ᠰᠢᠭᠦᠯᠲᠡ ᠵᠢ ᠬᠠᠮᠢᠶᠠᠷᠬᠤ ᠠᠯᠪᠠᠨ ᠭᠡᠷ ᠡᠴᠡ《 ᠦᠨᠡᠨᠴᠢ ᠢᠲᠡᠭᠡᠮᠵᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠬᠡᠭᠦ ᠪᠡᠷ ᠭᠣᠣᠯ ᠰᠡᠳᠦᠪ ᠪᠣᠯᠭᠠᠭᠰᠠᠨ ᠡᠩᠨᠡᠭᠡᠨ ᠤ ᠪᠠᠢᠭᠤᠯᠤᠯᠲᠠ ᠶᠢᠨ
2017.04.20 ᠲᠣᠰ ᠥᠷᠲᠡᠭᠡᠨ᠎ᠦ ᠨᠠᠢᠷᠠᠭᠤᠯᠤᠭᠴᠢ

ᠰᠢᠭᠦᠯᠲᠡ ᠵᠢ ᠬᠠᠮᠢᠶᠠᠷᠬᠤ ᠠᠯᠪᠠᠨ ᠭᠡᠷ ᠡᠴᠡ《 ᠦᠨᠡᠨᠴᠢ ᠢᠲᠡᠭᠡᠮᠵᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠬᠡᠭᠦ ᠪᠡᠷ ᠭᠣᠣᠯ ᠰᠡᠳᠦᠪ ᠪᠣᠯᠭᠠᠭᠰᠠᠨ ᠡᠩᠨᠡᠭᠡᠨ ᠤ ᠪᠠᠢᠭᠤᠯᠤᠯᠲᠠ ᠶᠢᠨ ᠬᠥᠳᠡᠯᠭᠡᠭᠡᠨ ᠢ ᠥᠷᠨᠢᠭᠦᠯᠪᠡ

 

ᠵᠣᠬᠢᠶᠠᠭᠴᠢ᠄ ᠰᠢᠭᠦᠯᠲᠡ ᠵᠢ ᠬᠠᠮᠢᠶᠠᠷᠬᠤ ᠭᠠᠵᠠᠷ

 

    ᠳᠤᠮᠳᠠ ᠵᠡᠷᠭᠡ ᠶᠢᠨ ᠰᠢᠭᠦᠬᠦ ᠬᠣᠷᠢᠶᠠᠨ ᠤ《 ᠦᠨᠡᠨᠴᠢ ᠢᠲᠡᠭᠡᠮᠵᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠪᠡᠷ ᠭᠣᠣᠯ ᠰᠡᠳᠦᠪ ᠪᠣᠯᠭᠠᠭᠰᠠᠨ ᠡᠩᠨᠡᠭᠡᠨ ᠤ  ᠴᠡᠭᠴᠡᠯᠡᠯᠲᠡ ᠶᠢᠨ ᠪᠠᠢᠭᠤᠯᠤᠯᠲᠠ ᠶᠢᠨ ᠠᠵᠢᠯ  ᠢ ᠥᠷᠨᠢᠭᠦᠯᠬᠦ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ᠂ ᠰᠢᠭᠦᠬᠦ ᠵᠢ ᠬᠠᠮᠢᠶᠠᠷᠬᠤ ᠠᠯᠪᠠᠨ ᠭᠡᠷ ᠤᠨ ᠳᠤᠭᠲᠠᠭᠠᠭᠰᠠᠨ ᠬᠡᠷᠡᠭᠵᠢᠭᠦᠯᠬᠦ ᠳᠥᠰᠦᠯ ᠲᠠᠢ ᠤᠶᠠᠯᠳᠤᠭᠤᠯᠤᠨ᠂ 4 ᠰᠠᠷ᠎ᠠ ᠶᠢᠨ11 ᠤ ᠦᠳᠡ ᠶᠢᠨ ᠡᠮᠦᠨ᠎ᠡ ᠰᠢᠭᠦᠬᠦ ᠵᠢ ᠬᠠᠮᠢᠶᠠᠷᠬᠤ ᠠᠯᠪᠠᠨ ᠭᠡᠷ ᠡᠴᠡ ᠡᠷᠲᠡ ᠶᠢᠨ ᠬᠤᠷᠠᠯ  ᠬᠤᠷᠠᠯᠳᠤᠵᠤ᠂ ᠪᠥᠬᠦ ᠺᠠᠲᠠᠷ ᠴᠠᠭᠳᠠᠭ᠎ᠠ ᠵᠢ ᠵᠣᠬᠢᠶᠠᠨ ᠪᠠᠢᠭᠤᠯᠤᠨ ᠬᠠᠮᠢᠶᠠᠲᠠᠢ ᠠᠭᠤᠯᠭ᠎ᠠ ᠵᠢ ᠰᠤᠷᠤᠯᠴᠠᠵᠤ ᠮᠥᠨ ᠳᠠᠷᠠᠭᠠᠴᠢ ᠶᠢᠨ ᠨᠢᠭᠡ ᠠᠯᠬᠤᠮ ᠤᠨ ᠠᠵᠢᠯ ᠤᠨ ᠪᠠᠢᠷᠢᠯᠠᠭᠤᠯᠤᠯᠲᠠ ᠬᠢᠪᠡ᠃

    ᠬᠤᠷᠠᠯ ᠳᠡᠭᠡᠷ᠎ᠡ᠂ᠴᠸᠨ ᠡᠷᠬᠢᠯᠡᠭᠴᠢ ᠡᠴᠡ ᠤᠯᠠᠨ ᠢ ᠳᠠᠭᠠᠭᠤᠯᠤᠨ《 ᠦᠨᠡᠨᠴᠢ ᠢᠲᠡᠭᠡᠮᠵᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》  ᠶᠢᠨ ᠠᠭᠤᠯᠠᠭᠳᠠᠬᠤᠨ ᠪᠣᠯᠤᠨ《 ᠳᠤᠮᠳᠠᠳᠤ ᠤᠯᠤᠰ ᠤᠨ ᠡᠪ ᠬᠠᠮᠲᠤ ᠨᠠᠮ  ᠤᠨ ᠨᠠᠮ ᠤᠨ ᠬᠡᠰᠢᠭᠦᠨ ᠤᠳᠤᠷᠢᠳᠤᠯᠭ᠎ᠠ ᠺᠠᠲᠠᠷ ᠠᠷᠢᠭᠤᠨ ᠴᠢᠭᠡᠴᠢ ᠪᠡᠷ ᠵᠠᠰᠠᠭ ᠪᠠᠷᠢᠬᠤ ᠲᠤᠬᠠᠢ  ᠬᠡᠳᠦᠨ ᠪᠠᠷᠢᠮᠵᠢᠶ᠎ᠠ》 ᠳᠤ  ᠳᠤᠭᠲᠠᠭᠠᠭᠰᠠᠨ《 ᠨᠠᠢ᠍ᠮᠠᠨ ᠲᠠᠰᠤ ᠴᠡᠭᠡᠷᠯᠡᠬᠦ᠂52 ᠪᠣᠯᠬᠤ ᠦᠭᠡᠢ》 ᠵᠢ ᠰᠤᠷᠤᠯᠴᠠᠪᠠ᠃ ᠡᠩ ᠲᠡᠷᠢᠭᠦᠨ ᠳᠤ᠂《 ᠦᠨᠡᠨᠴᠢ ᠢᠲᠡᠭᠡᠮᠵᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠡᠨᠡ ᠭᠤᠷᠪᠠᠨ ᠭᠣᠣᠯ ᠰᠡᠳᠦᠪ  ᠢ ᠭᠦᠨᠵᠡᠭᠡᠢ ᠵᠠᠳᠠᠯᠠᠪᠠ᠄《 ᠨᠠᠮ ᠳᠤ ᠦᠨᠡᠨᠴᠢ》 ᠵᠢ ᠡᠷᠡᠰ ᠰᠢᠭᠤᠷᠬᠠᠢ ᠪᠡᠷ ᠤᠯᠤᠰ ᠲᠥᠷᠦ ᠶᠢᠨ ᠨᠢᠭᠡᠳᠦᠭᠡᠷ ᠪᠠᠢᠷᠢᠨ ᠳᠤ ᠲᠠᠯᠪᠢᠵᠤ᠂《  ᠬᠤᠪᠢ ᠪᠡᠶ᠎ᠡ ᠶᠢᠨ ᠠᠷᠢᠭᠤᠨ ᠴᠡᠪᠡᠷ》 ᠪᠠᠢᠬᠤ ᠵᠢ ᠡᠷᠡᠰ ᠰᠢᠭᠤᠷᠬᠠᠢ ᠪᠡᠷ ᠠᠵᠢᠯ ᠤᠨ ᠬᠠᠮᠤᠭ ᠨᠠᠭᠠᠲᠤ ᠵᠠᠬ᠎ᠠ ᠶᠢᠨ ᠬᠣᠷᠢᠭ᠎ᠠ ᠪᠠᠷᠢᠮᠵᠢᠶ᠎ᠠ ᠪᠣᠯᠭᠠᠵᠤ᠂《  ᠵᠣᠷᠢᠭᠲᠠᠢ ᠪᠡᠷ ᠡᠭᠦᠷᠭᠡᠯᠡᠬᠦ 》 ᠵᠢ ᠡᠷᠡᠰ  ᠰᠢᠭᠤᠷᠬᠠᠢ ᠪᠡᠷ ᠦᠢᠯᠡ  ᠠᠵᠢᠯᠠᠯᠭ᠎ᠠ ᠶᠢᠨ ᠦᠨᠳᠦᠰᠦᠨ ᠪᠠᠷᠢᠮᠵᠢᠶ᠎ᠠ ᠪᠣᠯᠭᠠᠨ᠎ᠠ᠃ ᠳᠠᠷᠠᠭ᠎ᠠ ᠨᠢ᠂《ᠨᠠᠢ᠍ᠮᠠᠨ ᠲᠠᠰᠤ ᠴᠡᠭᠡᠷᠯᠡᠬᠦ᠂52 ᠪᠣᠯᠬᠤ ᠦᠭᠡᠢ》 ᠳᠤ ᠳᠤᠷᠠᠳᠤᠭᠰᠠᠨ ᠱᠠᠭᠠᠷᠳᠠᠯᠭ᠎ᠠ ᠶᠢᠨ ᠲᠤᠬᠠᠢ᠂ᠴᠸᠨ ᠡᠷᠬᠢᠯᠡᠭᠴᠢ ᠡᠴᠡ ᠺᠠᠲᠠᠷ ᠴᠠᠭᠳᠠᠭ᠎ᠠ  ᠨᠢᠭᠡᠪᠦᠷᠢ ᠠᠵᠢᠯ ᠤᠨ ᠪᠠᠢᠷᠢ ᠶᠢᠨ ᠪᠤᠲᠠᠲᠠᠢ ᠳ᠋ᠤ ᠨᠡᠢᠴᠡᠨ᠂ ᠰᠠᠬᠢᠯᠭ᠎ᠠ ᠳᠦᠷᠢᠮ ᠢ ᠴᠢᠩᠭ᠎ᠠ ᠵᠢᠷᠤᠮᠯᠠᠵᠤ᠂ ᠪᠡᠶ᠎ᠡ ᠪᠡᠷ ᠢᠶᠡᠨ ᠳᠤᠭᠤᠷᠢᠶᠠᠯ ᠪᠣᠯᠵᠤ᠂ ᠠᠷᠢᠭᠤᠨ ᠴᠢᠭᠡᠴᠢ ᠪᠡᠷ ᠵᠠᠰᠠᠭ ᠪᠠᠷᠢᠬᠤ ᠵᠢ ᠵᠢᠷᠤᠮᠯᠠᠬᠤ ᠳᠤ ᠳᠠᠭᠤᠷᠢᠶᠠᠯ ᠪᠣᠯᠵᠤ᠂ ᠠᠵᠢᠯ ᠤᠨ  ᠬᠡᠪ  ᠰᠤᠷᠲᠠᠯ ᠢᠶᠡᠨ ᠦᠨᠡᠨᠬᠦ ᠥᠭᠡᠷᠡᠴᠢᠯᠡᠬᠦ ᠵᠢ ᠳᠤᠷᠠᠳᠪᠠ᠃

