ᠣᠲᠤᠭ ᠤᠨ ᠠᠮᠦᠨᠡᠲᠦ ᠬᠣᠰᠢᠭᠤᠨ ᠤ ᠰᠢᠭᠦᠬᠦ ᠬᠣᠷᠢᠶᠠᠨ ᠡᠴᠡ2017 ᠤᠨ ᠤ ᠬᠣᠲᠠ᠂ ᠬᠣᠰᠢᠭᠤ ᠬᠤᠶᠠᠷ ᠱᠠᠲᠤᠨ ᠤ ᠤᠯᠤᠰ ᠲᠥᠷᠦ ᠬᠠᠤᠯᠢ ᠴᠠᠭᠠᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠪᠠ
ᠵᠣᠬᠢᠶᠠᠭᠴᠢ᠄ ᠣᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ
2017 ᠤᠨ ᠤ3 ᠰᠠᠷ᠎ᠠ ᠶᠢᠨ16 ᠤ ᠦᠳᠡ ᠶᠢᠨ ᠬᠣᠢᠨ᠎ᠠ᠂ ᠣᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶᠠᠨ ᠡᠴᠡ ᠪᠦᠬᠦ ᠬᠣᠷᠢᠶᠠᠨ ᠤ ᠺᠠᠲᠠᠷ ᠴᠠᠭᠳᠠᠭᠠᠨᠨ ᠤ ᠶᠡᠬᠡ ᠬᠤᠷᠠᠯ ᠢ ᠬᠤᠷᠠᠯᠳᠤᠭᠤᠯᠵᠤ᠂ 2017 ᠤᠨ ᠤ ᠪᠦᠬᠦ ᠬᠣᠲᠠ᠂ ᠪᠦᠬᠦ ᠬᠣᠰᠢᠭᠤᠨ ᠤ ᠤᠯᠤᠰ ᠲᠥᠷᠦ ᠬᠠᠤᠯᠢ ᠴᠠᠭᠠᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠪᠥᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠵᠢᠴᠢ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠵᠤ᠂ ᠪᠥᠬᠦ ᠬᠣᠷᠢᠶᠠᠨ ᠤ2017 ᠤᠨ ᠤ ᠴᠢᠬᠤᠯᠠ ᠠᠵᠢᠯ ᠤᠳ ᠢ ᠲᠤᠬᠢᠨᠠᠭᠤᠯᠤᠨ ᠪᠠᠢᠷᠢᠰᠢᠭᠤᠯᠪᠠ᠃
