ᠣᠷᠳᠤᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ ᠪᠡᠭᠡᠵᠢᠩ ᠳᠤ ᠬᠦᠷᠴᠦ ᠰᠤᠷᠪᠤᠯᠵᠢᠯᠠᠭ᠎ᠠ ᠬᠦᠯᠢᠶᠡᠬᠦ ᠡᠭᠦᠷᠭᠡ ᠪᠡᠨ ᠲᠡᠭᠦᠰ ᠠᠮᠵᠢᠯᠲᠠ ᠲᠠᠢ ᠪᠡᠶᠡᠯᠡᠭᠦᠯᠪᠡ
2017.04.14 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠭᠴᠢ᠄ ᠬᠡᠷᠡᠭ ᠳᠠᠩᠰᠤᠯᠠᠬᠤ ᠬᠣᠶᠠᠳᠤᠭᠠᠷ ᠲᠢᠩᠬᠢᠮ

 

   ᠥᠪᠡᠷᠲᠡᠭᠡᠨ ᠵᠠᠰᠠᠬᠤ ᠣᠷᠤᠨ ᠤ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠪᠡᠭᠡᠵᠢᠩ ᠬᠦᠷᠴᠦ ᠰᠤᠷᠪᠤᠯᠵᠢᠯᠠᠭ᠎ᠠ ᠬᠦᠯᠢᠶᠡᠬᠦ ᠨᠢᠭᠡᠲᠦᠯᠲᠠᠢ ᠳᠥᠪᠬᠢᠨᠡᠭᠦᠯᠭᠡ ᠶᠣᠰᠣᠭᠠᠷ᠂ ᠮᠠᠨ ᠤ ᠬᠣᠷᠢᠶᠠᠨ ᠡᠴᠡ ᠪᠡᠭᠡᠵᠢᠩ ᠬᠦᠷᠴᠦ ᠰᠤᠷᠪᠤᠯᠵᠢᠯᠠᠭ᠎ᠠ ᠬᠦᠯᠢᠶᠡᠬᠦ ᠠᠵᠢᠯ ᠤᠨ ᠳᠤᠭᠤᠢᠯᠠᠩ ᠪᠠᠢᠭᠤᠯᠵᠤ2017  ᠤᠨ ᠤ2 ᠰᠠᠷ᠎ᠠ ᠶᠢᠨ27 ᠪ  ᠡᠳᠦᠷ ᠴᠠᠭ  ᠲᠤᠬᠠᠢ ᠳᠤ ᠨᠢ ᠡᠭᠡᠯᠵᠢ ᠬᠦᠯᠢᠶᠡᠵᠦ᠂4 ᠰᠠᠷ᠎ᠠ ᠶᠢᠨ1 ᠤ ᠡᠳᠦᠷ ᠪᠣᠯᠲᠠᠯ᠎ᠠ ᠠᠵᠢᠯ ᠤᠨ ᠡᠭᠦᠷᠭᠡ ᠪᠡᠨ ᠨᠢᠭᠡᠨᠲᠡ ᠲᠡᠭᠦᠰ ᠠᠮᠵᠢᠯᠲᠠ ᠲᠠᠢ ᠪᠡᠶᠡᠯᠡᠭᠦᠯᠵᠦ ᠠᠮᠤᠷ ᠲᠦᠪᠰᠢᠨ ᠪᠤᠴᠠᠵᠤ ᠢᠷᠡᠭᠰᠡᠨ ᠪᠠᠢᠨ᠎ᠠ᠃

   ᠲᠤᠰ ᠤᠳᠠᠭᠠᠨ ᠤ ᠪᠡᠭᠡᠵᠢᠩ ᠬᠦᠷᠴᠦ ᠰᠤᠷᠪᠤᠯᠵᠢᠯᠠᠭ᠎ᠠ ᠬᠦᠯᠢᠶᠡᠬᠦ ᠨᠢ《 ᠬᠤᠶᠠᠷ ᠬᠤᠷᠠᠯ》 ᠪᠠ ᠪᠥᠬᠦ ᠣᠷᠤᠨ ᠤ ᠰᠢᠭᠦᠬᠦ ᠬᠣᠷᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠬᠤᠷᠠᠮᠠᠯ ᠬᠡᠷᠡᠭ ᠤᠨ《 ᠵᠠᠭᠤᠨ ᠡᠳᠦᠷ ᠤᠨ ᠰᠢᠪᠲᠤᠯᠤᠯᠲᠠ》 ᠶᠢᠨ ᠬᠥᠳᠡᠯᠭᠡᠭᠡᠨ ᠲᠠᠢ ᠳᠠᠪᠬᠤᠴᠠᠵᠤ᠂ ᠬᠣᠷᠢᠶᠠᠨ ᠤ ᠨᠠᠮ ᠤᠨ ᠤᠳᠤᠷᠢᠳᠬᠤ ᠳᠤᠭᠤᠢᠯᠠᠩ ᠶᠡᠬᠡᠪᠡᠷ ᠴᠢᠬᠤᠯᠠᠴᠢᠯᠠᠨ ᠦᠵᠡᠪᠡ᠃ ᠰᠤᠷᠪᠤᠯᠵᠢᠯᠠᠭ᠎ᠠ ᠬᠦᠯᠢᠶᠡᠬᠦ ᠡᠭᠦᠷᠭᠡ ᠶᠢᠨ ᠬᠥᠨᠳᠦᠷᠡᠭᠰᠡᠨ ᠢ ᠪᠣᠳᠤᠯᠬᠢᠯᠠᠨ᠂ ᠮᠠᠨ ᠤ ᠬᠣᠷᠢᠶᠠᠨ  ᠡᠴᠡ ᠰᠣᠳᠤᠯᠠᠬᠤ ᠪᠡᠷ ᠳᠠᠮᠵᠢᠨ ᠪᠥᠷᠢᠯᠳᠡᠬᠦ ᠬᠡᠰᠢᠭᠦᠨ ᠢ ᠬᠢᠨᠠᠮᠠᠭᠠᠢ ᠰᠣᠩᠭᠤᠨ ᠮᠥᠨ ᠵᠣᠬᠢᠰ ᠢ ᠨᠢ ᠦᠵᠡᠨ ᠰᠤᠷᠪᠤᠯᠵᠢᠯᠠᠭ᠎ᠠ ᠬᠦᠯᠢᠶᠡᠬᠦ ᠬᠦᠴᠦᠨ ᠢ ᠨᠡᠮᠡᠭᠳᠡᠭᠦᠯᠵᠦ᠂  ᠹᠠᠨ ᠶᠦᠦ  ᠹᠦ᠋ ᠳᠡᠳ᠋ ᠬᠣᠷᠢᠶᠠᠨ ᠳᠠᠷᠤᠭ᠎ᠠ ᠥᠪᠡᠷ ᠢᠶᠡᠨ ᠳᠠᠭᠠᠭᠤᠯᠵᠤ᠂ ᠳᠤᠮᠳᠠ ᠵᠡᠷᠭᠡ ᠶᠢᠨ ᠰᠢᠭᠦᠬᠦ ᠬᠣᠷᠢᠶᠠᠨ ᠡᠴᠡ5 ᠬᠥᠮᠦᠨ ᠰᠣᠩᠭᠤᠵᠤ᠂ ᠬᠣᠰᠢᠭᠤ ᠲᠣᠭᠤᠷᠢᠭ ᠤᠨ ᠰᠢᠭᠦᠬᠦ ᠬᠣᠷᠢᠶᠠᠨ ᠡᠴᠡ ᠲᠤᠰᠪᠥᠷᠢ1ᠰᠢᠭᠦᠭᠴᠢ ᠡᠰᠡᠭᠦᠯ᠎ᠡ ᠬᠠᠤᠯᠢ ᠶᠢᠨ ᠴᠠᠭᠳᠠᠭ᠎ᠠ ᠰᠣᠩᠭᠤᠨ ᠲᠣᠮᠢᠯᠠᠵᠤ ᠰᠤᠷᠪᠤᠯᠵᠢᠯᠠᠭ᠎ᠠ ᠬᠦᠯᠢᠶᠡᠬᠦ ᠠᠵᠢᠯᠠᠯᠭᠠᠨ ᠤ ᠠᠵᠢᠯ ᠳᠤ  ᠣᠷᠤᠯᠴᠠᠭᠤᠯᠪᠠ ᠪᠡᠷ ᠳᠤᠭᠲᠠᠪᠠ᠃ ᠡᠭᠦᠨ ᠤ ᠳᠣᠲᠤᠷ᠎ᠠ᠂ ᠥᠩᠭᠡᠷᠡᠭᠰᠡᠨ ᠵᠢᠯ ᠳᠤ ᠪᠡᠭᠡᠵᠢᠩ ᠣᠷᠤᠵᠤ ᠰᠤᠷᠪᠤᠯᠵᠢᠯᠠᠭ᠎ᠠ ᠬᠦᠯᠢᠶᠡᠭᠰᠡᠨ6 ᠬᠥᠮᠦᠨ᠂ ᠠᠵᠢᠯ ᠤᠨ ᠪᠠᠢᠷᠢ ᠶᠢᠨ  ᠡᠭᠡᠯᠵᠢ ᠲᠣᠬᠢᠷᠠᠭᠤᠯᠬᠤ ᠳᠤ6 ᠬᠠᠭᠤᠴᠢᠨ4  ᠰᠢᠨ᠎ᠡ ᠵᠢ ᠳᠠᠭᠠᠭᠤᠯᠵᠤ᠂3 ᠬᠥᠮᠦᠨ ᠡᠭᠡᠯᠵᠢᠯᠡᠨ᠂ ᠭᠡᠨᠡᠳᠲᠡ ᠶᠢᠨ ᠤᠴᠢᠷ ᠭᠠᠷᠪᠠᠯ ᠪᠦᠭᠦᠳᠡᠭᠡᠷ ᠬᠦᠷᠬᠦ ᠠᠷᠭ᠎ᠠ ᠬᠡᠮᠵᠢᠶ᠎ᠠ ᠠᠪᠴᠤ᠂ ᠦᠷ᠎ᠡ ᠪᠦᠲᠦᠮᠵᠢ ᠨᠢ ᠢᠯᠡᠷᠬᠡᠢ ᠪᠠᠢᠪᠠ᠃ ᠡᠨᠡ ᠬᠤᠭᠤᠴᠠᠭᠠᠨ ᠳᠤ ᠪᠦᠬᠦ ᠣᠷᠤᠨ ᠡᠴᠡ ᠪᠡᠭᠡᠵᠢᠩ ᠣᠷᠤᠵᠤ ᠬᠡᠷᠡᠭ ᠰᠤᠷᠪᠤᠯᠵᠢᠯᠠᠭᠰᠠᠨ ᠢ165 ᠬᠡᠷᠡᠭ᠂214 ᠬᠥᠮᠦᠨ ᠢ ᠬᠦᠯᠢᠶᠡᠨ ᠠᠪᠤᠪᠠ᠃ ᠡᠭᠦᠨ ᠤ ᠳᠣᠲᠤᠷ᠎ᠠ ᠮᠠᠨ ᠤ ᠬᠣᠲᠠ ᠶᠢᠨ ᠬᠠᠮᠢᠶᠠᠷᠤᠯᠲᠠ ᠳᠣᠣᠷᠠᠬᠢ8 ᠬᠡᠷᠡᠭ᠂9 ᠬᠥᠮᠦᠨ᠃ ᠬᠥᠬᠡᠬᠣᠲᠠ ᠂ ᠪᠤᠭᠤᠲᠤ ᠬᠣᠲᠠ ᠡᠴᠡ ᠢᠷᠡᠭᠰᠡᠨ3 ᠪᠥᠯᠦᠭ ᠬᠡᠷᠡᠭ᠂ ᠵᠠᠭᠤ ᠰᠢᠬᠠᠮ ᠬᠥᠮᠦᠨ ᠢ ᠠᠮᠵᠢᠯᠲᠠ ᠲᠠᠢ ᠰᠢᠢᠳᠪᠦᠷᠢᠯᠡᠪᠡ︔ ᠰᠤᠷᠪᠤᠯᠵᠢᠯᠠᠭ᠎ᠠ ᠵᠢ ᠲᠦᠢᠪᠡᠭᠡᠭᠰᠡᠨ ᠢ5 ᠬᠡᠷᠡᠭ ᠤᠳᠠᠭ᠎ᠠ ᠰᠢᠢᠳᠪᠦᠷᠢᠯᠡᠪᠡ᠃ ᠡᠭᠦᠨ ᠡᠴᠡ ᠭᠠᠳᠠᠨ᠎ᠠ᠂ ᠪᠡᠭᠡᠵᠢᠩ ᠳᠤ ᠪᠠᠢᠬᠤ ᠬᠤᠭᠤᠴᠠᠭᠠᠨ ᠳᠤ ᠣᠨᠴᠠᠭᠠᠢᠯᠠᠨ《 ᠬᠤᠶᠠᠷ ᠬᠤᠷᠠᠯ》 ᠤᠨ ᠬᠤᠭᠤᠴᠠᠭᠠᠨ ᠳᠤ᠂ ᠰᠤᠷᠪᠤᠯᠵᠢᠯᠠᠭ᠎ᠠ ᠬᠦᠯᠢᠶᠡᠬᠦ ᠳᠤᠭᠤᠢᠯᠠᠩ ᠡᠴᠡ ᠮᠠᠨ ᠤ ᠬᠣᠲᠠ ᠶᠢᠨ ᠬᠣᠰᠢᠭᠤ ᠲᠣᠭᠤᠷᠢᠭ ᠡᠴᠡ ᠪᠡᠭᠡᠵᠢᠩ ᠣᠷᠤᠵᠤ ᠰᠤᠷᠪᠤᠯᠵᠢᠯᠠᠭᠰᠠᠨ5 ᠬᠥᠮᠦᠨ ᠤᠳᠠᠭ᠎ᠠ ᠵᠢ ᠢᠳᠭᠠᠨ ᠪᠤᠴᠠᠭᠠᠵᠤ᠂  ᠲᠤᠰ ᠬᠣᠷᠢᠶᠠᠨ ᠤ ᠣᠨᠳᠣᠣ ᠲᠢᠩᠬᠢᠮ ᠠᠯᠪᠠᠨ ᠭᠡᠷ ᠢ ᠬᠠᠪᠰᠤᠷᠠᠨ ᠮᠡᠳᠡᠭᠡ ᠵᠠᠩᠭᠢ ᠵᠢ ᠬᠠᠢᠬᠤ ᠪᠣᠯᠤᠨ ᠪᠠᠲᠤᠯᠠᠭ᠎ᠠ ᠠᠪᠤᠨ ᠪᠢᠲᠡᠭᠦᠮᠵᠢᠯᠡᠭᠰᠡᠨ ᠬᠡᠷᠡᠭ5 ᠤᠳᠠᠭ᠎ᠠ᠃ ᠡᠭᠡᠯᠵᠢᠯᠡᠵᠦ ᠪᠠᠢᠭ᠎ᠠ ᠬᠤᠭᠤᠴᠠᠭᠠᠨ ᠳᠤ ᠰᠤᠷᠪᠤᠯᠵᠢᠯᠠᠭ᠎ᠠ ᠬᠦᠯᠢᠶᠡᠬᠦ  ᠳᠤᠭᠤᠢᠯᠠᠩ ᠤᠨ ᠨᠦᠭᠦᠳ  ᠠᠵᠢᠯ ᠳ᠋ᠤ ᠪᠡᠨ ᠮᠠᠰᠢ ᠰᠠᠢᠨ ᠬᠠᠷᠢᠭᠤᠴᠠᠵᠤ᠂ ᠤᠬᠠᠮᠰᠠᠷ ᠡᠴᠡ ᠪᠡᠨ ᠬᠠᠮᠲᠤ ᠨᠡᠢᠲᠡ ᠶᠢᠨ ᠢᠷᠠᠭᠤ ᠠᠯᠳᠠᠷ ᠢ ᠬᠠᠮᠠᠭᠠᠯᠠᠵᠤ᠂ ᠡᠷᠲᠡ ᠪᠤᠴᠠᠵᠤ ᠣᠷᠤᠢ ᠣᠴᠢᠭᠰᠠᠨ ᠤᠴᠢᠷ ᠭᠠᠷᠤᠭᠰᠠᠨ ᠦᠭᠡᠢ᠃

    ᠲᠤᠰ ᠤᠳᠠᠭᠠᠨ ᠤ ᠰᠤᠷᠪᠤᠯᠵᠢᠯᠠᠭ᠎ᠠ ᠬᠦᠯᠢᠶᠡᠬᠦ ᠳᠤᠭᠤᠢᠯᠠᠩ ᠨᠢ ᠠᠵᠢᠯ ᠤᠨ ᠳᠤᠮᠳᠠ ᠤᠯᠠᠨ ᠤᠳᠠᠭ᠎ᠠ ᠥᠨᠳᠦᠷ ᠵᠡᠷᠭᠡ ᠶᠢᠨ ᠰᠢᠭᠦᠬᠦ ᠬᠣᠷᠢᠶᠠᠨ ᠤ ᠤᠳᠤᠷᠢᠳᠤᠯᠭ᠎ᠠ ᠶᠢᠨ ᠨᠤᠲᠠᠯᠠᠯᠲᠠ ᠪᠠ ᠪᠤᠰᠤᠳ ᠠᠢᠮᠠᠭ ᠬᠣᠲᠠ ᠶᠢᠨ ᠰᠤᠷᠪᠤᠯᠵᠢᠯᠠᠭ᠎ᠠ ᠬᠦᠯᠢᠶᠡᠬᠦ ᠳᠤᠭᠤᠢᠯᠠᠩ ᠤᠨ  ᠮᠡᠲᠡᠷᠡᠯᠲᠠ ᠵᠢ ᠣᠯᠪᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )