ᠵᠣᠬᠢᠶᠠᠭᠴᠢ᠄ ᠣᠲᠤᠭ ᠬᠣᠰᠢᠭᠤᠨ ᠤ ᠰᠢᠭᠦᠬᠦ ᠬᠤᠷᠢᠶ᠎ᠠ ᠸᠠᠩ ᠳ᠋ᠦᠩ ᠳ᠋ᠦᠩ
ᠳᠠᠰᠤᠷᠠᠯᠲᠠ ᠦᠭᠡᠢ ᠡᠷᠢᠯᠬᠢᠯᠡᠬᠦ ᠪᠡᠷ ᠳᠠᠮᠵᠢᠵᠤ᠂ ᠣᠲᠤᠭ ᠬᠣᠰᠢᠭᠤᠨ ᠤ ᠰᠢᠭᠦᠬᠦ ᠬᠣᠷᠢᠶᠠᠨ ᠡᠴᠡ ᠪᠥᠬᠦ ᠬᠣᠰᠢᠭᠤ ᠵᠢ ᠪᠦᠷᠬᠦᠭᠰᠡᠨ《 ᠲᠥᠪ᠂ ᠥᠷᠲᠡᠭᠡ᠂ ᠴᠢᠭ᠌᠂ ᠬᠡᠰᠢᠭᠦᠨ》 ᠳᠥᠷᠮᠦᠰᠦᠨ ᠴᠣᠭᠴᠠ ᠶᠢᠨ ᠵᠠᠭᠠᠯᠳᠤᠯᠭ᠎ᠠ ᠶᠢᠨ ᠦᠢᠯᠡᠴᠢᠯᠡᠭᠡ ᠶᠢᠨ ᠰᠦᠯᠵᠢᠶ᠎ᠡ ᠵᠢ ᠪᠠᠢᠭᠤᠯᠤᠨ ᠲᠡᠭᠦᠯᠳᠡᠷᠵᠢᠭᠦᠯᠵᠦ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ ᠵᠢ ᠨᠢᠭᠡᠳᠦᠭᠡᠷ ᠤᠳᠠᠭ᠎ᠠ6 ᠰᠤᠮᠦ᠂75 ᠭᠠᠴᠠᠭ᠎ᠠ ᠲᠣᠰᠭᠤᠨ ᠳᠤ ᠥᠷᠭᠡᠳᠭᠡᠪᠡ᠃ ᠥᠨᠥᠳᠦᠷ᠂ ᠪᠤᠢᠳᠠ ᠪᠥᠭᠯᠡᠭᠦᠦ ᠭᠠᠵᠠᠷ ᠤᠨ ᠮᠠᠯᠴᠢᠨ ᠲᠦᠮᠡᠨ ᠴᠦ ᠭᠡᠷ ᠤᠨ ᠢᠶᠡᠨ ᠡᠭᠦᠳᠡᠨ ᠡᠴᠡ ᠳᠥᠭᠦᠮ ᠲᠦᠷᠭᠡᠨ ᠥᠨᠳᠦᠷ ᠪᠦᠲᠦᠮᠵᠢ ᠲᠠᠢ ᠬᠠᠤᠯᠢ ᠴᠠᠭᠠᠵᠠ ᠶᠢᠨ ᠦᠢᠯᠡᠴᠢᠯᠡᠭᠡ ᠬᠦᠯᠢᠶᠡᠬᠦ ᠪᠣᠯᠤᠨ᠎ᠠ᠃
3 ᠲᠥᠪ᠃ ᠬᠣᠷᠢᠶᠠᠨ ᠳᠣᠲᠤᠷ᠎ᠠ᠂ ᠰᠢᠲᠠᠷ᠎ᠠ ᠶᠢᠨ ᠬᠤᠳᠳᠤᠭ( ᠴᠢ ᠫᠠᠨ ᠵᠢᠩ) ᠰᠢᠭᠦᠬᠦ ᠬᠤᠷᠢᠶ᠎ᠠ᠂ ᠮᠸᠩ ᠰᠢ ᠰᠢᠭᠦᠬᠦ ᠬᠣᠷᠢᠶᠠᠨ ᠳᠤ ᠭᠤᠷᠪᠠᠨ ᠴᠢᠳᠠᠮᠵᠢ ᠨᠢ ᠪᠦᠷᠢᠨ᠂ ᠲᠤᠬᠠᠢᠯᠠᠭᠰᠠᠨ ᠴᠢᠳᠠᠮᠵᠢ ᠨᠢ ᠲᠣᠳᠤᠷᠬᠠᠢ᠂ ᠳᠥᠬᠦᠭᠡᠷᠡᠮᠵᠢ ᠨᠢ ᠪᠦᠷᠢᠨ ᠲᠥᠭᠦᠷ《 ᠨᠢᠭᠡ ᠥᠷᠲᠡᠭᠡ ᠬᠡᠯᠪᠡᠷᠢ》 ᠶᠢᠨ ᠶᠡᠷᠦᠩᠬᠡᠢᠯᠡᠭᠰᠡᠨ ᠬᠡᠯᠪᠡᠷᠢ ᠶᠢᠨ ᠵᠠᠭᠠᠯᠳᠤᠯᠭ᠎ᠠ ᠶᠢᠨ ᠦᠢᠯᠡᠴᠢᠯᠡᠭᠡᠨ ᠤ ᠲᠥᠪ ᠢ ᠪᠠᠢᠭᠤᠯᠵᠤ᠂ ᠭᠣᠣᠯᠳᠠᠭᠤ ᠬᠥᠮᠦᠨ ᠠᠮᠠ ᠲᠥᠪᠯᠡᠷᠡᠭᠰᠡᠨ ᠬᠣᠲᠠ ᠪᠠᠯᠭᠠᠰᠤᠨ ᠳᠤ ᠦᠢᠯᠡᠴᠢᠯᠡᠨ᠎ᠡ᠃
3 ᠵᠠᠭᠠᠯᠳᠤᠯᠭ᠎ᠠ ᠳᠤ ᠦᠢᠯᠡᠴᠢᠯᠡᠬᠦ ᠥᠷᠲᠡᠭᠡ᠃ ᠰᠤᠮᠤ ᠪᠠᠯᠭᠠᠰᠤᠨ ᠤ ᠵᠠᠰᠠᠭ ᠤᠨ ᠦᠢᠯᠡᠴᠢᠯᠡᠭᠡᠨ ᠤ ᠶᠡᠬᠡ ᠲᠢᠩᠬᠢᠮ᠂ ᠬᠥᠳᠡᠯᠡᠩᠭᠦᠢ ᠵᠠᠰᠠᠭ ᠵᠠᠬᠢᠷᠭᠠᠨ ᠤ ᠦᠢᠯᠡᠴᠢᠯᠡᠭᠡᠨ ᠤ ᠲᠠᠯᠠᠪᠤᠷ ᠤᠨ ᠳᠥᠬᠦᠭᠡᠷᠡᠮᠵᠢ ᠵᠢ ᠭᠦᠢᠴᠡᠳ ᠠᠰᠢᠭᠯᠠᠨ᠂ ᠤᠯᠠᠭᠠᠨ ᠪᠠᠯᠭᠠᠰᠤ᠂ ᠠᠷᠪᠠᠰ ᠰᠤᠮᠤ᠂ ᠰᠦᠮᠡᠲᠦ ᠰᠤᠮᠤ᠂ ᠦᠮᠡᠬᠡᠢᠨᠠᠭᠤᠷ ᠪᠠᠯᠭᠠᠰᠤ᠂ ᠮᠸᠩ ᠰᠢ ᠪᠠᠯᠭᠠᠰᠤ᠂ ᠴᠢ ᠫᠠᠨ ᠵᠢᠩ ᠪᠠᠯᠭᠠᠰᠤᠨ ᠳᠤ ᠲᠤᠰᠪᠥᠷᠢ1 ᠵᠠᠭᠠᠯᠳᠤᠯᠭ᠎ᠠ ᠶᠢᠨ ᠦᠢᠯᠡᠴᠢᠯᠡᠭᠡᠨ ᠤ ᠥᠷᠲᠡᠭᠡ ᠵᠢ ᠪᠠᠢᠭᠤᠯᠪᠠ᠃
75 ᠵᠠᠭᠠᠯᠳᠤᠯᠭ᠎ᠠ ᠶᠢᠨ ᠥᠷᠲᠡᠭᠡᠨ ᠤ ᠭᠠᠵᠠᠷ᠃ ᠰᠤᠮᠤ ᠪᠠᠯᠭᠠᠰᠤᠨ ᠤ ᠳᠣᠣᠷ᠎ᠠ ᠪᠠᠢᠭᠤᠯᠤᠭᠰᠠᠨ ᠵᠠᠰᠠᠭ ᠵᠠᠬᠢᠷᠭᠠᠨ ᠤ ᠭᠠᠴᠠᠭ᠎ᠠ ᠲᠣᠰᠭᠤᠨ ᠳᠤ ᠵᠠᠭᠠᠯᠳᠤᠯᠭ᠎ᠠ ᠶᠢᠨ ᠦᠢᠯᠡᠴᠢᠯᠡᠭᠡᠨ ᠤ ᠴᠢᠭ ᠪᠠᠢᠭᠤᠯᠵᠤ᠂ ᠴᠠᠭ ᠲᠤᠬᠠᠢ ᠳᠤ ᠨᠢ ᠴᠢᠨᠮᠡᠭᠡ ᠵᠢ ᠳᠠᠮᠵᠢᠭᠤᠯᠵᠤ᠂ ᠬᠠᠤᠯᠢ ᠴᠠᠭᠠᠵᠠ ᠳᠦᠷᠢᠮ ᠳᠤᠭᠲᠠᠭᠠᠯ ᠢ ᠰᠠᠬᠢᠬᠤ ᠵᠢ ᠤᠬᠠᠭᠤᠯᠵᠤ᠂ ᠵᠠᠭᠠᠯᠳᠤᠯᠭ᠎ᠠ ᠵᠢ ᠵᠢᠯᠤᠭᠤᠳᠬᠤ ᠵᠢ ᠪᠡᠶᠡᠯᠡᠭᠦᠯᠬᠦ ᠵᠡᠷᠭᠡ ᠦᠢᠯᠡᠳᠦᠯ ᠢ ᠪᠠᠳᠠᠷᠠᠭᠤᠯᠵᠤ᠂ ᠵᠥᠷᠢᠴᠡᠯ ᠢ ᠨᠠᠬᠢᠶᠠᠨ ᠤ ᠬᠤᠭᠤᠴᠠᠭᠠᠨ ᠳᠤ ᠨᠢ ᠨᠠᠮᠳᠤᠭᠤᠯᠬᠤ ᠪᠡᠷ ᠴᠢᠷᠮᠠᠢᠨ᠎ᠠ᠃
84 ᠨᠡᠷ᠎ᠡ ᠵᠠᠭᠠᠯᠳᠤᠯᠭ᠎ᠠ ᠶᠢᠨ ᠬᠠᠷᠢᠯᠴᠠᠭᠴᠢ᠃ ᠠᠷᠠᠳ ᠲᠦᠮᠡᠨ ᠳᠤ ᠣᠢᠷᠠᠬᠠᠨ ᠡᠴᠡ ᠬᠠᠤᠯᠢ ᠴᠠᠭᠠᠵᠠ ᠶᠢᠨ ᠯᠠᠪᠯᠠᠯᠲᠠ ᠬᠠᠩᠭᠠᠬᠤ᠂ ᠮᠠᠲ᠋ᠧᠷᠢᠶᠠᠯ ᠢ ᠬᠦᠯᠢᠶᠡᠨ ᠳᠠᠮᠵᠢᠭᠤᠯᠬᠤ ᠵᠡᠷᠭᠡ ᠵᠠᠭᠠᠯᠳᠤᠯᠭ᠎ᠠ ᠶᠢᠨ ᠦᠢᠯᠡᠴᠢᠯᠡᠭᠡ ᠬᠠᠩᠭᠠᠬᠤ ᠶᠢᠨ ᠲᠤᠯᠠᠳᠠ᠂3 ᠵᠠᠭᠠᠯᠳᠤᠯᠭ᠎ᠠ ᠶᠢᠨ ᠦᠢᠯᠡᠴᠢᠯᠡᠭᠡᠨ ᠤ ᠥᠷᠲᠡᠭᠡᠨ ᠳᠤ ᠲᠤᠰᠪᠥᠷᠢ3 ᠨᠡᠷ᠎ᠡ ᠬᠠᠷᠢᠯᠴᠠᠭᠴᠢ ᠳᠤᠬᠢᠷᠠᠭᠤᠯᠵᠤ᠂ 75 ᠵᠠᠭᠠᠯᠳᠤᠯᠭ᠎ᠠ ᠶᠢᠨ ᠦᠢᠯᠡᠴᠢᠯᠡᠭᠡᠨ ᠤᠨ ᠥᠷᠲᠡᠭᠡᠨ ᠳᠤ ᠲᠤᠰᠪᠥᠷᠢ1 ᠨᠡᠷ᠎ᠡ ᠂ ᠨᠡᠢᠲᠡ84 ᠨᠡᠷ᠎ᠡ ᠬᠠᠷᠢᠯᠴᠠᠭᠴᠢ᠃ ᠰᠤᠮᠤ ᠪᠠᠯᠭᠠᠰᠤᠨ ᠤ ᠤᠯᠤᠰ ᠲᠥᠷᠦ ᠬᠠᠤᠯᠢ ᠴᠠᠭᠠᠵᠠ ᠶᠢᠨ ᠱᠦᠵᠢ᠂ ᠭᠠᠴᠠᠭ᠎ᠠ ᠲᠣᠰᠭᠤᠨ ᠤ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠭᠠᠵᠠᠷ ᠶᠢᠨ ᠭᠠᠵᠠᠷ ᠤᠨ ᠳᠠᠷᠤᠭ᠎ᠠ᠂ ᠬᠥᠳᠡᠯᠡᠩᠭᠦᠢ ᠵᠠᠰᠠᠭ ᠵᠠᠬᠢᠷᠭᠠᠨ ᠤ ᠦᠢᠯᠡᠴᠢᠯᠡᠭᠡ ᠶᠢᠨ ᠲᠡᠷᠭᠡᠨ ᠤ ᠬᠠᠷᠢᠭᠤᠴᠠᠯᠭᠠᠲᠠᠨ ᠵᠡᠷᠭᠡ ᠪᠡᠷ ᠬᠠᠷᠢᠯᠴᠠᠭᠴᠢ ᠶᠢᠨ ᠵᠢᠱᠢᠭᠳᠡᠭᠴᠢ ᠪᠣᠯᠭᠠᠪᠠ᠃
ᠬᠡᠰᠡᠭ ᠬᠤᠭᠤᠴᠠᠭᠠᠨ ᠤ ᠡᠷᠭᠢᠯᠲᠡ ᠪᠡᠷ ᠳᠠᠮᠵᠢᠵᠤ᠂《 ᠲᠥᠪ᠂ ᠥᠷᠲᠡᠭᠡ᠂ ᠴᠢᠭ᠂ ᠬᠡᠰᠢᠭᠦᠨ》 ᠳᠥᠷᠮᠦᠰᠦᠨ ᠴᠣᠭᠴᠠ ᠶᠢᠨ ᠵᠠᠭᠠᠯᠳᠤᠯᠭ᠎ᠠ ᠶᠢᠨ ᠦᠢᠯᠡᠴᠢᠯᠡᠭᠡᠨ ᠤ ᠰᠦᠯᠵᠢᠶ᠎ᠡ ᠨᠢ ᠮᠠᠰᠢ ᠰᠠᠢᠨ ᠦᠷ᠎ᠡ ᠪᠦᠲᠦᠮᠵᠢ ᠣᠯᠪᠠ᠃ ᠣᠳᠣ ᠪᠣᠯᠲᠠᠯ᠎ᠠ᠂ ᠲᠣᠭᠤᠷᠢᠯ ᠰᠢᠭᠦᠬᠦ ᠲᠢᠩᠬᠢᠮ ᠲᠠᠢ ᠬᠠᠮᠲᠤᠷᠴᠦ ᠲᠠᠷᠢᠶᠠᠯᠠᠬᠤ ᠲᠣᠰᠭᠤᠨ ᠮᠠᠯᠵᠢᠬᠤ ᠣᠷᠤᠨ ᠢᠶᠡᠷ ᠶᠠᠪᠤᠵᠤ ᠲᠤᠬᠠᠢ ᠶᠢᠨ ᠭᠠᠵᠠᠷ ᠲᠤᠨᠢ ᠳᠠᠩᠰᠤᠯᠠᠭᠰᠠᠨ ᠬᠡᠷᠡᠭ ᠨᠢᠭᠡᠨᠲᠡ245 ᠬᠦᠷᠴᠦ᠂ ᠲᠢᠩᠬᠢᠮ ᠨᠡᠭᠡᠭᠡᠬᠦ ᠪᠡᠷ ᠪᠣᠯᠵᠤᠭᠰᠠᠨ ᠨᠢ189 ᠤᠳᠠᠭ᠎ᠠ᠂ 220 ᠬᠡᠷᠡᠭ ᠢ ᠡᠭᠦᠳᠡᠨ ᠳᠤ ᠨᠢ ᠬᠦᠷᠴᠦ ᠡᠶᠡᠳᠡᠭᠦᠯᠦᠨ᠂ 600 ᠭᠠᠷᠤᠢ ᠬᠥᠮᠦᠨ ᠳᠤ ᠬᠠᠤᠯᠢ ᠴᠠᠭᠠᠵᠠ ᠯᠠᠪᠯᠠᠯᠲᠠ ᠬᠠᠩᠭᠠᠪᠠ᠃
ᠦᠨᠡᠯᠡᠬᠦ 0ᠦᠨᠡᠯᠡᠯᠲᠡ ᠲᠠᠢ