    ᠠᠰᠠᠭᠤᠳᠠᠯ ᠢ ᠡᠷᠢᠵᠦ ᠤᠯᠬᠤ ᠱᠠᠲᠤᠨ ᠤ ᠠᠵᠢᠯ ᠤᠨ ᠪᠠᠷᠢᠯᠠᠭᠤᠯᠤᠯᠲᠠ ᠶᠢᠨ ᠲᠤᠬᠠᠢ᠂ ᠴᠸᠨ ᠡᠷᠬᠢᠯᠡᠭᠴᠢ ᠡᠴᠡ ᠤᠷᠢᠳᠠᠪᠠᠷ ᠬᠤᠶᠠᠷ ᠨᠣᠮ ᠢ ᠬᠤᠪᠢᠶᠠᠯᠴᠠᠪᠠ᠄《  ᠶᠠᠮᠠᠷ ᠴᠤ ᠰᠢᠯᠲᠠᠭᠠᠨ ᠦᠭᠡᠢ》᠂《  ᠭᠠᠷᠱᠢᠶᠠ ᠳᠤ ᠥᠭᠭᠦᠭᠰᠡᠨ ᠵᠠᠬᠢᠳᠠᠯ》᠃ ᠡᠨᠡ ᠬᠤᠶᠠᠷ ᠨᠣᠮ ᠳᠤ᠂ ᠨᠢᠭᠡ ᠳᠡᠪᠲᠡᠷ ᠨᠢ ᠥᠪᠡᠷ  ᠲᠤ ᠪᠡᠨ ᠬᠠᠷᠢᠭᠤᠴᠠᠬᠤ ᠵᠣᠷᠢᠭ ᠰᠠᠨᠠᠭᠠᠨ ᠤ ᠬᠠᠮᠢᠶ᠎ᠠ ᠲᠠᠢ ᠪᠠᠢᠵᠤ᠂ ᠵᠣᠬᠢᠶᠠᠭᠴᠢ ᠡᠴᠡ《 ᠶᠠᠮᠠᠷ ᠴᠤ ᠰᠢᠯᠲᠠᠭᠠᠨ ᠦᠭᠡᠢ》 ᠤᠢᠯᠭᠠᠭᠲᠠᠬᠤᠨ ᠢ  ᠨᠠᠷᠢᠯᠢᠭᠵᠢᠭᠤᠯᠤᠨ ᠥᠪᠡᠷ ᠲᠤ ᠪᠡᠨ ᠬᠠᠷᠢᠭᠤᠴᠠᠬᠤ᠂ ᠬᠠᠷᠠᠯᠲᠠ᠂ ᠳᠠᠭᠠᠬᠤ᠂ ᠠᠰᠪᠤᠷᠢ ᠴᠠᠭᠠᠪᠤᠷᠢ᠂ ᠠᠭᠤᠳᠠᠮᠴᠢ᠂ ᠪᠡᠶ᠎ᠡ ᠪᠡᠨ ᠬᠦᠨᠳᠦᠳᠭᠡᠬᠦ ᠵᠡᠷᠭᠡ ᠬᠥᠮᠦᠨ ᠮᠥᠰᠦ ᠪᠣᠯᠭᠠᠨ᠂ ᠬᠥᠮᠦᠨ ᠮᠥᠰᠦ ᠪᠣᠯᠭᠠᠨ ᠨᠢ ᠴᠥᠮ ᠠᠮᠵᠢᠯᠲᠠ ᠪᠣᠯᠤᠨ ᠠᠵᠠ ᠵᠢᠷᠭᠠᠯ ᠳᠤ ᠣᠢᠷᠠᠳᠬᠤ ᠨᠢᠭᠡ ᠳᠡᠭᠲᠡᠷ ᠱᠠᠲᠤ ᠪᠣᠯᠤᠨ᠎ᠠ᠃  ᠨᠥᠭᠦᠭᠡ ᠨᠢᠭᠡ ᠦᠨᠡᠨᠴᠢ ᠰᠢᠳᠤᠷᠭᠤ᠂ ᠦᠢᠯᠡᠰ ᠢᠶᠡᠨ ᠳᠡᠭᠡᠳᠦᠯᠡᠬᠦ᠂ ᠠᠵᠢᠯ ᠳᠤ ᠰᠢᠭᠤᠷᠬᠠᠢ᠂ ᠬᠠᠷᠢᠭᠤᠴᠠᠯᠭ᠎ᠠ ᠶᠢᠨ ᠬᠠᠮᠢᠶᠠᠷᠤᠯᠲᠠ ᠶᠢᠨ ᠲᠤᠬᠠᠢ ᠨᠣᠮ ᠪᠣᠯᠤᠨ᠎ᠠ᠃ ᠲᠤᠰ ᠬᠤᠶᠠᠷ ᠨᠣᠮ ᠢ ᠤᠩᠰᠢᠬᠤ ᠪᠡᠷ  ᠳᠠᠮᠵᠢᠨ᠂ ᠠᠷᠠᠳ ᠤᠨ ᠴᠠᠭᠳᠠᠭ᠎ᠠ ᠨᠢᠭᠡᠪᠦᠷᠢ ᠡᠴᠡ《 ᠦᠨᠡᠨᠴᠢ ᠢᠲᠡᠭᠡᠮᠵᠢ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ》 ᠶᠢᠨ ᠠᠭᠤᠯᠭ᠎ᠠ ᠵᠢ ᠨᠡᠩ ᠭᠦᠨᠵᠡᠭᠡᠢ ᠣᠢᠯᠭᠠᠵᠤ᠂ ᠨᠣᠮ  ᠤᠨ ᠠᠭᠤᠯᠭ᠎ᠠ  ᠲᠠᠢ ᠬᠠᠷᠢᠴᠠᠭᠤᠯᠤᠨ᠂ ᠳᠠᠰᠤᠷᠠᠯᠲᠠ ᠦᠭᠡᠢ ᠡᠷᠭᠢᠴᠡᠭᠦᠯᠦᠨ ᠪᠣᠳᠤᠵᠤ᠂  ᠭᠦᠨᠵᠡᠭᠡᠢ ᠪᠣᠳᠤᠯᠬᠢᠯᠠᠵᠤ ᠥᠪᠡᠷ ᠤᠨ ᠪᠡᠶ᠎ᠡ ᠶᠢᠨ ᠠᠰᠠᠭᠤᠳᠠᠯ  ᠢᠶᠡᠨ ᠡᠷᠢᠨ᠎ᠡ᠃ ᠴᠸᠨ ᠡᠷᠬᠢᠯᠡᠭᠴᠢ ᠡᠴᠡ ᠳᠠᠷᠠᠭ᠎ᠠ ᠤᠳᠠᠭ᠎ᠠ ᠤᠳᠠᠭᠠᠨ ᠤ ᠬᠤᠷᠠᠯ ᠢ ᠡᠷᠬᠢᠯᠡᠬᠦ ᠡᠴᠡ ᠡᠮᠦᠨ᠎ᠡ᠂ ᠰᠢᠭᠦᠬᠦ ᠵᠢ ᠬᠠᠮᠢᠶᠠᠷᠬᠤ ᠠᠯᠪᠠᠨ ᠭᠡᠷ ᠤᠨ ᠠᠷᠠᠳ ᠤᠨ ᠴᠠᠭᠳᠠᠭ᠎ᠠ ᠨᠢᠭᠡ ᠲᠠᠯ᠎ᠠ ᠪᠡᠷ ᠰᠤᠷᠴᠤ ᠨᠢᠭᠡ ᠲᠠᠯ᠎ᠠ ᠪᠡᠷ ᠥᠭᠡᠷᠡᠴᠢᠯᠡᠬᠦ ᠵᠢ ᠪᠠᠷᠢᠮᠲᠠᠯᠠᠵᠤ᠂ ᠡᠳᠦᠷ ᠪᠦᠷᠢ ᠥᠪᠡᠷ ᠤᠨ ᠢᠶᠡᠨ ᠨᠢᠭᠡ ᠠᠰᠠᠭᠤᠳᠠᠯ ᠢ ᠡᠷᠢᠨ ᠭᠠᠷᠭᠠᠵᠤ ᠵᠡᠷᠭᠡᠪᠡᠷ ᠥᠭᠡᠷᠡᠴᠢᠯᠡᠬᠦ ᠰᠠᠨᠠᠯ᠂ ᠰᠠᠨᠠᠭᠠᠴᠢᠯᠠᠭ᠎ᠠ ᠳᠤᠷᠠᠳᠴᠤ᠂ ᠠᠰᠠᠭᠤᠳᠠᠯ ᠢ ᠵᠥᠪ ᠣᠨᠤᠪᠴᠢᠲᠠᠢ ᠡᠷᠢᠨ  ᠭᠠᠷᠭᠠᠬᠤ ᠵᠢ ᠳᠤᠷᠠᠳᠪᠠ᠃ ᠬᠠᠮᠤᠭ ᠰᠡᠭᠦᠯ ᠳᠤ ᠨᠢ ᠬᠤᠪᠢ ᠬᠥᠮᠦᠨ ᠤ ᠠᠰᠠᠭᠤᠳᠠᠯ  ᠢ ᠨᠠᠷᠢᠯᠢᠭ ᠭᠦᠨᠵᠡᠭᠡᠢ  ᠵᠠᠳᠠᠯᠤᠭᠰᠠᠨ ᠮᠡᠳᠡᠭᠦᠯᠦᠯᠲᠡ ᠵᠢ ᠪᠤᠢ ᠪᠣᠯᠭᠠᠨ᠎ᠠ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )