠡᠬᠦ ᠳᠤ ᠬᠣᠯᠪᠤᠭᠳᠠᠭᠰᠠᠨ ᠠᠯᠪᠠᠨ ᠠᠵᠢᠯᠲᠠᠨ ᠤ ᠮᠡᠳᠡᠭᠡ ᠵᠠᠩᠭᠢ᠂ ᠡᠳ᠋ ᠬᠥᠷᠦᠩᠭᠡ ᠵᠢ ᠨᠢ ᠳᠠᠩᠰᠤᠯᠠᠬᠤ ᠪᠣᠯᠤᠨ ᠬᠡᠷᠡᠭ ᠢᠶᠡᠨ ᠬᠦᠯᠢᠶᠡᠨ ᠪᠡᠶ᠎ᠡ ᠪᠡᠷ ᠲᠤᠰᠢᠶᠠᠬᠤ ᠵᠡᠷᠭᠡ ᠵᠢ ᠠᠵᠢᠯ ᠢ ᠲᠥᠯᠡᠷᠡᠭᠦᠯᠦᠨ ᠬᠦᠯᠢᠶᠡᠨ  ᠠᠪᠤᠨ᠎ᠠ᠃

         

                              ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠬᠦᠬᠦ ᠬᠤᠷᠢᠶ᠎ᠠ

                              2017 ᠤᠨ  ᠤ4 ᠰᠠᠷ᠎ᠠ ᠶᠢᠨ25 ᠤ ᠡᠳᠦᠷ

                 ᠬᠦᠯᠢᠶᠡᠨ ᠠᠪᠬᠤ᠂ ᠢᠯᠡᠴᠢᠯᠡᠨ ᠮᠡᠳᠡᠭᠦᠯᠬᠦ ᠤᠲᠠᠰᠤ᠄

                 ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠄0477-5110503

                 ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠄ 0477 -8115589

                 ᠳᠠᠯᠠᠳ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-5186752

                 ᠵᠡᠭᠦᠨᠭᠠᠷ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-4852072

ᠡᠵᠡᠨ ᠬᠣᠷᠤᠭ᠎ᠠ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-8975916

                ᠬᠠᠩᠭᠢᠨ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-6642772

                ᠦᠦᠰᠢᠨ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-7220219

                ᠣᠲᠤᠭ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-6471805

ᠣᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ᠄ 0477-6723644

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )