ᠣᠲᠤᠭ ᠬᠣᠰᠢᠭᠤᠨ ᠤ ᠰᠢᠭᠦᠬᠦ ᠬᠣᠷᠢᠶᠠᠨ ᠡᠴᠡ ᠳᠣᠲᠤᠭᠠᠳᠤ ᠵᠢ ᠬᠠᠮᠠᠭᠠᠯᠠᠬᠤ ᠲᠠᠢ ᠬᠠᠮᠵᠢᠯᠴᠠᠨ ᠪᠠᠢᠷᠢᠯᠠᠭᠤᠯᠲᠠ ᠬᠢᠵᠦ116 ᠪᠤᠯᠬᠠᠢᠯᠠᠭᠴᠢ ᠳᠤ ᠴᠣᠬᠢᠯᠲᠠ ᠥᠭᠪᠡ
2017.04.12 ᠲᠣᠰ ᠥᠷᠲᠡᠭᠡᠨ ᠦ ᠨᠠᠢᠷᠠᠭᠤᠯᠤᠭᠴᠢ

ᠵᠣᠬᠢᠶᠠᠭᠴᠢ᠄ ᠣᠲᠤᠭ ᠬᠣᠰᠢᠭᠤᠨ ᠤ ᠰᠢᠭᠦᠬᠦ ᠬᠤᠷᠢᠶ᠎ᠠ    ᠵᠤᠤ ᠴᠢᠨ ᠢᠦᠢ

 

    3 ᠰᠠᠷ᠎ᠠ ᠶᠢᠨ26 ᠨᠢ ᠵᠤᠷᠰᠢᠯ ᠶᠣᠰᠣᠭᠠᠷ ᠪᠣᠯ ᠠᠮᠠᠷᠠᠯᠲᠠ ᠲᠠᠯᠪᠢᠬᠤ ᠶᠣᠰᠣᠲᠠᠢ ᠭᠠᠷᠠᠭ ᠤᠨ ᠡᠳᠦᠷ ᠪᠠᠢᠯ᠎ᠠ᠃  ᠭᠡᠪᠡᠴᠦ ᠣᠲᠤᠭ ᠬᠣᠰᠢᠭᠤᠨ ᠤ ᠰᠢᠭᠦᠬᠦ ᠬᠣᠷᠢᠶᠠᠨ ᠤ ᠭᠦᠢᠴᠡᠳᠬᠡᠬᠦ ᠲᠣᠪᠴᠢᠶᠠᠨ ᠤ ᠠᠵᠢᠯᠲᠠᠨ ᠮᠥᠨ ᠠᠵᠢᠯ ᠤᠨ ᠪᠠᠢᠷᠢ ᠳᠤ ᠪᠡᠨ ᠪᠠᠢᠭᠰᠠᠭᠠᠷ᠃

    ᠲᠤᠲᠤᠭᠠᠲᠤ ᠵᠢ ᠬᠠᠮᠠᠭᠠᠯᠠᠬᠤ ᠲᠣᠪᠴᠢᠶᠠᠨ ᠡᠴᠡ ᠭᠦᠢᠴᠡᠳᠭᠡᠭᠳᠡᠭᠴᠢ《 ᠳ᠋ᠠ ᠬᠡᠨ》 ᠤ ᠰᠦᠪᠡᠭᠴᠢ ᠵᠢ ᠡᠵᠡᠮᠰᠢᠭᠰᠡᠨ ᠢ ᠮᠡᠳᠡᠭᠰᠡᠨ ᠤ ᠳᠠᠷᠠᠭ᠎ᠠ᠂ ᠭᠦᠢᠴᠡᠳᠬᠡᠬᠦ ᠬᠣᠶᠠᠳᠤᠭᠠᠷ ᠲᠣᠪᠴᠢᠶᠠᠨ ᠤ ᠭᠦᠢᠴᠡᠳᠬᠡᠬᠦ ᠵᠢ ᠬᠠᠪᠰᠤᠷᠤᠭᠴᠢ ᠡᠴᠡ ᠳᠠᠷᠤᠢ ᠲᠦᠷᠭᠡᠨ ᠳᠠᠭᠠᠴᠢᠯᠠᠭᠰᠠᠨ ᠰᠢᠭᠦᠭᠴᠢ ᠳᠤ ᠬᠡᠷᠡᠭ ᠤᠨ ᠪᠠᠢᠳᠠᠯ ᠢ ᠮᠡᠳᠡᠭᠳᠡᠵᠦ᠂ ᠵᠡᠷᠭᠡᠪᠡᠷ ᠪᠤᠰᠤᠳ ᠨᠢᠭᠡ ᠭᠦᠢᠴᠡᠳᠭᠡᠭᠴᠢ ᠲᠠᠢ ᠬᠠᠮᠲᠤ ᠲᠡᠷᠭᠡ ᠪᠠᠷᠢᠨ ᠤᠯᠠᠭᠠᠨ ᠪᠠᠯᠭᠠᠰᠤᠨ ᠤ ᠦᠨᠳᠦᠰᠦᠲᠡᠨ ᠤ ᠪᠠᠭᠤᠳᠠᠯ ᠬᠦᠷᠴᠦ᠂ ᠤᠷᠲᠤ ᠬᠤᠭᠤᠴᠠᠭ᠎ᠠ ᠪᠡᠷ ᠭᠦᠢᠴᠡᠳᠬᠡᠬᠦ ᠡᠴᠡ ᠲᠤᠲᠠᠭᠠᠭᠰᠠᠨ  ᠳ᠋ᠠ ᠬᠡᠨ ᠢ ᠳᠠᠭᠠᠭᠤᠯᠤᠨ ᠠᠪᠴᠢᠷᠠᠪᠠ᠃  ᠡᠭᠦᠨ ᠡᠴᠡ ᠡᠮᠦᠨ᠎ᠡ᠂  ᠭᠦᠢᠴᠡᠳᠭᠡᠭᠴᠢ ᠡᠴᠡ ᠨᠢᠭᠡᠨᠲᠡ ᠳ᠋ᠠ ᠬᠡᠨ ᠤ ᠲᠡᠷᠭᠡ᠂ ᠠᠷᠠᠯᠵᠢᠶ᠎ᠠ᠂ ᠬᠡᠷ ᠬᠥᠷᠦᠩᠭᠡ᠂ ᠪᠠᠩᠬᠢ ᠶᠢᠨ ᠳᠠᠩᠰᠠ ᠳᠤ ᠪᠠᠢᠴᠠᠭᠠᠨ ᠡᠵᠡᠮᠰᠢᠯᠲᠡ ᠬᠢᠭᠰᠡᠨ ᠪᠣᠯᠪᠠᠴᠤ ᠭᠦᠢᠴᠡᠳᠭᠡᠵᠦ ᠪᠣᠯᠬᠤ ᠬᠥᠷᠦᠩᠭᠡ ᠵᠢ ᠢᠯᠡᠷᠡᠭᠦᠯᠦᠭᠰᠡᠨ ᠦᠭᠡᠢ ᠪᠠᠢᠵᠤ᠂  ᠳ᠋ᠠ ᠬᠡᠨ ᠬᠠᠷᠢᠨ ᠮᠥᠨ ᠠᠷᠠᠯᠵᠢᠶ᠎ᠠ ᠪᠡᠨ ᠡᠷᠬᠢᠯᠡᠵᠦ᠂ ᠡᠨᠡᠬᠦ ᠪᠠᠢᠳᠠᠯ ᠨᠢ ᠬᠡᠪ ᠤᠨ ᠪᠤᠰᠤ ᠭᠡᠳᠡᠭ ᠨᠢ ᠢᠯᠡᠷᠬᠡᠢ᠃ ᠡᠭᠦᠨ ᠳᠤ ᠴᠢᠭᠯᠡᠭᠦᠯᠦᠨ᠂ ᠭᠦᠢᠴᠡᠳᠭᠡᠭᠴᠢ ᠡᠴᠡ ᠤᠯᠠᠨ ᠤᠳᠠᠭ᠎ᠠ ᠳ᠋ᠠ ᠬᠡᠨ ᠲᠠᠢ ᠬᠠᠷᠢᠯᠴᠠᠭᠰᠠᠨ ᠳᠤ᠂ ᠳ᠋ᠠ ᠬᠡᠨ ᠴᠥᠮ ᠨᠢᠭᠤᠷ ᠢᠯᠡᠷᠡᠬᠦ ᠵᠢ ᠲᠡᠪᠴᠢᠵᠦ᠂ ᠨᠢᠭᠡᠨᠲᠡ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ᠌ ᠬᠠᠷ᠎ᠠ ᠵᠢ ᠭᠦᠢᠴᠡᠳᠬᠡᠬᠦ ᠳᠤ  ᠬᠠᠪᠰᠤᠷᠠᠯᠴᠠᠬᠤ ᠦᠭᠡᠢ ᠪᠠᠢᠪᠠ᠃

     ᠭᠦᠢᠴᠡᠳᠬᠡᠬᠦ ᠶᠠᠪᠤᠴᠠ ᠶᠢᠨ ᠶᠣᠰᠣᠭᠠᠷ᠂  ᠭᠦᠢᠴᠡᠳᠭᠡᠭᠴᠢ ᠡᠴᠡ  ᠭᠦᠢᠴᠡᠳᠭᠡᠭᠳᠡᠭᠴᠢ ᠵᠢ ᠬᠣᠷᠢᠬᠤ ᠥᠷᠦᠭᠡᠨ ᠳᠤ ᠠᠪᠠᠴᠢᠨ᠂ ᠰᠥᠨᠢ ᠲᠤᠵᠢ ᠰᠠᠬᠢᠪᠠ᠃3 ᠰᠠᠷ᠎ᠠ ᠶᠢᠨ27 ᠤ ᠦᠳᠡ ᠶᠢᠨ ᠡᠮᠦᠨ᠎ᠡ᠂ ᠭᠦᠢᠴᠡᠳᠭᠡᠭᠳᠡᠭᠴᠢ ᠡᠴᠡ ᠬᠡᠷᠡᠭ ᠤᠨ ᠵᠣᠭᠤᠰ ᠢ ᠴᠤᠭᠯᠠᠭᠤᠯᠤᠨ᠂ ᠬᠠᠤᠯᠢ ᠡᠴᠡ ᠳᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠡᠨ ᠡᠴᠦᠰ  ᠲᠤ ᠪᠡᠨ ᠪᠡᠶᠡᠯᠡᠭᠦᠯᠵᠦ᠂ ᠲᠤᠰ ᠬᠡᠷᠡᠭ  ᠢ ᠭᠦᠢᠴᠡᠳᠬᠡᠬᠦ ᠳᠠᠭᠤᠰᠭᠠᠭᠰᠠᠨ ᠪᠠᠢᠨ᠎ᠠ᠃2016 ᠤᠨ ᠡᠴᠡ ᠡᠬᠢᠯᠡᠨ᠂ ᠣᠲᠤᠭ ᠬᠣᠰᠢᠭᠤᠨ ᠤ ᠰᠢᠭᠦᠬᠦ ᠬᠤᠷᠢᠶ᠎ᠠ ᠨᠢ ᠳᠣᠲᠤᠭᠠᠳᠤ ᠵᠢ ᠬᠠᠮᠠᠭᠠᠯᠠᠬᠤ ᠶᠢᠨ ᠬᠠᠪᠰᠤᠷᠤᠯᠭ᠎ᠠ ᠪᠡᠷ ᠳᠠᠮᠵᠢᠨ ᠭᠦᠢᠴᠡᠳᠭᠡᠭᠳᠡᠭᠴᠢ ᠵᠢ ᠪᠠᠢᠴᠠᠭᠠᠨ ᠡᠵᠡᠮᠳᠡᠵᠦ᠂ ᠨᠢᠭᠡᠨᠲᠡ ᠲᠦᠷ ᠬᠣᠷᠢᠬᠤ ᠪᠡᠷ ᠳᠤᠭᠲᠠᠭᠠᠳ ᠪᠠᠷ᠎ᠠ ᠰᠤᠷᠠᠭ ᠦᠭᠡᠢ ᠪᠣᠯᠤᠭᠰᠠᠨ ᠭᠦᠢᠴᠡᠳᠭᠡᠭᠳᠡᠭᠴᠢ  ᠶᠢᠨ ᠨᠡᠷᠡᠰ ᠢ ᠳᠣᠲᠤᠭᠠᠳᠤ ᠵᠢ ᠬᠠᠮᠠᠭᠠᠯᠠᠬᠤ ᠶᠢᠨ ᠪᠠᠢᠷᠢᠯᠡᠭᠤᠯᠤᠨ ᠡᠵᠡᠮᠳᠡᠬᠦ ᠰᠢᠰᠲ᠋ᠧᠮ ᠳᠤ ᠲᠤᠰᠢᠶᠠᠨ ᠥᠭᠴᠦ᠂ ᠳᠣᠲᠤᠭᠠᠳᠤ ᠵᠢ ᠬᠠᠮᠠᠭᠠᠯᠠᠬᠤ ᠪᠠᠢᠭᠤᠯᠭ᠎ᠠ ᠰᠦᠪᠡᠭᠴᠢ ᠵᠢ ᠣᠯᠤᠭᠰᠠᠨ ᠤ ᠳᠠᠷᠠᠭ᠎ᠠ᠂ ᠬᠠᠮᠤᠭ ᠤᠷᠢᠳᠠᠪᠡᠷ ᠰᠢᠭᠦᠬᠦ ᠬᠣᠷᠢᠶᠠᠨ ᠤ ᠭᠦᠢᠴᠡᠳᠭᠡᠭᠴᠢ  ᠳᠤ ᠮᠡᠳᠡᠭᠦᠯᠵᠦ᠂ ᠳᠠᠷᠠᠭ᠎ᠠ  ᠨᠢ ᠰᠢᠭᠦᠬᠦ ᠬᠣᠷᠢᠶᠠᠨ ᠤ ᠭᠦᠢᠴᠡᠳᠭᠡᠭᠴᠢ ᠡᠴᠡ ᠪᠠᠢᠷᠢᠯᠠᠭᠤᠯᠤᠨ ᠡᠵᠡᠮᠳᠡᠯᠲᠡ ᠶᠠᠪᠤᠭᠳᠠᠭᠤᠯᠳᠠᠭ᠃

     ᠳᠣᠲᠤᠭᠠᠳᠤ ᠵᠢ ᠬᠠᠮᠠᠭᠠᠯᠠᠬᠤ ᠪᠠᠢᠭᠤᠯᠭ᠎ᠠ ᠲᠠᠢ ᠬᠠᠮᠳᠤᠷᠠᠯᠴᠠᠨ ᠪᠠᠢᠷᠢᠯᠠᠭᠤᠯᠤᠨ ᠡᠵᠡᠮᠲᠠᠯᠲᠡ ᠬᠢᠭᠰᠡᠨ ᠡᠴᠡ ᠬᠣᠢᠰᠢ᠂ ᠨᠡᠢᠲᠡ116 ᠬᠥᠮᠦᠨ ᠤᠳᠠᠭ᠎ᠠ ᠶᠢᠨ ᠭᠦᠢᠴᠡᠳᠭᠡᠭᠴᠢ  ᠵᠢ ᠡᠵᠡᠮᠳᠡᠵᠦ᠂77 ᠬᠡᠷᠡᠭ ᠢ ᠭᠦᠢᠴᠡᠳᠭᠡᠨ᠂ ᠭᠦᠢᠴᠡᠳᠬᠡᠬᠦ ᠡᠴᠡ ᠳᠤᠲᠠᠭᠠᠳᠠᠭ ᠡᠲᠡᠭᠡᠳ ᠳᠤ ᠬᠦᠴᠦᠲᠠᠢ ᠴᠣᠬᠢᠯᠲᠠ ᠥᠭᠭᠦᠨ᠂ ᠬᠠᠤᠯᠢ ᠴᠠᠭᠠᠵᠠ ᠶᠢᠨ ᠡᠷᠬᠡ ᠰᠦᠷ ᠢ ᠦᠨᠡᠨᠬᠦ ᠬᠠᠮᠠᠭᠠᠯᠠᠪᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )