ᠵᠣᠬᠢᠶᠠᠭᠴᠢ᠄ ᠣᠷᠳᠤᠰ ᠬᠣᠲᠠ ᠶᠢᠨ ᠣᠲᠤᠭ ᠤᠨ ᠡᠮᠦᠨᠡᠲᠦ ᠬᠣᠰᠢᠭᠤᠨ ᠤ ᠠᠷᠠᠳ ᠤᠨ ᠰᠢᠭᠦᠬᠦ ᠬᠤᠷᠢᠶ᠎ᠠ
ᠣᠢᠷ᠎ᠠ ᠳᠤ᠂ ᠣᠷᠳᠤᠰ ᠬᠣᠲᠠ ᠶᠢᠨ ᠣᠲᠤᠭ ᠤᠨ ᠡᠮᠦᠨᠡᠲᠦ ᠬᠣᠰᠢᠭᠤᠨ ᠤ ᠰᠢᠭᠦᠬᠦ ᠬᠣᠷᠢᠶᠠᠨ ᠤ3 ᠦᠨᠳᠦᠰᠦᠨ ᠱᠠᠲᠤᠨ ᠳᠤ ᠵᠢᠩᠬᠢᠨᠢ ᠪᠡᠷ ᠰᠢᠨᠵᠢᠯᠡᠬᠦ ᠤᠬᠠᠭᠠᠨᠴᠢᠯᠠᠭᠰᠠᠨ ᠰᠢᠭᠦᠬᠦ ᠲᠢᠩᠬᠢᠮ ᠢ ᠪᠠᠢᠭᠤᠯᠵᠤ ᠬᠡᠷᠡᠭᠯᠡᠯᠲᠡ ᠳᠤ ᠣᠷᠤᠭᠤᠯᠪᠠ᠃ ᠣᠳᠣ ᠪᠣᠯᠲᠠᠯ᠎ᠠ ᠪᠥᠬᠦ ᠬᠣᠷᠢᠶᠠᠨ ᠤ8 ᠰᠢᠭᠦᠬᠦ ᠲᠢᠩᠬᠢᠮ ᠴᠥᠮ ᠲᠤᠭᠠᠴᠢᠯᠠᠭᠰᠠ ᠴᠢᠳᠠᠮᠵᠢ ᠵᠢ ᠪᠤᠷᠢᠳᠦᠭᠦᠯᠵᠦ᠂ ᠰᠢᠨᠵᠢᠯᠡᠬᠦ ᠤᠬᠠᠭᠠᠨᠴᠢᠯᠠᠭᠰᠠᠨ ᠰᠢᠭᠦᠬᠦ ᠲᠢᠩᠬᠢᠮ ᠢ ᠨᠡᠢᠳᠡᠮ ᠪᠦᠷᠬᠦᠭᠦᠯᠬᠦ ᠵᠢ ᠪᠡᠶᠡᠯᠡᠭᠦᠯᠵᠦ᠂ ᠡᠨᠡ ᠨᠢ ᠪᠥᠬᠦ ᠬᠣᠷᠢᠶᠠᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠢᠭᠤᠯᠤᠯᠲᠠ ᠪᠠᠰᠠ ᠨᠢᠭᠡ ᠰᠢᠨ᠎ᠡ ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠢᠨ᠎ᠠ᠃
ᠲᠤᠭᠠᠴᠢᠯᠠᠭᠰᠠᠨ ᠰᠢᠭᠦᠬᠦ ᠲᠢᠩᠬᠢᠮ ᠢ ᠪᠠᠢᠭᠤᠯᠬᠤ ᠶᠠᠪᠤᠴᠠ ᠳᠤᠮᠳᠠ᠂ ᠨᠢᠭᠡ ᠳᠤ ᠣᠲᠤᠭ ᠤᠨ ᠡᠮᠦᠨᠡᠲᠦ ᠬᠣᠰᠢᠭᠤᠨ ᠤ ᠰᠢᠭᠦᠬᠦ ᠬᠤᠷᠢᠶ᠎ᠠ ᠨᠢ ᠪᠤᠲᠠᠲᠠᠢ ᠬᠢᠬᠦ ᠵᠢ ᠢᠮᠠᠭᠲᠠ ᠪᠠᠷᠢᠮᠲᠠᠯᠠᠵᠤ᠂ ᠮᠡᠳᠡᠭᠡ ᠵᠠᠩᠭᠢᠵᠢᠯᠲᠠ ᠶᠢᠨ ᠪᠠᠢᠭᠤᠯᠤᠯᠲᠠ ᠳᠤᠮᠳᠠᠬᠢ《 ᠰᠠᠭᠤᠷᠢ ᠮᠠᠭᠤ》《 ᠪᠡᠯᠡᠳᠭᠡᠯ ᠨᠢᠮᠭᠡᠨ》《 ᠬᠢᠷᠢ ᠳᠥᠪᠰᠢᠨ ᠳᠣᠣᠷ᠎ᠠ》 ᠵᠡᠷᠭᠡ ᠬᠦᠴᠢᠷᠳᠡᠯ ᠢ ᠭᠦᠴᠦᠯᠡᠨ ᠳᠠᠪᠠᠵᠤ᠂ ᠳᠡᠮᠵᠢᠯᠭᠡ ᠵᠢ ᠢᠳᠡᠪᠬᠢᠲᠠᠢ ᠡᠷᠢᠵᠦ᠂ ᠲᠤᠭᠠᠴᠢᠯᠠᠭᠰᠠᠨ ᠰᠢᠭᠦᠬᠦ ᠲᠢᠩᠬᠢᠮ ᠤᠨ ᠪᠠᠢᠭᠤᠯᠤᠯᠲᠠ ᠶᠢᠨ ᠪᠠᠷᠢᠮᠵᠢᠶ᠎ᠠ ᠲᠠᠢ ᠬᠠᠷᠭᠠᠭᠤᠯᠵᠤ᠂ ᠰᠢᠭᠦᠨ ᠲᠠᠰᠤᠯᠠᠬᠤ ᠰᠢᠭᠦᠬᠦ ᠲᠢᠩᠬᠢᠮ ᠤᠨ ᠨᠥᠬᠦᠴᠡᠯ᠂ ᠪᠣᠳᠠᠲᠤ ᠠᠵᠢᠯ ᠤᠨ ᠱᠠᠭᠠᠷᠳᠠᠯᠭ᠎ᠠ ᠵᠢᠴᠢ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠪᠤᠲᠠᠲᠤ ᠱᠠᠭᠠᠷᠳᠠᠯᠭ᠎ᠠ ᠵᠢ ᠶᠡᠷᠦᠩᠬᠡᠢᠢᠯᠡᠨ ᠪᠣᠳᠤᠯᠬᠢᠯᠠᠵᠤ᠂8 ᠴᠢᠳᠠᠮᠵᠢ ᠨᠢ ᠪᠦᠷᠢᠨ ᠲᠡᠭᠦᠷ᠂ ᠪᠡᠯᠡᠳᠭᠡᠮᠵᠢ ᠨᠢ ᠲᠡᠭᠦᠯᠳᠡᠷ᠂ ᠬᠢᠮᠲᠠ ᠪᠥᠭᠡᠳ ᠬᠡᠷᠡᠭᠯᠡᠭᠡ ᠳᠤ ᠲᠣᠬᠢᠷᠠᠭᠰᠠᠨ ᠲᠤᠭᠠᠴᠢᠯᠠᠭᠰᠠᠨ ᠰᠢᠭᠦᠬᠦ ᠲᠢᠩᠬᠢᠮ ᠢ ᠪᠦᠲᠦᠭᠡᠨ ᠪᠠᠢᠭᠤᠯᠵᠤ᠂ ᠣᠳᠣ ᠶᠢᠨ ᠪᠠᠢᠭ᠎ᠠ ᠰᠢᠭᠦᠨ ᠳᠠᠰᠤᠯᠠᠬᠤ ᠲᠢᠩᠬᠢᠮ ᠨᠢ ᠴᠥᠮ ᠲᠢᠩᠬᠢᠮ ᠨᠡᠭᠡᠭᠡᠬᠦ ᠵᠠᠷᠯᠠᠯ ᠨᠡᠢᠲᠡᠯᠡᠬᠦ᠂ ᠳᠠᠭᠤ ᠳᠦᠷᠰᠦ ᠵᠢ ᠢᠵᠢᠯ ᠠᠯᠬᠤᠮ ᠢᠶᠡᠷ ᠰᠢᠩᠭᠡᠬᠦ᠂ ᠭᠡᠷᠡᠴᠢ ᠵᠢ ᠳᠡᠯᠭᠡᠨ ᠦᠵᠡᠭᠦᠯᠬᠦ᠂ ᠲᠤᠭᠠᠴᠢᠯᠠᠭᠰᠠᠨ ᠲᠡᠮᠳᠡᠭᠯᠡᠯ ᠪᠣᠯᠤᠨ ᠬᠠᠳᠠᠭᠠᠯᠠᠬᠤ ᠵᠡᠷᠭᠡ ᠤᠯᠠᠨ ᠵᠦᠢᠯ ᠤᠨ ᠴᠢᠳᠠᠮᠵᠢ ᠵᠢ ᠪᠦᠷᠢᠳᠦᠭᠦᠯᠵᠦ᠂ ᠡᠭᠦᠨ ᠤ ᠳᠤᠲᠤᠷ᠎ᠠ ᠠᠩᠰᠤ ᠰᠢᠭᠦᠬᠦ ᠲᠢᠩᠬᠢᠮ ᠨᠢ1 ᠬᠣᠣᠰ ᠬᠡᠯᠡᠨ ᠤ ᠣᠨᠴᠠᠯᠢᠭ ᠲᠠᠢ ᠲᠤᠭᠠᠴᠢᠯᠠᠭᠰᠠᠨ ᠰᠢᠭᠦᠬᠦ ᠲᠢᠩᠬᠢᠮ ᠢ ᠪᠠᠢᠭᠤᠯᠪᠠ︔ ᠬᠤᠶᠠᠷ ᠲᠤ ᠲᠤᠭᠠᠴᠢᠯᠠᠭᠰᠠᠨ ᠰᠢᠭᠦᠬᠦ ᠲᠢᠩᠬᠢᠮ ᠤᠨ ᠪᠦᠲᠦᠭᠡᠨ ᠪᠠᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠪᠣᠯᠪᠠᠰᠤᠷᠠᠯ ᠢ ᠬᠠᠮᠳᠤ ᠳᠤ ᠨᠢ ᠥᠷᠨᠢᠭᠦᠯᠬᠦ ᠵᠢ ᠢᠮᠠᠭᠲᠠ ᠪᠠᠷᠢᠮᠲᠠᠯᠠᠵᠤ᠂《 ᠨᠢᠭᠡ ᠵᠢ ᠪᠦᠲᠦᠭᠡᠨ ᠪᠠᠢᠭᠤᠯᠪᠠᠯ ᠨᠢᠭᠡ ᠪᠥᠯᠦᠭ ᠢ ᠪᠣᠯᠪᠠᠰᠤᠷᠠᠭᠤᠯᠬᠤ》 ᠠᠵᠢᠯ ᠤᠨ ᠰᠡᠳᠭᠢᠴᠡ ᠶᠣᠰᠣᠭᠠᠷ᠂ ᠤᠷᠢᠳ ᠬᠣᠵᠢᠳ4 ᠪᠥᠯᠦᠭ89 ᠬᠥᠮᠦᠨ ᠤᠳᠠᠭ᠎ᠠ ᠲᠤᠭᠠᠴᠢᠯᠠᠭᠰᠠᠨ ᠰᠢᠭᠦᠬᠦ ᠲᠢᠩᠬᠢᠮ ᠢ ᠬᠡᠷᠡᠭᠯᠡᠬᠦ᠂ ᠬᠠᠮᠢᠶᠠᠷᠤᠯᠲᠠ ᠶᠢᠨ ᠪᠣᠯᠪᠠᠰᠤᠷᠠᠯ᠂ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠪᠣᠯᠤᠨ ᠡᠯ᠎ᠡ ᠲᠢᠩᠬᠢᠮ ᠠᠯᠪᠠᠨ ᠭᠡᠷ ᠲᠤᠭᠠᠴᠢᠯᠠᠭᠰᠠᠨ ᠰᠢᠭᠦᠬᠦ ᠲᠢᠩᠬᠢᠮ ᠤᠨ ᠬᠠᠮᠢᠶᠠᠷᠤᠯᠲᠠ ᠪᠠ ᠬᠡᠷᠡᠭᠯᠡᠭᠡᠨ ᠤ ᠬᠠᠷᠢᠯᠴᠠᠭᠴᠢ ᠵᠢ ᠪᠠᠢᠭᠤᠯᠬᠤ ᠵᠢ ᠥᠷᠨᠢᠭᠦᠯᠵᠦ᠂ ᠲᠤᠳᠤᠭᠠᠳᠤ ᠶᠢᠨ ᠲᠠᠯᠳᠠ ᠶᠢᠨ ᠬᠦᠴᠦᠨ ᠢ ᠬᠠᠮᠤᠭ ᠶᠡᠬᠡ ᠬᠡᠮᠵᠢᠶ᠎ᠠ ᠪᠡᠷ ᠢᠯᠡᠷᠡᠭᠦᠯᠦᠨ ᠠᠰᠢᠭᠯᠠᠵᠤ᠂ ᠮᠡᠳᠡᠭᠡ ᠵᠠᠩᠭᠢᠵᠢᠯᠲᠠ ᠶᠢᠨ ᠬᠡᠷᠡᠭᠯᠡᠭᠡᠨ ᠤ ᠶᠡᠷᠦᠩᠬᠡᠢ ᠬᠢᠷᠢ ᠳᠥᠪᠰᠢᠨ ᠢ ᠳᠡᠭᠡᠭᠰᠢᠯᠡᠭᠦᠯᠪᠡ︔ ᠭᠤᠷᠪᠠ ᠳᠤ ᠲᠤᠭᠠᠴᠢᠯᠠᠭᠰᠨ ᠰᠢᠭᠦᠬᠦ ᠲᠢᠩᠬᠢᠮ ᠤᠨ ᠬᠡᠷᠡᠭᠯᠡᠭᠡ ᠪᠣᠯᠤᠨ ᠰᠢᠭᠦᠨ ᠳᠠᠰᠤᠯᠠᠯᠲᠠ ᠶᠢᠨ ᠬᠠᠮᠢᠶᠠᠷᠤᠯᠲᠠ ᠵᠢ ᠬᠠᠷᠢᠯᠴᠠᠨ ᠤᠶᠠᠯᠳᠤᠭᠤᠯᠵᠤ᠂ ᠰᠢᠭᠦᠨ ᠳᠠᠰᠤᠯᠠᠯᠲᠠ ᠶᠢᠨ ᠬᠠᠮᠢᠶᠠᠷᠤᠯᠲᠠ ᠵᠢ ᠭᠡᠳᠡᠷᠭᠦ ᠰᠢᠬᠠᠮᠳᠤᠭᠤᠯᠵᠤ ᠪᠠᠢᠮᠠᠨ ᠴᠢᠨᠠᠷ ᠢ ᠨᠢ ᠳᠡᠭᠡᠭᠰᠢᠯᠡᠭᠦᠯᠵᠦ ᠪᠦᠲᠦᠮᠵᠢ ᠵᠢ ᠨᠢ ᠳᠡᠭᠡᠭᠰᠢᠯᠡᠭᠦᠯᠵᠦ᠂ ᠭᠣᠣᠯᠳᠠᠭᠤ ᠲᠢᠩᠬᠢᠮ ᠤᠨ ᠰᠢᠭᠦᠯᠲᠡ ᠶᠢᠨ ᠴᠢᠨᠠᠷ ᠴᠢᠨᠰᠠᠭ᠎ᠠ᠂ ᠲᠤᠭᠠᠴᠢᠯᠠᠭᠰᠠᠨ ᠰᠢᠭᠦᠬᠦ ᠲᠢᠩᠬᠢᠮ ᠤᠨ ᠲᠢᠩᠬᠢᠮ ᠨᠡᠭᠡᠭᠡᠬᠦ ᠬᠠᠷᠢᠴᠠᠯ ᠵᠡᠷᠭᠡ ᠬᠠᠷᠠᠯᠲᠠ ᠬᠠᠮᠢᠶᠠᠷᠤᠯᠲᠠ ᠶᠢᠨ ᠬᠢᠨᠠᠨ ᠰᠢᠯᠭᠠᠬᠤ ᠠᠭᠤᠯᠭ᠎ᠠ ᠳᠤ ᠬᠥᠳᠡᠯᠦᠩᠭᠦᠢ ᠬᠠᠮᠢᠶᠠᠷᠤᠯᠲᠠ ᠶᠢᠨ ᠠᠷᠭ᠎ᠠ ᠠᠪᠴᠤ᠂ ᠪᠥᠬᠦ ᠬᠣᠷᠢᠶᠠᠨ ᠤ ᠲᠤᠭᠠᠴᠢᠯᠠᠭᠰᠠᠨ ᠰᠢᠭᠦᠬᠦ ᠲᠢᠩᠬᠢᠮ ᠢ ᠬᠡᠷᠡᠭᠯᠡᠬᠦ ᠬᠠᠷᠢᠴᠠᠯ ᠢ100% ᠵᠢ ᠪᠡᠶᠡᠯᠡᠭᠦᠯᠵᠦ᠂ ᠲᠢᠩᠬᠢᠮ ᠤᠨ ᠰᠢᠭᠦᠯᠲᠡ ᠶᠢᠨ ᠴᠢᠨᠠᠷ ᠴᠢᠨᠰᠠᠭ᠎ᠠ ᠵᠢ ᠯᠠᠪᠳᠠᠭᠤᠨ ᠢᠶᠡᠷ ᠳᠡᠭᠡᠭᠰᠢᠯᠡᠭᠦᠯᠵᠦ᠂3 ᠦᠨᠳᠦᠰᠦᠨ ᠱᠠᠲᠤᠨ ᠤ ᠰᠢᠭᠦᠬᠦ ᠲᠢᠩᠬᠢᠮ ᠨᠢ ᠠᠯᠤᠰ ᠡᠴᠡ ᠦᠵᠡᠭᠦᠯᠭᠡ ᠬᠢᠬᠦ᠂ ᠠᠯᠤᠰ ᠡᠴᠡ ᠲᠢᠩᠬᠢᠮ ᠤᠨ ᠰᠢᠭᠦᠯᠲᠡ ᠬᠢᠬᠦ ᠪᠠ ᠡᠯᠧᠺᠲ᠋ᠷᠣᠨ ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠵᠢ ᠪᠡᠶᠡᠯᠡᠭᠦᠯᠵᠦ᠂ ᠰᠢᠭᠦᠨ ᠳᠠᠰᠤᠯᠠᠯᠲᠠ ᠶᠢᠨ ᠬᠠᠮᠢᠶᠠᠷᠤᠯᠲᠠ ᠶᠢᠨ ᠲᠤᠭᠠᠴᠢᠯᠠᠭᠰᠠᠨ᠂ ᠨᠠᠷᠢᠯᠢᠭᠵᠢᠬᠤ ᠵᠢ ᠦᠨᠡᠨᠬᠦ ᠠᠬᠢᠭᠤᠯᠪᠠ᠃
ᠲᠤᠭᠠᠴᠢᠯᠠᠭᠰᠠᠨ ᠰᠢᠭᠦᠬᠦ ᠲᠢᠩᠬᠢᠮ ᠤᠨ ᠪᠦᠬᠦᠨ ᠢ ᠪᠠᠢᠭᠤᠯᠤᠨ ᠬᠡᠷᠡᠭᠯᠡᠯᠲᠡ ᠳᠤ ᠣᠷᠤᠭᠤᠯᠤᠭᠰᠠᠨ ᠨᠢ ᠰᠢᠭᠦᠭᠴᠢ ᠶᠢᠨ ᠲᠢᠩᠬᠢᠮ ᠨᠡᠭᠡᠭᠡᠵᠦ ᠬᠡᠷᠡᠭ ᠢ ᠰᠢᠭᠦᠨ ᠰᠢᠢᠳᠪᠦᠷᠢᠯᠡᠬᠦ ᠳᠤ ᠳᠥᠭᠦᠮ ᠲᠦᠳᠡ᠂ ᠲᠦᠷᠭᠡᠨ ᠵᠠᠭᠠᠯᠳᠤᠯᠭ᠎ᠠ ᠶᠢᠨ ᠦᠢᠯᠡᠴᠢᠯᠡᠭᠡᠨ ᠤ ᠴᠢᠳᠠᠮᠵᠢ ᠬᠠᠩᠭᠠᠵᠤ᠂ ᠲᠢᠩᠬᠢᠮ ᠤᠨ ᠰᠢᠭᠦᠯᠲᠡ ᠶᠢᠨ ᠴᠢᠨᠠᠷ ᠪᠠ ᠪᠦᠲᠦᠮᠵᠢ ᠵᠢ ᠳᠡᠭᠡᠭᠰᠢᠯᠡᠭᠦᠯᠦᠭᠰᠡᠨ ᠢᠶᠡᠷ ᠪᠠᠷᠠᠬᠤ ᠦᠭᠡᠢ᠂ ᠨᠡᠩ ᠰᠢᠭᠦᠨ ᠳᠠᠰᠤᠯᠠᠬᠤ ᠠᠵᠢᠯᠠᠯᠭᠠᠨ ᠤ ᠨᠡᠭᠡᠭᠡᠯᠲᠡᠢ ᠴᠢᠨᠠᠷ ᠪᠣᠯᠤᠨ ᠢᠯᠡ ᠲᠣᠳᠤ ᠴᠢᠨᠠᠷ ᠢ ᠳᠡᠭᠡᠭᠰᠢᠯᠡᠭᠦᠯᠵᠦ᠂ ᠣᠶᠤᠨᠲᠤ ᠰᠢᠭᠦᠬᠦ ᠲᠢᠩᠬᠢᠮ ᠤᠨ ᠪᠠᠢᠭᠤᠯᠤᠯᠲᠠ ᠳᠤ《 ᠴᠣᠩᠬᠤ》 ᠨᠡᠭᠡᠭᠡᠵᠦ ᠥᠭᠭᠦᠭᠰᠡᠨ ᠪᠠᠢᠨ᠎ᠠ᠃
ᠦᠨᠡᠯᠡᠬᠦ 0ᠦᠨᠡᠯᠡᠯᠲᠡ ᠲᠠᠢ