ᠬᠤᠷᠠᠯ ᠳᠡᠭᠡᠷ᠎ᠡ ᠤᠷᠭ᠎ᠠ ᠬᠣᠷᠢᠶᠠᠨ ᠳᠠᠷᠤᠭ᠎ᠠ ᠡᠴᠡ ᠪᠥᠬᠦ ᠬᠣᠲᠠ ᠶᠢᠨ ᠤᠯᠤᠰ ᠲᠥᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠯᠢ ᠶᠠᠨ ᠬᠣᠩ ᠬᠣᠷᠢᠶᠠᠨ ᠳᠠᠷᠤᠭ᠎ᠠ ᠬᠢᠭᠡᠳ ᠭᠦ᠋ ᠴᠢᠩ ᠴᠢᠶᠤᠸᠠᠨ ᠳᠤᠭᠤᠢᠯᠠᠩ ᠤᠨ ᠳᠠᠷᠤᠭ᠎ᠠ ᠶᠢᠨ2017 ᠤᠨ ᠤ ᠪᠥᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠬᠢᠭᠡᠳ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢ ᠳᠠᠮᠵᠢᠭᠤᠯᠤᠨ ᠰᠤᠷᠤᠯᠴᠠᠵᠤ᠂ ᠪᠥᠬᠦ ᠬᠣᠷᠢᠶᠠᠨ ᠤ《 ᠰᠢᠳᠤᠷᠭᠤ》《 ᠴᠡᠪᠡᠷ》《 ᠡᠭᠦᠷᠭᠡᠯᠡᠬᠦ》 ᠲᠤᠰᠭᠠᠢ ᠰᠡᠳᠦᠪᠲᠦ ᠬᠥᠮᠦᠵᠢᠯ ᠤᠨ ᠠᠵᠢᠯᠠᠯᠭ᠎ᠠ ᠳᠤ ᠲᠠᠢᠴᠢᠯᠠᠯᠲᠠ ᠶᠢᠨ ᠶᠠᠷᠢᠶ᠎ᠠ ᠲᠠᠯᠪᠢᠪᠠ᠃ ᠲᠡᠷᠡ ᠪᠥᠬᠦ ᠬᠣᠷᠢᠶᠠᠨ ᠤ ᠺᠠᠲᠠᠷ ᠴᠠᠭᠳᠠᠭ᠎ᠠ《 ᠰᠢᠳᠤᠷᠭᠤ》《 ᠴᠡᠪᠡᠷ》《 ᠡᠭᠦᠷᠭᠡᠯᠡᠬᠦ》 ᠲᠤᠰᠭᠠᠢ ᠰᠡᠳᠦᠪᠲᠦ ᠰᠤᠷᠤᠯᠴᠠᠯᠭ᠎ᠠ ᠶᠢᠨ ᠬᠥᠳᠡᠯᠭᠡᠭᠡᠨ ᠦᠨᠡᠨᠬᠦ ᠪᠠᠷᠢᠵᠤ᠂ ᠮᠠᠰᠢ ᠴᠢᠩᠭ᠎ᠠ ᠤᠯᠤᠰ ᠲᠥᠷᠦ ᠶᠢᠨ ᠬᠠᠷᠢᠭᠤᠴᠠᠯᠭᠠᠲᠤ ᠰᠡᠳᠭᠢᠯᠭᠡ ᠪᠠ ᠲᠠᠤᠬᠡᠨ ᠬᠠᠷᠢᠭᠤᠴᠠᠯᠭᠠᠲᠤ ᠰᠡᠳᠭᠢᠯᠭᠡ ᠪᠡᠷ ᠬᠤᠷᠠᠯ ᠤᠨ ᠵᠣᠷᠢᠭ ᠰᠠᠨᠠᠭ᠎ᠠ ᠵᠢ ᠰᠢᠭᠦᠨ ᠳᠠᠰᠤᠯᠠᠬᠤ ᠠᠵᠢᠯ᠂ ᠬᠠᠤᠯᠢ ᠴᠠᠭᠠᠵᠠ ᠶᠢᠨ ᠥᠭᠡᠷᠡᠴᠢᠯᠡᠯᠲᠡ᠂ ᠡᠩᠨᠡᠭᠡᠨ ᠤ ᠪᠠᠢᠭᠤᠯᠤᠯᠲᠠ᠂ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠵᠡᠷᠭᠡ ᠴᠢᠬᠤᠯᠠ ᠠᠵᠢᠯ ᠲᠠᠢ ᠨᠢᠭᠲᠠ ᠤᠶᠠᠯᠳᠤᠭᠤᠯᠵᠤ᠂ ᠠᠵᠢᠯ ᠤᠨ ᠬᠦᠴᠢᠷ ᠠᠰᠠᠭᠤᠳᠠᠯ ᠢ ᠴᠢᠮᠠᠢᠨ ᠰᠢᠢᠳᠪᠦᠷᠢᠯᠡᠵᠦ᠂ ᠠᠵᠢᠯ ᠤᠨ ᠬᠦᠷᠦᠯᠴᠡᠬᠦ ᠦᠭᠡᠢ ᠪᠡᠨ ᠨᠥᠬᠦᠪᠦᠷᠢᠯᠡᠵᠦ᠂ ᠰᠢᠭᠦᠬᠦ ᠬᠣᠷᠢᠶᠠᠨ ᠤ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠵᠢ ᠠᠬᠢᠭᠤᠯᠤᠨ᠎ᠠ ᠭᠡᠵᠦ ᠵᠢᠭᠠᠪᠤᠷᠢᠴᠢᠯᠠᠪᠠ᠃
2017 ᠤᠨ ᠳᠤ ᠣᠲᠤᠭ ᠤᠨ ᠡᠮᠦᠨᠡᠲᠦ ᠬᠣᠰᠢᠭᠤᠨ ᠤ ᠰᠢᠭᠦᠬᠦ ᠬᠤᠷᠢᠶ᠎ᠠ ᠨᠢ ᠲᠠᠪᠤᠨ ᠲᠠᠯ᠎ᠠ ᠶᠢᠨ ᠠᠵᠢᠯ ᠢ ᠭᠣᠣᠯᠳᠠᠯᠭ᠎ᠠ ᠲᠠᠢ ᠠᠳᠭᠤᠨ᠎ᠠ᠄ ᠨᠢᠭᠡ ᠳᠤ ᠭᠣᠣᠯᠳᠠᠯᠭ᠎ᠠ ᠶᠢᠨ ᠲᠣᠭᠤᠷᠢᠨ ᠳᠤ᠂ ᠪᠥᠬᠦ ᠬᠣᠲᠠ ᠶᠢᠨ ᠰᠢᠭᠦᠬᠦ ᠬᠣᠷᠢᠶᠠᠨ ᠤ ᠡᠨᠡ ᠵᠢᠯ ᠤᠨ ᠠᠵᠢᠯ ᠤᠨ ᠭᠣᠣᠯᠳᠠᠯᠭ᠎ᠠ ᠲᠠᠢ ᠤᠶᠠᠯᠳᠤᠭᠤᠯᠵᠤ᠂ ᠠᠵᠢᠯ ᠤᠨ ᠬᠡᠯᠪᠡᠷᠢ ᠪᠡᠨ ᠳᠠᠰᠤᠷᠠᠯᠲᠠ ᠦᠭᠡᠢ ᠥᠭᠡᠷᠡᠴᠢᠯᠡᠵᠦ᠂ ᠨᠡᠩ ᠥᠨᠳᠦᠷ ᠪᠠᠷᠢᠮᠵᠢᠶ᠎ᠠ᠂ ᠨᠡᠩ ᠪᠠᠶᠠᠯᠢᠭ ᠠᠵᠢᠯ ᠤᠨ ᠪᠦᠲᠦᠮᠵᠢ ᠪᠡᠷ ᠪᠥᠬᠦ ᠬᠣᠷᠢᠶᠠᠨ ᠤ ᠠᠵᠢᠯ ᠤᠨ ᠰᠢᠨ᠎ᠡ ᠬᠡᠪ ᠪᠠᠢᠳᠠᠯ ᠢ ᠨᠡᠭᠡᠭᠡᠨ᠎ᠡ᠃ ᠬᠤᠶᠠᠷ ᠳᠤ ᠵᠣᠷᠢᠭᠲᠠᠢ ᠡᠭᠦᠷᠭᠡᠯᠡᠵᠦ᠂ ᠬᠡᠷᠡᠭ ᠢ ᠰᠢᠭᠦᠨ ᠰᠢᠢᠳᠪᠦᠷᠢᠯᠡᠬᠦ ᠵᠢ ᠴ᠊ᠩᠭ᠋ᠠ ᠠᠳᠭᠤᠨ᠂ ᠭᠦᠢᠴᠡᠳᠬᠡᠬᠦ ᠬᠦᠴᠦᠯᠡᠴᠡ ᠪᠡᠨ ᠦᠷᠭᠦᠯᠵᠢᠯᠡᠨ ᠨᠡᠮᠡᠭᠳᠡᠭᠦᠯᠵᠦ᠂2017 