ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ《 ᠦᠨᠡᠨᠴᠢ ᠢᠲᠡᠭᠡᠮᠵᠢᠲᠠᠢ᠂ ᠠᠷᠢᠭᠤᠨ ᠴᠢᠭᠡᠴᠢ ᠂ ᠵᠣᠷᠢᠭᠲᠠᠢ ᠡᠭᠦᠷᠭᠡᠯᠡᠬᠦ》 ᠡᠩᠨᠡᠭᠡᠨ ᠤᠨ ᠴᠡᠭᠴᠡᠯᠡᠯᠲᠡ ᠢ ᠪᠠᠢᠭᠤᠯᠬᠤ ᠬᠥᠳᠡᠯᠭᠡᠭᠡᠨ ᠢ
2017.04.20 ᠲᠣᠰ ᠥᠷᠲᠡᠭᠡᠨ᠎ᠦ ᠨᠠᠢᠷᠠᠭᠤᠯᠤᠭᠴᠢ

ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ《 ᠦᠨᠡᠨᠴᠢ ᠢᠲᠡᠭᠡᠮᠵᠢᠲᠠᠢ᠂ ᠠᠷᠢᠭᠤᠨ ᠴᠢᠭᠡᠴᠢ ᠂ ᠵᠣᠷᠢᠭᠲᠠᠢ ᠡᠭᠦᠷᠭᠡᠯᠡᠬᠦ》 ᠡᠩᠨᠡᠭᠡᠨ ᠤᠨ ᠴᠡᠭᠴᠡᠯᠡᠯᠲᠡ ᠢ ᠪᠠᠢᠭᠤᠯᠬᠤ ᠬᠥᠳᠡᠯᠭᠡᠭᠡᠨ ᠢ ᠯᠠᠪᠳᠠᠭᠤᠨ ᠲᠦᠯᠬᠢᠨ ᠠᠬᠢᠭᠤᠯᠪᠠ

 

 ᠵᠣᠬᠢᠶᠠᠭᠴᠢ᠄ ᠡᠵᠡᠨ ᠬᠣᠷᠤᠭ᠎ᠠ ᠬᠣᠰᠢᠭᠤᠨ ᠤ ᠰᠢᠭᠦᠬᠦ ᠬᠤᠷᠢᠶ᠎ᠠ   ᠯᠢ ᠢᠦᠢ ᠬᠤᠸᠠ

 

    《 ᠦᠨᠡᠨᠴᠢ ᠢᠲᠡᠭᠡᠮᠵᠢᠲᠠᠢ᠂ ᠠᠷᠢᠭᠤᠨ ᠴᠢᠭᠡᠴᠢ ᠂ ᠵᠣᠷᠢᠭᠲᠠᠢ ᠡᠭᠦᠷᠭᠡᠯᠡᠬᠦ》 ᠡᠩᠨᠡᠭᠡᠨ ᠤ ᠴᠡᠭᠴᠡᠯᠡᠯᠲᠡ ᠢ ᠪᠠᠢᠭᠤᠯᠬᠤ ᠬᠥᠳᠡᠯᠭᠡᠭᠡᠨ ᠢ ᠥᠷᠨᠢᠭᠦᠯᠬᠦ ᠶᠠᠪᠤᠴᠠ ᠳᠤᠮᠳᠠ᠂ ᠡᠵᠡᠨ ᠬᠣᠷᠤᠭ᠎ᠠ ᠬᠣᠰᠢᠭᠤᠨ ᠤ ᠰᠢᠭᠦᠬᠦ  ᠬᠤᠷᠢᠶ᠎ᠠ ᠨᠢ ᠰᠢ ᠵᠢᠨ ᠫᠢᠩ ᠨᠥᠬᠦᠷ ᠤᠨ《 ᠲᠠᠪᠤᠨ ᠴᠠᠭᠠᠷᠠᠬᠤ》  ᠱᠠᠭᠠᠷᠳᠠᠯᠭ᠎ᠠ ᠪᠡᠷ ᠬᠠᠷᠠᠯᠲᠠ ᠪᠣᠯᠭᠠᠵᠤ᠂  ᠺᠠᠲᠠᠷ ᠴᠠᠭᠳᠠᠭᠠᠨ ᠤ ᠦᠵᠡᠯ ᠰᠠᠨᠠᠭ᠎ᠠ ᠤᠯᠤᠰ ᠲᠥᠷᠦ ᠶᠢᠨ ᠪᠠᠢᠭᠤᠯᠤᠯᠲᠠ᠂ ᠴᠢᠳᠠᠮᠵᠢ ᠶᠢᠨ ᠪᠠᠢᠭᠤᠯᠤᠯᠲᠠ᠂ ᠠᠵᠢᠯ ᠤᠨ ᠰᠤᠷᠲᠠᠯ ᠤᠨ ᠪᠠᠢᠭᠤᠯᠤᠯᠲᠠ ᠪᠠ ᠠᠷᠢᠭᠤᠨ ᠴᠢᠭᠡᠴᠢ ᠪᠡᠷ ᠵᠠᠰᠠᠭ ᠪᠠᠷᠢᠬᠤ ᠪᠠᠢᠭᠤᠯᠤᠯᠲᠠ ᠵᠢ ᠴᠢᠩᠭᠠᠳᠭᠠᠵᠤ᠂ ᠠᠩᠬ᠎ᠠ ᠠᠯᠬᠤᠮ ᠤᠨ ᠠᠮᠵᠢᠯᠲᠠ ᠵᠢ ᠣᠯᠤᠭᠰᠠᠨ ᠪᠠᠢᠨ᠎ᠠ᠂

     ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ2 ᠰᠠᠷ᠎ᠠ ᠶᠢᠨ24 ᠤ ᠡᠳᠦᠷ ᠳᠠᠢᠴᠢᠯᠠᠯᠲᠠ ᠬᠢᠵᠦ ᠪᠠᠢᠷᠠᠯᠠᠭᠤᠯᠬᠤ ᠶᠡᠬᠡ ᠬᠤᠷᠠᠯ ᠡᠷᠬᠢᠯᠡᠵᠦ᠂ ᠪᠥᠬᠦ ᠬᠣᠷᠢᠶᠠᠨ ᠤ ᠺᠠᠲᠠᠷ ᠴᠠᠭᠳᠠᠭᠠᠨ ᠡᠴᠡ ᠪᠥᠬᠦ ᠤᠯᠤᠰ ᠤᠨ ᠤᠯᠤᠰ ᠲᠥᠷᠦ ᠬᠠᠤᠯᠢ ᠴᠠᠭᠠᠵᠠ ᠶᠢᠨ ᠡᠩᠨᠡᠭᠡᠨ ᠤ ᠪᠠᠢᠭᠤᠯᠤᠯᠲᠠ ᠶᠢᠨ ᠠᠵᠢᠯ ᠤᠨ ᠬᠤᠷᠠᠯ ᠬᠢᠭᠡᠳ ᠥᠪᠡᠷᠲᠡᠭᠡᠨ ᠵᠠᠰᠠᠬᠤ ᠣᠷᠤᠨ ᠤ ᠬᠣᠯᠪᠤᠭᠳᠠᠯ ᠪᠥᠬᠦᠢ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠪᠠ᠃ ᠬᠤᠷᠠᠯ ᠤᠨ ᠳᠠᠷᠠᠭ᠎ᠠ᠂ ᠡᠯ᠎ᠡ ᠰᠠᠯᠠᠭ᠎ᠠ ᠮᠥᠴᠢᠷ ᠥᠪᠡᠷ ᠤᠨ ᠪᠡᠶ᠎ᠡ ᠶᠢᠨ ᠪᠣᠳᠠᠲᠠᠢ ᠲᠠᠢ ᠤᠶᠠᠯᠳᠤᠭᠤᠯᠵᠤ ᠳᠠᠬᠢᠨ ᠳᠠᠢᠴᠢᠯᠠᠵᠤ ᠳᠠᠬᠢᠨ ᠪᠠᠢᠷᠢᠯᠠᠭᠤᠯᠤᠨ᠂ ᠲᠢᠩᠬᠢᠮ ᠠᠯᠪᠠᠨ ᠭᠡᠷ  ᠲᠣᠪᠴᠢᠶ᠎ᠠ ᠳᠤᠭᠤᠢᠯᠠᠩ ᠢᠶᠡᠷ ᠨᠢᠭᠡᠴᠢ ᠪᠣᠯᠭᠠᠨ ᠺᠠᠲᠠᠷ ᠴᠠᠭᠳᠠᠭ᠎ᠠ ᠵᠢ ᠵᠣᠬᠢᠶᠠᠨ ᠪᠠᠢᠭᠤᠯᠵᠤ ᠰᠤᠷᠤᠯᠴᠠᠯᠭ᠎ᠠ ᠶᠠᠷᠢᠯᠴᠠᠭᠠᠨ ᠳᠤ  ᠭᠦᠨᠵᠡᠭᠡᠢᠷᠡᠭᠦᠯᠵᠦ᠂ ᠵᠡᠷᠭᠡᠪᠡᠷ ᠰᠠᠯᠠᠭ᠎ᠠ ᠮᠥᠴᠢᠷ ᠤᠨ ᠪᠣᠳᠠᠲᠠᠢ ᠬᠢᠬᠦ ᠠᠷᠭ᠎ᠠ ᠲᠥᠰᠦᠯ  ᠪᠠ ᠲᠥᠯᠦᠪᠯᠡᠭᠡ ᠵᠢ ᠳᠤᠭᠲᠠᠭᠠᠵᠤ ᠤᠯᠤᠰ ᠲᠥᠷᠦ ᠶᠢᠨ ᠬᠡᠯᠲᠡᠰ ᠳᠤ ᠮᠡᠳᠡᠭᠦᠯᠵᠦ ᠳᠠᠩᠰᠤᠯᠠᠪᠠ᠃

     ᠣᠨᠤᠯ ᠢ ᠰᠤᠷᠤᠯᠴᠠᠬᠤ ᠶᠠᠪᠤᠴᠠ ᠳᠤ᠂ ᠲᠤᠰ ᠬᠤᠷᠢᠶ᠎ᠠ ᠨᠢ ᠡᠷᠲᠡ ᠶᠢᠨ ᠬᠤᠷᠠᠯ ᠪᠠ ᠭᠠᠷᠭᠠᠨ ᠤᠨ ᠲᠠᠪᠤᠨ ᠪᠣᠯᠭᠠᠨ ᠤ  ᠭᠠᠷᠠᠭ ᠤᠨ ᠬᠤᠷᠠᠯ ᠢ ᠠᠰᠢᠭᠯᠠᠨ ᠣᠨᠤᠯ ᠤᠨ ᠰᠤᠷᠤᠯᠴᠠᠯᠭ᠎ᠠ  ᠵᠢ ᠥᠷᠨᠢᠭᠦᠯᠵᠦ᠂《 ᠳᠥᠷᠪᠡ ᠵᠢ ᠭᠦᠨᠵᠡᠭᠡᠢ ᠰᠤᠷᠤᠯᠴᠠᠬᠤ》 ᠪᠡᠷ ᠭᠣᠣᠯᠳᠠᠯᠭ᠎ᠠ ᠪᠣᠯᠭᠠᠵᠤ᠂ ᠳᠠᠷᠤᠢ᠄ ᠰᠢᠷᠢᠰ ᠶᠠᠷᠢᠶ᠎ᠠ ᠵᠢ ᠭᠦᠨᠵᠡᠭᠡᠢ ᠰᠤᠷᠤᠯᠴᠠᠬᠤ᠂ ᠨᠠᠮ ᠤᠨ ᠳᠦᠷᠢᠮ ᠳᠤᠭᠲᠠᠭᠠᠯ ᠢ ᠬᠦᠨᠵᠡᠭᠡᠢ ᠰᠤᠷᠤᠯᠴᠠᠬᠤ᠂ ᠡᠭᠦᠷᠭᠡ  ᠲᠤᠰᠢᠶᠠᠯ ᠤᠨ ᠴᠢᠳᠠᠪᠤᠷᠢ ᠢ ᠭᠦᠨᠵᠡᠭᠡᠢ ᠰᠤᠷᠤᠯᠴᠠᠬᠤ᠂ ᠠᠵᠢᠯ ᠤᠨ ᠳᠦᠷᠢᠮᠵᠢᠯ ᠢ  ᠭᠦᠨᠵᠡᠭᠡᠢ ᠰᠤᠷᠤᠯᠴᠠᠬᠤ᠃ ᠲᠥᠪᠯᠡᠷᠡᠭᠦᠯᠦᠨ ᠪᠣᠯᠪᠠᠰᠤᠷᠠᠭᠤᠯᠬᠤ ᠪᠠ ᠬᠤᠪᠢ ᠬᠥᠮᠦᠨ ᠤ ᠥᠪᠡᠷᠲᠡᠭᠡᠨ ᠰᠤᠷᠤᠯᠴᠠᠬᠤ ᠵᠢ ᠤᠶᠠᠯᠳᠤᠭᠤᠯᠬᠤ᠂ ᠲᠤᠰᠭᠠᠢ ᠰᠡᠳᠦᠪ ᠢᠶᠡᠷ  ᠵᠢᠯᠤᠭᠤᠳᠬᠤ ᠪᠣᠯᠤᠨ ᠶᠠᠷᠢᠯᠴᠠᠵᠤ ᠵᠥᠪᠳᠡᠯᠴᠡᠬᠦ ᠵᠢ ᠤᠶᠠᠯᠳᠤᠭᠤᠯᠬᠤ᠂ ᠬᠠᠮᠳᠤᠪᠡᠷ ᠶᠠᠷᠢᠯᠴᠠᠨ ᠰᠣᠳᠤᠯᠠᠬᠤ ᠪᠣᠯᠤᠨ ᠣᠢᠯᠭᠠᠯᠲᠠ ᠪᠡᠨ ᠬᠤᠪᠢᠶᠠᠯᠴᠠᠬᠤ ᠵᠢ ᠤᠶᠠᠯᠳᠤᠭᠤᠯᠬᠤ ᠵᠡᠷᠭᠡ ᠤᠯᠠᠨ ᠠᠷᠭ᠎ᠠ ᠬᠡᠯᠪᠡᠷᠢ ᠵᠢ ᠠᠪᠴᠤ᠂ ᠰᠤᠷᠤᠯᠴᠠᠵᠤ ᠰᠤᠷᠭᠠᠬᠤ ᠬᠡᠯᠪᠡᠷᠢ ᠳᠤ ᠰᠢᠨ᠎ᠡ ᠵᠢ ᠡᠭᠦᠳᠦᠨ᠂ ᠬᠡᠰᠢᠭᠦᠨ᠂ ᠠᠭᠤᠯᠭ᠎ᠠ᠂ ᠪᠠᠢᠭᠤᠯᠤᠯ᠂ ᠴᠠᠭ᠂ ᠪᠦᠲᠦᠮᠵᠢ《 ᠲᠠᠪᠤ  ᠵᠢ ᠨᠠᠢᠳᠠᠪᠤᠷᠢᠵᠢᠭᠤᠯᠬᠤ》 ᠵᠢ ᠪᠠᠲᠤᠯᠠᠪᠠ᠃ ᠤᠳᠠᠭ᠎ᠠ ᠪᠣᠯᠭᠠᠨ ᠤ ᠰᠤᠷᠤᠯᠴᠠᠯᠭ᠎ᠠ ᠳᠤ ᠡᠯ᠎ᠡ ᠰᠠᠯᠠᠭ᠎ᠠ ᠮᠥᠴᠢᠷ ᠤᠨ ᠺᠠᠲᠠᠷ ᠴᠠᠭᠳᠠᠭ᠎ᠠ ᠴᠥᠮ ᠰᠤᠷᠤᠯᠴᠠᠭᠰᠠᠨ ᠣᠯᠤᠯᠲᠠ ᠪᠡᠨ ᠪᠢᠴᠢᠵᠦ ᠤᠯᠤᠰ ᠲᠥᠷᠦ ᠶᠢᠨ ᠬᠡᠯᠲᠡᠰ  ᠳᠤ ᠲᠤᠰᠢᠶᠠᠨ᠎ᠠ᠃

     ᠡᠭᠦᠨ ᠤ ᠵᠡᠷᠭᠡᠪᠡᠷ᠂ ᠲᠤᠰ ᠬᠤᠷᠢᠶ᠎ᠠ ᠨᠢ ᠴᠠᠭᠠᠨ ᠰᠠᠷ᠎ᠠ ᠠᠵᠢᠯᠯᠠᠭᠰᠠᠨ ᠤ ᠳᠠᠷᠠᠭ᠎ᠠ ᠬᠠᠮᠤᠭ ᠤᠷᠢᠳᠠᠪᠡᠷ ᠰᠤᠷᠤᠯᠴᠠᠬᠤ ᠭᠠᠷᠠᠭ ᠤᠨ ᠬᠥᠳᠡᠯᠭᠡᠭᠡᠨ ᠢ ᠥᠷᠨᠢᠭᠦᠯᠪᠡ᠃ ᠤᠳᠤᠷᠢᠳᠬᠤ ᠪᠠᠭ ᠤᠨ ᠬᠡᠰᠢᠭᠦᠨ ᠪᠣᠯᠤᠨ ᠲᠤᠬᠠᠢᠯᠠᠭᠰᠠᠨ ᠠᠵᠢᠯ ᠤᠨ  ᠭᠣᠣᠯᠯᠠᠭᠴᠢ ᠰᠢᠭᠦᠬᠦ ᠬᠣᠷᠢᠶᠠᠨ ᠤ ᠪᠤᠲᠠᠲᠠᠢ ᠲᠠᠢ ᠤᠶᠠᠯᠳᠤᠭᠤᠯᠤᠨ᠂ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠤᠨ ᠂ ᠬᠣᠲᠠ᠂ ᠬᠣᠰᠢᠭᠤ ᠡᠯ᠎ᠡ  ᠱᠠᠲᠤᠨ ᠤ ᠨᠠᠮ ᠤᠨ ᠬᠤᠷᠢᠶ᠎ᠠ  ᠪᠠ ᠪᠠᠢᠴᠠᠭᠠᠬᠤ ᠬᠣᠷᠢᠶᠠᠨ ᠤ ᠪᠢᠴᠢᠭ᠌ ᠮᠠᠲ᠋ᠧᠷᠢᠶᠠᠯ ᠪᠣᠯᠤᠨ ᠬᠤᠷᠠᠯ ᠤᠨ ᠵᠣᠷᠢᠭ ᠰᠠᠨᠠᠭ᠎ᠠ᠂ ᠡᠯ᠎ᠡ ᠲᠥᠷᠦᠯ ᠤᠨ ᠬᠠᠤᠯᠢ ᠴᠠᠭᠠᠵᠠ ᠬᠠᠤᠯᠢ ᠳᠤᠭᠲᠠᠭᠠᠯ᠂ ᠲᠥᠷᠢᠮᠵᠢᠯ ᠤᠨ ᠪᠠᠷᠢᠮᠵᠢᠶ᠎ᠠ ᠵᠡᠷᠭᠡ ᠠᠭᠤᠯᠭ᠎ᠠ ᠵᠢ ᠵᠢᠭᠠᠵᠤ᠂ ᠦᠷᠭᠦᠯᠵᠢ ᠬᠡᠷᠡᠭᠯᠡᠳᠡᠭ ᠪᠠ ᠰᠢᠨ᠎ᠡ ᠪᠡᠷ ᠵᠠᠰᠠᠪᠤᠷᠢ ᠣᠷᠤᠭᠤᠯᠤᠭᠰᠠᠨ᠂ ᠰᠢᠨ᠎ᠡ ᠨᠡᠢᠲᠡᠯᠡᠭᠰᠡᠨ᠂ ᠰᠢᠨ᠎ᠡ ᠪᠡᠷ ᠬᠡᠷᠡᠭᠵᠢᠭᠦᠯᠦᠭᠰᠡᠨ ᠬᠠᠤᠯᠢ ᠴᠠᠭᠠᠵᠠ ᠬᠠᠤᠯᠢ ᠳᠦᠷᠢᠮ ᠪᠣᠯᠤᠨ ᠬᠠᠤᠯᠢ ᠴᠠᠭᠠᠵᠠ ᠶᠢᠨ ᠲᠠᠢᠯᠪᠤᠷᠢᠯᠠᠯᠲᠠ  ᠵᠢ ᠭᠣᠣᠯᠳᠠᠯᠭ᠎ᠠ ᠲᠠᠢ ᠰᠤᠷᠤᠯᠴᠠᠵᠤ᠂ ᠪᠥᠬᠦ ᠬᠣᠷᠢᠶᠠᠨ ᠤ ᠺᠠᠲᠠᠷ ᠴᠠᠭᠳᠠᠭ᠎ᠠ ᠲᠠᠢ ᠨᠢᠭᠡ ᠭᠠᠷᠠᠭ ᠤᠨ ᠲᠥᠪᠯᠡᠷᠡᠭᠦᠯᠦᠭᠰᠡᠨ ᠰᠤᠷᠤᠯᠴᠠᠯᠭ᠎ᠠ ᠥᠷᠨᠢᠭᠦᠯᠵᠦ᠂ ᠺᠠᠲᠠᠷ ᠴᠠᠭᠳᠠᠭᠠᠨ ᠤ ᠲᠥᠪ ᠭᠣᠣᠯᠴᠢ ᠪᠡᠷ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠲᠤᠬᠠᠢᠯᠠᠭᠰᠠᠨ ᠠᠵᠢᠯ ᠤᠨ ᠴᠢᠳᠠᠮᠵᠢ ᠪᠠ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ  ᠪᠣᠯᠪᠠᠰᠤᠷᠠᠯ ᠢ  ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

