ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠳᠠᠷᠠᠭ᠎ᠠ ᠣᠲᠤᠭ ᠬᠣᠰᠢᠭᠤᠨ ᠤ ᠰᠢᠭᠦᠬᠦ ᠬᠣᠷᠢᠶᠠᠨ ᠤ ᠨᠠᠮ ᠤᠨ ᠪᠠᠢᠭᠤᠯᠤᠯᠲᠠ ᠤᠨ ᠠᠵᠢᠯ ᠤᠨ ᠲᠤᠯᠭᠠᠷᠠᠵᠤ ᠪᠠᠢᠭ᠎ᠠ ᠰᠢᠨ᠎ᠡ ᠪᠠᠢᠳᠠᠯ ᠰᠢᠨ᠎ᠡ ᠠᠰᠠᠭᠤᠳᠠᠯ ᠵᠢᠴᠢ ᠠᠷᠭᠠᠴᠠᠭᠠᠬᠤ ᠲᠥᠰᠦᠯ
ᠵᠣᠬᠢᠶᠠᠭᠴᠢ᠄ ᠣᠲᠤᠭ ᠬᠣᠰᠢᠭᠤᠨ ᠤ ᠰᠢᠭᠦᠬᠦ ᠬᠤᠷᠢᠶ᠎ᠠ ᠸᠠᠩ ᠳ᠋ᠦᠩ ᠳ᠋ᠦᠩ
ᠨᠠᠮ ᠤᠨ ᠠᠷᠪᠠᠨ ᠨᠠᠢ᠍ᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠭᠦᠳᠡ ᠬᠤᠷᠠᠯᠳᠤᠭᠠᠨ ᠳᠡᠭᠡᠷ᠎ᠡ ᠳᠤᠮᠳᠠᠲᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠪᠠᠢᠭᠤᠯᠤᠯ ᠢ ᠪᠦᠲᠦᠭᠡᠨ ᠪᠠᠢᠭᠤᠯᠬᠤ᠂ ᠳᠤᠮᠳᠠᠳᠤ ᠤᠯᠤᠰ ᠤᠨ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠤᠯᠤᠰ ᠢ ᠪᠦᠲᠦᠭᠡᠨ ᠪᠠᠢᠭᠤᠯᠬᠤ ᠶᠡᠷᠦᠩᠬᠡᠢᠯᠡᠭᠰᠡᠨ ᠬᠠᠷᠠᠯᠲᠠ ᠵᠢ ᠳᠤᠷᠠᠳᠴᠤ᠂ ᠡᠨᠡ ᠬᠠᠷᠠᠯᠲᠠ ᠳᠤ ᠬᠦᠷᠬᠦ ᠶᠢᠨ ᠲᠥᠯᠦᠭᠡ᠂ ᠰᠢᠭᠦᠨ ᠰᠢᠢᠳᠭᠡᠬᠦ ᠪᠠᠢᠭᠤᠯᠭ᠎ᠠ ᠶᠢᠨ ᠪᠡᠶ᠎ᠡ ᠪᠡᠨ ᠳᠠᠭᠠᠵᠤ ᠡᠷᠬᠡ ᠲᠤᠰᠢᠶᠠᠯ ᠢᠶᠡᠨ ᠶᠠᠪᠤᠭᠲᠠᠭᠤᠯᠬᠤ ᠵᠢ ᠪᠠᠲᠤᠯᠠᠵᠤ᠂ ᠲᠥᠪ ᠤᠨ ᠪᠥᠬᠦ ᠲᠠᠯ᠎ᠠ ᠪᠡᠷ ᠭᠦᠨᠵᠡᠭᠡᠢᠷᠡᠭᠦᠯᠬᠦ ᠥᠭᠡᠷᠡᠴᠢᠯᠡᠯᠲᠡ ᠵᠢ ᠤᠳᠤᠷᠢᠳᠬᠤ ᠪᠠᠭ᠎ᠠ ᠳᠤᠭᠤᠢᠯᠠᠩ ᠡᠴᠡ ᠤᠷᠢᠳ ᠡᠮᠦᠨ᠎ᠡ《 ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ ᠤᠨ ᠠᠰᠠᠭᠤᠳᠠᠯ ᠤᠨ ᠲᠤᠬᠠᠢ ᠪᠣᠷᠤ ᠲᠥᠰᠦᠪ ᠤᠨ ᠰᠠᠨᠠᠯ》 ᠵᠡᠷᠭᠡ ᠪᠢᠴᠢᠭ᠌ ᠮᠠᠲ᠋ᠧᠷᠢᠶᠠᠯ ᠢ ᠬᠢᠨᠠᠨ ᠵᠥᠪᠰᠢᠶᠡᠷᠡᠪᠡ᠃ ᠣᠳᠣᠬᠠᠨ ᠤ ᠪᠠᠢᠳᠠᠯ ᠡᠴᠡ ᠦᠵᠡᠪᠡᠯ᠂ ᠬᠠᠤᠯᠢ ᠴᠠᠭᠠᠵᠠ ᠶᠢᠨ ᠥᠭᠡᠷᠡᠴᠢᠯᠡᠯᠲᠡ ᠨᠢ ᠨᠢᠭᠡ ᠤᠳᠠᠭᠠᠨ ᠤ ᠪᠥᠬᠦ ᠲᠠᠯ᠎ᠠ ᠶᠢᠨ᠂ ᠭᠦᠨᠵᠡᠭᠡᠢᠷᠡᠭᠰᠡᠨ ᠥᠭᠡᠷᠡᠴᠢᠯᠡᠯᠲᠡ ᠪᠠᠢᠵᠤ᠂ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠡᠯ᠎ᠡ ᠲᠠᠯ᠎ᠠ ᠳᠤ ᠪᠠᠭ᠎ᠠ ᠪᠤᠰᠤ ᠨᠥᠯᠦᠭᠡ ᠭᠠᠷᠭᠠᠭᠰᠠᠨ ᠪᠠᠢᠵᠤ᠂ ᠪᠠᠰᠠ ᠦᠨᠳᠦᠰᠦᠨ ᠱᠠᠲᠤᠨ ᠤ ᠰᠢᠭᠦᠬᠦ ᠬᠣᠷᠢᠶᠠᠨ ᠤ ᠨᠠᠮ ᠤᠨ ᠪᠠᠢᠭᠤᠯᠤᠯᠲᠠ ᠶᠢᠨ ᠠᠵᠢᠯ ᠳᠤ ᠨᠡᠩ ᠥᠨᠳᠦᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠢᠨ᠎ᠠ᠃
( ᠨᠢᠭᠡ) ᠣᠷᠤᠰᠢᠵᠤ ᠪᠠᠢᠭ᠎ᠠ ᠢᠯᠡᠷᠬᠡᠢ ᠠᠰᠠᠭᠤᠳᠠᠯ
1᠂ ᠨᠠᠮ ᠤᠨ ᠪᠠᠢᠭᠤᠯᠤᠯᠲᠠ ᠶᠢᠨ ᠬᠠᠷᠢᠭᠤᠴᠠᠯᠭ᠎ᠠ ᠶᠢᠨ ᠨᠠᠢᠳᠠᠪᠤᠷᠢᠵᠢᠭᠤᠯᠤᠯᠲᠠ ᠭᠦᠢᠴᠡᠳ ᠪᠤᠰᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠳᠠᠷᠠᠭ᠎ᠠ ᠠᠵᠢᠯ ᠢ ᠬᠦᠨᠳᠦᠳᠭᠡᠵᠦ ᠨᠠᠮ ᠤᠨ ᠪᠠᠢᠭᠤᠯᠤᠯᠲᠠ ᠵᠢ ᠬᠥᠩᠭᠡᠪᠴᠢᠯᠡᠬᠦ ᠦᠵᠡᠭᠳᠡᠯ ᠨᠡᠩ ᠢᠯᠡᠷᠬᠡᠢ ᠪᠣᠯᠪᠠ᠃ ᠪᠤᠰᠤᠳᠴᠢ ᠲᠠᠯ᠎ᠠ ᠡᠴᠡ ᠠᠪᠴᠤ ᠬᠡᠯᠡᠪᠡᠯ᠂ ᠬᠦᠯᠢᠶᠡᠨ ᠠᠪᠬᠤ ᠬᠡᠷᠡᠭ ᠤᠨ ᠲᠣᠭ᠎ᠠ ᠶᠡᠬᠡᠪᠡᠷ ᠨᠡᠮᠡᠭᠳᠡᠵᠦ᠂ ᠬᠡᠷᠡᠭ ᠨᠢ ᠠᠷᠪᠢᠨ ᠬᠥᠮᠦᠨ ᠨᠢ ᠴᠥᠭᠡᠨ᠂ ᠡᠭᠦᠷᠭᠡ ᠨᠢ ᠶᠠᠭᠠᠷᠠᠤ᠂ ᠬᠡᠷᠡᠭ ᠰᠢᠢᠳᠪᠦᠷᠢᠯᠡᠬᠦ ᠳᠠᠷᠤᠭᠠᠰᠤ ᠨᠢ ᠶᠡᠬᠡ ᠵᠡᠷᠭᠡ ᠠᠰᠠᠭᠤᠳᠠᠯ ᠶᠠᠪᠤᠬᠤ ᠲᠤᠳᠤᠮ ᠢᠯᠡᠷᠬᠡᠢ ᠪᠣᠯᠪᠠ᠃ ᠳᠡᠭᠡᠷ᠎ᠡ ᠨᠢ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠢ ᠪᠤᠲᠠᠲᠠᠢᠵᠢᠭᠤᠯᠤᠭᠰᠠᠨ ᠡᠴᠡ ᠰᠡᠭᠦᠯᠡᠷ᠂ ᠰᠢᠭᠦᠭᠴᠢ ᠶᠢᠨ ᠰᠢᠢᠳᠭᠡᠭᠰᠡᠨ ᠬᠡᠷᠡᠭ ᠤᠨ ᠶᠠᠰᠤ ᠴᠢᠨᠠᠷ ᠲᠤ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠵᠦ᠂ ᠡᠨᠡ ᠨᠢ ᠰᠢᠭᠦᠭᠴᠢ ᠪᠠ ᠰᠢᠭᠦᠭᠴᠢ ᠵᠢ ᠬᠠᠪᠰᠤᠷᠠᠬᠤ ᠬᠥᠮᠦᠰ ᠪᠠᠷᠤᠭ ᠪᠦᠬᠦᠢᠯᠡ ᠬᠦᠴᠦᠨ ᠢᠶᠡᠨ ᠰᠢᠭᠦᠬᠦ ᠵᠢ ᠠᠷᠭᠠᠴᠠᠭᠠᠬᠤ ᠳᠠᠷᠤᠯᠲᠠ᠂ ᠰᠢᠭᠦᠬᠦ ᠡᠭᠦᠷᠭᠡ ᠪᠡᠨ ᠳᠠᠭᠤᠰᠭᠠᠬᠤ ᠳᠡᠭᠡᠷ᠎ᠡ ᠲᠥᠪᠯᠡᠷᠡᠵᠦ᠂ ᠬᠡᠮᠵᠢᠶ᠎ᠡ ᠲᠠᠢ ᠬᠦᠴᠦᠨ ᠢ ᠨᠠᠮ ᠤᠨ ᠪᠠᠢᠭᠤᠯᠤᠯᠲᠠ ᠳᠡᠭᠡᠷ᠎ᠡ ᠭᠠᠷᠭᠠᠨ ᠠᠪᠴᠤ ᠵᠠᠷᠤᠬᠤ ᠳᠤ ᠲᠤᠢᠯ ᠤᠨ ᠬᠦᠴᠢᠷᠲᠠᠢ᠃ ᠪᠡᠶᠡᠴᠢ ᠲᠠᠯ᠎ᠠ ᠡᠴᠡ ᠠᠪᠴᠤ ᠬᠡᠯᠡᠪᠡᠯ᠂ ᠬᠡᠰᠡᠭ ᠪᠥᠯᠦᠭ ᠬᠥᠮᠦᠰ ᠡᠴᠡ ᠰᠢᠭᠦᠬᠦ ᠬᠣᠷᠢᠶᠠᠨ ᠤ ᠠᠵᠢᠯ ᠤᠨ ᠴᠢᠬᠤᠯᠠ ᠴᠢᠭ ᠪᠠ ᠭᠣᠣᠯᠳᠠᠯᠭ᠎ᠠ ᠨᠢ ᠰᠢᠭᠦᠨ ᠳᠠᠰᠤᠯᠠᠬᠤ ᠪᠣᠯᠤᠨ ᠭᠦᠢᠴᠡᠳᠬᠡᠬᠦ ᠠᠵᠢᠯ ᠭᠡᠵᠦ ᠦᠵᠡᠵᠦ᠂ ᠰᠢᠭᠦᠨ ᠳᠠᠰᠤᠯᠠᠬᠤ᠂ ᠭᠦᠢᠴᠡᠳᠬᠡᠬᠦ ᠠᠵᠢᠯ ᠨᠢ ᠬᠠᠲᠠᠭᠤ ᠪᠠᠷᠢᠮᠵᠢᠶᠠᠯᠠᠯ ᠪᠠᠢᠵᠤ᠂ ᠵᠠᠪᠠᠯ ᠰᠠᠢᠨ ᠬᠢᠬᠦ ᠬᠡᠷᠡᠭᠲᠠᠢ᠂ ᠨᠠᠮ ᠤᠨ ᠠᠵᠢᠯ ᠨᠢ ᠵᠥᠭᠡᠯᠡᠨ ᠪᠠᠷᠢᠮᠵᠢᠶᠠᠯᠠᠯ ᠪᠠᠢᠵᠤ᠂ ᠪᠠᠢᠬᠤ ᠪᠠᠢᠬᠤ ᠦᠭᠡᠢ ᠴᠥᠮ ᠪᠣᠯᠤᠨ᠎ᠠ ᠭᠡᠵᠦ ᠦᠵᠡᠳᠡᠭ᠃
2᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠪᠤᠳᠤᠯᠢᠶᠠᠨᠲᠠᠢ ᠬᠦᠴᠢᠷᠳᠡᠯᠲᠠᠢ ᠵᠦᠢᠯ ᠴᠢᠨᠠᠷ ᠡᠴᠡ ᠨᠠᠮ ᠤᠨ ᠠᠵᠢᠯ ᠤᠨ ᠠᠵᠢᠯᠲᠠᠨ ᠤ ᠳᠤᠭᠲᠠᠪᠤᠷᠢᠲᠤ ᠴᠢᠨᠠᠷ ᠨᠢ ᠨᠥᠯᠦᠭᠡᠯᠡᠭᠳᠡᠪᠡ᠃ ᠨᠢᠭᠡ ᠨᠢ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠭᠦᠨᠵᠡᠭᠡᠢᠷᠡᠬᠦ ᠵᠢ ᠳᠠᠭᠠᠯᠳᠤᠨ᠂ ᠰᠢᠭᠦᠨ ᠳᠠᠰᠤᠯᠠᠬᠤ ᠲᠤᠬᠠᠢᠯᠠᠭᠰᠠᠨ ᠠᠵᠢᠯ ᠨᠢ ᠶᠠᠪᠤᠬᠤ ᠲᠤᠳᠤᠮ ᠬᠦᠨᠳᠦᠳᠭᠡᠭᠳᠡᠵᠦ᠂ ᠰᠢᠭᠦᠨ ᠳᠠᠰᠤᠯᠠᠵᠤ ᠭᠦᠢᠴᠡᠳᠬᠡᠬᠦ ᠠᠵᠢᠯ ᠪᠣᠯᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠨᠢ ᠤᠯᠠᠮ ᠨᠢᠭᠡ ᠠᠯᠬᠤᠮ ᠵᠥᠷᠢᠶ᠎ᠡ ᠲᠠᠢ ᠪᠣᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠥᠮᠦᠰ ᠬᠥᠪᠡᠭᠡᠴᠢᠯᠡᠭᠳᠡᠵᠦ᠂ ᠨᠡᠩ ᠴᠤ ᠵᠣᠬᠢᠬᠤ ᠬᠡᠮᠵᠢᠶᠠᠨ ᠤ ᠲᠤᠬᠠᠢᠯᠠᠭᠰᠠᠨ ᠠᠵᠢᠯ ᠤᠨ ᠮᠡᠳᠡᠷᠡᠮᠵᠢ ᠶᠢᠨ ᠰᠠᠳᠬᠢᠯᠭᠡ ᠳᠤᠲᠠᠭᠳᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯᠲᠠᠨ ᠤ ᠢᠳᠡᠪᠬᠢᠲᠠᠢ ᠴᠢᠨᠠᠷ ᠢ ᠨᠥᠯᠦᠭᠡᠯᠡᠵᠦ᠂ ᠵᠠᠰᠠᠭ ᠵᠠᠬᠢᠷᠭᠠᠨ ᠤ ᠡᠩᠨᠡᠭᠡᠨ ᠳᠤ ᠳᠤᠭᠲᠠᠩᠭᠤᠢ ᠪᠤᠰᠤ ᠰᠢᠯᠲᠠᠭᠠᠨ ᠠᠮᠠᠷᠬᠠᠨ ᠡᠭᠦᠰᠴᠦ᠂ ᠨᠠᠮ ᠤᠨ ᠪᠠᠢᠭᠤᠯᠤᠯᠲᠠ ᠶᠢᠨ ᠠᠵᠢᠯ ᠨᠢ ᠰᠠᠨᠠᠭᠠᠴᠢᠯᠠᠭ᠎ᠠ ᠦᠭᠡᠢ ᠪᠡᠷ ᠶᠠᠪᠤᠭᠳᠠᠳᠠᠭ᠃ ᠬᠤᠶᠠᠷ ᠨᠢ ᠣᠲᠤᠭ ᠬᠣᠰᠢᠭᠤᠨ ᠤ ᠰᠢᠭᠦᠬᠦ ᠬᠤᠷᠢᠶ᠎ᠠ ᠨᠢ ᠨᠠᠮ ᠤᠨ ᠪᠠᠢᠭᠤᠯᠤᠯᠲᠠ ᠲᠠᠢ ᠬᠠᠷᠠᠭᠠᠯᠵᠠᠭᠰᠠᠨ ᠰᠠᠯᠠᠭ᠎ᠠ ᠮᠥᠴᠢᠷ ᠦᠭᠡᠢ᠂ ᠨᠠᠮ ᠤᠨ ᠶᠡᠷᠦᠩᠬᠡᠢ ᠱᠦᠵᠢ᠂ ᠳᠡᠳ᠋ ᠱᠦᠵᠢ᠂ ᠬᠡᠰᠢᠭᠦᠨ ᠨᠢ ᠴᠥᠮ ᠵᠠᠰᠠᠭ ᠵᠠᠬᠢᠷᠭᠠᠨ ᠤᠨ ᠬᠥᠮᠦᠰ ᠡᠴᠡ ᠡᠭᠦᠷᠭᠡᠯᠡᠵᠦ᠂ ᠨᠢᠭᠡ ᠪᠡᠶᠡᠨ ᠳᠤ ᠤᠯᠠᠨ ᠲᠤᠰᠢᠶᠠᠯ ᠡᠭᠦᠷᠭᠡᠯᠡᠭᠰᠡᠨ ᠪᠠᠢᠵᠤ᠂ ᠵᠥᠪᠬᠡᠨ1-2 ᠬᠥᠮᠦᠨ᠂ ᠪᠠᠷᠤᠭ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠥᠮᠦᠰ ᠤᠨ ᠲᠣᠭᠠᠨ ᠤ15-20% ᠵᠢ ᠡᠵᠡᠯᠡᠵᠦ᠂ ᠣᠷᠤᠨ ᠲᠣᠭᠠᠨ ᠳᠤ ᠪᠠᠢᠬᠤ ᠬᠥᠮᠦᠨ ᠤ1-3% ᠢ ᠡᠵᠡᠯᠡᠵᠦ᠂ ᠡᠨᠡ ᠨᠢ ᠪᠠᠰᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠬᠡᠯᠲᠡᠰ᠂ ᠠᠵᠢᠯᠴᠢᠨ ᠤ ᠶᠠᠪᠤᠳᠠᠯ ᠤᠨ ᠪᠠᠢᠴᠠᠭᠠᠬᠤ ᠬᠡᠯᠲᠡᠰ ᠪᠣᠯᠤᠨ ᠨᠠᠮ ᠤᠨ ᠶᠡᠷᠦᠩᠬᠡᠢ ᠡᠭᠦᠷ ᠤᠨ ᠠᠵᠢᠯᠲᠠᠨ ᠢ ᠬᠠᠮᠲᠤᠪᠠᠷ ᠬᠡᠷᠡᠭᠯᠡᠭᠰᠡᠨ ᠪᠠᠢᠳᠠᠯ ᠪᠣᠯᠤᠨ᠎ᠠ᠃
(ᠬᠤᠶᠠᠷ)᠂ ᠠᠰᠠᠭᠤᠳᠠᠯ ᠢ ᠰᠢᠢᠳᠪᠦᠷᠢᠯᠡᠬᠦ ᠭᠣᠣᠯ ᠠᠷᠭ᠎ᠠ ᠪᠠᠷᠢᠯ
《 ᠳᠥᠷᠪᠡᠨ ᠪᠥᠬᠦ ᠲᠠᠯ᠎ᠠ》 ᠶᠢᠨ ᠪᠠᠢᠯᠳᠤᠬᠤ ᠪᠣᠳᠤᠯᠭ᠎ᠠ ᠶᠢᠨ ᠪᠠᠢᠷᠠᠯᠠᠭᠤᠯᠲᠠ ᠶᠢᠨ ᠲᠣᠭᠤᠷᠢᠨ ᠳᠤ᠂ ᠨᠠᠮ ᠢ ᠴᠢᠩᠭ᠎ᠠ ᠵᠠᠰᠠᠬᠤ ᠭᠣᠣᠯ ᠱᠤᠭᠤᠮ ᠢ ᠪᠥᠬᠦ ᠲᠠᠯ᠎ᠠ ᠪᠡᠷ ᠢᠯᠡᠷᠬᠡᠢ ᠪᠠᠢᠯᠭᠠᠵᠤ᠂ ᠰᠢᠭᠦᠬᠦ ᠬᠣᠷᠢᠶᠠᠨ ᠤ ᠨᠠᠮ ᠤᠨ ᠪᠠᠢᠭᠤᠯᠤᠯᠲᠠ ᠶᠢᠨ ᠰᠢᠨᠵᠢᠯᠡᠬᠦ ᠤᠬᠠᠭᠠᠨᠵᠢᠯᠲᠠ ᠶᠢᠨ ᠬᠢᠷᠢ ᠳᠥᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ᠂ ᠡᠷᠬᠡ ᠲᠡᠭᠰᠢ ᠪᠡᠷ ᠬᠠᠤᠯᠢ ᠬᠡᠷᠡᠭᠵᠢᠭᠦᠯᠬᠦ ᠳᠤ ᠪᠠᠲᠤ ᠴᠢᠩᠭ᠎ᠠ ᠤᠯᠤᠰ ᠲᠥᠷᠦ ᠶᠢᠨ ᠪᠠᠲᠤᠯᠠᠭ᠎ᠠ ᠬᠠᠩᠭᠠᠨ᠎ᠠ᠃
1᠂ ᠰᠢᠭᠦᠬᠦ ᠬᠣᠷᠢᠶᠠᠨ ᠤ ᠨᠠᠮ ᠤᠨ ᠪᠠᠭᠤᠯᠤᠯᠲᠠ ᠶᠢᠨ ᠠᠵᠢᠯ ᠳᠤ ᠰᠢᠨ᠎ᠡ ᠵᠢ ᠡᠭᠦᠳᠦᠨ᠎ᠡ᠃ ᠬᠠᠤᠯᠢ ᠴᠠᠭᠠᠵᠠ ᠶᠢᠨ ᠥᠭᠡᠷᠡᠴᠢᠯᠡᠯᠲᠡ ᠨᠢ ᠰᠢᠭᠦᠬᠦ ᠬᠣᠷᠢᠶᠠᠨ ᠤ ᠬᠥᠭᠵᠢᠯᠲᠡ ᠶᠢᠨ ᠢᠷᠡᠭᠡᠳᠦᠢ ᠶᠢᠨ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠤᠨ ᠰᠢᠨᠡᠴᠢᠯᠡᠯᠲᠡ ᠲᠠᠢ ᠬᠣᠯᠪᠤᠭᠳᠠᠵᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠬᠤᠭᠤᠴᠠᠭᠠᠨ ᠳᠤᠮᠳᠠᠬᠢ ᠦᠵᠡᠯ ᠰᠠᠨᠠᠭ᠎ᠠ ᠤᠯᠤᠰ ᠲᠥᠷᠦ ᠶᠢᠨ ᠠᠵᠢᠯ ᠢ ᠵᠠᠪᠠᠯ ᠰᠠᠢᠲᠤᠷ ᠬᠢᠬᠦ ᠬᠡᠷᠡᠭᠲᠠᠢ ᠪᠠᠢᠵᠤ᠂ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠲᠥᠷᠦ ᠶᠢᠨ ᠪᠣᠳᠤᠯᠭ᠎ᠠ ᠵᠢ ᠵᠥᠪ ᠢᠶᠡᠷ ᠲᠠᠢᠯᠪᠤᠷᠢᠯᠠᠵᠤ ᠤᠬᠠᠭᠤᠯᠬᠤ ᠵᠢᠯᠤᠭᠤᠳᠤᠯᠭ᠎ᠠ ᠪᠡᠨ ᠴᠢᠩᠭᠠᠳᠭᠠᠵᠤ᠂ ᠨᠠᠮ ᠤᠨ ᠬᠡᠰᠢᠭᠦᠨ ᠰᠢᠭᠦᠭᠴᠢ ᠺᠠᠲᠠᠷ ᠴᠠᠭᠳᠠᠭ᠎ᠠ ᠵᠢ ᠥᠭᠡᠷᠡᠴᠢᠯᠡᠯᠲᠡ ᠵᠢ ᠵᠥᠪ ᠢᠶᠡᠷ ᠲᠠᠨᠢᠬᠤ ᠂ ᠥᠭᠡᠷᠡᠴᠢᠯᠡᠯᠲᠡ ᠵᠢ ᠣᠢᠯᠭᠠᠬᠤ᠂ ᠥᠭᠡᠷᠡᠴᠢᠯᠡᠯᠲᠡ ᠵᠢ ᠳᠡᠮᠵᠢᠬᠦ᠂ ᠥᠭᠡᠷᠡᠴᠢᠯᠡᠯᠲᠡ ᠳᠤ ᠤᠷᠤᠯᠴᠠᠬᠤ ᠵᠢ ᠰᠤᠷᠭᠠᠨ ᠤᠳᠤᠷᠢᠳᠴᠦ᠂ ᠥᠭᠡᠷᠡᠴᠢᠯᠡᠯᠲᠡ ᠶᠢᠨ ᠢᠲᠡᠭᠡᠯ ᠪᠠ ᠡᠷᠡᠰ ᠵᠣᠷᠢᠭ ᠢ ᠨᠢ ᠴᠢᠩᠭᠠᠳᠭᠠᠨ᠎ᠠ᠃ ᠡᠨᠡ ᠰᠠᠭᠤᠷᠢᠨ ᠳᠡᠭᠡᠷ᠎ᠡ᠂ ᠨᠠᠮ ᠤᠨ ᠠᠵᠢᠯ ᠤᠨ ᠺᠠᠲᠠᠷ ᠤᠨ ᠬᠥᠳᠡᠯᠦᠩᠭᠦᠢ ᠪᠠᠢᠬᠤ ᠵᠠᠮ ᠢ ᠨᠡᠭᠡᠭᠡᠵᠦ᠂ ᠰᠢᠭᠦᠬᠦ ᠬᠣᠷᠢᠶᠠᠨ ᠳᠣᠲᠤᠷᠠᠬᠢ ᠭᠤᠷᠪᠠᠨ ᠲᠥᠷᠦᠯ ᠤᠨ ᠬᠥᠮᠦᠨ ᠤ ᠬᠣᠭᠤᠷᠤᠨᠳᠤᠬᠢ ᠰᠣᠯᠢᠯᠴᠠᠭᠠᠨ ᠤ ᠠᠷᠭ᠎ᠠ ᠵᠠᠮ ᠢ ᠤᠷᠤᠭᠰᠢᠲᠠᠢ ᠪᠠᠢᠯᠭᠠᠵᠤ᠂ ᠨᠠᠮ ᠤᠨ ᠶᠠᠪᠤᠳᠠᠯ ᠤᠨ ᠤᠯᠤᠰ ᠲᠥᠷᠦ ᠶᠢᠨ ᠠᠵᠢᠯ ᠤᠨ ᠺᠠᠲᠠᠷ ᠪᠣᠯᠤᠨ ᠰᠢᠭᠦᠨ ᠳᠠᠰᠤᠯᠠᠬᠤ ᠲᠤᠬᠠᠢᠯᠠᠭᠰᠠᠨ ᠠᠵᠢᠯ ᠤᠨ ᠺᠠᠲᠠᠷ ᠤᠨ ᠡᠭᠡᠯᠵᠢᠯᠡᠬᠦ ᠳᠤᠭᠲᠠᠴᠠ ᠵᠢ ᠪᠠᠢᠭᠤᠯᠤᠨ ᠲᠡᠭᠦᠯᠳᠡᠷᠵᠢᠭᠦᠯᠵᠦ᠂ ᠡᠭᠦᠨ ᠢᠶᠡᠷ ᠳᠠᠮᠵᠢᠭᠤᠯᠤᠨ ᠨᠠᠮ ᠤᠨ ᠶᠠᠪᠤᠳᠠᠯ ᠤᠨ ᠤᠯᠤᠰ ᠲᠥᠷᠦ ᠶᠢᠨ ᠠᠵᠢᠯ ᠤᠨ ᠺᠠᠲᠠᠷ ᠪᠣᠯᠤᠨ ᠰᠢᠭᠦᠨ ᠳᠠᠰᠤᠯᠠᠬᠤ ᠲᠤᠬᠠᠢᠯᠠᠭᠰᠠᠨ ᠠᠵᠢᠯ ᠤᠨ ᠺᠠᠲᠠᠷ ᠤᠨ ᠬᠣᠭᠤᠷᠤᠨᠳᠤᠬᠢ ᠦᠢᠯᠡᠳᠦᠯᠴᠡᠯ ᠪᠠ ᠢᠲᠡᠭᠡᠯᠴᠡᠭᠡ ᠵᠢ ᠴᠢᠩᠭᠠᠳᠭᠠᠵᠤ᠂ ᠡᠭᠦᠨ ᠤ ᠵᠡᠷᠭᠡᠪᠡᠷ ᠺᠠᠲᠷ ᠤᠨ ᠶᠡᠷᠦᠩᠬᠡᠢᠯᠡᠭᠰᠡᠨ ᠴᠢᠳᠠᠮᠵᠢ ᠪᠠ ᠬᠢᠷᠢ ᠳᠥᠪᠰᠢᠨ ᠢ ᠬᠥᠮᠦᠵᠢᠭᠦᠯᠦᠨ ᠳᠡᠭᠡᠭᠰᠢᠯᠡᠭᠦᠯᠬᠦ ᠳᠤ ᠠᠰᠢᠭᠲᠠᠢ ᠪᠠᠢᠵᠤ᠂ ᠭᠤᠷᠪᠠᠨ ᠲᠥᠷᠦᠯ ᠤᠨ ᠬᠥᠮᠦᠰ ᠤᠨ ᠳᠤᠮᠳᠠ ᠵᠥᠷᠢᠶ᠎ᠡ ᠡᠭᠦᠰᠬᠦ ᠡᠴᠡ ᠰᠡᠷᠭᠡᠢᠯᠡᠬᠦ ᠪᠤᠶᠤ ᠵᠠᠢᠯᠠᠰᠬᠢᠵᠦ ᠪᠣᠯᠤᠨ᠎ᠠ᠃
2᠂ ᠨᠠᠮ ᠤᠨ ᠪᠠᠢᠭᠤᠯᠤᠯ ᠤᠨ ᠬᠠᠷᠠᠯᠲᠠ ᠵᠢ ᠬᠢᠨᠠᠨ ᠰᠢᠯᠭᠠᠬᠤ ᠳᠤᠭᠲᠠᠯᠴᠠᠭᠠᠨ ᠤ ᠪᠠᠢᠭᠤᠯᠤᠯᠲᠠ ᠵᠢ ᠴᠢᠩᠭᠠᠳᠭᠠᠨ᠎ᠠ᠃ ᠣᠲᠤᠭ ᠬᠣᠰᠢᠭᠤᠨ ᠤ ᠰᠢᠭᠦᠬᠦ ᠬᠣᠷᠢᠶᠠᠨ ᠤ ᠨᠠᠮ ᠤᠨ ᠪᠠᠢᠭᠤᠯᠤᠯᠲᠠ ᠶᠢᠨ ᠠᠵᠢᠯ ᠤᠨ ᠰᠢᠯᠭᠠᠨ ᠦᠨᠡᠯᠡᠬᠦ ᠳᠤᠭᠲᠠᠯᠴᠠᠭ᠎ᠠ ᠵᠢ ᠥᠭᠡᠷᠡᠴᠢᠯᠡᠨ ᠲᠡᠭᠦᠯᠳᠡᠷᠵᠢᠭᠦᠯᠵᠦ᠂ ᠠᠵᠢᠯ ᠤᠨ ᠲᠣᠬᠢᠷᠠᠭᠤᠯᠤᠯᠲᠠ᠂ ᠱᠠᠭᠠᠷᠲᠠᠨ ᠬᠢᠬᠦ᠂ ᠬᠢᠨᠠᠨ ᠰᠢᠯᠭᠠᠬᠤ ᠵᠢ ᠨᠢᠭᠡ ᠴᠣᠭᠴᠠᠵᠢᠭᠤᠯᠬᠤ ᠵᠢ ᠪᠠᠷᠢᠮᠲᠠᠯᠠᠵᠤ᠂ ᠨᠠᠮ ᠤᠨ ᠪᠠᠢᠭᠤᠯᠤᠯᠲᠠ ᠶᠢᠨ ᠠᠵᠢᠯ ᠪᠠ ᠰᠢᠭᠦᠨ ᠳᠠᠰᠤᠯᠠᠬᠤ ᠠᠵᠢᠯ ᠢ ᠬᠠᠮᠲᠤ ᠳᠤ ᠨᠢ ᠳᠥᠰᠦᠪᠯᠡᠵᠦ᠂ ᠬᠠᠮᠲᠤ ᠳᠤ ᠨᠢ ᠳᠤᠬᠢᠷᠠᠭᠤᠯᠵᠤ᠂ ᠬᠠᠮᠳᠤ ᠳᠤ ᠨᠢ ᠨᠠᠢᠳᠠᠪᠤᠷᠢᠵᠢᠭᠤᠯᠵᠤ᠂ ᠬᠠᠮᠲᠤ ᠳᠤ ᠨᠢ ᠬᠢᠨᠠᠨ ᠰᠢᠯᠭᠠᠨ᠎ᠠ︔ ᠶᠠᠪᠤᠴᠠ ᠶᠢᠨ ᠬᠢᠨᠠᠨ ᠰᠢᠯᠭᠠᠬᠤ ᠪᠣᠯᠤᠨ ᠡᠩ ᠤᠨ ᠴᠠᠭ ᠤᠨ ᠬᠢᠨᠠᠨ ᠰᠢᠯᠭᠠᠬᠤ ᠵᠢ ᠴᠢᠩᠭᠠᠳᠭᠠᠵᠤ᠂ ᠦᠨᠡᠨ ᠬᠢᠬᠦ ᠵᠢ ᠴᠢᠬᠤᠯᠠᠴᠢᠯᠠᠵᠤ᠂ ᠪᠤᠲᠠᠳᠤ ᠪᠦᠲᠦᠮᠵᠢ ᠵᠢ ᠴᠢᠬᠤᠯᠠᠴᠢᠯᠠᠬᠤ ᠬᠢᠨᠠᠨ ᠰᠢᠯᠭᠠᠬᠤ ᠵᠢᠯᠤᠭᠤᠳᠤᠮᠵᠢ ᠵᠢ ᠴᠢᠷᠮᠠᠢᠨ ᠪᠥᠷᠢᠯᠳᠡᠭᠦᠯᠵᠦ᠂ ᠪᠠᠢᠭᠤᠯᠭ᠎ᠠ ᠶᠢᠨ ᠨᠠᠮ ᠤᠨ ᠪᠠᠢᠭᠤᠯᠤᠯᠲᠠ ᠶᠢᠨ ᠡᠯ᠎ᠡ ᠲᠥᠷᠦᠯ ᠤᠨ ᠠᠵᠢᠯ ᠢ ᠪᠤᠲᠤᠲᠠᠢ ᠳᠤ ᠨᠠᠢᠳᠠᠪᠤᠷᠢᠵᠢᠭᠤᠯᠬᠤ ᠵᠢ ᠠᠬᠢᠭᠤᠯᠤᠨ᠎ᠠ᠃ ᠰᠢᠭᠦᠬᠦ ᠠᠵᠢᠯ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠰᠢᠭᠦᠬᠦ ᠬᠣᠷᠢᠶᠠᠨ ᠤ ᠨᠠᠮ ᠤᠨ ᠪᠠᠢᠭᠤᠯᠤᠯᠲᠠ ᠶᠢᠨ ᠬᠠᠷᠠᠯᠲᠠ ᠶᠢᠨ ᠰᠢᠯᠭᠠᠨ ᠪᠠᠢᠴᠠᠭᠠᠬᠤ ᠳᠤᠭᠲᠠᠯᠴᠠᠭ᠎ᠠ ᠳᠤ ᠣᠷᠤᠭᠤᠯᠬᠤ ᠨᠢ ᠨᠠᠮ ᠤᠨ ᠳᠤᠭᠤᠢᠯᠠᠩ ᠡᠴᠡ ᠡᠯ᠎ᠡ ᠡᠭᠦᠷ᠂ ᠡᠯ᠎ᠡ ᠰᠠᠯᠠᠭ᠎ᠠ ᠮᠥᠴᠢᠷ᠂ ᠨᠠᠮ ᠤᠨ ᠬᠡᠰᠢᠭᠦᠨ ᠺᠠᠲᠠᠷ ᠴᠠᠭᠳᠠᠭᠠᠨ ᠤ ᠠᠵᠢᠯ ᠤᠨ ᠪᠣᠳᠠᠲᠤ ᠪᠦᠲᠦᠮᠵᠢ ᠵᠢ ᠬᠢᠨᠠᠨ ᠰᠢᠯᠭᠠᠬᠤ ᠴᠢᠬᠤᠯᠠ ᠪᠠᠷᠢᠮᠵᠢᠶ᠎ᠠ ᠪᠣᠯᠪᠠ᠃
3᠂ ᠨᠠᠮ ᠤᠨ ᠬᠡᠰᠢᠭᠦᠨ ᠤ ᠰᠤᠷᠭᠠᠨ ᠬᠥᠮᠦᠵᠢᠯ ᠢ ᠴᠢᠩᠭᠠᠳᠭᠠᠨ᠎ᠠ᠃ ᠪᠥᠬᠦ ᠨᠠᠮ ᠤᠨ ᠬᠡᠰᠢᠭᠦᠨ ᠤ ᠺᠠᠲᠠᠷ ᠴᠠᠭᠳᠠᠭᠠᠨ ᠤ ᠰᠤᠷᠤᠯᠴᠠᠯᠭ᠎ᠠ ᠵᠢ ᠦᠨᠡᠨᠬᠦ ᠪᠠᠷᠢᠵᠤ᠂ ᠰᠣᠶᠤᠯ ᠤᠨ ᠪᠦᠲᠦᠭᠡᠨ ᠪᠠᠢᠭᠤᠯᠤᠯᠲᠠ ᠪᠡᠷ ᠵᠠᠭᠤᠴᠢ ᠪᠣᠯᠭᠠᠨ᠂ ᠬᠤᠯᠠ ᠡᠴᠡ ᠵᠢᠶᠣᠣ ᠢᠦᠢ ᠯᠦ ᠂ ᠣᠢᠷ᠎ᠠ ᠡᠴᠡ ᠵᠢᠶᠠᠩ ᠴᠢᠩ ᠴᠦᠨ ᠵᠡᠷᠭᠡ ᠨᠡᠢᠲᠡᠯᠢᠭ ᠬᠡᠷᠡᠭ ᠤᠨ ᠵᠢᠰᠢᠶ᠎ᠡ ᠵᠢ ᠰᠤᠷᠤᠯᠴᠠᠵᠤ᠂ ᠦᠵᠡᠯ ᠰᠠᠨᠠᠭᠠᠨ ᠤ ᠠᠵᠢᠯ ᠢ ᠥᠯᠦ ᠮᠡᠳᠡᠭᠳᠡᠮ᠎ᠡ ᠪᠡᠷ ᠰᠠᠢᠨ ᠬᠢᠵᠦ᠂ ᠨᠠᠮ ᠤᠨ ᠬᠡᠰᠢᠭᠦᠨ ᠺᠠᠲᠠᠷ ᠴᠠᠭᠳᠠᠭᠠᠨ ᠤ ᠨᠠᠮᠴᠢ ᠦᠵᠡᠯ ᠤᠨ ᠪᠣᠯᠪᠠᠰᠤᠷᠠᠯ ᠪᠠ ᠬᠡᠪ ᠴᠢᠨᠠᠷ ᠤᠨ ᠪᠣᠯᠪᠠᠰᠤᠷᠠᠯ ᠢ ᠴᠢᠩᠭᠠᠳᠭᠠᠵᠤ᠂《 ᠲᠠᠯ᠎ᠠ ᠨᠤᠲᠤᠭ ᠤᠨ ᠪᠣᠯᠪᠠᠰᠤᠨ ᠦᠢᠯᠡ ᠠᠵᠢᠯᠠᠯᠭ᠎ᠠ》᠂《 ᠣᠷᠳᠤᠰ ᠢᠶᠡᠨ ᠬᠠᠢᠷᠠᠯᠠᠬᠤ》 ᠵᠡᠷᠭᠡ ᠭᠣᠣᠯ ᠰᠡᠳᠦᠪᠲᠦ ᠦᠢᠯᠡᠳᠦᠯᠭᠡ ᠶᠢᠨ ᠠᠵᠢᠯ ᠳᠤ ᠢᠳᠡᠪᠬᠢᠲᠠᠢ ᠣᠷᠤᠯᠴᠠᠨ᠎ᠠ᠃ ᠬᠠᠤᠯᠢ ᠴᠠᠭᠠᠵᠠ ᠶᠢᠨ ᠥᠭᠡᠷᠡᠴᠢᠯᠡᠯᠲᠡ ᠶᠢᠨ ᠲᠥᠷᠦ ᠶᠢᠨ ᠪᠣᠳᠤᠯᠭ᠎ᠠ ᠳᠤ ᠲᠣᠳᠤᠷᠬᠠᠢᠯᠠᠭᠰᠠᠨ ᠰᠢᠭᠦᠭᠴᠢ ᠪᠣᠯᠤᠨ ᠪᠤᠰᠤᠳ ᠲᠥᠷᠦᠯ ᠤᠨ ᠬᠥᠮᠦᠰ ᠤᠨ ᠴᠢᠯᠠᠩ ᠣᠯᠭᠤᠮᠵᠢ ᠵᠢ ᠨᠠᠢᠳᠠᠪᠤᠷᠢᠵᠢᠭᠤᠯᠵᠤ᠂ ᠡᠯ᠎ᠡ ᠲᠥᠷᠦᠯ ᠤᠨ ᠬᠥᠮᠦᠰ ᠤᠨ ᠠᠵᠢᠯ ᠤᠨ ᠢᠳᠡᠪᠬᠢᠵᠢᠯ ᠢ ᠤᠷᠠᠮᠰᠢᠭᠤᠯᠬᠤ ᠵᠢ ᠲᠡᠭᠦᠯᠳᠡᠷᠵᠢᠭᠦᠯᠦᠨ᠎ᠡ᠃ ᠺᠠᠲᠠᠷ ᠴᠠᠭᠳᠠᠭᠠᠨ ᠤ ᠠᠵᠢᠯ ᠤᠨ ᠪᠠᠢᠷᠢ ᠳᠤ ᠪᠡᠨ ᠭᠠᠪᠢᠶ᠎ᠠ ᠪᠠᠢᠭᠤᠯᠤᠨ ᠦᠢᠯᠡᠰ ᠪᠦᠲᠦᠭᠡᠬᠦ ᠵᠢ ᠵᠢᠯᠤᠭᠤᠳᠴᠤ᠂ ᠨᠠᠮ ᠤᠨ ᠬᠡᠰᠢᠭᠦᠨ ᠺᠠᠲᠠᠷ ᠴᠠᠭᠳᠠᠭᠠᠨ ᠤ ᠠᠵᠢᠯ ᠤᠨ ᠪᠦᠲᠦᠮᠵᠢ ᠵᠢ ᠨᠤᠲᠤᠯᠠᠵᠤ᠂ ᠨᠠᠮ ᠤᠨ ᠬᠡᠰᠢᠭᠦᠨ ᠺᠠᠲᠠᠷ ᠴᠠᠭᠳᠠᠭ᠎ᠠ ᠳᠤ ᠬᠠᠮᠲᠤ ᠨᠡᠢᠲᠡ ᠶᠢᠨ ᠢᠷᠠᠭᠤ ᠠᠯᠳᠠᠷ ᠪᠠ ᠬᠤᠪᠢ ᠬᠥᠮᠦᠨ ᠤ ᠢᠷᠠᠭᠤ ᠠᠯᠳᠠᠷ ᠤᠨ ᠲᠠᠯ᠎ᠠ ᠡᠴᠡ ᠣᠶᠤᠨ ᠰᠠᠨᠠᠭᠠᠨ ᠤᠨ ᠬᠠᠨᠤᠮᠵᠢ ᠬᠦᠷᠲᠡᠭᠡᠨ᠎ᠡ᠃ ᠠᠵᠢᠯ ᠤᠨ ᠪᠦᠲᠦᠮᠵᠢ ᠢᠯᠡᠷᠭᠡᠢ ᠨᠠᠮ ᠤᠨ ᠶᠠᠪᠤᠳᠠᠯ ᠤᠯᠤᠰ ᠲᠥᠷᠦ ᠶᠢᠨ ᠠᠵᠢᠯ ᠤᠨ ᠺᠠᠲᠷ ᠤᠨ ᠲᠤᠰᠢᠶᠠᠯ ᠤᠨ ᠳᠡᠰ ᠤᠨ ᠠᠰᠠᠭᠤᠳᠠᠯ ᠢ ᠰᠠᠨᠠᠭᠠᠨ ᠳᠤ ᠪᠡᠨ ᠠᠪᠴᠤ᠂ ᠰᠢᠯᠢᠳᠡᠭ ᠠᠪᠢᠶᠠᠰ ᠲᠠᠢ ᠬᠥᠮᠦᠰ ᠢ ᠨᠠᠮ ᠤᠨ ᠶᠠᠪᠤᠳᠠᠯ ᠤᠨ ᠠᠵᠢᠯ ᠤᠨ ᠪᠠᠢᠷᠢ ᠳᠡᠭᠡᠷ᠎ᠡ ᠲᠥᠪᠯᠡᠷᠡᠭᠦᠯᠵᠦ᠂ ᠨᠠᠮ ᠤᠨ ᠶᠠᠪᠤᠳᠠᠯ ᠤᠨ ᠺᠠᠲᠠᠷ ᠤᠨ ᠠᠵᠢᠯ ᠤᠨ ᠢᠳᠡᠪᠬᠢ ᠴᠢᠨᠠᠷ ᠪᠠ ᠪᠦᠲᠦᠭᠡᠯᠴᠢ ᠴᠢᠨᠠᠷ ᠢ ᠭᠦᠢᠴᠡᠳ ᠳᠠᠢᠴᠢᠯᠠᠨ᠎ᠠ᠃
ᠦᠨᠡᠯᠡᠬᠦ 0ᠦᠨᠡᠯᠡᠯᠲᠡ᠎ᠲᠠᠢ