ᠤᠨ ᠤ ᠰᠢᠭᠦᠨ ᠭᠦᠢᠴᠡᠳᠬᠡᠬᠦ ᠠᠵᠢᠯ ᠤᠨ ᠡᠭᠦᠷᠭᠡ ᠪᠡᠨ ᠪᠥᠬᠦ ᠬᠦᠴᠦᠨ ᠢᠶᠡᠷ ᠢᠶᠡᠨ ᠳᠠᠭᠤᠰᠭᠠᠵᠤ᠂ ᠰᠢᠭᠦᠨ ᠭᠦᠢᠴᠡᠳᠬᠡᠬᠦ ᠠᠵᠢᠯ ᠤᠨ ᠪᠦᠲᠦᠮᠵᠢ ᠨᠢ ᠦᠷᠭᠦᠯᠵᠢᠯᠡᠨ ᠪᠠᠷᠢᠮᠲᠠᠯᠠᠬᠤ ᠶᠢᠨ ᠵᠡᠷᠭᠡᠪᠡᠷ ᠳᠡᠭᠡᠭᠰᠢᠯᠡᠭᠦᠯᠦᠨ᠎ᠡ᠃ ᠭᠤᠷᠪᠠ ᠳᠤ ᠬᠦᠴᠦᠨ ᠢᠶᠡᠨ ᠲᠥᠪᠯᠡᠷᠡᠭᠦᠯᠦᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠵᠢ ᠰᠢᠪᠲᠤᠯᠠᠵᠤ᠂ ᠥᠭᠡᠷᠡᠴᠢᠯᠡᠯᠲᠡ ᠵᠢ ᠠᠰᠢᠭᠯᠠᠵᠤ ᠪᠠᠢᠭᠠᠳ ᠨᠢᠭᠡ ᠪᠥᠯᠦᠭ ᠰᠢᠭᠦᠨ ᠭᠦᠢᠴᠡᠳᠬᠡᠬᠦ ᠠᠵᠢᠯ ᠤᠨ ᠬᠦᠴᠢᠷᠳᠡᠯ ᠢ ᠴᠢᠷᠮᠠᠢᠨ ᠰᠢᠢᠳᠪᠦᠷᠢᠯᠡᠵᠦ᠂ ᠨᠡᠩ ᠰᠠᠢᠨ ᠢᠶᠡᠷ ᠳᠠᠯᠲᠠ ᠶᠢᠨ ᠬᠦᠴᠦᠨ ᠢᠶᠡᠨ ᠪᠠᠳᠠᠷᠠᠭᠤᠯᠵᠤ᠂ ᠬᠠᠮᠲᠤᠷᠠᠭᠰᠠᠨ ᠬᠦᠴᠦᠨ ᠢ ᠪᠥᠷᠢᠯᠳᠡᠭᠦᠯᠦᠨᠡ᠃ ᠳᠥᠷᠪᠡ ᠳᠤ ᠰᠠᠭᠤᠷᠢ ᠪᠡᠨ ᠪᠠᠲᠤᠯᠠᠨ᠂《 ᠬᠤᠶᠠᠷ ᠲᠢᠩᠬᠢᠮ》 ᠤᠨ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢᠨ ᠶᠠᠪᠤᠴᠠ ᠪᠡᠨ ᠲᠦᠷᠭᠡᠳᠭᠡᠵᠦ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠵᠢ ᠠᠰᠢᠭᠯᠠᠵᠤ ᠪᠠᠢᠭᠠᠳ ᠡᠯ᠎ᠡ ᠲᠥᠷᠦᠯ ᠤᠨ ᠠᠵᠢᠯ ᠤᠨ ᠪᠦᠲᠦᠮᠵᠢ ᠨᠢ ᠳᠡᠭᠡᠭᠰᠢᠯᠡᠭᠦᠯᠵᠦ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠡᠯ᠎ᠡ ᠲᠥᠷᠦᠯ ᠤᠨ ᠳᠦᠷᠢᠮ ᠳᠤᠭᠲᠠᠭᠠᠯ ᠪᠠ ᠠᠷᠭ᠎ᠠ ᠪᠠᠷᠢᠯ ᠢ ᠴᠢᠩᠭᠠᠳᠬᠠᠬᠤ ᠪᠠ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠬᠣᠭᠤᠰᠤᠨ ᠭᠠᠵᠠᠷ ᠪᠠ ᠬᠠᠷᠢᠭᠤᠴᠠᠯᠭ᠎ᠠ ᠶᠢᠨ ᠬᠣᠭᠤᠰᠤᠨ ᠭᠠᠵᠠᠷ ᠭᠠᠷᠬᠤ ᠵᠢ ᠡᠷᠡᠰ ᠬᠣᠷᠢᠭᠯᠠᠵᠤ᠂ ᠡᠷᠡᠰ ᠴᠢᠩᠭ᠎ᠠ ᠬᠠᠮᠢᠶᠠᠷᠤᠯᠲᠠ ᠪᠡᠷ ᠰᠢᠭᠦᠨ ᠭᠦᠢᠴᠡᠳᠬᠡᠬᠦ ᠠᠵᠢᠯ ᠳᠤ ᠬᠦᠴᠦᠲᠠᠢ ᠲᠦᠰᠢᠭ ᠬᠠᠩᠭᠠᠵᠤ᠂ ᠵᠢᠯ ᠤᠨ ᠳᠣᠲᠤᠷ᠎ᠠ ᠪᠣᠳᠠᠲᠤ ᠦᠷ᠎ᠡ ᠠᠰᠢᠭ ᠤᠯᠬᠤ ᠪᠡᠷ ᠴᠢᠷᠮᠠᠢᠨ᠎ᠠ᠃ ᠲᠠᠪᠤ ᠳᠤ ᠴᠢᠩᠭ᠎ᠠ ᠬᠠᠮᠢᠶᠠᠷᠴᠤ᠂《 ᠬᠤᠶᠠᠷ ᠬᠠᠷᠢᠭᠤᠴᠠᠯᠭ᠎ᠠ》 ᠵᠢ ᠴᠢᠩᠭ᠎ᠠ ᠨᠠᠢᠳᠠᠪᠤᠷᠢᠵᠢᠭᠤᠯᠵᠤ᠂ ᠨᠠᠮ ᠢ ᠴᠢᠩᠭ᠎ᠠ ᠵᠠᠰᠠᠬᠤ᠂ ᠰᠢᠭᠦᠬᠦ ᠬᠤᠷᠢᠶ᠎ᠠ ᠵᠢ ᠴᠢᠩᠭ᠎ᠠ ᠵᠠᠰᠠᠬᠤ ᠵᠢ ᠰᠢᠭᠦᠬᠦ ᠬᠣᠷᠢᠶᠠᠨ ᠤ ᠡᠩᠨᠡᠭᠡᠨ ᠪᠠᠢᠭᠤᠯᠤᠯᠲᠠ ᠲᠠᠢ ᠬᠠᠮᠳᠤᠳᠬᠠᠵᠤ᠂ ᠬᠠᠤᠯᠢ ᠳᠦᠷᠢᠮ ᠢ ᠵᠥᠷᠢᠴᠡᠭᠰᠡᠨ ᠦᠢᠯᠡ ᠶᠠᠪᠤᠳᠠᠯ ᠡᠭᠦᠰᠬᠦ ᠵᠢ ᠡᠷᠡᠰ ᠬᠢᠵᠠᠭᠠᠷᠯᠠᠵᠤ᠂ ᠪᠠᠲᠤ ᠴᠢᠩᠭ᠎ᠠ ᠳᠦᠷᠢᠮ ᠳᠤᠭᠲᠠᠭᠠᠯ ᠪᠠ ᠢᠯᠳᠠᠷ ᠬᠠᠶᠠᠬᠤ ᠦᠭᠡᠢ ᠣᠪᠤᠷ ᠢᠶᠡᠷ ᠡᠩᠨᠡᠭᠡᠨ ᠤ ᠶᠠᠮᠠᠷ ᠴᠤ ᠠᠰᠠᠭᠤᠳᠠᠯ ᠭᠠᠷᠬᠤ ᠦᠭᠡᠢ ᠂ ᠠᠵᠢᠯ ᠳᠤ ᠶᠠᠮᠠᠷ ᠴᠤ ᠥ ᠰᠡᠪ ᠭᠠᠷᠬᠤ ᠦᠭᠡᠢ ᠪᠠᠢᠬᠤ ᠵᠢ ᠪᠠᠲᠤᠯᠠᠨ᠎ᠠ᠃
ᠦᠨᠡᠯᠡᠬᠦ 0ᠦᠨᠡᠯᠡᠯᠲᠡ᠎ᠲᠠᠢ