ᠣᠲᠤᠭ  ᠤᠨ ᠡᠮᠦᠨᠡᠲᠦ ᠬᠣᠰᠢᠭᠤᠨ ᠤ ᠰᠢᠭᠦᠬᠦ ᠬᠣᠷᠢᠶᠠᠨ ᠤ《 ᠭᠤᠷᠪᠠᠨ ᠡᠷᠲᠡ》 ᠨᠢ《 ᠦᠨᠡᠨᠴᠢ ᠢᠲᠡᠭᠡᠯᠲᠠᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠡᠩᠨᠡᠭᠡᠨ ᠤ ᠴᠢᠭᠴᠡᠯᠡᠯᠲᠡ ᠤᠨ
2017.04.20 ᠲᠣᠰ ᠥᠷᠲᠡᠭᠡᠨ᠎ᠦ ᠨᠠᠢᠷᠠᠭᠤᠯᠤᠭᠴᠢ

ᠣᠲᠤᠭ  ᠤᠨ ᠡᠮᠦᠨᠡᠲᠦ ᠬᠣᠰᠢᠭᠤᠨ ᠤ ᠰᠢᠭᠦᠬᠦ ᠬᠣᠷᠢᠶᠠᠨ ᠤ《  ᠭᠤᠷᠪᠠᠨ ᠡᠷᠲᠡ》 ᠨᠢ《 ᠦᠨᠡᠨᠴᠢ ᠢᠲᠡᠭᠡᠯᠲᠠᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠡᠩᠨᠡᠭᠡᠨ ᠤ ᠴᠢᠭᠴᠡᠯᠡᠯᠲᠡ ᠤᠨ ᠪᠠᠢᠭᠤᠯᠤᠯᠲᠠ ᠶᠢᠨ ᠲᠤᠰᠭᠠᠢ ᠲᠥᠷᠦᠯ ᠤᠨ ᠠᠵᠢᠯ ᠤᠨ ᠤᠷᠤᠭᠰᠢᠲᠠᠢ ᠶᠠᠪᠤᠭᠲᠠᠬᠤ ᠵᠢ ᠠᠬᠢᠭᠤᠯᠪᠠ

ᠵᠣᠬᠢᠶᠠᠭᠴᠢ᠄ ᠣᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ  ᠰᠦ ᠰᠢᠶᠣᠣ ᠯᠦᠩ

 

   2017  ᠤᠨ ᠳᠤ᠂ ᠣᠲᠤᠭ ᠪᠠᠨ ᠡᠮᠦᠨᠡᠲᠦ ᠬᠣᠰᠢᠭᠤᠨ ᠤ  ᠰᠢᠭᠦᠬᠦ ᠬᠣᠷᠢᠶᠠᠨ ᠡᠴᠡ《 ᠬᠤᠶᠠᠷ ᠢ ᠰᠤᠷᠴᠤ ᠨᠢᠭᠡ ᠵᠢ ᠬᠢᠬᠦ》 ᠰᠤᠷᠤᠯᠴᠠᠯᠭ᠎ᠠ ᠬᠥᠮᠦᠵᠢᠯ ᠢ  ᠤᠯᠠᠮ ᠨᠢᠭᠡ ᠠᠯᠬᠤᠮ ᠭᠦᠨᠵᠡᠭᠡᠢᠷᠡᠭᠦᠯᠦᠭᠰᠡᠨ ᠤ ᠰᠠᠭᠤᠷᠢᠨ ᠳᠡᠭᠡᠷ᠎ᠡ᠂《  ᠡᠷᠲᠡ ᠲᠥᠰᠦᠪᠯᠡᠬᠦ᠂ ᠡᠷᠲᠡ ᠰᠤᠷᠤᠯᠴᠠᠬᠤ᠂ ᠡᠷᠲᠡ ᠢᠯᠡᠷᠡᠭᠦᠯᠬᠦ》 ᠵᠢ ᠪᠠᠷᠢᠮᠲᠠᠯᠠᠵᠤ᠂《 ᠦᠨᠡᠨᠴᠢ ᠢᠲᠡᠭᠡᠯᠲᠠᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠡᠩᠨᠡᠭᠡᠨ ᠤ ᠴᠢᠭᠴᠡᠯᠡᠯᠲᠡ ᠤᠨ ᠪᠠᠢᠭᠤᠯᠤᠯᠲᠠ ᠶᠢᠨ ᠲᠤᠰᠭᠠᠢ ᠲᠥᠷᠦᠯ ᠤᠨ ᠠᠵᠢᠯ ᠤᠨ ᠤᠷᠤᠭᠰᠢᠲᠠᠢ ᠶᠠᠪᠤᠭᠲᠠᠬᠤ ᠵᠢ ᠪᠠᠲᠤᠯᠠᠪᠠ᠃

    ᠡᠷᠲᠡ ᠲᠥᠰᠦᠪᠯᠡᠵᠦ᠂ ᠵᠣᠬᠢᠶᠠᠨ ᠪᠠᠢᠭᠤᠯᠤᠯᠲᠠ ᠶᠢᠨ  ᠪᠠᠲᠤᠯᠠᠭ᠎ᠠ ᠵᠢ ᠴᠢᠩᠭᠠᠳᠭᠠᠨ᠎ᠠ᠃ ᠨᠠᠮ ᠤᠨ ᠤᠳᠤᠷᠢᠳᠬᠤ ᠳᠤᠭᠤᠢᠯᠠᠩ   ᠡᠴᠡ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠬᠣᠷᠢᠶᠠᠨ ᠳᠠᠷᠤᠭ᠎ᠠ ᠪᠡᠷ ᠳᠤᠭᠤᠢᠯᠠᠩ ᠤᠨ ᠳᠠᠷᠤᠭ᠎ᠠ ᠪᠣᠯᠭᠠᠵᠤ᠂ ᠪᠤᠰᠤᠳ ᠤᠳᠤᠷᠢᠳᠬᠤ ᠪᠠᠭ ᠢᠶᠡᠷ ᠳᠡᠳ᠋  ᠳᠤᠭᠤᠢᠯᠠᠩ ᠤᠨ ᠳᠠᠷᠤᠭ᠎ᠠ ᠪᠣᠯᠭᠠᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠡᠷ ᠬᠡᠰᠢᠭᠦᠨ ᠪᠣᠯᠭᠠᠭᠰᠠᠨ ᠡᠩᠨᠡᠭᠡᠨ ᠤ  ᠴᠡᠭᠴᠡᠯᠡᠯᠲᠡ ᠶᠢᠨ ᠤᠳᠤᠷᠢᠳᠬᠤ ᠪᠠᠭ᠎ᠠ ᠳᠤᠭᠤᠢᠯᠠᠩ ᠢ ᠴᠠᠭ ᠲᠤᠬᠠᠢ ᠳᠤ ᠨᠢ ᠰᠤᠳᠤᠯᠤᠨ ᠪᠠᠢᠭᠤᠯᠵᠤ᠂ ᠵᠡᠷᠭᠡᠪᠡᠷ ᠡᠯ᠎ᠡ  ᠲᠢᠩᠬᠢᠮ ᠠᠯᠪᠠᠨ ᠭᠡᠷ ᠡᠴᠡ ᠵᠣᠬᠢᠶᠠᠨ ᠪᠢᠴᠢᠬᠦ ᠭᠣᠣᠯ ᠬᠦᠴᠦᠨ ᠢ ᠳᠠᠲᠠᠵᠤ ᠶᠡᠷᠦᠩᠬᠡᠢᠯᠡᠭᠰᠡᠨ ᠵᠣᠬᠢᠴᠠᠭᠤᠯᠤᠯᠲᠠ  ᠬᠢᠬᠦ᠂ ᠮᠡᠳᠡᠭᠡ ᠵᠠᠩᠭᠢ ᠶᠢᠨ ᠳᠥᠭᠦᠮ ᠮᠡᠳᠡᠭᠡ ᠵᠣᠬᠢᠶᠠᠨ ᠪᠢᠴᠢᠬᠦ᠂ ᠨᠡᠢᠲᠡᠯᠢᠭ   ᠲᠤᠷᠰᠢᠯᠭ᠎ᠠ  ᠵᠢ ᠤᠬᠠᠭᠤᠯᠤᠨ ᠳᠡᠯᠭᠡᠷᠡᠭᠦᠯᠬᠦ ᠵᠡᠷᠭᠡ ᠠᠵᠢᠯ ᠢ ᠥᠷᠨᠢᠭᠦᠯᠵᠦ᠂ ᠡᠩᠨᠡᠭᠡᠨ ᠤ ᠴᠡᠭᠴᠡᠯᠡᠯᠲᠡ ᠶᠢᠨ ᠪᠠᠢᠭᠤᠯᠤᠯᠲᠠ ᠶᠢᠨ ᠠᠵᠢᠯ ᠤᠨ ᠱᠠᠭᠠᠷᠳᠠᠨ ᠵᠢᠯᠤᠭᠤᠳᠬᠤ ᠵᠢ ᠪᠥᠬᠦ ᠲᠠᠯ᠎ᠠ ᠪᠡᠷ  ᠴᠢᠩᠭᠠᠳᠭᠠᠪᠠ︔ ᠲᠥᠰᠦᠪ ᠢᠶᠡᠨ ᠳᠤᠭᠲᠠᠭᠠᠵᠤ ᠶᠠᠪᠤᠴᠠ ᠪᠡᠨ ᠲᠣᠳᠤᠷᠬᠠᠢᠯᠠᠨ᠂ ᠴᠠᠭ ᠲᠤᠬᠠᠢ ᠳᠤ ᠨᠢ《  ᠣᠲᠤᠭ ᠪᠠᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ< ᠦᠨᠡᠨᠴᠢ ᠢᠲᠡᠭᠡᠯᠲᠠᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ >  ᠡᠩᠨᠡᠭᠡᠨ ᠤ ᠴᠡᠭᠴᠡᠯᠡᠯᠲᠡ ᠶᠢᠨ ᠠᠵᠢᠯ ᠤᠨ ᠪᠤᠲᠠᠲᠠᠢ ᠬᠢᠬᠦ ᠠᠷᠭ᠎ᠠ》 ᠰᠤᠳᠤᠯᠠᠨ ᠳᠠᠷᠤᠮᠠᠯᠠᠵᠤ᠂ ᠬᠥᠳᠡᠯᠭᠡᠭᠡᠨ ᠤ ᠭᠣᠣᠯᠳᠠᠯᠭ᠎ᠠ ᠪᠠ ᠪᠤᠲᠠᠲᠠᠢ ᠠᠷᠭ᠎ᠠ ᠬᠡᠮᠵᠢᠶ᠎ᠡ ᠵᠢ ᠲᠣᠳᠤᠷᠬᠠᠢᠯᠠᠵᠤ᠂ ᠭᠥᠳᠡᠯᠭᠡᠭᠡᠨ ᠤ ᠯᠠᠪᠳᠠᠭᠤᠨ  ᠪᠠᠲᠤᠲᠠᠢ ᠶᠠᠪᠤᠭᠲᠠᠬᠤ ᠳᠤ ᠪᠠᠢᠷᠢᠯᠠᠭᠤᠯᠲᠠ ᠬᠢᠪᠡ᠃

     ᠡᠷᠲᠡ ᠰᠤᠷᠤᠯᠴᠠᠬᠤ᠂ ᠦᠵᠡᠯ ᠰᠠᠨᠠᠭᠠᠨ ᠤ ᠲᠠᠨᠢᠯᠲᠠ ᠵᠢ ᠳᠡᠭᠡᠭᠰᠢᠯᠡᠭᠦᠯᠦᠨ᠎ᠡ᠃ ᠡᠷᠲᠡ ᠰᠤᠷᠴᠤ᠂ ᠭᠦᠨᠵᠡᠭᠡᠢ ᠰᠤᠷᠴᠤ᠂ ᠨᠡᠪᠲᠡᠷᠬᠡᠢ ᠰᠤᠷᠬᠤ ᠵᠢ ᠪᠠᠷᠢᠮᠲᠠᠯᠠᠵᠤ᠂ ᠲᠤᠰᠭᠠᠢ ᠰᠡᠳᠦᠪᠲᠦ ᠬᠥᠮᠦᠵᠢᠯ ᠤᠨ ᠠᠭᠤᠯᠤᠭᠳᠠᠬᠤᠨ ᠢ ᠪᠥᠬᠦ ᠲᠠᠯ᠎ᠠ ᠪᠡᠷ ᠮᠡᠳᠡᠷᠡᠵᠦ᠂ ᠦᠵᠡᠯ ᠰᠠᠨᠠᠭᠠᠨ ᠤ ᠰᠠᠭᠤᠷᠢ ᠵᠢ ᠤᠷᠢᠳᠴᠢᠯᠠᠨ ᠪᠡᠬᠢ ᠲᠠᠯᠪᠢᠨ᠎ᠠ᠃《 ᠨᠢᠭᠡᠳᠦᠭᠡᠷ ᠭᠠᠷ》 ᠪᠠ ᠪᠥᠬᠦ ᠤᠳᠤᠷᠢᠳᠬᠤ ᠪᠠᠭ ᠤᠨ  ᠬᠡᠰᠢᠭᠦᠳ ᠳᠠᠭᠠᠭᠤᠯᠤᠨ ᠰᠤᠷᠤᠯᠴᠠᠵᠤ᠂ ᠡᠯ᠎ᠡ ᠲᠢᠩᠬᠢᠮ ᠠᠯᠪᠠᠨ ᠭᠡᠷ ᠤᠨ ᠬᠠᠷᠢᠭᠤᠴᠠᠯᠭᠠᠲᠠᠨ ᠢ ᠲᠥᠪᠯᠡᠷᠡᠭᠦᠯᠦᠨ ᠰᠤᠷᠤᠯᠴᠠᠭᠤᠯᠵᠤ᠂ ᠪᠥᠬᠦ ᠬᠣᠷᠢᠶᠠᠨ ᠤ ᠺᠠᠲᠠᠷ ᠴᠠᠭᠲᠠᠭ᠎ᠠ ᠰᠢᠭᠦᠬᠦ ᠬᠣᠷᠢᠶᠠᠨ ᠤ《 ᠪᠢᠴᠢᠯ ᠬᠢᠴᠢᠶᠡᠯ ᠤᠨ ᠲᠠᠩᠬᠢᠮ》 ᠢ ᠠᠰᠢᠭᠯᠠᠨ ᠰᠤᠷᠤᠯᠴᠠᠬᠤ ᠵᠡᠷᠭᠡ ᠠᠷᠭ᠎ᠠ ᠬᠡᠯᠪᠡᠷᠢ ᠪᠡᠷ ᠪᠥᠬᠦ ᠬᠣᠷᠢᠶᠠᠨ ᠤ ᠬᠡᠪᠴᠢᠶᠡᠨ ᠳᠤ ᠨᠠᠮ ᠤᠨ ᠳᠦᠷᠢᠮ ᠳᠤᠭᠲᠠᠭᠠᠯ ᠂《 ᠬᠤᠶᠠᠷ ᠵᠤᠷᠪᠤᠰ ᠨᠢᠭᠡ ᠪᠠᠷᠢᠮᠵᠢᠶ᠎ᠠ》 ᠪᠣᠯᠤᠨ ᠰᠢᠷᠢᠰ ᠶᠠᠷᠢᠶᠠᠨ ᠤ ᠵᠣᠷᠢᠭ ᠰᠠᠨᠠᠭ᠎ᠠ ᠵᠢ ᠰᠤᠷᠤᠯᠴᠠᠬᠤ ᠬᠠᠯᠠᠭᠤᠷᠠᠯ ᠢ ᠪᠤᠢ ᠪᠤᠯᠭᠠᠵᠤ᠂ ᠡᠭᠦᠨ ᠤ  ᠵᠡᠷᠭᠡᠪᠡᠷ ᠪᠥᠬᠦ ᠬᠣᠷᠢᠶᠠᠨ ᠤ ᠳᠡᠭᠡᠷ᠎ᠡ ᠳᠣᠣᠷ᠎ᠠ ᠱᠠᠲᠤ ᠳᠡᠮᠳᠡᠭᠯᠡᠯ ᠬᠠᠭᠤᠯᠬᠤ᠂ ᠣᠯᠤᠯᠲᠠ ᠪᠢᠴᠢᠬᠦ᠂ ᠪᠢᠴᠢᠯᠭᠡ ᠪᠣᠯᠪᠠᠰᠤᠷᠠᠭᠤᠯᠬᠤ᠂ ᠲᠤᠰᠭᠠᠢ ᠰᠡᠳᠦᠪᠲᠦ ᠹᠢᠯᠢᠮ ᠦᠵᠡᠬᠦ ᠵᠡᠷᠭᠡ ᠠᠷᠭ᠎ᠠ ᠪᠠᠷᠢᠯ ᠢᠶᠡᠷ ᠳᠠᠮᠵᠢᠵᠤ᠂《 ᠦᠨᠡᠨᠴᠢ ᠢᠲᠡᠭᠡᠯᠲᠠᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠡᠩᠨᠡᠭᠡᠨ ᠤ ᠴᠢᠭᠴᠡᠯᠡᠯᠲᠡ ᠤᠨ ᠪᠠᠢᠭᠤᠯᠤᠯᠲᠠ ᠶᠢᠨ ᠲᠤᠰᠭᠠᠢ ᠲᠥᠷᠦᠯ ᠤᠨ ᠠᠵᠢᠯ ᠤᠨ ᠴᠢᠬᠤᠯᠠ ᠶᠡᠬᠡ ᠠᠴᠢ ᠬᠣᠯᠪᠤᠭᠳᠠᠯ ᠪᠠ ᠭᠦᠨᠵᠡᠭᠡᠢ ᠠᠭᠤᠯᠤᠭᠲᠠᠬᠤᠨ ᠢ ᠤᠯᠠᠮ ᠨᠢᠭᠡ ᠠᠯᠬᠤᠮ ᠮᠡᠳᠡᠷᠡᠭᠦᠯᠵᠦ᠂ ᠪᠥᠬᠦ ᠬᠣᠷᠢᠶᠠᠨ ᠤ ᠺᠠᠲᠠᠷ ᠴᠠᠭᠳᠠᠭᠠᠨ  ᠡᠴᠡ ᠡᠩᠨᠡᠭᠡᠨ ᠤ ᠴᠡᠴᠡᠭᠯᠡᠯᠲᠡ ᠶᠢᠨ ᠪᠠᠢᠭᠤᠯᠤᠯᠲᠠ ᠶᠢᠨ ᠠᠵᠢᠯ  ᠡᠷᠲᠡ ᠰᠡᠳᠭᠢᠵᠦ᠂ ᠡᠷᠲᠡ ᠣᠢᠯᠭᠠᠵᠤ᠂ ᠬᠥᠳᠡᠯᠭᠡᠭᠡᠨ ᠤ ᠪᠤᠲᠠᠲᠠᠢ᠂ ᠡᠮᠬᠢ  ᠵᠢᠷᠤᠮ ᠲᠠᠢ ᠥᠷᠨᠢᠭᠦᠯᠬᠦ ᠵᠢ ᠪᠠᠲᠤᠯᠠᠨ᠎ᠠ᠃

    ᠡᠷᠲᠡ  ᠢᠯᠡᠷᠡᠭᠦᠯᠵᠦ᠂ ᠢᠯᠡᠷᠬᠡᠢ ᠠᠰᠠᠭᠤᠳᠠᠯ ᠢ ᠡᠷᠢᠨ ᠭᠠᠷᠭᠠᠨ᠎ᠠ᠃ ᠠᠰᠠᠭᠤᠳᠠᠯ ᠤᠨ ᠤᠳᠤᠷᠢᠳᠤᠮᠵᠢ ᠪᠡᠷ ᠭᠠᠷᠲᠠᠬᠤ ᠴᠢᠭ ᠪᠣᠯᠭᠠᠵᠤ᠂ ᠡᠷᠲᠡ ᠪᠠᠢᠴᠠᠭᠠᠵᠤ ᠡᠷᠲᠡ ᠣᠯᠵᠤ  ᠡᠷᠲᠡ ᠬᠠᠯᠠᠨ ᠰᠠᠢᠵᠢᠷᠠᠭᠤᠯᠬᠤ ᠠᠵᠢᠯ ᠤᠨ ᠰᠡᠳᠭᠢᠴᠡ ᠶᠣᠰᠣᠭᠠᠷ᠂《 ᠨᠠᠢ᠍ᠮᠠ ᠵᠢ ᠴᠢᠩᠭ᠎ᠠ ᠪᠠᠢᠴᠠᠭᠠᠬᠤ》 ᠵᠢ ᠭᠣᠣᠯᠳᠠᠯᠭ᠎ᠠ ᠲᠠᠢ ᠥᠷᠨᠢᠭᠦᠯᠵᠦ᠂ ᠡᠯ᠎ᠡ ᠬᠤᠪᠢᠳᠠᠭᠰᠠᠨ ᠤᠳᠤᠷᠢᠳᠤᠯᠭ᠎ᠠ  ᠪᠤᠲᠠᠲᠠᠢ ᠳᠠᠭᠠᠭᠤᠯᠤᠨ ᠬᠠᠷᠢᠭᠤᠴᠠᠵᠤ᠂ ᠡᠯ᠎ᠡ ᠲᠢᠩᠬᠢᠮ ᠠᠯᠪᠠᠨ ᠭᠡᠷ ᠥᠪᠡᠷ ᠢ ᠪᠡᠨ ᠪᠠᠢᠴᠠᠭᠠᠬᠤ ᠵᠢ ᠢᠳᠡᠪᠬᠢᠲᠠᠢ ᠥᠷᠨᠢᠭᠦᠯᠵᠦ᠂ ᠡᠭᠦᠨ ᠤ ᠳᠤᠮᠳᠠ ᠨᠠᠮ ᠤᠨ ᠤᠳᠤᠷᠢᠳᠬᠤ ᠳᠤᠭᠤᠢᠯᠠᠩ ᠡᠴᠡ ᠭᠦᠢᠴᠡᠳᠬᠡᠬᠦ ᠵᠢ ᠬᠢᠨᠠᠨ ᠪᠠᠢᠴᠠᠭᠠᠬᠤ ᠳᠤᠭᠤᠢᠯᠠᠩ ᠢ ᠪᠠᠢᠭᠤᠯᠬᠤ ᠪᠡᠷ ᠳᠠᠮᠵᠢᠭᠤᠯᠵᠤ ᠪᠥᠬᠦ ᠬᠣᠷᠢᠶᠠᠨ ᠤ2016 ᠤᠨ ᠤ10 ᠰᠠᠷ᠎ᠠ ᠶᠢᠨ1 ᠡᠴᠡ ᠡᠮᠦᠨ᠎ᠡ ᠬᠡᠷᠡᠭ ᠳᠠᠩᠰᠠᠯᠠᠵᠤ ᠬᠠᠭᠠᠰ ᠵᠢᠯ ᠡᠴᠡ ᠳᠡᠭᠡᠭᠰᠢ ᠪᠣᠯᠤᠭᠰᠠᠨ ᠬᠡᠷᠡᠭ ᠢ ᠳᠠᠷᠠᠭᠠᠯᠠᠨ ᠦᠨᠡᠯᠡᠨ ᠪᠠᠢᠴᠠᠭᠠᠵᠤ᠂ ᠰᠢᠪᠠᠳᠠᠨ ᠪᠠᠢᠴᠠᠭᠠᠵᠤ᠂ ᠮᠥᠨ ᠦᠰᠦᠭ ᠪᠢᠴᠢᠭ᠌ ᠤᠨ ᠬᠡᠯᠪᠡᠷᠢ ᠪᠡᠷ ᠬᠡᠷᠡᠭ ᠢ ᠳᠠᠭᠠᠴᠢᠯᠠᠭᠰᠠᠨ ᠬᠥᠮᠦᠨ ᠳᠤ ᠡᠭᠡᠭᠦᠯᠵᠦ᠂ ᠡᠭᠡᠭᠦᠯᠦᠭᠰᠡᠨ ᠰᠠᠨᠠᠯ  ᠢ  ᠵᠠᠰᠠᠨ ᠥᠭᠡᠷᠡᠴᠢᠯᠡᠭᠡᠳ ᠭᠦᠢᠴᠡᠳ ᠪᠤᠰᠤ ᠺᠠᠲᠠᠷ ᠴᠠᠭᠳᠠᠭ᠎ᠠ ᠵᠢ ᠴᠠᠭ ᠲᠤᠬᠠᠢ ᠳᠤ ᠨᠢ ᠠᠭᠤᠯᠵᠠᠨ ᠶᠠᠷᠢᠯᠴᠠᠨ᠎ᠠ︔ ᠭᠦᠢᠴᠡᠳᠬᠡᠬᠦ ᠲᠤᠪᠴᠢᠶ᠎ᠠ《 ᠭᠦᠢᠴᠡᠳᠬᠡᠬᠦ ᠵᠢ ᠬᠦᠯᠢᠶᠡᠨ ᠠᠪᠬᠤ ᠡᠳᠦᠷ》 ᠵᠢ ᠪᠠᠢᠭᠤᠯᠬᠤ ᠪᠡᠷ ᠳᠠᠮᠵᠢᠭᠤᠯᠵᠤ᠂ ᠲᠤᠬᠠᠢ ᠶᠢᠨ ᠬᠥᠮᠦᠨ ᠤ ᠭᠦᠢᠴᠡᠳᠬᠡᠬᠦ ᠠᠵᠢᠯ ᠤᠨ ᠲᠤᠬᠠᠢ ᠰᠠᠨᠠᠯ ᠢ ᠲᠥᠪᠯᠡᠷᠡᠭᠦᠯᠦᠨ ᠰᠣᠨᠤᠰᠴᠤ᠂ ᠴᠠᠭ ᠲᠤᠬᠠᠢ ᠳᠤ ᠨᠢ ᠬᠠᠷᠢᠭᠤ ᠥᠭᠴᠦ᠂ ᠲᠤᠬᠠᠢ ᠶᠢᠨ ᠬᠥᠮᠦᠨ ᠤ ᠬᠠᠩᠭᠠᠭᠰᠠᠨ ᠭᠦᠢᠴᠡᠳᠬᠡᠬᠦ ᠰᠦᠪᠡᠭᠴᠢ ᠵᠢ ᠬᠦᠯᠢᠶᠡᠨ ᠠᠪᠴᠤ᠂ ᠲᠤᠬᠠᠢ ᠶᠢᠨ ᠬᠥᠮᠦᠨ ᠲᠠᠢ ᠭᠦᠢᠴᠡᠳᠬᠡᠬᠦ ᠲᠥᠰᠦᠪ ᠢ ᠬᠡᠯᠡᠯᠴᠡᠵᠦ᠂ ᠲᠤᠬᠠᠢ ᠶᠢᠨ ᠬᠥᠮᠦᠨ ᠤ ᠵᠠᠭᠠᠯᠳᠤᠯᠭ᠎ᠠ ᠶᠢᠨ ᠭᠤᠶᠤᠴᠢᠯᠠᠯ  ᠢᠶᠡᠨ ᠢᠯᠡᠷᠬᠡᠢᠯᠡᠬᠦ ᠳᠤ ᠰᠠᠭᠠᠳ ᠦᠭᠡᠢ ᠪᠠᠢᠬᠤ ᠵᠢ ᠪᠠᠲᠤᠯᠠᠪᠠ︔ ᠬᠡᠷᠡᠭ ᠳᠠᠩᠰᠤᠯᠠᠬᠤ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠡᠴᠡ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠶᠡᠬᠡ ᠪᠡᠷ ᠵᠢᠭᠰᠠᠭᠠᠨ ᠪᠠᠢᠴᠠᠭᠠᠵᠤ ᠶᠡᠬᠡ ᠪᠡᠷ ᠨᠠᠮᠵᠢᠭᠤᠯᠬᠤ ᠵᠠᠭᠤᠨ ᠡᠳᠦᠷ ᠤᠨ ᠲᠤᠰᠭᠠᠢ ᠲᠥᠷᠦᠯ ᠤᠨ ᠬᠥᠳᠡᠯᠭᠡᠭᠡᠨ ᠲᠠᠢ ᠤᠶᠠᠯᠳᠤᠭᠤᠯᠤᠨ᠂ ᠥᠩᠭᠡᠷᠡᠭᠰᠡᠨ ᠵᠢᠯ ᠤᠨ ᠵᠠᠭᠠᠯᠳᠤᠯᠭ᠎ᠠ ᠳᠤ ᠬᠣᠯᠪᠤᠭᠳᠠᠭᠰᠠᠨ ᠵᠥᠷᠢᠴᠡᠯ᠂ ᠵᠠᠭᠠᠯᠳᠤᠯᠭ᠎ᠠ  ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠤᠷᠠᠮᠠᠯ ᠬᠡᠷᠡᠭ ᠲᠤ ᠨᠢᠭᠡ ᠤᠳᠠᠭᠠᠨ ᠤ ᠪᠥᠬᠦ ᠲᠠᠯ᠎ᠠ ᠶᠢᠨ ᠪᠠᠢᠳᠠᠯ ᠢ ᠮᠡᠳᠡᠵᠦ᠂ ᠬᠤᠷᠢᠶᠠᠩᠭᠤᠢᠯᠠᠯ ᠬᠢᠵᠦ᠂ ᠪᠠᠢᠴᠠᠭᠠᠨ ᠭᠠᠷᠭᠠᠭᠰᠠᠨ32 ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠳᠤ᠂ ᠰᠢᠯᠳᠠᠠᠭᠠᠨ ᠢ ᠨᠢ ᠬᠢᠨᠠᠮᠠᠭᠠᠢ ᠵᠠᠳᠠᠯᠠᠵᠤ᠂ ᠡᠯ᠎ᠡ ᠬᠠᠷᠢᠭᠤᠴᠠᠯᠭᠠᠲᠠᠨ ᠤᠬᠠᠮᠰᠠᠷ ᠡᠴᠡ ᠪᠡᠨ ᠡᠭᠦᠷᠭᠡᠯᠡᠵᠦ᠂ ᠵᠠᠭᠠᠯᠳᠤᠯᠭ᠎ᠠ ᠳᠤ ᠬᠣᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠵᠢ ᠲᠤᠬᠠᠢ ᠶᠢᠨ ᠭᠠᠵᠠᠷ ᠲᠤ ᠨᠢ ᠨᠠᠮᠵᠢᠭᠤᠯᠬᠤ ᠵᠢ ᠪᠠᠲᠤᠯᠠᠨ᠎ᠠ᠃

