ᠳ᠋ᠦᠩᠱᠧᠩ ᠲᠣᠭᠤᠷᠢᠭ ᠤᠨ ᠰᠢᠭᠦᠬᠦ ᠬᠤᠷᠢᠶ᠎ᠠ ᠵᠤᠤ ᠴᠢᠶᠠᠩ ᠪᠠᠢ ᠮᠢᠨ
ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠤᠨ ᠥᠭᠡᠷᠡᠴᠢᠯᠡᠯᠲᠡ ᠵᠢ ᠠᠬᠢᠭᠤᠯᠵᠤ᠂ ᠰᠢᠭᠦᠨ ᠰᠢᠢᠳᠭᠡᠬᠦ ᠡᠬᠢ ᠪᠠᠶᠠᠯᠢᠭ ᠤᠨ ᠬᠤᠪᠢᠶᠠᠷᠢᠯᠠᠯᠲᠠ ᠵᠢ ᠰᠠᠢᠵᠢᠷᠠᠭᠤᠯᠵᠤ᠂ ᠰᠢᠭᠦᠭᠴᠢ ᠡᠴᠡ ᠬᠠᠤᠯᠢ ᠶᠣᠰᠣᠭᠠᠷ ᠪᠡᠶ᠎ᠡ ᠪᠡᠨ ᠳᠠᠭᠠᠵᠤ ᠲᠥᠪ ᠭᠣᠣᠯᠴᠢ ᠪᠡᠷ ᠲᠤᠬᠠᠢᠯᠠᠭᠰᠠᠨ ᠠᠵᠢᠯ ᠤᠨ ᠡᠭᠦᠷᠭᠡ ᠪᠡᠨ ᠭᠦᠢᠴᠡᠳᠭᠡᠵᠦ᠂《 ᠰᠢᠭᠦᠭᠴᠢ ᠪᠡᠷ ᠳᠠᠰᠤᠯᠤᠨ ᠳᠤᠭᠲᠠᠭᠠᠯᠲᠠ ᠬᠢᠯᠭᠡᠵᠦ᠂ ᠰᠢᠭᠦᠨ ᠳᠤᠭᠲᠠᠭᠠᠭᠴᠢ ᠡᠴᠡ ᠬᠠᠷᠢᠭᠤᠴᠠᠬᠤ》 ᠵᠢ ᠴᠢᠷᠮᠠᠢᠨ ᠪᠠᠶᠡᠯᠡᠭᠦᠯᠬᠦ ᠶᠢᠨ ᠲᠤᠯᠠᠳᠠ᠂ ᠡᠨᠡ ᠵᠢᠯ ᠡᠴᠡ ᠨᠠᠭᠠᠰᠢ᠂ ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠤᠷᠢᠶ᠎ᠠ᠂ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠢᠭᠡᠳᠦᠯᠲᠠᠢ ᠲᠣᠬᠢᠷᠠᠭᠤᠯᠭ᠎ᠠ ᠪᠠ ᠵᠢᠯᠤᠭᠤᠳᠤᠯᠭ᠎ᠠ ᠳᠣᠣᠷ᠎ᠠ᠂ ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ ᠢᠳᠡᠪᠬᠢᠲᠠᠢ᠂ ᠯᠠᠪᠳᠠᠭᠤᠨ᠂ ᠡᠮᠬᠢ ᠵᠢᠷᠤᠮ ᠲᠠᠢ ᠪᠡᠷ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠠᠬᠢᠭᠤᠯᠪᠠ᠃
ᠥᠭᠡᠷᠡᠴᠢᠯᠡᠯᠲᠡ ᠵᠢ ᠠᠬᠢᠭᠤᠯᠬᠤ ᠶᠠᠪᠤᠴᠠ ᠳᠤᠮᠳᠠ᠂ ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠳᠤᠭᠤᠢᠯᠠᠩ ᠪᠠᠢᠭᠤᠯᠵᠤ᠂ ᠲᠤᠰ ᠬᠣᠷᠢᠶᠠᠨ ᠤ ᠪᠤᠲᠠᠲᠠᠢ ᠲᠠᠢ ᠤᠶᠠᠯᠳᠤᠭᠤᠯᠤᠨ᠂ ᠬᠢᠨᠠᠮᠠᠭᠠᠢ ᠪᠡᠷ ᠰᠢᠨᠵᠢᠯᠡᠨ ᠰᠤᠳᠤᠯᠤᠯᠲᠠ ᠥᠷᠨᠢᠭᠦᠯᠵᠦ᠂ ᠺᠠᠲᠠᠷ ᠴᠠᠭᠳᠠᠭᠠᠨ ᠤ ᠰᠠᠨᠠᠯ ᠢ ᠥᠷᠭᠡᠨ ᠢᠶᠡᠷ ᠬᠦᠯᠢᠶᠡᠨ ᠠᠪᠴᠤ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠵᠢ ᠠᠬᠢᠭᠤᠯᠬᠤ ᠣᠨᠤᠯ ᠤᠨ ᠰᠤᠳᠤᠯᠤᠯᠲᠠ ᠪᠠ ᠦᠢᠯᠡᠳᠦᠯᠭᠡ ᠶᠢᠨ ᠡᠷᠢᠯᠬᠢᠯᠡᠯ ᠬᠢᠪᠡ᠃
ᠨᠢᠭᠡ ᠳᠤ ᠰᠢᠭᠦᠭᠴᠢ ᠶᠢᠨ ᠲᠤᠰᠭᠠᠢᠵᠢᠭᠤᠯᠤᠯᠲᠠ ᠵᠢ ᠪᠤᠲᠠᠲᠠᠢᠵᠢᠭᠤᠯᠤᠨᠠ᠃ ᠰᠢᠭᠦᠨ ᠳᠠᠰᠤᠯᠠᠬᠤ ᠡᠬᠢ ᠪᠠᠶᠠᠯᠢᠭ ᠢ ᠲᠠᠬᠢᠨ ᠲᠣᠬᠢᠷᠠᠭᠤᠯᠤᠨ ᠰᠠᠢᠵᠢᠷᠠᠭᠤᠯᠵᠤ᠂ ᠳᠣᠲᠤᠭᠠᠳᠤ ᠶᠢᠨ ᠳᠠᠯᠲᠠ ᠶᠢᠨ ᠬᠦᠴᠦᠨ ᠢ ᠭᠦᠢᠴᠡᠳ ᠠᠭᠤᠳᠠᠯᠠᠵᠤ᠂ ᠰᠢᠭᠦᠨ ᠳᠠᠰᠤᠯᠠᠬᠤ᠂ ᠭᠦᠢᠴᠡᠳᠬᠡᠬᠦ ᠪᠦᠯᠭᠦᠮ ᠤᠨ ᠪᠠᠢᠭᠤᠯᠠᠯᠲᠠ ᠪᠡᠷ ᠭᠣᠣᠯᠳᠠᠯᠭ᠎ᠠ ᠪᠣᠯᠭᠠᠵᠤ᠂《 ᠵᠠᠰᠠᠭᠴᠢᠯᠠᠯ》 ᠢ ᠲᠤᠢᠯᠪᠤᠷᠢᠲᠠᠢ ᠠᠪᠴᠤ ᠬᠠᠶᠠᠨ᠂ ᠳᠠᠪᠠᠭᠤᠯᠢᠭ ᠡᠬᠢ ᠪᠠᠶᠠᠯᠢᠭ ᠢ ᠰᠢᠭᠦᠨ ᠳᠠᠰᠤᠯᠠᠯᠲᠠ ᠶᠢᠨ ᠨᠢᠭᠡᠳᠦᠭᠡᠷ ᠱᠤᠭᠤᠮ ᠳᠤ ᠲᠥᠪᠯᠡᠷᠡᠭᠦᠯᠦᠨ᠂ ᠭᠣᠣᠯᠳᠠᠯᠭ᠎ᠠ ᠲᠠᠢ ᠬᠦᠴᠦᠨ ᠢ ᠬᠡᠷᠡᠭ ᠰᠢᠢᠳᠪᠦᠷᠢᠯᠡᠬᠦ ᠨᠢᠭᠡᠳᠦᠭᠡᠷ ᠱᠤᠭᠤᠮ ᠳᠤ ᠬᠡᠯᠪᠡᠢᠯᠭᠡᠵᠦ᠂《1+N+N》 ᠡᠰᠡᠭᠦᠯ᠎ᠡ《1+N》 ᠤᠨ ᠬᠡᠯᠪᠡᠷᠢ ᠶᠣᠰᠣᠭᠠᠷ᠂ ᠪᠦᠯᠭᠦᠮ ᠤᠨ ᠳᠠᠷᠤᠭ᠎ᠠ ᠪᠡᠷ ᠭᠣᠣᠯᠳᠠᠯᠭ᠎ᠠ ᠪᠣᠯᠭᠠᠵᠤ ᠡᠩ ᠤᠨ ᠰᠢᠭᠦᠭᠴᠢ ᠪᠠ ᠪᠤᠰᠤᠳ ᠬᠠᠤᠯᠢ ᠬᠡᠷᠡᠭᠵᠢᠭᠦᠯᠬᠦ ᠬᠥᠮᠦᠰ ᠢ ᠪᠠᠭᠲᠠᠭᠠᠭᠰᠠᠨ ᠰᠢᠨ᠎ᠡ ᠬᠡᠯᠪᠡᠷᠢ ᠶᠢᠨ ᠰᠢᠭᠦᠨ ᠳᠠᠰᠤᠯᠠᠵᠤ ᠭᠦᠢᠴᠡᠳᠬᠡᠬᠦ ᠵᠢᠴᠢ ᠪᠦᠯᠭᠦᠮ ᠳᠤ ᠦᠢᠯᠡᠴᠢᠯᠡᠨ ᠬᠠᠷᠢᠭᠤᠴᠠᠵᠤ᠂ ᠤᠤᠯ ᠤᠨ ᠲᠢᠩᠬᠢᠮ᠂ ᠲᠣᠪᠴᠢᠶ᠎ᠠ᠂ ᠠᠯᠪᠠᠨ ᠭᠡᠷ ᠢ ᠰᠢᠭᠦᠨ ᠳᠤᠰᠤᠯᠠᠬᠤ᠂ ᠭᠦᠢᠴᠡᠳᠬᠡᠬᠦ᠂ ᠰᠢᠭᠦᠨ ᠭᠦᠢᠴᠡᠳᠬᠡᠬᠦ ᠵᠢ ᠬᠠᠮᠢᠶᠠᠷᠬᠤ᠂ ᠰᠢᠭᠦᠨ ᠭᠦᠢᠴᠡᠳᠬᠡᠬᠦ ᠶᠠᠪᠤᠳᠠᠯ᠂ ᠬᠠᠤᠯᠢ ᠬᠡᠷᠡᠭᠵᠢᠭᠦᠯᠦᠯᠲᠡ ᠶᠢᠨ ᠵᠠᠰᠠᠭ ᠵᠠᠬᠢᠷᠭᠠᠨ ᠲᠠᠪᠤᠨ ᠶᠡᠬᠡ ᠬᠡᠰᠡᠭ ᠪᠣᠯᠭᠠᠨ ᠬᠤᠪᠢᠶᠠᠵᠤ᠂ ᠲᠤᠬᠠᠢᠯᠠᠭᠰᠠᠨ ᠬᠡᠯᠪᠡᠷᠢ ᠶᠢᠨ᠂ ᠮᠡᠷᠭᠡᠵᠢᠯᠲᠠ ᠤ ᠬᠡᠯᠪᠡᠷᠢ ᠶᠢᠨ᠂ ᠣᠬᠢ ᠰᠣᠳᠤ ᠰᠢᠭᠦᠭᠴᠢ ᠵᠢ ᠬᠦᠴᠦᠯᠡᠨ ᠬᠥᠮᠦᠵᠢᠭᠦᠯᠵᠦ᠂ ᠰᠢᠭᠦᠭᠴᠢ ᠶᠢᠨ ᠡᠩᠨᠡᠭᠡᠨ ᠤ ᠵᠢᠩᠭᠢᠨᠢᠴᠢᠯᠡᠯᠲᠡ᠂ ᠲᠤᠰᠭᠠᠢᠵᠢᠯᠲᠠ᠂ ᠠᠵᠢᠯ ᠳᠤ ᠪᠡᠨ ᠲᠤᠰᠭᠠᠢᠯᠠᠭᠰᠠᠨ ᠢ ᠪᠡᠶᠡᠯᠡᠭᠦᠯᠦᠨ᠎ᠡ᠃ ᠰᠢᠭᠦᠭᠴᠢ ᠶᠢᠨ ᠬᠠᠤᠯᠢ ᠶᠣᠰᠣᠭᠠᠷ ᠪᠡᠶ᠎ᠡ ᠪᠡᠨ ᠳᠠᠭᠠᠵᠤ ᠲᠥᠪ ᠭᠣᠣᠯᠴᠢ ᠪᠡᠷ ᠬᠡᠷᠡᠭ ᠰᠢᠢᠳᠪᠦᠷᠢᠯᠡᠬᠦ ᠵᠢ ᠪᠠᠲᠤᠯᠠᠵᠤ᠂ ᠰᠢᠭᠦᠭᠴᠢ ᠶᠢᠨ ᠲᠤᠬᠠᠢᠯᠠᠭᠰᠠᠨ ᠠᠵᠢᠯ ᠢ ᠦᠨᠡᠨᠬᠦ ᠴᠢᠩᠭᠠᠳᠭᠠᠬᠤ ᠵᠢ ᠪᠠᠲᠤᠯᠠᠵᠤ᠂ ᠡᠷᠬᠡ ᠪᠠ ᠬᠠᠷᠢᠭᠤᠴᠠᠯᠭ᠎ᠠ ᠵᠢ ᠬᠠᠷᠢᠯᠴᠠᠨ ᠨᠢᠭᠡᠳᠭᠡᠵᠦ᠂《 ᠬᠡᠨ ᠬᠡᠷᠡᠭ ᠢ ᠰᠢᠢᠳᠭᠡᠪᠡᠯ ᠬᠡᠨ ᠬᠠᠷᠢᠭᠤᠴᠠᠬᠤ》 ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠢ ᠪᠤᠲᠠᠲᠠᠢ ᠳᠤ ᠨᠠᠢᠳᠠᠪᠤᠷᠢᠵᠢᠭᠤᠯᠤᠨ᠎ᠠ᠃ ᠬᠤᠶᠠᠷ ᠲᠤ ᠰᠢᠭᠦᠨ ᠳᠠᠰᠤᠯᠠᠯᠲᠠ ᠶᠢᠨ ᠲᠤᠰᠭᠠᠢᠵᠢᠯᠲᠠ ᠵᠢ ᠠᠬᠢᠭᠤᠯᠤᠨ᠎ᠠ᠃ ᠰᠢᠭᠦᠭᠴᠢ ᠶᠢᠨ ᠴᠢᠳᠠᠮᠵᠢ᠂ ᠳᠠᠪᠠᠭᠤᠯᠢᠭ ᠲᠠᠯ᠎ᠠ ᠵᠡᠷᠭᠡ ᠵᠢ ᠭᠦᠢᠴᠡᠳ ᠪᠣᠳᠤᠯᠬᠢᠯᠠᠵᠤ᠂ ᠲᠤᠰᠭᠠᠢᠵᠢᠭᠰᠠᠨ ᠰᠢᠭᠦᠨ ᠳᠠᠰᠤᠯᠠᠯᠲᠠ ᠶᠢᠨ ᠲᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠤᠰᠭᠠᠢ ᠬᠡᠯᠪᠡᠷᠢ ᠶᠢᠨ ᠬᠡᠷᠡᠭ ᠤᠨ ᠲᠤᠰᠭᠠᠢᠵᠢᠭᠰᠠᠨ ᠰᠢᠭᠦᠨ ᠳᠠᠰᠤᠯᠠᠬᠤ ᠵᠢ ᠡᠷᠢᠯᠬᠢᠯᠡᠵᠦ᠂ ᠬᠡᠷᠡᠭ ᠤᠨ ᠰᠢᠭᠦᠨ ᠰᠢᠢᠳᠪᠦᠷᠢᠯᠡᠬᠦ ᠵᠢᠮ᠎ᠡ ᠶᠣᠰᠤ ᠳᠤ ᠨᠡᠢᠴᠡᠭᠰᠡᠨ ᠠᠵᠢᠯ ᠤᠨ ᠲᠣᠭᠲᠠᠴᠠ ᠵᠢ ᠪᠠᠢᠭᠤᠯᠤᠨ᠎ᠠ᠃ ᠵᠠᠷᠭᠤ ᠵᠣᠬᠢᠴᠠᠭᠤᠯᠵᠤ ᠬᠤᠷᠳᠤᠨ ᠰᠢᠭᠦᠬᠦ ᠪᠦᠯᠭᠦᠮ ᠢ ᠪᠠᠢᠭᠤᠯᠵᠤ᠂ ᠳᠥᠭᠦᠮ ᠪᠤᠳᠤᠯᠢᠶᠠᠨᠲᠠᠢ ᠵᠢ ᠬᠤᠪᠢᠶᠠᠨ᠂ ᠲᠦᠷᠭᠡᠨ ᠰᠢᠢᠳᠭᠡᠬᠦ ᠬᠡᠷᠡᠭ ᠢ ᠲᠥᠪᠯᠡᠷᠡᠭᠦᠯᠦᠨ ᠰᠢᠭᠦᠨ ᠰᠢᠢᠳᠪᠦᠷᠢᠯᠡᠵᠦ᠂ ᠵᠠᠭᠠᠯᠳᠤᠯᠭ᠎ᠠ ᠵᠢ ᠵᠣᠬᠢᠴᠠᠭᠤᠯᠬᠤ ᠵᠢ ᠵᠣᠯᠭᠠᠭᠤᠯᠬᠤ ᠠᠵᠢᠯ ᠪᠠ ᠤᠯᠠᠨ ᠡᠰᠢᠵᠢᠭᠰᠡᠨ ᠵᠢᠭᠤᠷᠤᠯᠳᠤᠭᠠᠨ ᠢ ᠰᠢᠢᠳᠪᠦᠷᠢᠯᠡᠬᠦ ᠳᠤᠭᠲᠠᠴᠠ ᠵᠢ ᠡᠷᠢᠯᠬᠢᠯᠡᠬᠦ ᠪᠡᠨ ᠴᠢᠩᠭᠠᠳᠭᠠᠵᠤ᠂ ᠬᠡᠷᠡᠭ ᠤᠨ ᠳᠠᠷᠤᠯᠲᠠ ᠵᠢ ᠨᠠᠮᠬᠠᠷᠠᠭᠤᠯᠤᠨᠠ᠃ ᠲᠤᠰᠭᠠᠢᠵᠢᠭᠰᠠᠨ ᠰᠢᠭᠦᠨ ᠲᠠᠰᠤᠯᠠᠬᠤ ᠪᠦᠯᠭᠦᠮ ᠢ ᠳᠤᠬᠢᠷᠠᠭᠤᠯᠵᠤ᠂ ᠴᠢᠬᠤᠯᠠ ᠬᠡᠯᠪᠡᠷᠢ ᠶᠢᠨ ᠰᠢᠭᠦᠨ ᠳᠠᠰᠤᠯᠠᠬᠤ ᠬᠡᠯᠪᠡᠷᠢ ᠵᠢ ᠰᠤᠳᠤᠯᠤᠨ ᠣᠷᠤᠭᠤᠯᠵᠤ᠂ ᠰᠢᠭᠦᠨ ᠳᠠᠰᠤᠯᠠᠬᠤ ᠪᠦᠲᠦᠮᠵᠢ ᠵᠢ ᠳᠡᠭᠡᠭᠰᠢᠯᠡᠭᠦᠯᠦᠨ᠎ᠡ᠃ ᠢᠷᠭᠡᠨ ᠤ ᠠᠷᠠᠯᠵᠢᠶᠠᠨ ᠤ ᠬᠡᠷᠡᠭ ᠤᠨ ᠶᠡᠷᠦᠩᠬᠡᠢᠯᠡᠭᠰᠡᠨ ᠰᠢᠭᠦᠨ ᠳᠠᠰᠤᠯᠠᠬᠤ ᠪᠦᠯᠭᠦᠮ ᠢ ᠲᠣᠬᠢᠷᠠᠭᠤᠯᠵᠤ᠂ ᠪᠤᠳᠤᠯᠢᠶᠠᠨᠲᠠᠢ ᠬᠡᠷᠡᠭ ᠢ ᠰᠢᠭᠦᠨ ᠳᠠᠰᠤᠯᠠᠬᠤ ᠵᠢ ᠬᠠᠷᠢᠭᠤᠴᠠᠵᠤ᠂ ᠲᠠᠰᠤᠯᠠᠨ ᠳᠤᠭᠲᠠᠭᠠᠬᠤ ᠬᠡᠪ ᠬᠡᠮᠵᠢᠶ᠎ᠠ ᠵᠢ ᠪᠥᠲᠦᠮᠵᠢᠲᠠᠢ ᠨᠢᠭᠡᠲᠦᠯᠲᠠᠢ ᠪᠣᠯᠭᠠᠵᠤ᠂ ᠬᠡᠷᠡᠭ ᠤᠨ ᠪᠦᠲᠦᠮᠵᠢ ᠵᠢ ᠦᠨᠡᠨᠬᠦ ᠳᠡᠭᠡᠭᠰᠢᠯᠡᠭᠦᠯᠦᠨ᠎ᠡ᠃ ᠭᠦᠢᠴᠡᠳᠬᠡᠬᠦ ᠬᠡᠷᠡᠭ ᠤᠨ ᠶᠠᠪᠤᠴᠠ ᠶᠢᠨ ᠴᠢᠬᠤᠯᠠ ᠴᠢᠩ ᠲᠤ ᠭᠦᠢᠴᠡᠳᠬᠡᠬᠦ ᠪᠦᠯᠭᠦᠮ ᠲᠣᠬᠢᠷᠠᠭᠤᠯᠵᠤ᠂《 ᠭᠦᠢᠴᠡᠳᠬᠡᠬᠦ ᠳᠤ ᠬᠦᠴᠢᠷ》 ᠢ ᠪᠥᠬᠦ ᠬᠦᠴᠦᠨ ᠢᠶᠡᠷ ᠰᠢᠪᠲᠤᠯᠤᠨ᠎ᠠ᠃ ᠭᠤᠷᠪᠠ ᠨᠢ ᠬᠠᠮᠢᠶᠠᠷᠤᠯᠲᠠ ᠶᠢᠨ ᠬᠠᠪᠲᠠᠭᠠᠢᠵᠢᠬᠤ ᠵᠢ ᠪᠡᠶᠡᠯᠡᠭᠦᠯᠦᠨ᠎ᠡ᠃ ᠪᠡᠶ᠎ᠡ ᠪᠡᠨ ᠳᠠᠭᠠᠬᠤ ᠪᠠᠢᠭᠤᠯᠤᠯ ᠪᠠ ᠬᠠᠮᠲᠤᠷᠠᠨ ᠵᠥᠪᠯᠡᠬᠦ ᠲᠢᠩᠬᠢᠮ ᠤᠨ ᠬᠡᠷᠡᠭ ᠰᠢᠢᠳᠪᠦᠷᠢᠯᠡᠬᠦ ᠭᠣᠣᠯ ᠴᠣᠭᠴᠠ ᠶᠢᠨ ᠪᠠᠢᠷᠢ ᠵᠢ ᠭᠦᠢᠴᠡᠳ ᠬᠦᠨᠳᠦᠳᠭᠡᠵᠦ᠂ ᠰᠢᠭᠦᠭᠴᠢ ᠶᠢᠨ ᠬᠡᠷᠡᠭ ᠰᠢᠢᠳᠪᠦᠷᠢᠯᠡᠬᠦ ᠡᠷᠬᠡ ᠵᠢ ᠦᠨᠡᠨᠬᠦ ᠪᠠᠲᠤᠯᠠᠨ᠎ᠠ︔ ᠰᠢᠭᠦᠨ ᠳᠠᠰᠤᠯᠠᠬᠤ ᠺᠣᠮᠢᠰ ᠤᠨ ᠠᠵᠢᠯᠠᠯᠭᠠᠨ ᠤ ᠳᠤᠭᠲᠠᠴᠠ ᠵᠢ ᠲᠡᠭᠦᠯᠳᠡᠷᠵᠢᠭᠦᠯᠵᠦ᠂ ᠰᠢᠭᠦᠨ ᠳᠠᠰᠤᠯᠠᠬᠤ ᠺᠣᠮᠢᠰ ᠤᠨ ᠬᠥᠨᠲᠦ ᠶᠡᠬᠡ ᠬᠦᠴᠢᠷ ᠲᠥᠪᠡᠭᠲᠠᠢ ᠨᠠᠷᠢᠨ ᠪᠤᠳᠤᠯᠢᠶᠠᠨᠲᠠᠢ ᠠᠰᠠᠭᠤᠳᠠᠯ ᠢ ᠰᠢᠭᠦᠨ ᠳᠠᠰᠤᠯᠠᠬᠤ ᠂ ᠬᠠᠤᠯᠢ ᠴᠠᠭᠠᠵᠠ ᠵᠢ ᠲᠣᠬᠢᠷᠠᠭᠤᠯᠤᠨ ᠬᠡᠷᠡᠭᠯᠡᠬᠦ ᠪᠣᠯᠤᠨ ᠰᠢᠭᠦᠨ ᠳᠠᠰᠤᠯᠠᠬᠤ ᠪᠠᠷᠢᠮᠵᠢᠶ᠎ᠠ ᠵᠢ ᠨᠢᠭᠡᠳᠭᠡᠵᠦ᠂ ᠰᠢᠭᠦᠨ ᠳᠠᠰᠤᠯᠠᠬᠤ ᠲᠤᠷᠰᠢᠯᠭ᠎ᠠ ᠪᠡᠨ ᠬᠤᠷᠢᠶᠠᠩᠭᠤᠢᠯᠠᠬᠤ ᠵᠡᠷᠭᠡ ᠬᠣᠷᠸ᠎ᠠ ᠲᠠᠯ᠎ᠠ ᠶᠢᠨ ᠵᠢᠯᠤᠭᠤᠳᠬᠤ ᠴᠢᠳᠠᠮᠵᠢ ᠵᠢ ᠪᠠᠳᠠᠷᠠᠭᠤᠯᠵᠤ᠂ ᠲᠤᠰᠭᠠᠢ ᠰᠢᠭᠦᠬᠦ ᠲᠤᠰᠢᠶᠠᠯᠳᠠᠨ ᠤ ᠬᠠᠮᠲᠤᠷᠠᠭᠰᠠᠨ ᠬᠤᠷᠠᠯ ᠡᠴᠡ ᠬᠦᠴᠢᠷ ᠲᠥᠪᠡᠭᠲᠠᠢ ᠬᠡᠷᠡᠭ ᠢ ᠶᠠᠷᠢᠯᠴᠠᠵᠤ᠂ ᠬᠠᠤᠯᠢ ᠴᠠᠭᠠᠵᠠ ᠶᠢᠨ ᠬᠡᠷᠡᠭᠯᠡᠯᠲᠡ ᠶᠢᠨ ᠠᠰᠠᠭᠤᠳᠠᠯ ᠢ ᠰᠣᠳᠤᠯᠠᠬᠤ᠂ ᠲᠤᠰᠭᠠᠢᠵᠢᠭᠰᠠᠨ ᠵᠥᠪᠯᠡᠬᠦ ᠰᠠᠨᠠᠯ ᠢ ᠬᠠᠩᠭᠠᠬᠤ ᠠᠵᠢᠯ ᠤᠨ ᠴᠢᠳᠠᠮᠵᠢ ᠵᠢ ᠭᠦᠢᠴᠡᠳ ᠪᠠᠳᠠᠷᠠᠭᠤᠯᠤᠨ᠎ᠠ᠃ ᠡᠷᠬᠡ ᠬᠠᠷᠢᠭᠤᠴᠠᠯᠭ᠎ᠠ ᠲᠣᠳᠤᠷᠬᠠᠢ᠂ ᠡᠷᠬᠡ ᠬᠠᠷᠢᠭᠤᠴᠠᠯᠭ᠎ᠠ ᠨᠢᠭᠡᠲᠦᠯᠲᠠᠢ᠂ ᠬᠢᠨᠠᠯᠲᠠ ᠨᠢ ᠡᠮᠬᠢ ᠲᠠᠢ ᠰᠢᠭᠦᠨ ᠳᠠᠰᠤᠯᠠᠬᠤ ᠡᠷᠬᠡ ᠶᠢᠨ ᠠᠵᠢᠯᠠᠯᠭᠠᠨ ᠤ ᠳᠤᠭᠲᠠᠴᠠ ᠵᠢ ᠪᠠᠢᠭᠤᠯᠤᠨ᠎ᠠ᠃ ᠡᠭᠦᠨ ᠤ ᠵᠡᠷᠭᠡᠪᠡᠷ᠂ ᠬᠡᠷᠡᠭ ᠰᠢᠢᠳᠪᠦᠷᠢᠯᠡᠭᠰᠡᠨ ᠲᠣᠭ᠎ᠠ ᠬᠡᠮᠵᠢᠶ᠎ᠠ᠂ ᠴᠢᠨᠠᠷ ᠴᠢᠨᠰᠠᠭ᠎ᠠ ᠲᠠᠢ ᠰᠢᠭᠤᠳ ᠬᠣᠯᠪᠤᠭᠳᠠᠭᠰᠠᠨ ᠠᠵᠢᠯ ᠤᠨ ᠪᠦᠲᠦᠮᠵᠢ ᠶᠢᠨ ᠰᠢᠯᠭᠠᠨ ᠬᠢᠨᠠᠬᠤ ᠰᠢᠰᠲ᠋ᠧᠮ ᠢ ᠡᠷᠢᠯᠬᠢᠯᠡᠨ ᠪᠠᠢᠭᠤᠯᠵᠤ᠂ ᠮᠡᠳᠡᠭᠡ ᠵᠠᠩᠭᠢ ᠶᠢᠨ ᠲᠣᠭ᠎ᠠ ᠪᠠᠷᠢᠮᠲᠠ ᠵᠢ ᠰᠢᠢᠳᠪᠦᠷᠢᠯᠡᠬᠦ ᠮᠡᠷᠭᠡᠵᠢᠯ ᠢ ᠭᠦᠢᠴᠡᠳ ᠠᠰᠢᠭᠯᠠᠨ᠂ ᠬᠡᠷᠡᠭ ᠤᠨ ᠡᠵᠡᠯᠡᠮᠵᠢ ᠢᠯᠡᠳᠭᠡᠮᠵᠢ ᠵᠢ ᠲᠣᠬᠢᠷᠠᠮᠵᠢᠲᠠᠢ ᠳᠥᠰᠦᠭᠡᠯᠡᠨ ᠪᠣᠳᠤᠵᠤ᠂ ᠡᠷᠬᠡ ᠲᠡᠭᠰᠢ᠂ ᠰᠢᠨᠵᠢᠯᠡᠬᠦ ᠤᠬᠠᠭᠠᠨᠴᠢ ᠪᠡᠷ ᠰᠢᠭᠦᠭᠴᠢ ᠶᠢᠨ ᠬᠡᠷᠡᠭ ᠰᠢᠢᠳᠪᠦᠷᠢᠯᠡᠭᠰᠡᠨ ᠠᠵᠢᠯ ᠤᠨ ᠪᠦᠲᠦᠮᠵᠢ ᠵᠢ ᠦᠨᠡᠯᠡᠵᠦ᠂ ᠵᠡᠷᠭᠡᠪᠡᠷ ᠭᠠᠵᠠᠷ ᠣᠷᠤᠨ ᠪᠣᠯᠤᠨ ᠰᠢᠭᠦᠬᠦ ᠬᠣᠷᠢᠶᠠᠨ ᠤ ᠪᠤᠲᠠᠲᠠᠢ ᠲᠠᠢ ᠨᠡᠢᠴᠡᠭᠰᠡᠨ ᠬᠥᠯᠦᠰᠦ ᠣᠯᠭᠤᠮᠵᠢ ᠶᠢᠨ ᠬᠤᠪᠢᠶᠠᠷᠢᠯᠠᠯᠲᠠ ᠶᠢᠨ ᠳᠤᠭᠲᠠᠴᠠ ᠵᠢ ᠪᠠᠢᠭᠤᠯᠤᠨ᠎ᠠ᠃
ᠤᠳᠤᠬᠠᠨ ᠳᠤ᠂ ᠳ᠋ᠦᠩᠱᠧᠩ ᠲᠣᠭᠤᠷᠢᠭ ᠤᠨ ᠰᠢᠭᠦᠬᠦ ᠬᠣᠷᠢᠶᠠᠨ ᠡᠴᠡ《 ᠳ᠋ᠦᠩᠱᠧᠩ ᠲᠣᠭᠤᠷᠢᠭ ᠤᠨ ᠠᠷᠠᠳ ᠤᠨ ᠰᠢᠭᠦᠬᠦ ᠬᠣᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ》 ᠢ ᠳᠤᠭᠲᠠᠭᠠᠵᠤ᠂ ᠮᠥᠨ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠳᠤ ᠳᠡᠭᠡᠭᠰᠢ ᠮᠡᠳᠡᠭᠦᠯᠪᠡ᠃ ᠳᠠᠷᠠᠭᠠᠴᠢ ᠶᠢᠨ ᠠᠯᠬᠤᠮ ᠳᠤ ᠳᠡᠭᠡᠷ᠎ᠡ ᠳᠡᠰ ᠤᠨ ᠰᠢᠭᠦᠬᠦ ᠬᠣᠷᠢᠶᠠᠨ ᠤ ᠪᠠᠢᠷᠢᠯᠠᠭᠤᠯᠤᠯᠲᠠ ᠶᠣᠰᠣᠭᠠᠷ᠂ ᠬᠠᠮᠢᠶ᠎ᠠ ᠪᠥᠬᠦᠢ ᠢᠵᠢ ᠪᠦᠷᠢᠳᠦᠭᠰᠡᠨ ᠳᠤᠭᠲᠠᠮᠵᠢ ᠵᠢ ᠥᠭᠡᠷᠡᠴᠢᠯᠡᠬᠦ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠶᠢᠨ ᠳᠦᠷᠢᠮ ᠤᠨ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠥᠭᠡᠷᠡᠴᠢᠯᠡᠯᠲᠡ ᠶᠢᠨ ᠪᠤᠲᠠᠲᠠᠢ ᠪᠦᠲᠦᠮᠵᠢ ᠤᠯᠬᠤ ᠵᠢ ᠪᠠᠲᠤᠯᠠᠨ᠎ᠠ᠃
ᠦᠨᠡᠯᠡᠬᠦ 0ᠦᠨᠡᠯᠡᠯᠲᠡ᠎ᠲᠠᠢ