     ᠡᠭᠦᠨ ᠡᠴᠡ ᠭᠠᠳᠠᠨ᠎ᠠ᠂ ᠡᠵᠡᠨ ᠬᠣᠷᠤᠭ᠎ᠠ ᠬᠣᠰᠢᠭᠤᠨ ᠤ ᠰᠢᠭᠦᠬᠦ ᠬᠣᠷᠢᠶᠠᠨ ᠡᠴᠡ ᠪᠠᠰᠠ ᠪᠥᠬᠦ ᠬᠣᠷᠢᠶᠠᠨ ᠤ ᠺᠠᠲᠠᠷ ᠴᠠᠭᠳᠠᠭ᠎ᠠ ᠵᠢ ᠵᠣᠬᠢᠶᠠᠨ ᠪᠠᠢᠭᠤᠯᠵᠤ ᠪᠥᠬᠦ ᠤᠯᠤᠰ ᠤᠨ ᠰᠢᠯᠡᠳᠡᠭ  ᠰᠢᠭᠦᠭᠴᠢ ᠵᠠᠩ ᠬᠠᠢ ᠯᠦᠩ᠂ ᠸᠠᠩ ᠰᠦᠨ ᠵᠤᠸᠠᠩ ᠤᠨ ᠲᠡᠷᠢᠭᠦᠨ ᠤ ᠦᠢᠯᠡ ᠠᠵᠢᠯᠠᠯᠭ᠎ᠠ ᠶᠢᠨ ᠮᠡᠳᠡᠭᠦᠯᠦᠯᠲᠡ ᠶᠢᠨ ᠬᠤᠷᠠᠯ ᠳ᠋ᠤ ᠣᠷᠤᠯᠴᠠᠭᠤᠯᠵᠤ᠂ ᠬᠤᠷᠠᠯ ᠤᠨ ᠳᠠᠷᠠᠭ᠎ᠠ ᠺᠠᠲᠠᠷ ᠴᠠᠭᠳᠠᠭ᠎ᠠ  ᠨᠢᠭᠡᠪᠦᠷᠢ ᠡᠴᠡ ᠨᠢᠭᠡ  ᠬᠤᠪᠢ ᠣᠯᠤᠯᠲᠠ ᠲᠥᠷᠦᠭᠳᠡᠯ  ᠢᠶᠡᠨ ᠪᠢᠴᠢᠵᠦ᠂ ᠺᠠᠲᠷ ᠴᠠᠭᠲᠠᠭ᠎ᠠ ᠵᠢ ᠨᠠᠮ ᠤᠨ ᠵᠢᠭᠠᠪᠤᠷᠢ᠂ ᠠᠷᠠᠳ ᠤᠨ ᠲᠥᠯᠦᠭᠡ ᠬᠠᠤᠯᠢ ᠬᠡᠷᠡᠭᠵᠢᠭᠦᠯᠬᠦ ᠵᠢ ᠴᠠᠭ ᠢᠮᠠᠭᠲᠠ ᠪᠠᠲᠤ ᠴᠡᠭᠡᠵᠢᠯᠡᠬᠦ ᠵᠢ ᠵᠢᠯᠤᠭᠤᠳᠪᠠ᠃《 ᠭᠤᠷᠪᠠᠨ ᠰᠠᠷ᠎ᠠ ᠶᠢᠨ  ᠨᠠᠢ᠍ᠮᠠᠨ》  ᠤ ᠳᠤᠷᠠᠰᠭᠠᠯ ᠤᠨ ᠡᠳᠦᠷ  ᠪᠥᠬᠦ ᠬᠣᠷᠢᠶᠠᠨ ᠤ ᠡᠮᠡᠭᠲᠠᠢ ᠺᠠᠲᠠᠷ ᠴᠠᠭᠳᠠᠭ᠎ᠠ ᠵᠢ ᠵᠣᠬᠢᠶᠠᠨ ᠪᠠᠢᠭᠤᠯᠵᠤ《 ᠶᠠᠪᠠᠭᠠᠨ ᠵᠤᠭᠠᠴᠠᠬᠤ》 ᠬᠥᠳᠡᠯᠭᠡᠭᠡᠨ ᠢ ᠥᠷᠨᠢᠭᠦᠯᠵᠦ᠂ ᠡᠮᠡᠭᠲᠠᠢ ᠺᠠᠲᠠᠷ ᠴᠠᠭᠳᠠᠭᠠᠨ ᠤ ᠢᠳᠡᠪᠬᠢᠲᠠᠢ  ᠪᠡᠷ ᠳᠠᠪᠰᠢᠬᠤ ᠬᠠᠯᠠᠭᠤᠨ ᠰᠡᠳᠭᠢᠯᠭᠡ ᠵᠢ ᠨᠢ ᠬᠥᠮᠦᠵᠢᠭᠦᠯᠪᠡ᠃  ᠪᠥᠬᠦ ᠬᠣᠷᠢᠶᠠᠨ ᠤ ᠺᠠᠲᠠᠷ ᠴᠠᠭᠳᠠᠭ᠎ᠠ ᠵᠢ ᠵᠣᠬᠢᠶᠠᠨ ᠪᠠᠢᠭᠤᠯᠵᠤ ᠤᠯᠠᠭᠠᠨᠮᠥ᠋ᠷᠡᠨ ᠪᠠᠯᠭᠠᠰᠤᠨ ᠳᠤ ᠭᠦᠨᠵᠡᠭᠡᠢᠷᠡᠨ ᠮᠣᠳᠤ  ᠵᠠᠢᠯᠠᠬᠤ ᠬᠥᠳᠡᠯᠭᠡᠭᠡᠨ ᠢ ᠥᠷᠨᠢᠭᠦᠯᠵᠦ᠂ ᠡᠬᠡ ᠪᠠᠢᠭᠠᠯᠢ ᠪᠡᠨ ᠬᠠᠮᠠᠭᠠᠯᠠᠬᠤ ᠤᠬᠠᠮᠰᠠᠷ ᠢ ᠨᠢ ᠨᠡᠮᠡᠭᠳᠡᠭᠦᠯᠪᠡ᠃

     ᠣᠳᠣᠬᠠᠨ ᠳᠤ᠂ ᠣᠨᠤᠯ ᠰᠤᠷᠤᠯᠴᠠᠬᠤ ᠬᠤᠭᠤᠴᠠᠭ᠎ᠠ ᠨᠢᠭᠡᠨᠲᠠ ᠳᠠᠭᠤᠰᠴᠤ᠂ ᠪᠥᠬᠦ  ᠬᠣᠷᠢᠶᠠᠨ ᠤ ᠺᠠᠲᠠᠷ ᠴᠠᠭᠳᠠᠭᠠᠨ ᠤ ᠤᠯᠤᠰ ᠲᠥᠷᠦ ᠶᠢᠨ ᠬᠡᠪ ᠪᠣᠯᠪᠠᠰᠤᠷᠠᠯ ᠪᠠᠬᠠᠤᠯᠢ ᠴᠠᠭᠠᠵᠠ ᠶᠢᠨ ᠲᠤᠬᠠᠢᠯᠠᠭᠰᠠᠨ ᠠᠵᠢᠯ ᠤᠨ ᠬᠢᠷᠢ ᠲᠦᠪᠰᠢᠨ ᠮᠡᠳᠡᠭᠳᠡᠮ᠎ᠡ ᠳᠡᠭᠡᠭᠰᠢᠯᠡᠪᠡ᠃《 ᠦᠨᠡᠨᠴᠢ ᠢᠲᠡᠭᠡᠮᠵᠢᠲᠠᠢ᠂ ᠠᠷᠢᠭᠤᠨ ᠴᠢᠭᠡᠴᠢ ᠂ ᠵᠣᠷᠢᠭᠲᠠᠢ ᠡᠭᠦᠷᠭᠡᠯᠡᠬᠦ》 ᠡᠩᠨᠡᠭᠡᠨ ᠤᠨ ᠴᠡᠭᠴᠡᠯᠡᠯᠲᠡ ᠢ ᠪᠠᠢᠭᠤᠯᠬᠤ ᠬᠥᠳᠡᠯᠭᠡᠭᠡᠨ  ᠨᠢ ᠯᠠᠪᠳᠠᠭᠤᠨ ᠪᠠᠲᠤᠲᠠᠢ ᠡᠮᠬᠢ  ᠵᠢᠷᠤᠮ ᠲᠠᠢ ᠠᠰᠠᠭᠤᠳᠠᠯ ᠢ ᠡᠷᠢᠵᠦ ᠢᠯᠡᠷᠡᠭᠦᠯᠬᠦ ᠶᠠᠪᠤᠴᠠ ᠳᠤ ᠣᠷᠤᠪᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )