ᠬᠠᠲᠠᠭᠤ ᠪᠣᠯᠤᠳ ᠤᠨ ᠬᠦᠴᠦᠨ
2017.04.20 ᠲᠣᠰ ᠥᠷᠲᠡᠭᠡᠨ᠎ᠦ ᠨᠠᠢᠷᠠᠭᠤᠯᠤᠭᠴᠢ

---- ᠳᠠᠯᠠᠳ ᠬᠣᠰᠢᠭᠤᠨ ᠤ ᠠᠷᠠᠳ ᠤᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠬᠦ ᠴᠠᠭᠳᠠᠭᠠᠨ ᠤ ᠶᠡᠬᠡ ᠠᠩᠭᠢ ᠡᠷᠡᠭᠦᠦ ᠶᠢᠨ ᠬᠡᠷᠡᠭ ᠤᠨ ᠪᠠᠲᠤᠯᠠᠭᠠᠨ ᠤ  ᠡᠭᠦᠷᠭᠡ ᠪᠡᠨ ᠠᠮᠵᠢᠯᠲᠠ ᠲᠠᠢ ᠪᠡᠶᠡᠯᠡᠭᠦᠯᠪᠡ

 

   4 ᠰᠠᠷ᠎ᠠ ᠶᠢᠨ10 ᠤ ᠡᠳᠦᠷ ᠡᠴᠡ4 ᠰᠠᠷ᠎ᠠ ᠶᠢᠨ15 ᠤ  ᠡᠳᠦᠷ ᠪᠣᠯᠲᠠᠯ᠎ᠠ᠂ ᠳᠠᠯᠠᠳ ᠬᠣᠰᠢᠭᠤᠨ ᠤ ᠠᠷᠠᠳ ᠤᠨ ᠰᠢᠭᠦᠬᠦ  ᠬᠣᠷᠢᠶᠠᠨ ᠡᠴᠡ《 ᠮᠢ  ᠵᠢᠶᠦ᠋ᠨ ᠬᠠᠢ᠂  ᠮᠢ ᠵᠢᠶᠦ᠋ᠨ ᠵᠢᠶᠠᠩ ᠵᠡᠷᠭᠡ16 ᠶᠠᠯᠠᠲᠠᠨ  ᠤ ᠬᠠᠷ᠎ᠠ ᠪᠥᠯᠦᠭ ᠤᠨ ᠴᠢᠨᠠᠷᠲᠠᠢ  ᠵᠣᠬᠢᠶᠠᠨ ᠪᠠᠢᠭᠤᠯᠤᠯᠲᠠ ᠵᠢ ᠵᠣᠬᠢᠶᠠᠨ ᠪᠠᠢᠭᠤᠯᠬᠤ᠂ ᠤᠳᠤᠷᠢᠳᠬᠤ ᠂ ᠪᠤᠰᠤᠳ ᠢ ᠦᠯᠡᠳᠡᠭᠡᠨ ᠬᠣᠣᠷ ᠳᠠᠲᠠᠭᠤᠯᠬᠤ ᠵᠡᠷᠭᠡ ᠶᠠᠯ᠎ᠠ ᠳᠤ ᠣᠷᠤᠯᠴᠠᠭᠰᠠᠨ》 ᠬᠡᠷᠡᠭ ᠢ ᠢᠯᠡ ᠪᠡᠷ ᠰᠢᠭᠦᠨ ᠳᠠᠰᠤᠯᠠᠪᠠ᠃ ᠲᠤᠰ ᠬᠡᠷᠡᠭ ᠤᠨ ᠬᠥᠮᠦᠨ ᠤ ᠲᠣᠭ᠎ᠠ ᠨᠢ ᠤᠯᠠᠨ ᠂ ᠬᠣᠯᠪᠤᠭᠳᠠᠭᠰᠠᠨ ᠶᠠᠯ᠎ᠠ ᠨᠢ ᠤᠯᠠᠨ ᠪᠠᠢᠵᠤ ᠰᠢᠨᠵᠢ ᠴᠢᠨᠠᠷ ᠨᠢ ᠬᠠᠷᠭᠢᠰ ᠬᠡᠷᠴᠢᠭᠡᠢ᠂ ᠨᠡᠢᠭᠡᠮ ᠤᠨ ᠨᠥᠯᠦᠭᠡ ᠨᠢ ᠶᠡᠬᠡ᠂ ᠠᠩᠬᠠᠷᠤᠯ ᠳᠠᠲᠠᠭᠰᠠᠨ ᠨᠢ ᠬᠡᠴᠡᠭᠦᠦ᠂ ᠲᠤᠰ ᠤᠳᠠᠭᠠᠨ ᠤ ᠲᠢᠩᠬᠢᠮ ᠤᠨ ᠰᠢᠭᠦᠯᠲᠡ ᠶᠢᠨ ᠡᠭᠦᠷᠭᠡ ᠶᠢᠨ ᠠᠮᠤᠷ ᠳᠥᠪᠰᠢᠨ ᠤᠷᠤᠭᠰᠢᠲᠠᠢ ᠶᠠᠪᠤᠭᠳᠠᠬᠤ ᠵᠢ ᠪᠠᠲᠤᠯᠠᠬᠤ ᠶᠢᠨ ᠲᠤᠯᠠᠳᠠ᠂ ᠳᠠᠯᠠᠳ ᠬᠣᠰᠢᠭᠤᠨ ᠤ ᠰᠢᠭᠦᠬᠦ ᠬᠣᠷᠢᠶᠠᠨ  ᠡᠴᠡ ᠬᠣᠰᠢᠭᠤᠨ ᠤ ᠤᠯᠤᠰ ᠲᠥᠷᠦ ᠬᠠᠤᠯᠢ ᠴᠠᠭᠠᠵᠠ ᠶᠢᠨ ᠵᠥᠪᠯᠡᠯ᠂ ᠬᠣᠰᠢᠭᠤᠨ ᠤ ᠳᠣᠲᠤᠭᠠᠳᠤ ᠵᠢ ᠬᠠᠮᠠᠭᠠᠯᠠᠬᠤ ᠵᠡᠷᠭᠡ ᠬᠠᠮᠢᠶᠠᠲᠠᠢ ᠪᠠᠢᠭᠤᠯᠭ᠎ᠠ ᠲᠠᠢ ᠵᠣᠬᠢᠴᠠᠭᠤᠯᠬᠤ ᠬᠤᠷᠠᠯ ᠢ ᠬᠢᠵᠦ᠂ ᠬᠠᠤᠯᠢ ᠶᠢᠨ ᠴᠠᠭᠳᠠᠭᠠᠨ ᠤ ᠶᠡᠬᠡ ᠠᠩᠭᠢ ᠡᠴᠡ ᠡᠷᠡᠭᠦᠦ ᠶᠢᠨ ᠬᠡᠷᠡᠭ ᠤᠨ ᠲᠢᠩᠬᠢᠮ ᠤᠨ ᠰᠢᠭᠦᠨ ᠳᠠᠰᠤᠯᠠᠯᠲᠠ ᠶᠢᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ  ᠲᠥᠰᠦᠪᠯᠡᠯ ᠢ ᠤᠷᠢᠳᠴᠢᠯᠠᠨ ᠨᠠᠷᠢᠯᠢᠭ ᠳᠤᠭᠲᠠᠭᠠᠪᠠ᠃  ᠮᠥᠨ ᠳᠠᠷᠤᠵᠤ ᠬᠦᠷᠭᠡᠬᠦ᠂ ᠲᠢᠩᠬᠢᠮ ᠤᠨ ᠰᠢᠭᠦᠯᠲᠡ ᠶᠢᠨ ᠲᠤᠬᠠᠢ ᠶᠢᠨ ᠲᠠᠯᠠᠪᠤᠷ᠂ ᠳᠠᠷᠤᠵᠤ ᠬᠦᠷᠭᠡᠬᠦ ᠭᠤᠳᠤᠮᠵᠢ᠂ ᠴᠠᠭᠳᠠᠭᠠᠨ ᠤ ᠶᠠᠪᠤᠳᠠᠯ ᠤᠨ ᠲᠡᠷᠭᠡ ᠬᠥᠰᠭᠡ᠂  ᠴᠠᠭᠳᠠᠭᠠᠨ ᠤ ᠵᠡᠪᠰᠡᠭ ᠵᠡᠷᠭᠡ ᠳᠤ ᠪᠥᠬᠦ ᠲᠠᠯ᠎ᠠ  ᠪᠡᠷ ᠪᠠᠢᠴᠠᠭᠠᠵᠤ ᠴᠠᠭᠳᠠᠭᠠᠨ ᠤ ᠬᠦᠴᠦᠨ  ᠢ ᠳᠤᠬᠢᠷᠠᠭᠤᠯᠤᠨ ᠪᠠᠢᠷᠢᠯᠡᠭᠤᠯᠪᠠ᠃

      ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠤᠯᠭ᠎ᠠ ᠶᠡᠬᠡ ᠪᠡᠷ ᠬᠦᠨᠳᠦᠳᠭᠡᠵᠦ᠂ ᠼᠠᠩ ᠵᠢᠶᠠᠨ ᠫᠢᠩ ᠪᠠᠢᠴᠠᠭᠠᠨ ᠰᠤᠳᠤᠯᠠᠭᠴᠢ ᠡᠴᠡ ᠬᠤᠶᠠᠷ ᠤᠳᠠᠭ᠎ᠠ ᠲᠤᠬᠠᠢ ᠶᠢᠨ ᠲᠠᠯᠠᠪᠤᠷ ᠲᠤ ᠬᠦᠷᠴᠦ ᠠᠵᠢᠯ ᠢ ᠵᠢᠯᠤᠭᠤᠳᠪᠠ ᠃ ᠬᠠᠤᠯᠢ ᠶᠢᠨ ᠴᠠᠭᠳᠠᠭᠠᠨ ᠤ ᠰᠠᠯᠪᠤᠷᠢ ᠳᠤᠭᠤᠢᠯᠠᠩ ᠡᠭᠦᠷᠭᠡ ᠶᠢᠨ ᠰᠢᠨᠵᠢ ᠴᠢᠨᠠᠷ  ᠪᠠ ᠴᠠᠭᠳᠠᠭ᠎ᠠ ᠲᠣᠮᠢᠯᠠᠬᠤ ᠭᠤᠶᠤᠴᠢᠯᠠᠯ ᠶᠢᠨ ᠦᠨᠳᠦᠰᠦᠯᠡᠵᠦ ᠡᠯ᠎ᠡ ᠲᠥᠷᠦᠯ  ᠤᠨ ᠡᠭᠦᠷᠭᠡ ᠬᠦᠨᠳᠦ  ᠪᠠᠢᠭ᠎ᠠ ᠪᠠᠢᠳᠠᠯ ᠳᠣᠣᠷ᠎ᠠ ᠪᠥᠬᠦ ᠬᠣᠲᠠ  ᠡᠴᠡ ᠬᠠᠤᠯᠢ ᠶᠢᠨ ᠴᠠᠭᠳᠠᠭ᠎ᠠ32 ᠨᠡᠷ᠎ᠡ ᠵᠢ ᠰᠢᠯᠵᠢᠭᠦᠯᠦᠨ ᠲᠢᠩᠬᠢᠮ ᠤᠨ ᠰᠢᠭᠦᠯᠲᠡ ᠶᠢᠨ ᠪᠠᠲᠤᠯᠠᠭ᠎ᠠ ᠳᠤ  ᠣᠷᠤᠯᠴᠠᠭᠤᠯᠵᠤ᠂ ᠰᠠᠯᠪᠤᠷᠢ ᠳᠤᠭᠤᠢᠯᠠᠩ ᠤᠨ ᠳᠠᠷᠤᠭ᠎ᠠ ᠪᠥᠬᠦ ᠶᠠᠪᠤᠴᠠ ᠵᠢ ᠱᠠᠭᠠᠷᠳᠠᠨ ᠵᠢᠯᠤᠭᠤᠳᠪᠠ᠃ ᠲᠤᠰ ᠤᠳᠠᠭᠠᠨ ᠤ ᠲᠢᠩᠬᠢᠮ ᠤᠨ ᠰᠢᠭᠦᠯᠲᠡ ᠳᠤ ᠨᠡᠢᠲᠡ115 ᠨᠡᠷ᠎ᠡ ᠴᠠᠭᠳᠠᠭᠠᠨ ᠤ ᠬᠦᠴᠦ  ᠵᠢ ᠰᠢᠯᠵᠢᠭᠦᠯᠦᠨ ᠬᠡᠷᠡᠭᠯᠡᠵᠦ᠂ ᠲᠢᠩᠬᠢᠮ ᠤᠨ ᠰᠢᠭᠦᠯᠲᠡ ᠶᠢᠨ ᠴᠠᠭ ᠨᠢ ᠤᠷᠲᠤ᠂  ᠡᠭᠦᠷᠭᠡ ᠨᠢ ᠬᠦᠨᠳᠦ ᠪᠠᠢᠵᠤ᠂ ᠭᠡᠪᠡᠴᠦ ᠪᠥᠬᠦ ᠺᠠᠲᠠᠷ ᠴᠠᠭᠳᠠᠭ᠎ᠠ ᠴᠥᠮ ᠦᠷᠭᠦᠯᠵᠢᠯᠡᠨ ᠠᠵᠢᠯᠯᠠᠵᠤ᠂ ᠬᠦᠴᠢᠷ ᠢ ᠳᠠᠪᠠᠵᠤ ᠪᠠᠢᠯᠳᠤᠭᠠᠨ ᠳᠤ ᠴᠠᠭᠠᠷᠠᠭᠰᠠᠨ᠂ ᠴᠠᠭᠠᠵᠠ ᠵᠠᠷᠯᠢᠭ ᠢ ᠳᠠᠭᠠᠳᠠᠭ ᠰᠢᠯᠢᠳᠡᠭ ᠰᠤᠷᠲᠠᠯ ᠢ ᠭᠦᠢᠴᠡᠳ  ᠪᠠᠳᠠᠷᠠᠭᠤᠯᠵᠤ᠂ ᠲᠢᠩᠬᠢᠮ ᠤᠨ ᠰᠢᠭᠦᠯᠲᠡ ᠶᠢᠨ ᠪᠥᠬᠦ ᠶᠠᠪᠤᠴᠠ ᠳᠤ ᠺᠠᠲᠠᠷ ᠴᠠᠭᠳᠠᠭ᠎ᠠ ᠴᠥᠮ ᠳᠦᠷᠢ ᠳᠥᠷᠬᠦ  ᠲᠥᠪᠯᠡᠭᠦᠨ᠂ ᠬᠥᠳᠡᠯᠦᠯ ᠪᠠᠷᠢᠯ ᠳᠦᠷᠢᠮᠵᠢᠯ ᠲᠠᠢ᠂ ᠪᠣᠯᠪᠠᠰᠤᠨ ᠢᠶᠡᠷ ᠵᠢᠵᠢᠭᠦᠯᠡᠵᠦ᠂ ᠬᠢᠨᠠᠮᠠᠭᠠᠢ ᠭᠦᠢᠴᠡᠳᠭᠡᠵᠦ᠂ ᠲᠢᠩᠬᠢᠮ ᠤᠨ ᠰᠢᠭᠦᠯᠲᠡ ᠶᠢᠨ ᠠᠵᠢᠯ ᠠᠮᠤᠷ ᠲᠦᠪᠰᠢᠨ ᠤᠷᠤᠭᠰᠢᠲᠠᠢ ᠶᠠᠪᠤᠭᠳᠠᠵᠤ ᠠᠮᠵᠢᠯᠲᠠ ᠲᠠᠢ ᠲᠡᠭᠦᠰᠬᠦ ᠳᠤ ᠪᠠᠲᠤᠯᠠᠭ᠎ᠠ ᠬᠠᠩᠭᠠᠵᠤ᠂ ᠵᠡᠷᠭᠡᠪᠡᠷ ᠬᠠᠤᠯᠢ ᠶᠢᠨ  ᠴᠠᠭᠳᠠᠭ᠎ᠠ ᠡᠨᠡᠬᠦ ᠵᠡᠪᠰᠡᠭᠲᠦ ᠬᠦᠴᠦᠨ ᠤ ᠰᠦᠷᠳᠡᠭᠦᠯᠬᠦ ᠦᠢᠯᠡᠳᠦᠯ ᠪᠠᠳᠠᠷᠠᠭᠤᠯᠤᠭᠰᠠᠨ ᠪᠠᠢᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )