ᠵᠡᠭᠦᠨᠭᠠᠷ ᠬᠣᠰᠢᠭᠤᠨ ᠤ ᠰᠢᠭᠦᠬᠦ ᠬᠣᠷᠢᠶᠠᠨ ᠡᠴᠡ ᠨᠠᠮ ᠤᠨ ᠪᠦᠲᠦᠭᠡᠨ ᠪᠠᠢᠭᠤᠯᠠᠯᠲᠠ ᠶᠢᠨ ᠬᠢᠷᠢ ᠲᠦᠪᠰᠢᠨ ᠢ ᠴᠢᠷᠮᠠᠢᠨ ᠳᠡᠭᠡᠭᠰᠢᠯᠡᠭᠦᠯᠵᠦ ᠦᠨᠡᠨᠴᠢ ᠰᠢᠳᠤᠷᠭᠤ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ ᠰᠢᠭᠦᠬᠦ ᠬᠣᠷᠢᠶᠠᠨ ᠤ ᠡᠩᠨᠡᠭᠡ ᠵᠢ ᠵᠣᠬᠢᠶᠠᠨ ᠪᠠᠢᠭᠤᠯᠪᠠ
ᠵᠣᠬᠢᠶᠠᠭᠴᠢ᠄ ᠵᠡᠭᠦᠨᠭᠠᠷ ᠬᠣᠰᠢᠭᠤᠨ ᠤ ᠰᠢᠭᠦᠬᠦ ᠬᠤᠷᠢᠶ᠎ᠠ ᠠᠨ ᠰᠢᠶᠣᠣ ᠴᠢᠨ
ᠰᠢᠭᠦᠬᠦ ᠬᠣᠷᠢᠶᠠᠨ ᠤ ᠨᠠᠮ ᠤᠨ ᠪᠠᠢᠭᠤᠯᠤᠯᠲᠠ ᠨᠢ ᠠᠷᠠᠳ ᠤᠨ ᠰᠢᠭᠦᠬᠦ ᠬᠣᠷᠢᠶᠠᠨ ᠤ ᠵᠥᠪ ᠣᠨᠤᠪᠴᠢᠲᠠᠢ ᠤᠯᠤᠰ ᠲᠥᠷᠦ ᠶᠢᠨ ᠴᠢᠭᠯᠡᠯ ᠢ ᠪᠠᠲᠤᠯᠠᠵᠤ᠂ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠳᠠᠰᠤᠷᠠᠯᠲᠠ ᠦᠭᠡᠢ ᠤᠷᠤᠭᠰᠢ ᠳᠠᠪᠰᠢᠬᠤ ᠶᠢᠨ ᠳᠦᠯᠬᠢᠴᠡ ᠬᠦᠴᠦᠨ ᠤ ᠭᠣᠣᠯ ᠪᠠᠲᠤᠯᠠᠭ᠎ᠠ ᠪᠠᠢᠵᠤ᠂ ᠣᠢᠷ᠎ᠠ ᠶᠢᠨ ᠵᠢᠯ ᠳ᠋ᠤ᠂ ᠵᠡᠭᠦᠨᠭᠠᠷ ᠬᠣᠰᠢᠭᠤᠨ ᠤ ᠰᠢᠭᠦᠬᠦ ᠬᠣᠷᠢᠶᠠᠨ ᠡᠴᠡ ᠪᠥᠬᠦ ᠲᠠᠯ᠎ᠠ ᠪᠡᠷ ᠨᠠᠮ ᠢ ᠴᠢᠩᠭ᠎ᠠ ᠵᠠᠰᠠᠵᠤ᠂ ᠰᠢᠭᠦᠬᠦ ᠬᠤᠷᠢᠶ᠎ᠠ ᠵᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠵᠣᠷᠢᠭᠲᠠᠢ ᠡᠭᠦᠷᠭᠡᠯᠡᠬᠦ ᠰᠢᠭᠦᠬᠦ ᠬᠣᠷᠢᠶᠠᠨ ᠤ ᠡᠩᠨᠡᠭᠡ ᠵᠢ ᠴᠢᠷᠮᠠᠢᠨ ᠪᠠᠢᠭᠤᠯᠪᠠ᠃
ᠨᠢᠭᠡ ᠨᠢ ᠨᠠᠮ ᠤᠨ ᠪᠠᠢᠭᠤᠯᠤᠯᠲᠠ ᠶᠢᠨ ᠠᠵᠢᠯ ᠪᠣᠯᠤᠨ ᠰᠢᠭᠦᠨ ᠳᠠᠰᠤᠯᠠᠵᠤ ᠭᠦᠢᠴᠡᠳᠬᠡᠬᠦ ᠨᠢᠭᠡᠳᠦᠭᠡᠷ ᠴᠢᠬᠤᠯᠠ ᠡᠭᠦᠷᠭᠡ ᠲᠠᠢ ᠭᠦᠨᠵᠡᠭᠡᠢ ᠤᠶᠠᠯᠳᠤᠭᠤᠯᠬᠤ ᠵᠢ ᠠᠬᠢᠭᠤᠯᠪᠠ᠃ ᠲᠤᠰ ᠬᠤᠷᠢᠶ᠎ᠠ ᠨᠢ ᠰᠢ ᠵᠢᠨ ᠫᠢᠩ ᠶᠡᠷᠦᠩᠬᠡᠢ ᠱᠦᠵᠢ ᠶᠢᠨ《 ᠨᠠᠮ ᠤᠨ ᠪᠠᠢᠭᠤᠯᠤᠯᠲᠠ ᠶᠢᠨ ᠭᠣᠣᠯᠳᠠᠯᠭ᠎ᠠ ᠨᠢ ᠦᠢᠯᠡᠴᠢᠯᠡᠭᠡᠨ ᠤ ᠲᠥᠪ᠂ ᠡᠩᠨᠡᠭᠡᠨ ᠤ ᠪᠠᠢᠭᠤᠯᠤᠯᠲᠠ ᠪᠠᠢᠵᠤ᠂ ᠲᠤᠰ ᠰᠠᠯᠠᠭ᠎ᠠ ᠮᠥᠴᠢᠷ ᠪᠠᠢᠭᠤᠯᠭ᠎ᠠ ᠨᠢᠭᠡᠴᠢ ᠶᠢᠨ ᠡᠯ᠎ᠡ ᠲᠥᠷᠦᠯ ᠤᠨ ᠡᠭᠦᠷᠭᠡ ᠵᠢ ᠪᠡᠶᠡᠯᠡᠭᠦᠯᠬᠦ ᠵᠢ ᠠᠬᠢᠭᠤᠯᠬᠤ》 ᠬᠡᠰᠡᠨ ᠴᠢᠬᠤᠯᠠ ᠵᠢᠭᠠᠪᠤᠷᠢ ᠵᠢ ᠭᠦᠨᠵᠡᠭᠡᠢ ᠲᠤᠤᠱᠯᠠᠭᠤᠯᠵᠤ᠂ ᠨᠠᠮ ᠤᠨ ᠪᠠᠢᠭᠤᠯᠤᠯᠲᠠ ᠶᠢᠨ ᠠᠵᠢᠯ ᠢ ᠰᠢᠭᠦᠬᠦ ᠬᠣᠷᠢᠶᠠᠨ ᠤ ᠠᠵᠢᠯ ᠤᠨ ᠶᠡᠷᠦᠩᠬᠡᠢ ᠪᠠᠢᠷᠠᠰᠢᠯᠠᠭᠤᠯᠤᠯᠲᠠ ᠳᠤ ᠣᠷᠤᠭᠤᠯᠵᠤ᠂ ᠦᠨᠳᠦᠰᠦᠨ ᠱᠠᠲᠤᠨ ᠤ ᠨᠠᠮ ᠤᠨ ᠪᠠᠢᠭᠤᠯᠤᠯᠲᠠ ᠵᠢ ᠰᠢᠭᠦᠨ ᠳᠠᠰᠤᠯᠠᠬᠤ ᠠᠵᠢᠯ ᠲᠠᠢ ᠤᠶᠠᠯᠳᠤᠭᠤᠯᠬᠤ ᠴᠢᠭ ᠢ ᠴᠢᠷᠮᠠᠢᠨ ᠡᠷᠢᠯᠬᠢᠯᠡᠵᠦ᠂ ᠨᠠᠮ ᠤᠨ ᠪᠠᠢᠭᠤᠯᠤᠯᠲᠠ ᠶᠢᠨ ᠠᠵᠢᠯ ᠤᠨ ᠬᠠᠷᠠᠯᠲᠠ ᠡᠭᠦᠷᠭᠡ ᠪᠣᠯᠤᠨ ᠰᠢᠭᠦᠨ ᠳᠠᠰᠤᠯᠠᠬᠤ ᠲᠤᠬᠠᠢᠯᠠᠭᠰᠠᠨ ᠠᠵᠢᠯ ᠲᠠᠢ ᠵᠡᠷᠭᠡᠪᠡᠷ ᠨᠠᠢᠳᠠᠪᠤᠷᠢᠵᠢᠭᠤᠯᠬᠤ ᠵᠢ ᠠᠬᠢᠭᠤᠯᠵᠤ᠂ ᠨᠠᠮ ᠤᠨ ᠪᠠᠢᠭᠤᠯᠤᠯᠲᠠ ᠪᠡᠷ ᠡᠩᠨᠡᠭᠡᠨ ᠤ ᠪᠠᠢᠭᠤᠯᠤᠯᠲᠠ ᠵᠢ ᠲᠠᠢᠴᠢᠯᠠᠵᠤ᠂ ᠡᠩᠨᠡᠭᠡᠨ ᠤ ᠵᠢᠩᠭᠢᠨᠢᠴᠢᠯᠡᠯᠲᠡ᠂ ᠲᠤᠰᠭᠠᠢᠵᠢᠯᠲᠠ᠂ ᠠᠵᠢᠯ ᠳᠤ ᠬᠠᠷᠢᠭᠤᠴᠠᠬᠤ ᠪᠠᠢᠭᠤᠯᠤᠯᠲᠠ ᠵᠢ ᠠᠬᠢᠭᠤᠯᠤᠨ᠎ᠠ᠃
ᠬᠤᠶᠠᠷ ᠨᠢ ᠨᠡᠮ ᠤᠨ ᠳᠣᠲᠤᠷ᠎ᠠ ᠤᠯᠤᠰ ᠲᠥᠷᠦ ᠶᠢᠨ ᠠᠮᠢᠳᠤᠷᠠᠯ ᠢ ᠳᠦᠷᠢᠮᠵᠢᠭᠦᠯᠵᠦ᠂ ᠡᠷᠡᠭᠦᠯ ᠡᠩᠬᠡ ᠪᠡᠷ ᠤᠷᠤᠭᠰᠢ ᠳᠠᠪᠰᠢᠬᠤ ᠵᠣᠬᠢᠶᠠᠨ ᠪᠠᠢᠭᠤᠯᠤᠯᠲᠠ ᠶᠢᠨ ᠠᠭᠤᠷ ᠠᠮᠢᠰᠭᠤᠯ ᠢ ᠪᠤᠢ ᠪᠣᠯᠭᠠᠪᠠ᠃ ᠠᠷᠠᠳᠴᠢᠯᠠᠯ ᠢ ᠲᠥᠪᠯᠡᠷᠡᠭᠦᠯᠦᠭᠰᠡᠨ ᠲᠣᠭᠲᠠᠴᠠ ᠵᠢ ᠴᠢᠩᠭ᠎ᠠ ᠨᠠᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠥᠷᠢᠯᠳᠡᠭᠦᠨ ᠤ ᠤᠯᠤᠰ ᠲᠥᠷᠦ ᠶᠢᠨ ᠴᠢᠭᠯᠡᠯ ᠢ ᠡᠵᠡᠮᠰᠢᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠤᠯᠭ᠎ᠠ ᠠᠪᠴᠤ᠂ ᠵᠣᠬᠢᠶᠠᠨ ᠪᠠᠢᠭᠤᠯᠤᠯᠲᠠ ᠵᠢ ᠵᠣᠬᠢᠴᠠᠭᠤᠯᠬᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠪᠣᠯᠤᠨ ᠬᠠᠤᠯᠢ ᠬᠡᠷᠡᠭᠵᠢᠭᠦᠯᠬᠦ ᠬᠢᠷᠢ ᠳᠥᠪᠰᠢᠨ ᠢ ᠳᠡᠭᠡᠭᠰᠢᠯᠡᠭᠦᠯᠵᠦ᠂ ᠨᠠᠮ ᠤᠨ ᠵᠣᠬᠢᠶᠠᠨ ᠪᠠᠢᠭᠤᠯᠤᠯᠲᠠ ᠶᠢᠨ ᠬᠥᠳᠡᠯᠭᠡᠭᠡᠨ ᠲᠠᠢ ᠬᠣᠯᠪᠤᠭᠳᠠᠯ ᠪᠥᠬᠦᠢ ᠳᠦᠷᠢᠮ ᠳᠤᠭᠲᠠᠭᠠᠯ ᠪᠠ ᠳᠤᠭᠲᠠᠴᠠ ᠵᠢ ᠲᠡᠭᠦᠯᠳᠡᠷᠵᠢᠭᠦᠯᠵᠦ᠂ ᠠᠷᠠᠳᠴᠢᠯᠠᠭᠰᠠᠨ ᠰᠢᠢᠳᠪᠦᠷᠢᠲᠦ ᠪᠣᠳᠤᠯᠭ᠎ᠠ ᠶᠢᠨ ᠵᠢᠷᠤᠮᠵᠢᠯᠲᠠ ᠪᠠ ᠳᠥᠷᠢᠮᠵᠢᠯᠲᠠ ᠵᠢ ᠪᠠᠲᠤᠯᠠᠪᠠ᠃ ᠨᠠᠮ ᠤᠨ ᠪᠠᠢᠭᠤᠯᠤᠯᠲᠠ ᠶᠢᠨ ᠠᠵᠢᠯ ᠤᠨ ᠬᠠᠷᠢᠭᠤᠴᠠᠯᠭᠠᠲᠤ ᠳᠦᠷᠢᠮ ᠢ ᠴᠢᠩᠭ᠎ᠠ ᠭᠦᠢᠴᠡᠳᠭᠡᠵᠦ᠂ ᠪᠠᠢᠭᠤᠯᠭ᠎ᠠ ᠶᠢᠨ ᠨᠠᠮ ᠤᠨ ᠡᠭᠦᠷ ᠤᠨ ᠲᠠᠢᠴᠢᠨ ᠪᠡᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠡᠭᠦᠷ ᠢ ᠲᠢᠩᠬᠢᠮ ᠳᠡᠭᠡᠷ᠎ᠡ ᠪᠠᠢᠭᠤᠯᠬᠤ ᠪᠡᠷ ᠲᠣᠬᠢᠶᠠᠯ ᠪᠣᠯᠭᠠᠵᠤ᠂ ᠨᠠᠮ ᠤᠨ ᠬᠣᠷᠢᠶᠠᠨ ᠤ ᠬᠥᠳᠡᠯᠭᠡᠭᠡᠨ ᠤ ᠲᠥᠰᠦᠯ ᠢ ᠳᠤᠭᠲᠠᠭᠠᠵᠤ᠂ ᠨᠠᠮ ᠤᠨ ᠡᠭᠦᠷ ᠤᠨ ᠠᠵᠢᠯ ᠤᠨ ᠶᠠᠪᠤᠴᠠ ᠵᠢ ᠨᠠᠷᠢᠯᠢᠭᠵᠢᠭᠤᠯᠤᠨ᠎ᠠ᠃
ᠭᠤᠷᠪᠠ ᠨᠢ ᠵᠣᠷᠢᠭ ᠰᠠᠨᠠᠭᠠᠨ ᠤ ᠪᠠᠢᠭᠤᠯᠤᠯᠲᠠ ᠵᠢ ᠨᠠᠮ ᠤᠨ ᠪᠠᠢᠭᠤᠯᠤᠯᠲᠠ ᠶᠢᠨ ᠠᠵᠢᠯ ᠤᠨ ᠬᠡᠪᠴᠢᠶᠡᠨ ᠳᠤ ᠣᠷᠤᠭᠤᠯᠪᠠ᠃《 ᠬᠤᠶᠠᠷ ᠢ ᠰᠤᠷᠴᠤ ᠨᠢᠭᠡ ᠵᠢ ᠬᠢᠬᠦ》 ᠰᠤᠷᠤᠯᠴᠠᠯᠭ᠎ᠠ ᠬᠥᠮᠦᠵᠢᠯ ᠢ ᠯᠠᠪᠳᠠᠭᠤᠨ ᠢᠶᠡᠷ ᠠᠬᠢᠭᠤᠯᠵᠤ᠂ ᠨᠠᠮ ᠤᠨ ᠤᠳᠤᠷᠢᠳᠬᠤ ᠪᠠᠭ ᠤᠨ ᠱᠦᠵᠢ᠂ ᠨᠠᠮ ᠤᠨ ᠤᠳᠤᠷᠢᠳᠬᠤ ᠪᠠᠭ ᠤᠨ ᠪᠥᠷᠢᠯᠳᠡᠭᠦᠨ᠂ ᠨᠠᠮ ᠤᠨ ᠡᠭᠦᠷ ᠤᠨ ᠱᠦᠵᠢ ᠡᠴᠡ ᠲᠤᠰᠭᠠᠢ ᠰᠡᠳᠦᠪᠲᠦ ᠨᠠᠮ ᠤᠨ ᠬᠢᠴᠢᠶᠡᠯ ᠣᠷᠤᠵᠤ᠂ ᠲᠤᠰᠭᠠᠢ ᠰᠡᠳᠦᠪᠲᠦ ᠶᠠᠷᠢᠯᠴᠠᠭ᠎ᠠ ᠥᠷᠨᠢᠭᠦᠯᠦᠨ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠡᠷᠬᠢᠯᠡᠬᠦ ᠵᠡᠷᠭᠡ ᠤᠯᠠᠨ ᠬᠡᠯᠪᠡᠷᠢ ᠶᠢᠨ ᠪᠥᠬᠦ ᠨᠠᠮ ᠤᠨ ᠬᠡᠰᠢᠭᠦᠨ ᠢ ᠵᠣᠬᠢᠶᠠᠨ ᠪᠠᠢᠭᠤᠯᠵᠤ ᠯᠠᠪᠳᠠᠭᠤᠨ ᠰᠤᠷᠤᠯᠴᠠᠭᠤᠯᠬᠤ ᠪᠡᠷ ᠳᠠᠮᠵᠢᠭᠤᠯᠵᠤ᠂ ᠰᠤᠷᠤᠯᠴᠠᠯᠭ᠎ᠠ ᠬᠥᠮᠦᠵᠢᠯ ᠢᠶᠡᠷ ᠬᠠᠤᠯᠢ ᠬᠡᠷᠡᠭᠵᠢᠭᠦᠯᠦᠯᠲᠡ ᠶᠢᠨ ᠥᠭᠡᠷᠡᠴᠢᠯᠡᠯᠲᠡ ᠵᠢ ᠬᠠᠪᠰᠤᠷᠤᠨ ᠤᠷᠤᠭᠰᠢᠯᠠᠭᠤᠯᠵᠤ᠂ ᠬᠠᠤᠯᠢ ᠬᠡᠷᠡᠭᠵᠢᠭᠦᠯᠦᠯᠲᠡ ᠶᠢᠨ ᠠᠵᠢᠯ ᠤᠨ ᠰᠤᠷᠲᠠᠯ ᠢ ᠴᠢᠩᠭᠠᠳᠭᠠᠵᠤ᠂《 ᠬᠢᠷᠢ ᠲᠡᠩᠴᠡᠭᠰᠡᠨ ᠨᠠᠮ ᠤᠨ ᠬᠡᠰᠢᠭᠦᠨ》《 ᠬᠢᠷᠢ ᠲᠡᠩᠴᠡᠭᠰᠡᠨ ᠰᠢᠭᠦᠭᠴᠢ》 ᠰᠠᠢᠨ ᠰᠠᠢᠬᠠᠨ ᠳᠦᠷᠢ ᠳᠥᠷᠬᠦᠮᠴᠢᠯᠡᠵᠦ ᠵᠢ ᠪᠤᠢ ᠪᠣᠯᠭᠠᠵᠤ᠂ ᠨᠠᠮ ᠤᠨ ᠬᠡᠰᠢᠭᠦᠨ ᠺᠠᠲᠠᠷ ᠤᠨ ᠶᠣᠰᠤ ᠳᠦᠷᠢᠮ ᠤᠨ ᠤᠬᠠᠮᠰᠠᠷ᠂ ᠵᠠᠷᠯᠢᠭ ᠳᠠᠭᠠᠬᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠪᠥᠬᠦ ᠺᠠᠲᠠᠷ ᠴᠠᠭᠳᠠᠭᠠᠨ ᠤ ᠨᠣᠮ ᠤᠩᠰᠢᠬᠤ ᠬᠥᠳᠡᠯᠭᠡᠭᠡᠨ ᠢ ᠥᠷᠨᠢᠭᠦᠯᠵᠦ᠂ ᠪᠥᠬᠦ ᠬᠣᠷᠢᠶᠠᠨ ᠳᠤ ᠤᠷᠮ᠎ᠠ ᠪᠠᠬᠠᠲᠠᠢ ᠰᠤᠷᠤᠯᠴᠠᠬᠤ ᠠᠭᠤᠷ ᠠᠮᠢᠰᠭᠤᠯ ᠢ ᠪᠤᠢ ᠪᠣᠯᠭᠠᠨ᠎ᠠ᠃ ᠡᠭᠦᠨ ᠤ ᠵᠡᠷᠭᠡᠪᠡᠷ᠂ ᠲᠤᠰ ᠬᠤᠷᠢᠶ᠎ᠠ ᠨᠢ ᠺᠠᠲᠠᠷ ᠴᠠᠭᠳᠠᠭᠠᠨ ᠤ ᠦᠵᠡᠯ ᠰᠠᠨᠠᠭᠬᠠᠨ ᠤ ᠬᠤᠪᠢᠷᠠᠯᠲᠠ ᠵᠢ ᠠᠩᠬᠠᠷᠴᠤ᠂ ᠺᠠᠲᠠᠷ ᠴᠠᠭᠳᠠᠭ᠎ᠠ ᠵᠢ ᠵᠢᠯᠤᠭᠤᠳᠤᠨ ᠡᠯ᠎ᠡ ᠲᠥᠷᠦᠯ ᠤᠨ ᠰᠣᠶᠤᠯ ᠲᠠᠮᠢᠷ ᠤᠨ ᠬᠥᠳᠡᠯᠭᠡᠭᠡᠨ ᠳᠤ ᠣᠷᠤᠯᠴᠠᠭᠤᠯᠤᠨ᠂ ᠰᠡᠳᠭᠢᠴᠡ ᠶᠢᠨ ᠮᠡᠷᠭᠡᠵᠢᠯᠲᠡᠨ ᠢ ᠤᠷᠢᠨ ᠰᠡᠳᠭᠢᠴᠡ ᠶᠢᠨ ᠵᠢᠯᠤᠭᠤᠳᠤᠯᠭ᠎ᠠ ᠬᠢᠯᠭᠡᠪᠡ᠃ ᠺᠠᠲᠠᠷ ᠴᠠᠭᠳᠠᠭᠠᠨ ᠤ ᠪᠦᠬᠦ ᠴᠣᠭᠴᠠ ᠶᠢᠨ ᠬᠡᠪ ᠴᠢᠨᠠᠷ ᠳᠡᠭᠡᠭᠰᠢᠯᠡᠵᠦ᠂ ᠵᠣᠷᠢᠭ ᠰᠠᠨᠠᠭᠠᠨ ᠤ ᠢᠯᠡᠷᠡᠯ ᠢᠯᠡᠷᠬᠡᠢ ᠬᠤᠪᠢᠷᠠᠯᠲᠠ ᠲᠠᠢ ᠪᠠᠢᠵᠤ᠂2016 ᠤᠨ ᠳᠤ ᠮᠠᠨ ᠤ ᠬᠣᠷᠢᠶᠠᠨ ᠡᠴᠡ6 ᠬᠠᠮᠲᠤ ᠨᠡᠢᠲᠡ᠂23 ᠨᠡᠷ᠎ᠡ ᠬᠤᠪᠢ ᠬᠥᠮᠦᠨ ᠥᠪᠡᠷᠲᠡᠭᠡᠨ ᠵᠠᠰᠠᠬᠤ ᠣᠷᠤᠨ᠂ ᠬᠣᠲᠠ ᠶᠢᠨ ᠳᠡᠰ ᠤᠨ ᠬᠥᠬᠢᠭᠦᠯᠦᠯ ᠢ ᠭᠠᠷᠳᠠᠪᠠ᠃
ᠦᠨᠡᠯᠡᠬᠦ 0ᠦᠨᠡᠯᠡᠯᠲᠡ ᠲᠠᠢ