    ᠲᠠᠷᠠᠭᠠᠴᠢ ᠶᠢᠨ ᠠᠯᠬᠤᠮ ᠳᠤ᠂ ᠣᠲᠤᠭ ᠤᠨ ᠡᠮᠦᠨᠡᠲᠦ ᠬᠣᠰᠢᠭᠤᠨ ᠤ ᠰᠢᠭᠦᠬᠦ ᠬᠤᠷᠢᠶ᠎ᠠ ᠥᠷᠭᠡᠨ  ᠢᠶᠡᠷ ᠰᠠᠨᠠᠯ ᠢ ᠬᠤᠷᠢᠶᠠᠬᠤ ᠪᠡᠷ ᠳᠠᠮᠵᠢᠵᠤ᠂ ᠴᠠᠭ ᠳᠤ ᠨᠢ ᠳᠤᠬᠢᠷᠠᠭᠤᠯᠤᠨ《 ᠡᠷᠭᠢᠨ ᠬᠠᠷᠠᠵᠤ》᠂ ᠥᠪᠡᠷ  ᠢᠶᠡᠨ ᠪᠠᠢᠴᠠᠭᠠᠵᠤ ᠥᠪᠡᠷ ᠢᠶᠡᠨ ᠵᠠᠯᠠᠷᠠᠭᠤᠯᠬᠤ ᠵᠡᠷᠭᠡ ᠠᠵᠢᠯ ᠤᠨ ᠬᠡᠯᠪᠡᠷᠢ ᠵᠢ ᠥᠷᠨᠢᠭᠦᠯᠵᠦ᠂ ᠡᠩᠨᠡᠭᠡᠨ ᠤ ᠬᠠᠮᠢᠶᠠᠷᠤᠯᠲᠠ ᠳᠤᠮᠳᠠ ᠤᠷᠤᠰᠢᠵᠦ ᠪᠠᠢᠭ᠎ᠠ ᠠᠰᠠᠭᠤᠳᠠᠯ ᠢ ᠪᠥᠬᠦ ᠲᠠᠯ᠎ᠠ  ᠪᠡᠷ᠂ ᠥᠨᠴᠦᠭ ᠪᠤᠯᠤᠩ ᠦᠯᠡᠳᠡᠭᠡᠯ ᠦᠭᠡᠢ ᠪᠠᠢᠴᠠᠭᠠᠨ ᠢᠯᠡᠷᠡᠭᠦᠯᠵᠦ᠂ ᠥᠭᠡᠷᠡᠴᠢᠯᠡᠨ ᠴᠡᠭᠴᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠡᠷ ᠳᠠᠮᠵᠢᠭᠤᠯᠵᠤ᠂ ᠡᠩᠨᠡᠭᠡᠨ ᠤ ᠴᠡᠭᠴᠡᠯᠡᠯᠲᠡ ᠶᠢᠨ ᠪᠠᠢᠭᠤᠯᠤᠯᠲᠠ ᠶᠢᠨ ᠠᠵᠢᠯ ᠢ ᠦᠨᠡᠨᠬᠦ ᠪᠤᠲᠠᠲᠠᠢ ᠠᠮᠵᠢᠯᠲᠠ ᠣᠯᠵᠤ᠂ ᠡᠩᠨᠡᠭᠡᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠪᠡᠶᠡᠯᠡᠭᠦᠯᠬᠦ ᠵᠢ ᠠᠬᠢᠭᠤᠯᠬᠤ ᠳᠤ ᠳᠡᠮᠵᠢᠯᠭᠡ ᠪᠣᠯᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )