ᠵᠣᠬᠢᠶᠠᠭᠴᠢ᠄ ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠢᠦᠢ ᠯᠢ ᠬᠦᠢ
ᠪᠥᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠢ ᠬᠤᠷᠠᠯᠳᠤᠭᠰᠠᠨ ᠤ ᠳᠠᠷᠠᠭ᠎ᠠ᠂ ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ ᠲᠤᠰᠭᠠᠢᠯᠠᠨ ᠠᠵᠢᠯ ᠤᠨ ᠬᠤᠪᠢᠶᠠᠷᠢᠯᠠᠯ ᠤᠨ ᠬᠤᠷᠠᠯ ᠬᠤᠷᠠᠯᠳᠤᠵᠤ᠂ ᠬᠤᠷᠠᠯ ᠳᠡᠭᠡᠷ᠎ᠡ ᠪᠦᠬᠦ ᠬᠣᠲᠠ ᠶᠢᠨ ᠰᠢᠭᠦᠬᠦ ᠬᠣᠷᠢᠶᠠᠨ ᠤ ᠠᠵᠢᠯ ᠤᠨ ᠬᠤᠷᠠᠯ ᠵᠣᠷᠢᠭ ᠰᠠᠨᠠᠭ᠎ᠠ ᠵᠢ ᠳᠠᠮᠵᠢᠭᠤᠯᠵᠤ᠂ ᠵᠡᠷᠭᠡᠪᠡᠷ ᠳᠣᠣᠷᠠᠬᠢ ᠠᠵᠢᠯ ᠢ ᠰᠠᠢᠲᠤᠷ ᠬᠢᠬᠦ ᠵᠢ ᠴᠢᠬᠤᠯᠠᠴᠢᠯᠠᠪᠠ᠃
ᠨᠢᠭᠡ ᠨᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠢ ᠴᠢᠩᠭ᠎ᠠ ᠪᠠᠷᠢᠬᠤ ᠵᠢ ᠴᠢᠬᠤᠯᠠ ᠠᠵᠢᠯ ᠢᠶᠡᠨ ᠪᠣᠯᠭᠠᠵᠤ᠂ ᠬᠠᠤᠯᠢ ᠶᠣᠰᠣᠭᠠᠷ ᠶᠡᠬᠡ ᠲᠠᠯ᠎ᠠ ᠳᠤ ᠦᠢᠯᠡᠴᠢᠯᠡᠬᠦ ᠳᠡᠭᠡᠷ᠎ᠡ ᠰᠢᠨ᠎ᠡ ᠪᠦᠲᠦᠮᠵᠢ ᠣᠯᠤᠨ᠎ᠠ᠃ ᠠᠵᠤ ᠠᠬᠤᠢ ᠶᠢᠨ ᠰᠢᠨ᠎ᠡ ᠬᠡᠪ ᠪᠠᠢᠳᠠᠯ ᠳᠣᠣᠷᠠᠬᠢ ᠬᠡᠯᠪᠡᠷᠢ ᠪᠡᠨ ᠬᠤᠪᠢᠷᠠᠭᠤᠯᠵᠤ ᠳᠡᠰ ᠳᠠᠪᠰᠢᠭᠰᠠᠨ ᠱᠠᠭᠠᠷᠳᠠᠯᠭ᠎ᠠ ᠵᠢ ᠣᠨᠤᠪᠴᠢᠲᠠᠢ ᠪᠠᠷᠢᠵᠤ᠂ ᠬᠡᠯᠪᠡᠷᠢ ᠪᠡᠨ ᠥᠭᠡᠷᠡᠴᠢᠯᠡᠨ ᠬᠥᠭᠵᠢᠬᠦ ᠳᠤᠮᠳᠠᠬᠢ ᠴᠢᠬᠤᠯᠠ ᠬᠦᠷᠢᠶ᠎ᠡ ᠬᠡᠪᠴᠢᠶ᠎ᠡ᠂ ᠠᠵᠢᠯ ᠦᠢᠯᠡᠰ ᠤ ᠡᠭᠦᠰᠭᠡᠭᠰᠡᠨ ᠵᠥᠷᠢᠴᠡᠯ ᠢ ᠵᠣᠬᠢᠰᠲᠠᠢ ᠪᠡᠷ ᠰᠢᠭᠦᠨ ᠰᠢᠢᠳᠪᠦᠷᠢᠯᠡᠨ᠎ᠡ᠃ ᠦᠷᠭᠦᠯᠵᠢᠯᠡᠨ ᠠᠷᠠᠳ ᠤᠨ ᠳᠤᠮᠳᠠᠬᠢ ᠵᠢᠭᠡᠯᠡᠯᠭᠡ᠂ ᠭᠡᠷ ᠬᠥᠷᠦᠩᠭᠡ ᠭᠠᠵᠠᠷ ᠰᠢᠷᠤᠢ ᠶᠢᠨ ᠮᠠᠷᠭᠤᠯᠳᠤᠭᠠᠨ᠂ ᠮᠥᠩᠭᠦᠨ ᠭᠦᠢᠯᠭᠡᠨ ᠤ ᠵᠢᠭᠡᠯᠡᠯᠭᠡ ᠶᠢᠨ ᠮᠠᠷᠭᠤᠯᠳᠤᠭᠠᠨ ᠤ ᠬᠡᠷᠡᠭ ᠢ ᠨᠠᠮᠵᠢᠭᠤᠯᠬᠤ ᠠᠵᠢᠯ ᠢ ᠦᠷᠭᠦᠯᠵᠢᠯᠡᠨ ᠰᠠᠢᠲᠤᠷ ᠬᠢᠵᠦ᠂ ᠬᠠᠷ᠎ᠠ ᠰᠠᠨᠠᠭᠠᠨ ᠡᠴᠡ ᠪᠡᠨ ᠥᠷᠢᠲᠦᠵᠦ ᠬᠠᠢᠰᠢᠯᠠᠭᠤᠯᠬᠤ ᠪᠣᠯᠤᠨ ᠥᠷᠢ ᠡᠴᠡ ᠪᠡᠨ ᠳᠤᠲᠠᠭᠠᠬᠤ ᠵᠡᠷᠭᠡ ᠢᠲᠡᠭᠡᠮᠵᠢ ᠠᠯᠳᠠᠭᠰᠠᠨ ᠦᠢᠯᠡ ᠠᠵᠢᠯᠠᠯᠭ᠎ᠠ ᠳ᠋ᠤ ᠬᠦᠴᠦᠲᠠᠢ ᠴᠣᠬᠢᠯᠲᠠ ᠥᠭᠭᠦᠨ᠎ᠡ᠃ ᠬᠠᠤᠯᠢ ᠪᠤᠰᠤ ᠪᠡᠷ ᠨᠡᠢᠲᠡ ᠶᠢᠨ ᠬᠠᠳᠠᠭᠠᠯᠠᠮᠵᠢ ᠵᠢ ᠬᠡᠷᠡᠭᠯᠡᠬᠦ ᠪᠡᠷ ᠭᠣᠣᠯ ᠪᠣᠯᠭᠠᠭᠰᠠᠨ ᠡᠯ᠎ᠡ ᠲᠥᠷᠦᠯ ᠤᠨ ᠠᠵᠤ ᠠᠬᠤᠢ ᠶᠢᠨ ᠶᠠᠯᠠᠲᠤ ᠠᠵᠢᠯᠠᠯᠭ᠎ᠠ ᠵᠢ ᠰᠠᠢᠲᠤᠷ ᠰᠢᠭᠦᠨ ᠳᠠᠰᠤᠯᠠᠬᠤ ᠪᠡᠷ ᠳᠠᠮᠵᠢᠭᠤᠯᠵᠤ᠂ ᠬᠠᠤᠯᠢ ᠴᠠᠭᠠᠵᠠ ᠶᠢᠨ ᠳᠠᠰᠤᠯᠠᠨ ᠳᠤᠭᠲᠠᠭᠠᠯᠳᠠ ᠶᠢᠨ ᠲᠥᠷᠢᠮᠵᠢᠯ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠬᠡᠪ ᠪᠠᠢᠳᠠᠯ ᠳᠣᠣᠷᠠᠬᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠴᠡᠪᠡᠷᠰᠢᠭᠦᠯᠬᠦ ᠪᠣᠯᠤᠨ ᠠᠵᠤ ᠠᠬᠤᠢ ᠶᠢᠨ ᠡᠮᠬᠢ ᠵᠥᠷᠢᠮ ᠢ ᠲᠥᠷᠢᠮᠵᠢᠭᠦᠯᠬᠦ ᠵᠢ ᠲᠦᠯᠬᠢᠨ ᠠᠬᠢᠭᠤᠯᠤᠨ᠎ᠠ᠃
ᠬᠤᠶᠠᠷ ᠨᠢ ᠰᠢᠭᠦᠨ ᠭᠦᠢᠴᠡᠳᠬᠡᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠪᠡᠷ ᠬᠠᠷᠠᠯᠲᠠ ᠪᠣᠯᠭᠠᠵᠤ᠂ ᠬᠠᠤᠯᠢ ᠬᠡᠷᠡᠭᠵᠢᠭᠦᠯᠬᠦ ᠶᠢᠨ ᠬᠦᠴᠢᠷᠳᠡᠯ ᠢ ᠰᠢᠪᠲᠤᠯᠠᠬᠤ ᠲᠠᠯ᠎ᠠ ᠪᠡᠷ ᠰᠢᠨ᠎ᠡ ᠠᠮᠵᠢᠯᠲᠠ ᠣᠯᠤᠨ᠎ᠠ᠃ ᠨᠢᠭᠡ ᠳᠤ ᠵᠥᠷᠢᠴᠡᠯ ᠨᠢ ᠢᠯᠡᠷᠬᠡᠢ ᠬᠡᠷᠡᠭ ᠢ ᠰᠢᠢᠳᠪᠦᠷᠢᠯᠡᠬᠦ ᠠᠵᠢᠯ ᠤᠨ ᠳᠤᠭᠲᠠᠴᠠ ᠵᠢ ᠲᠡᠭᠦᠯᠳᠡᠷᠵᠢᠭᠦᠯᠦᠨ᠎ᠡ᠃ ᠡᠷᠡᠭᠦᠦ ᠶᠢᠨ ᠬᠡᠷᠡᠭ ᠤᠨ ᠰᠢᠭᠦᠨ ᠳᠠᠰᠤᠯᠠᠯᠲᠠ ᠶᠢᠨ ᠬᠡᠷᠡᠭ ᠲᠤ ᠬᠣᠯᠪᠤᠭᠳᠠᠭᠰᠠᠨ ᠡᠳ᠋ ᠬᠥᠷᠦᠩᠭᠡ ᠵᠢ ᠰᠢᠢᠳᠪᠦᠷᠢᠯᠡᠬᠦ ᠠᠵᠢᠯ ᠢ ᠢᠳᠡᠪᠬᠢᠲᠠᠢ ᠲᠦᠯᠬᠢᠨ ᠠᠬᠢᠭᠤᠯᠵᠤ᠂ ᠡᠳ᠋ ᠪᠣᠳᠠᠰ ᠢ ᠰᠢᠢᠳᠪᠦᠷᠢᠯᠡᠬᠦ ᠠᠵᠢᠯ ᠤᠨ ᠬᠤᠪᠢᠶᠠᠷᠢᠯᠠᠯ ᠪᠠᠢᠭᠤᠯᠬᠤ ᠵᠢ ᠲᠥᠯᠦᠪᠯᠡᠵᠦ᠂ ᠬᠡᠷᠡᠭ ᠳᠤ ᠬᠣᠯᠪᠤᠭᠳᠠᠭᠰᠠᠨ ᠡᠳ᠋ ᠪᠣᠳᠠᠰ ᠢ ᠰᠢᠢᠳᠪᠦᠷᠢᠯᠡᠬᠦ ᠳᠤ ᠪᠡᠨ ᠬᠦᠴᠦᠨ ᠲᠠᠢ᠂ ᠳᠦᠷᠢᠮᠵᠢᠯ ᠲᠠᠢ᠂ ᠥᠨᠳᠦᠷ ᠪᠦᠲᠦᠮᠵᠢ ᠲᠠᠢ ᠪᠠᠢᠬᠤ ᠵᠢ ᠪᠡᠶᠡᠯᠡᠭᠦᠯᠦᠨ᠎ᠡ᠃ ᠬᠤᠶᠠᠷ ᠲᠤ ᠭᠦᠢᠴᠡᠳᠬᠡᠬᠦ ᠠᠵᠢᠯ ᠤᠨ ᠠᠷᠭ᠎ᠠ ᠪᠠᠷᠢᠯ ᠳᠤ ᠰᠢᠨ᠎ᠡ ᠵᠢ ᠡᠭᠦᠳᠴᠦ᠂ ᠭᠦᠢᠴᠡᠳᠬᠡᠬᠦ ᠳᠤ ᠬᠦᠴᠢᠷ ᠠᠰᠠᠭᠤᠳᠠᠯ ᠢ ᠪᠥᠬᠦ ᠬᠦᠴᠦᠨ ᠢᠶᠡᠷ ᠢᠶᠡᠨ ᠰᠢᠪᠲᠤᠯᠤᠨ᠎ᠠ᠃ ᠢᠲᠡᠭᠡᠯ ᠠᠯᠳᠠᠭᠰᠠᠳ ᠳᠤ ᠵᠠᠯᠬᠠᠭᠠᠯ ᠦᠵᠡᠭᠦᠯᠬᠦ ᠬᠦᠴᠦᠯᠡᠴᠡ ᠪᠡᠨ ᠦᠷᠭᠦᠯᠵᠢᠯᠡᠨ ᠨᠡᠮᠡᠭᠳᠡᠭᠦᠯᠵᠦ᠂ ᠢᠲᠡᠭᠡᠯ ᠠᠯᠳᠠᠭᠰᠠᠨ ᠬᠥᠮᠦᠰ ᠤᠨ ᠨᠡᠷᠡᠰ ᠢ ᠨᠡᠢᠲᠡᠯᠡᠬᠦ ᠵᠠᠭᠤᠴᠢᠯᠠᠭᠤᠷ ᠤᠨ ᠬᠦᠷᠢᠶ᠎ᠡ ᠬᠡᠪᠴᠢᠶ᠎ᠡ ᠵᠢ ᠥᠷᠭᠡᠵᠢᠭᠦᠯᠵᠦ᠂ ᠮᠥᠩᠭᠦᠨ ᠭᠦᠢᠯᠡᠭᠡ᠂ ᠠᠵᠤ ᠦᠢᠯᠡᠳᠪᠦᠷᠢ ᠶᠢᠨ ᠰᠠᠯᠠᠭ᠎ᠠ ᠮᠥᠴᠢᠷ ᠯᠤᠭ᠎ᠠ ᠶᠢᠨ ᠬᠠᠷᠢᠴᠠᠭ᠎ᠠ ᠪᠡᠨ ᠴᠢᠩᠭᠠᠳᠭᠠᠵᠤ᠂ ᠢᠲᠡᠭᠡᠯ ᠠᠯᠳᠠᠭᠰᠠᠳ ᠤᠨ ᠵᠢᠭᠡᠯᠡᠯᠭᠡ ᠠᠪᠬᠤ᠂ ᠵᠠᠬ᠎ᠠ ᠳᠡᠯᠭᠡᠭᠦᠷ ᠳᠤ ᠤᠷᠤᠯᠴᠠᠬᠤ᠂ ᠬᠢᠷᠢ ᠬᠡᠮ ᠤᠨ ᠬᠢᠨᠠᠨ ᠵᠥᠪᠰᠢᠶᠡᠷᠡᠯ ᠵᠢᠴᠢ ᠳᠠᠭᠠᠭᠠᠴᠢᠯᠠᠯᠲᠠ ᠵᠠᠷᠯᠠᠯ᠂ ᠬᠦᠯᠢᠶᠡᠯᠲᠡ ᠳᠤ ᠣᠷᠤᠯᠴᠠᠭᠤᠯᠪᠠ ᠵᠢ ᠬᠢᠵᠠᠭᠠᠷᠯᠠᠬᠤ ᠵᠡᠷᠭᠡ ᠵᠢ ᠪᠤᠲᠠᠲᠠᠢᠵᠢᠭᠤᠯᠤᠨᠠ᠃
ᠭᠤᠷᠪᠠ ᠳᠤ ᠬᠠᠤᠯᠢ ᠳᠤ ᠬᠣᠯᠪᠤᠭᠳᠠᠭᠰᠠᠨ ᠵᠠᠭᠠᠯᠳᠤᠯᠭ᠎ᠠ ᠳᠤ ᠬᠤᠯᠪᠤᠭᠳᠠᠭᠰᠨ ᠵᠠᠬᠢᠳᠠᠯ ᠰᠤᠷᠪᠤᠯᠵᠢᠯᠠᠭ᠎ᠠ ᠵᠢ ᠬᠠᠤᠯᠢ ᠶᠣᠰᠣᠭᠠᠷ ᠲᠡᠭᠦᠰᠭᠡᠬᠦ ᠪᠠᠢᠭᠤᠯᠤᠯ ᠢ ᠪᠤᠲᠠᠲᠠᠢᠵᠢᠭᠤᠯᠵᠤ᠂ ᠬᠠᠤᠯᠢ ᠳᠤ ᠬᠣᠯᠪᠤᠭᠳᠠᠭᠰᠠᠨ ᠰᠤᠷᠪᠤᠯᠵᠢᠯᠠᠭ᠎ᠠ ᠳᠤ ᠬᠠᠤᠯᠪᠤᠭᠳᠠᠭᠰᠠᠨ ᠢ ᠬᠠᠤᠯᠢ ᠢᠶᠡᠷ ᠵᠠᠰᠠᠬᠤ ᠵᠠᠮ ᠳᠤ ᠣᠷᠤᠭᠤᠯᠤᠨ᠎ᠠ᠃ ᠫᠷᠣᠭ᠍ᠷᠠᠮ ᠢᠶᠡᠷ ᠬᠥᠲᠦᠯᠦᠮᠵᠢ ᠪᠣᠯᠭᠠᠬᠤ ᠵᠢ ᠴᠢᠩᠭᠠᠳᠭᠠᠵᠤ᠂ ᠬᠠᠤᠯᠢ ᠬᠡᠷᠡᠭᠵᠢᠭᠦᠯᠦᠭᠡᠳ ᠮᠣᠬᠤᠭᠰᠠᠨ ᠬᠠᠤᠯᠢ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠳᠤ ᠬᠣᠯᠪᠤᠭᠳᠠᠭᠰᠠᠨ ᠬᠡᠷᠡᠭ ᠢ ᠵᠣᠬᠢᠰᠲᠠᠢ ᠳᠡᠭᠦᠰᠬᠡᠵᠦ᠂ ᠶᠣᠰᠤ ᠪᠤᠰᠤ ᠪᠡᠷ ᠳᠡᠭᠡᠭᠰᠢ ᠰᠤᠷᠪᠤᠯᠵᠢᠯᠠᠵᠤ ᠬᠠᠤᠯᠢ ᠴᠠᠭᠠᠵᠠ ᠶᠢᠨ ᠡᠷᠬᠡ ᠰᠦᠷ ᠳᠤ ᠬᠠᠯᠳᠠᠭᠰᠠᠨ ᠬᠡᠷᠡᠭ ᠭᠠᠷᠬᠤ ᠵᠢ ᠬᠤᠷᠢᠭᠯᠠᠨ᠎ᠠ᠃ ᠭᠤᠷᠪᠠ ᠨᠢ ᠬᠠᠤᠯᠢ ᠬᠡᠷᠡᠭᠵᠢᠭᠦᠯᠦᠯᠲᠡ ᠶᠢᠨ ᠱᠠᠭᠠᠷᠳᠠᠯᠭ᠎ᠠ ᠵᠢ ᠬᠠᠩᠭᠠᠬᠤ ᠪᠡᠷ ᠴᠢᠭᠯᠡᠯ ᠪᠣᠯᠭᠠᠵᠤ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ ᠵᠢᠭᠠᠪᠤᠷᠢ ᠳᠤ ᠰᠢᠨ᠎ᠡ ᠠᠮᠵᠢᠯᠲᠠ ᠭᠠᠷᠭᠠᠨ᠎ᠠ᠃ ᠠᠷᠠᠳ ᠲᠦᠮᠡᠨ ᠤ ᠤᠯᠠᠨ ᠡᠰᠢᠵᠢᠭᠰᠡᠨ ᠬᠠᠤᠯᠢ ᠴᠠᠭᠠᠵᠠ ᠶᠢᠨ ᠱᠠᠭᠠᠷᠳᠠᠯᠭ᠎ᠠ ᠵᠢ ᠴᠠᠭ ᠢᠮᠠᠭᠲᠠ ᠠᠩᠬᠠᠷᠴᠤ᠂ ᠵᠠᠷᠭᠤᠯᠳᠤᠭᠠᠨ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠢᠭᠤᠯᠤᠯᠲᠠ ᠵᠢ ᠲᠦᠷᠭᠡᠳᠭᠡᠨ᠎ᠡ᠃ ᠵᠠᠷᠭᠤᠯᠳᠤᠭᠠᠨ ᠤᠨ ᠦᠢᠯᠡᠴᠢᠯᠡᠭᠡᠨ ᠤ ᠪᠦᠲᠦᠭᠡᠨ ᠪᠠᠢᠭᠤᠯᠠᠯᠲᠠ ᠳᠤ ᠬᠠᠲᠠᠭᠤ ᠵᠥᠭᠡᠯᠡᠨ ᠲᠣᠨᠤᠭ ᠢ ᠵᠡᠷᠭᠡᠪᠡᠷ ᠪᠠᠷᠢᠵᠤ᠂ ᠵᠠᠷᠭᠤᠯᠳᠤᠭᠠᠨ ᠤᠨ ᠦᠢᠯᠡᠴᠢᠯᠡᠭᠡᠨ ᠤ ᠲᠥᠪ ᠬᠡᠷᠡᠭᠯᠡᠭᠡᠨ ᠳᠤ ᠣᠷᠤᠭᠰᠠᠨ ᠤ ᠳᠠᠷᠠᠭᠠᠬᠢ ᠬᠡᠷᠡᠭ ᠰᠢᠢᠳᠪᠦᠷᠢᠯᠡᠬᠦ ᠨᠠᠷᠢᠯᠢᠭ ᠵᠢᠷᠤᠮᠯᠠᠯ ᠵᠢᠴᠢ ᠳᠦᠷᠢᠮ ᠳᠤᠭᠲᠠᠭᠠᠯ ᠢ ᠡᠷᠲᠡ ᠡᠴᠡ ᠪᠡᠯᠡᠳᠭᠡᠵᠦ᠂ ᠬᠠᠮᠤᠭ ᠶᠡᠬᠡ ᠬᠡᠮᠵᠢᠶ᠎ᠡ ᠪᠡᠷ ᠵᠠᠭᠠᠯᠳᠤᠬᠤ ᠡᠶᠡᠳᠡᠭᠦᠯᠬᠦ ᠵᠢ ᠵᠣᠯᠭᠠᠭᠤᠯᠵᠤ᠂ ᠦᠨ᠎ᠡ ᠬᠠᠶᠠᠯᠲᠠ ᠵᠢ ᠮᠠᠭᠠᠳᠯᠠᠨ ᠳᠤᠭᠲᠠᠭᠠᠬᠤ᠂ ᠡᠳ᠋ ᠪᠣᠳᠠᠰ ᠲᠤ ᠬᠠᠳᠠᠭᠠᠯᠠᠯᠲᠠ ᠠᠪᠬᠤ᠂ ᠠᠯᠪᠠᠨ ᠵᠠᠷ ᠤᠨ ᠬᠢᠨᠠᠨ ᠳᠤᠭᠲᠠᠭᠠᠯᠲᠠ᠂ ᠪᠢᠴᠢᠭ᠌ ᠬᠠᠷ᠎ᠠ ᠬᠦᠷᠭᠡᠬᠦ᠂ ᠮᠠᠲ᠋ᠧᠷᠢᠶᠠᠯ ᠢ ᠬᠤᠷᠢᠶᠠᠵᠤ ᠳᠠᠮᠵᠢᠭᠤᠯᠬᠤ᠂ ᠰᠢᠭᠦᠭᠴᠢ ᠵᠢ ᠪᠣᠯᠵᠤᠨ ᠶᠠᠷᠢᠯᠴᠠᠬᠤ᠂ ᠵᠠᠭᠠᠯᠳᠤᠬᠤ ᠰᠠᠨᠠᠭᠤᠯᠭ᠎ᠠ ᠵᠡᠷᠭᠡ ᠡᠯ᠎ᠡ ᠲᠥᠷᠦᠯ ᠤᠨ ᠬᠡᠷᠡᠭ ᠰᠢᠢᠳᠪᠦᠷᠢᠯᠡᠬᠦ ᠠᠭᠤᠯᠭ᠎ᠠ ᠵᠢ ᠨᠢᠭᠡᠲᠦᠭᠦᠯᠬᠦ ᠪᠡᠷ ᠴᠢᠷᠮᠠᠢᠨ᠎ᠠ᠃ ᠵᠠᠭᠠᠯᠳᠤᠯᠭ᠎ᠠ ᠶᠢᠨ ᠦᠢᠯᠡᠴᠢᠯᠡᠭᠡᠨ ᠤ ᠰᠦᠯᠵᠢᠶ᠎ᠡ ᠪᠠ12368 ᠰᠢᠭᠦᠬᠦ ᠬᠣᠷᠢᠶᠠᠨ ᠤ ᠬᠠᠷᠢᠯᠴᠠᠬᠤ ᠤᠲᠠᠰᠤ ᠵᠢ ᠤᠯᠠᠮ ᠨᠢᠭᠡ ᠠᠯᠬᠤᠮ ᠨᠡᠭᠡᠭᠡᠨ᠎ᠡ᠃
ᠳᠥᠷᠪᠡ ᠨᠢ ᠠᠵᠢᠯ ᠤᠨ ᠰᠤᠷᠲᠠᠯ ᠤᠨ ᠪᠦᠲᠦᠭᠡᠨ ᠪᠠᠢᠭᠤᠯᠤᠯᠲᠠ ᠵᠢ ᠴᠢᠩᠭᠠᠳᠬᠠᠬᠤ ᠵᠢ ᠪᠠᠷᠢᠵᠤ᠂ ᠬᠡᠪ ᠰᠤᠷᠲᠠᠯ ᠢᠶᠡᠷ ᠥᠨᠳᠦᠷ ᠡᠩᠨᠡᠭᠡ ᠵᠢ ᠵᠣᠬᠢᠶᠠᠨ ᠪᠠᠢᠭᠤᠯᠬᠤ ᠳᠤ ᠰᠢᠨ᠎ᠡ ᠠᠮᠵᠢᠯᠲᠠ ᠣᠯᠤᠨ᠎ᠠ᠃ ᠰᠢᠭᠦᠬᠦ ᠬᠣᠷᠢᠶᠠᠨ ᠤ ᠬᠤᠪᠢ ᠪᠡᠶ᠎ᠡ ᠶᠢᠨ ᠪᠦᠲᠦᠭᠡᠨ ᠪᠠᠢᠭᠤᠯᠤᠯᠲᠠ ᠪᠡᠨ ᠴᠢᠩᠭᠠᠳᠭᠠᠵᠤ᠂ ᠨᠠᠮ ᠤᠨ ᠤᠯᠤᠰ ᠲᠥᠷᠦ ᠶᠢᠨ ᠰᠠᠬᠢᠯᠭ᠎ᠠ ᠪᠠᠲᠤ ᠪᠠ ᠤᠯᠤᠰ ᠲᠥᠷᠦ ᠶᠢᠨ ᠳᠦᠷᠢᠮᠵᠢᠯ ᠢ ᠳᠠᠭᠠᠬᠤ ᠳᠤ ᠳᠠᠭᠠᠭᠤᠯᠬᠤ ᠦᠢᠯᠡᠳᠦᠯ ᠦᠵᠡᠭᠦᠯᠵᠦ᠂ ᠨᠠᠮ ᠤᠨ ᠳᠣᠲᠤᠷᠠᠬᠢ ᠤᠯᠤᠰ ᠲᠥᠷᠦ ᠶᠢᠨ ᠠᠮᠢᠳᠤᠷᠠᠯ ᠢ ᠴᠢᠩᠭᠠᠷᠠᠭᠤᠯᠤᠨ᠎ᠠ᠃ ᠤᠳᠤᠷᠢᠳᠤᠯᠭ᠎ᠠ ᠵᠢ ᠪᠠᠷᠢᠬᠤ᠂ ᠡᠩᠨᠡᠭᠡ ᠵᠢ ᠳᠠᠭᠠᠭᠤᠯᠬᠤ ᠬᠠᠷᠢᠭᠤᠴᠠᠯᠭ᠎ᠠ ᠵᠢ ᠦᠨᠡᠨᠬᠦ ᠭᠦᠢᠴᠡᠳᠭᠡᠵᠦ᠂ ᠨᠠᠮ ᠤᠨ ᠰᠤᠷᠲᠠᠯ ᠪᠠ ᠠᠷᠢᠭᠤᠨ ᠴᠢᠭᠡᠴᠢ ᠪᠡᠷ ᠵᠠᠰᠠᠭ ᠪᠠᠷᠢᠬᠤ ᠵᠢ ᠪᠠᠢᠭᠤᠯᠬᠤ ᠪᠦᠬᠦᠯᠢ ᠴᠣᠭᠴᠠ ᠶᠢᠨ ᠡᠭᠦᠷᠭᠡ ᠵᠢ ᠦᠨᠡᠨᠬᠦ ᠡᠭᠦᠷᠭᠡᠯᠡᠵᠦ᠂ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠵᠢ ᠪᠦᠲᠦᠭᠡᠨ ᠪᠠᠢᠭᠤᠯᠬᠤ ᠬᠠᠷᠢᠭᠤᠴᠠᠯᠭ᠎ᠠ ᠶᠢᠨ ᠪᠢᠴᠢᠭ᠌ ᠢ ᠦᠷᠭᠦᠯᠵᠢᠯᠡᠨ ᠳᠤᠭᠲᠠᠵᠤ᠂ ᠰᠠᠬᠢᠯᠭ᠎ᠠ ᠪᠠᠲᠤ ᠪᠠᠢᠴᠠᠭᠠᠬᠤ ᠪᠠᠢᠭᠤᠯᠭ᠎ᠠ ᠶᠢᠨ ᠬᠢᠨᠠᠯᠲᠠ ᠳᠠᠯᠪᠢᠬᠤ ᠬᠠᠷᠢᠭᠤᠴᠠᠯᠭ᠎ᠠ ᠵᠢ ᠴᠢᠩᠭᠠᠳᠭᠠᠵᠤ᠂ ᠺᠠᠲᠠᠷ ᠴᠠᠭᠳᠠᠭ᠎ᠠ ᠳᠤ ᠳᠤᠭᠲᠠᠭᠰᠠᠨ ᠬᠤᠭᠤᠴᠠᠭ᠎ᠠ ᠲᠠᠢ ᠪᠡᠷ ᠠᠷᠢᠭᠤᠨ ᠴᠢᠭᠡᠴᠢ ᠪᠡᠷ ᠵᠠᠰᠠᠭ ᠪᠠᠷᠢᠬᠤ ᠲᠤᠬᠠᠢ ᠤᠬᠤᠷ ᠮᠡᠳᠡᠭᠡ ᠢᠯᠡᠭᠡᠵᠦ᠂ ᠠᠷᠠᠭᠤᠨ ᠴᠢᠭᠡᠴᠢ ᠪᠡᠷ ᠵᠠᠰᠠᠭ ᠪᠠᠷᠢᠬᠤ ᠵᠢ ᠭᠡᠷ ᠪᠦᠯᠢ ᠡᠴᠡ ᠡᠬᠢᠯᠡᠨ᠎ᠡ᠃ ᠠᠷᠢᠭᠤᠨ ᠴᠢᠭᠡᠴᠢ ᠪᠡᠷ ᠵᠠᠰᠠᠭ ᠪᠠᠷᠢᠬᠤ ᠬᠥᠮᠦᠵᠢᠯ ᠢ ᠪᠠᠷᠢᠬᠤ ᠵᠢ ᠪᠠᠷᠢᠮᠲᠠᠯᠠᠵᠤ᠂ ᠠᠷᠢᠭᠤᠨ ᠴᠢᠭᠡᠴᠢ ᠬᠠᠤᠯᠢ ᠬᠡᠷᠡᠭᠵᠢᠭᠦᠯᠬᠦ ᠵᠢ ᠲᠥᠪᠯᠡᠷᠡᠭᠦᠯᠦᠨ ᠰᠤᠷᠤᠯᠴᠠᠬᠤ ᠵᠢ ᠳᠡᠯᠭᠡᠷᠡᠭᠦᠯᠵᠦ᠂ ᠬᠠᠮᠢᠶ᠎ᠠ ᠪᠥᠬᠦᠢ ᠶᠠᠷᠢᠶ᠎ᠠ᠂ ᠳᠦᠷᠢᠮᠵᠢᠯ ᠢ ᠰᠤᠷᠤᠯᠴᠠᠬᠤ ᠵᠢ ᠵᠣᠬᠢᠶᠠᠨ ᠪᠠᠢᠭᠤᠯᠬᠤ ᠪᠡᠷ ᠳᠠᠮᠵᠢᠵᠤ᠂ ᠨᠡᠢᠲᠡᠯᠡᠬᠦ ᠬᠡᠷᠡᠭ ᠤᠨ ᠵᠢᠱᠢᠶ᠎ᠡ ᠵᠢ ᠬᠡᠷᠡᠭᠯᠡᠵᠦ ᠰᠡᠷᠡᠮᠵᠢᠯᠡᠭᠦᠯᠬᠦ ᠬᠥᠮᠦᠵᠢᠯ ᠢ ᠬᠢᠵᠦ᠂ ᠺᠠᠲᠠᠷ ᠴᠠᠭᠳᠠᠭ᠎ᠠ ᠳᠤ ᠰᠠᠢᠨ ᠢ ᠰᠠᠨᠠᠵᠤ᠂ ᠬᠣᠷᠢᠭ᠎ᠠ ᠴᠡᠭᠡᠷ ᠢ ᠰᠠᠬᠢᠵᠤ᠂《 ᠶᠠᠭ ᠨᠠᠢᠷ ᠲᠠᠯᠪᠢᠬᠤ ᠦᠭᠡᠢ》 ᠣᠪᠤᠷ ᠢᠶᠡᠷ ᠨᠠᠮ ᠤᠨ ᠰᠤᠷᠲᠠᠯ ᠠᠷᠢᠭᠤᠨ ᠴᠢᠭᠡᠴᠢ ᠪᠡᠷ ᠵᠠᠰᠠᠭ ᠪᠠᠷᠢᠬᠤ ᠪᠦᠲᠦᠭᠡᠨ ᠪᠠᠢᠭᠤᠯᠤᠯᠲᠠ ᠵᠢ ᠲᠦᠯᠬᠢᠨ ᠠᠬᠢᠭᠤᠯᠤᠨ᠎ᠠ᠃ ᠰᠤᠷᠤᠯᠴᠠᠯᠭ᠎ᠠ ᠶᠢᠨ ᠬᠡᠯᠪᠡᠷᠢ ᠶᠢᠨ ᠰᠢᠭᠦᠬᠦ ᠬᠣᠷᠢᠶᠠᠨ ᠤ ᠬᠤᠬᠢᠶᠠᠨ ᠪᠠᠭᠤᠯᠤᠯᠲᠠ ᠵᠢ ᠲᠦᠯᠬᠢᠨ ᠠᠬᠢᠭᠤᠯᠵᠤ᠂ ᠵᠠᠯᠠᠭᠤ ᠰᠢᠭᠦᠭᠴᠢ ᠶᠢᠨ ᠬᠥᠮᠦᠵᠢᠭᠦᠯᠬᠦ ᠵᠢ ᠴᠢᠩᠭᠠᠳᠭᠠᠵᠤ᠂ ᠰᠢᠭᠦᠭᠴᠢ᠂ ᠬᠠᠤᠯᠢ ᠬᠡᠷᠡᠭᠵᠢᠭᠦᠯᠦᠭᠴᠢ ᠶᠢᠨ ᠬᠠᠪᠰᠤᠷᠤᠭᠴᠢ ᠪᠣᠯᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠥᠮᠦᠰ ᠤᠨ ᠲᠥᠷᠦᠯ ᠬᠤᠪᠢᠶᠠᠨ ᠪᠣᠯᠪᠠᠰᠤᠷᠠᠭᠤᠯᠬᠤ ᠵᠢ ᠴᠢᠩᠭᠠᠳᠭᠠᠵᠤ᠂ ᠴᠢᠭᠦᠭᠴᠢ ᠶᠢᠨ ᠰᠠᠢᠨ ᠢ ᠰᠠᠨᠠᠬᠤ ᠪᠣᠯᠤᠨ ᠠᠵᠢᠯ ᠤ ᠬᠡᠪ ᠰᠤᠷᠲᠠᠯ ᠤᠨ ᠲᠠᠯ᠎ᠠ ᠪᠡᠷ ᠬᠢ ᠬᠥᠮᠦᠵᠢᠯ ᠢ ᠭᠣᠣᠯᠳᠠᠯᠭ᠎ᠠ ᠲᠠᠢ ᠴᠢᠩᠭᠠᠳᠭᠠᠨ᠎ᠠ᠃ ᠥᠷᠭᠡᠳᠭᠡᠭᠰᠡᠨ ᠪᠣᠯᠪᠠᠰᠤᠷᠠᠯ ᠢ ᠬᠢᠨᠠᠮᠠᠭᠠᠢ ᠵᠣᠬᠢᠶᠠᠨ ᠪᠠᠢᠭᠤᠯᠵᠤ᠂ ᠥᠷᠭᠡᠳᠭᠡᠭᠰᠡᠨ ᠪᠣᠯᠪᠠᠰᠤᠷᠠᠯ ᠳᠣᠮᠲᠠᠢ ᠡᠩᠨᠡᠭᠡᠨ ᠤ ᠨᠢᠭᠲᠠᠷᠠᠯ ᠢ ᠴᠢᠩᠭᠠᠳᠭᠠᠵᠤ᠂ ᠰᠡᠳᠭᠢᠴᠡ ᠵᠢ ᠨᠢ ᠥᠷᠭᠡᠳᠭᠡᠵᠦ ᠬᠠᠮᠲᠤᠷᠠᠯᠴᠠᠬᠤ ᠴᠢᠳᠠᠮᠵᠢ ᠵᠢ ᠨᠢ ᠳᠡᠭᠡᠭᠰᠢᠯᠡᠭᠦᠯᠬᠦ ᠬᠠᠷᠠᠯᠲᠠ ᠳᠤ ᠬᠦᠷᠦᠨ᠎ᠡ᠃
ᠦᠨᠡᠯᠡᠬᠦ 0ᠦᠨᠡᠯᠡᠯᠲᠡ᠎ᠲᠠᠢ